| ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ ᠰᠢᠯᠣᠭᠤᠨ᠂ ᠬᠠᠮᠤᠭ ᠤᠨ | ᠦᠨᠡᠨ ᠪᠣᠳᠠᠲᠠᠶ ᠠᠷᠠᠳ ᠤᠨ ᠠᠮᠢᠳᠤᠷᠠᠯ ᠤᠨ ᠠᠰᠠᠭᠤᠳᠠᠯ ᠢ ᠨᠠᠩ ᠰᠠᠶᠢᠨ ᠰᠢᠶᠳᠪᠦᠷᠢᠯᠡᠵᠦ᠂ ᠬᠤᠰᠢᠭᠤᠨ ᠤ ᠵᠠᠰᠠᠭ | ᠤᠨ ᠣᠷᠳᠣᠨ ᠤ ᠰᠢᠶᠳᠪᠦᠷᠢᠲᠦ ᠪᠣᠳᠣᠯᠭ᠎ᠠ ᠶᠢᠨ ᠰᠢᠨᠵᠢᠯᠡᠬᠦ ᠤᠬᠠᠭᠠᠨᠴᠢᠯᠠᠯᠲᠠ᠂ ᠠᠷᠠᠳᠴᠢᠯᠠᠯᠲᠠ ᠶᠢᠨ ᠬᠢᠷᠢ | ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠠᠷᠠᠳ | ᠤᠨ ᠰᠠᠨᠠᠭ᠎ᠠ ᠶᠢ ᠨᠠᠩ ᠢᠯᠡᠭᠦᠦ ᠳᠠᠭᠠᠭᠤᠯᠵᠤ᠂ ᠠᠷᠠᠳ ᠤᠨ ᠪᠠᠶᠢᠳᠠᠯ ᠢ ᠨᠠᠩ ᠢᠯᠡᠭᠦᠦ ᠲᠤᠰᠬᠠᠵᠤ᠂ ᠠᠷᠠᠳ ᠤᠨ | ᠬᠡᠷᠡᠭᠴᠡᠭᠡ ᠳᠤ ᠨᠡᠩ ᠣᠶᠢᠷᠠᠳᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠤᠰᠢᠭᠤᠨ ᠤ ᠵᠠᠰᠠᠭ ᠤᠨ | ᠣᠷᠳᠣᠨ ᠠᠴᠠ ᠰᠤᠳᠤᠯᠤᠨ ᠲᠣᠭᠲᠠᠭᠠᠬᠤ ᠪᠠᠷ ᠳᠠᠮᠵᠢᠨ᠂ ᠨᠡᠶᠢᠭᠡᠮ ᠤᠨ ᠡᠯ᠎ᠡ ᠡᠲᠡᠭᠡᠳ ᠠᠴᠠ 2022 ᠣᠨ ᠤ | ᠬᠤᠰᠢᠭᠤᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠦᠯ ᠵᠦᠢᠯ ᠤᠨ | ᠰᠠᠨᠠᠭᠤᠯᠭ᠎ᠠ ᠶᠢ ᠢᠯᠡ ᠪᠠᠷ ᠡᠯᠰᠡᠬᠦ ᠪᠠᠷ ᠪᠣᠯᠪᠠ᠃ ᠦᠨᠥ ᠳᠠᠷᠠᠭᠠᠬᠢ ᠮᠡᠲᠦ ᠮᠡᠳᠡᠭᠳᠡᠶ᠎ᠡ᠄ | ᠨᠢᠭᠡ᠂ ᠡᠯᠰᠡᠬᠦ ᠡᠳᠦᠷ ᠬᠤᠭᠤᠴᠠᠭ᠎ᠠ | ᠲᠤᠰ ᠮᠡᠳᠡᠭᠡ ᠶᠢ ᠨᠡᠶᠢᠲᠡᠯᠡᠭᠰᠡᠨ ᠡᠳᠦᠷ ᠠᠴᠠ ᠡᠬᠢᠯᠡᠨ 2021 ᠣᠨ ᠤ 12 ᠰᠠᠷ᠎ᠠ ᠶᠢᠨ 15 ᠤ ᠡᠳᠦᠷ ᠤᠨ | ᠦᠳᠡ ᠶᠢᠨ ᠬᠤᠶᠢᠨᠠᠬᠢ 17 ᠴᠠᠭ ᠪᠣᠯᠲᠠᠯ᠎ᠠ ᠃ | ᠬᠤᠶᠠᠷ᠂ ᠡᠯᠰᠡᠬᠦ ᠠᠷᠭ᠎ᠠ ᠵᠠᠮ | ( ᠨᠢᠭᠡ ) ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠭᠤᠯᠭ᠎ᠠ ᠶᠢ ᠬᠤᠷᠢᠶᠠᠨ᠎ᠠ᠃ | ( ᠬᠤᠶᠠᠷ ) ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ | ᠮᠠᠯᠵᠢᠯ ᠤᠨ ᠲᠠᠯᠠᠪᠠᠶ᠂ ᠯᠦᠪᠸᠢ ᠵᠡᠭᠡᠯᠢ ᠭᠤᠳᠤᠮᠵᠢ᠂ ᠬᠤᠰᠢᠭᠤᠨ ᠤ ᠬᠠᠷᠢᠶ᠎ᠠ ᠡᠯ᠎ᠡ ᠰᠠᠯᠠᠭ᠎ᠠ ᠮᠥᠴᠢᠷ᠂ | ᠵᠠᠷᠣᠳ ᠲᠤ ᠰᠠᠭᠤᠭ᠎ᠠ ᠲᠥᠪ ᠣᠷᠣᠨ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠢᠨ ᠤ | ᠰᠠᠨᠠᠭᠤᠯᠭ᠎ᠠ ᠶᠢ ᠬᠤᠷᠢᠶᠠᠨ᠎ᠠ ᠃ | ᠭᠤᠷᠪᠠ᠂ ᠡᠯᠰᠡᠬᠦ ᠠᠭᠤᠯᠭ᠎ᠠ ᠵᠢᠴᠢ ᠬᠦᠷᠢᠶ᠎ᠡ ᠬᠡᠪᠴᠢᠶ᠎ᠡ | ᠠᠷᠠᠳ ᠤᠨ ᠦᠶᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭᠳᠠᠬᠤ᠂ ᠲᠦᠷᠭᠡᠨ ᠰᠢᠶᠳᠪᠦᠷᠢᠯᠡᠬᠦ | ᠴᠢᠬᠤᠯᠠᠲᠠᠶ᠂ ᠴᠢᠷᠮᠠᠶᠢᠯᠭ᠎ᠠ ᠪᠠᠷ ᠳᠠᠮᠵᠢᠨ ᠪᠡᠶᠡᠯᠡᠭᠦᠯᠵᠦ ᠳᠡᠶᠢᠯᠬᠦ ᠠᠷᠠᠳ ᠤᠨ ᠠᠮᠢᠳᠤᠷᠠᠯ ᠤᠨ ᠵᠦᠶᠯᠡᠰ᠃ | ᠭᠤᠤᠯᠳᠠᠭᠤ᠄ ᠠᠵᠢᠯ ᠣᠯᠭᠤᠵᠤ ᠠᠳᠠᠯ ᠦᠶᠯᠡᠰ ᠴᠣᠭᠴᠠᠯᠠᠬᠤ᠂ ᠰᠤᠷᠭᠠᠨ ᠬᠥᠮᠦᠵᠢᠯ ᠤᠨ ᠦᠶᠯᠡᠰ᠂ ᠡᠷᠡᠭᠦᠯ | ᠬᠠᠮᠠᠭᠠᠯᠠᠯ ᠡᠷᠡᠭᠦᠯ ᠮᠡᠨᠳᠦ᠂ ᠨᠡᠶᠢᠭᠡᠮ ᠤᠨ ᠪᠠᠲᠤᠯᠠᠭ᠎ᠠ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠣᠷᠣᠨ | ᠰᠠᠭᠤᠴᠠ ᠶᠢᠨ ᠪᠠᠲᠤᠯᠠᠭ᠎ᠠ᠂ ᠵᠠᠮ ᠬᠠᠷᠢᠯᠴᠠᠭ᠎ᠠ᠂ ᠰᠣᠶᠣᠯ ᠤᠨ ᠪᠠᠶᠢᠭᠤᠯᠤᠯᠲᠠ᠂ ᠨᠠᠰᠤᠵᠢᠯ ᠤᠨ ᠦᠶᠯᠡᠴᠢᠯᠡᠭᠡ᠂ | ᠠᠮᠤᠷ ᠲᠦᠪᠰᠢᠨ ᠤ ᠪᠠᠲᠤᠯᠠᠭ᠎ᠠ᠂ ᠬᠤᠲᠠ ᠶᠢᠨ ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠡᠷᠭᠡ ᠲᠠᠯ᠎ᠠ ᠪᠠᠭᠲᠠᠨ᠎ᠠ ᠃ | ᠳᠥᠷᠪᠡ᠂ ᠡᠯᠰᠡᠬᠦ ᠵᠠᠷᠴᠢᠮ | ( ᠨᠢᠭᠡ ) ᠲᠥᠷᠥᠯ ᠵᠦᠶᠯ ᠤᠨ ᠰᠠᠨᠠᠭᠤᠯᠭ᠎ᠠ ᠶᠢᠨ ᠲᠠᠯᠠᠪᠡᠷ᠃ ᠬᠡᠷᠡᠭᠵᠢᠭᠦᠯᠵᠦ ᠪᠣᠯᠬᠤᠶᠢᠴᠠ ᠴᠢᠨᠠᠷ ᠢ | ᠪᠦᠷᠢᠯᠳᠦᠭᠦᠯᠬᠦ ᠬᠡᠷᠡᠭᠲᠡᠶ᠂ ᠡᠩ ᠤᠨ ᠪᠠᠶᠢᠳᠠᠯ ᠳᠤ ᠲᠥᠷᠥᠯ ᠵᠦᠶᠯ ᠤᠨ ᠨᠡᠷᠡᠶᠢᠳᠦᠯ᠂ ᠲᠥᠷᠥᠯ ᠵᠦᠶᠯ ᠤᠨ ᠠᠬᠤᠶ | ᠪᠠᠶᠢᠳᠠᠯ᠂ ᠲᠥᠷᠥᠯ ᠵᠦᠶᠯ ᠤᠨ ᠠᠭᠤᠯᠭ᠎ᠠ᠂ ᠬᠡᠷᠡᠭᠵᠢᠭᠦᠯᠬᠦ ᠭᠤᠤᠯ ᠴᠣᠭᠴᠠ᠂ ᠪᠠᠯᠠ ᠣᠷᠣᠭᠤᠯᠤᠯᠲᠠ ᠶᠢᠨ ᠲᠤᠭ᠎ᠠ | ᠬᠡᠮᠵᠢᠶ᠎ᠡ ᠵᠢᠴᠢ ᠪᠠᠯᠠ ᠮᠥᠩᠭᠦ ᠶᠢᠨ ᠢᠷᠡᠯᠲᠡ᠂ ᠬᠡᠷᠡᠭᠵᠢᠭᠦᠯᠵᠦ ᠪᠣᠯᠬᠤᠶᠢᠴᠠ ᠵᠠᠳᠠᠯᠤᠯᠲᠠ ᠶᠢᠨ ᠮᠠᠲ᠋ᠧᠷᠢᠶᠠᠯ ᠲᠠᠢ | ᠪᠠᠶᠢᠬᠤ ᠬᠡᠷᠡᠭᠲᠡᠢ ᠃ | ( ᠬᠤᠶᠠᠷ ) ᠲᠥᠷᠥᠯ ᠵᠦᠶᠯ ᠤᠨ ᠪᠠᠶᠢᠷᠢᠯᠠᠭᠤᠯᠤᠯᠲᠠ ᠶᠢᠨ ᠲᠠᠯᠠᠪᠡᠷ᠃ ᠲᠦᠭᠡᠮᠡᠯ ᠬᠠᠷᠠᠭᠠᠯᠵᠠᠬᠤ ᠴᠢᠨᠠᠷ ᠢ | ᠪᠦᠷᠢᠯᠳᠦᠭᠦᠯᠵᠦ᠂ ᠬᠠᠮᠤᠷᠬᠤ ᠬᠡᠪᠴᠢᠶ᠎ᠡ ᠨᠢ ᠶᠡᠭᠡ᠂ ᠠᠰᠢᠭ ᠭᠥᠷᠳᠡᠬᠦ ᠬᠡᠪᠴᠢᠶ᠎ᠡ ᠨᠢ ᠥᠷᠭᠡᠨ ᠳᠡᠯᠭᠡᠷ ᠣᠨᠴᠠᠯᠢᠭ | ᠲᠠᠢ ᠪᠠᠶᠢᠬᠤ ᠬᠡᠷᠡᠭᠲᠡᠶ ᠃ | ( ᠭᠤᠷᠪᠠ ) ᠪᠡᠯᠡ ᠮᠥᠩᠭᠦ ᠲᠣᠬᠢᠷᠠᠭᠤᠯᠬᠤ ᠲᠠᠯᠠᠪᠡᠷ᠃ ᠪᠣᠯᠤᠮᠵᠢᠲᠤ ᠴᠢᠨᠠᠷ ᠢ ᠪᠦᠷᠢᠯᠳᠦᠭᠦᠯᠵᠦ᠂ ᠮᠠᠨ ᠤ | ᠬᠤᠰᠢᠭᠤᠨ ᠤ ᠪᠣᠳᠠᠲᠤ ᠪᠠᠶᠢᠳᠠᠯ ᠢ ᠭᠦᠶᠴᠡᠳ ᠪᠣᠳᠣᠯᠬᠢᠯᠠᠵᠤ᠂ ᠴᠢᠳᠠᠯ ᠤᠨ ᠢᠶᠠᠨ ᠬᠢᠷᠢ ᠪᠠᠷ ᠬᠢᠵᠦ᠂ ᠦᠨᠡᠨ ᠬᠦ | ᠬᠡᠷᠡᠭᠵᠢᠭᠦᠯᠵᠦ ᠪᠣᠯᠬᠤᠶᠢᠴᠠ ᠪᠠᠶᠢᠬᠤ ᠬᠡᠷᠡᠭᠲᠡᠶ ᠃ | ( ᠳᠥᠷᠪᠡ ) ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠲᠠᠯᠠᠪᠡᠷ ᠃ ᠡᠵᠡᠮᠳᠡᠵᠦ ᠪᠣᠯᠬᠤ ᠴᠢᠨᠠᠷ ᠢ | ᠪᠦᠷᠢᠯᠳᠦᠭᠦᠯᠵᠦ᠂ ᠵᠠᠷᠤᠳ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠢ | ᠭᠦᠶᠴᠡᠳ ᠪᠣᠳᠣᠯᠬᠢᠯᠠᠭᠰᠠᠨ ᠪᠠᠶᠢᠬᠤ ᠬᠡᠷᠡᠭᠲᠡᠢ᠂ ᠪᠣᠳᠠᠲᠤ ᠶᠠᠪᠤᠳᠠᠯ ᠤᠨ ᠠᠭᠤᠯᠭ᠎ᠠ ᠶᠢ ᠵᠠᠷᠴᠢᠮ ᠳᠡᠭᠡᠷ᠎ᠡ ᠪᠠᠨ | ᠲᠤᠬᠠᠶ ᠶᠢᠨ ᠵᠢᠯ ᠳᠤ ᠲᠥᠷᠥᠯ ᠵᠦᠶᠯ ᠲᠣᠭᠲᠠᠭᠠᠵᠤ᠂ ᠲᠤᠬᠠᠶ ᠶᠢᠨ ᠵᠢᠯ ᠳᠤ ᠭᠦᠶᠴᠡᠳᠬᠡᠵᠦ᠂ ᠲᠤᠬᠠᠶ ᠶᠢᠨ ᠵᠢᠯ | ᠳᠤ ᠦᠷ᠎ᠡ ᠪᠦᠲᠦᠮᠵᠢ ᠭᠠᠷᠣᠭᠰᠠᠨ ᠪᠠᠶᠢᠬᠤ ᠬᠡᠷᠡᠭᠲᠡᠢ ᠃ | ( ᠲᠠᠪᠤ ) ᠪᠡᠯᠡ ᠣᠷᠣᠭᠤᠯᠤᠯᠲᠠ ᠶᠢᠨ ᠭᠤᠣᠯ ᠴᠣᠭᠴᠠ ᠶᠢᠨ ᠲᠠᠯᠠᠪᠡᠷ ᠃ ᠣᠯᠠᠨ ᠶᠠᠩᠵᠤᠲᠤ ᠴᠢᠨᠠᠷ ᠢ | ᠪᠦᠷᠢᠳᠦᠭᠦᠯᠵᠦ᠂ ᠰᠠᠨᠠᠭᠤᠯᠭ᠎ᠠ ᠶᠢᠨ ᠲᠥᠷᠥᠯ ᠵᠦᠢᠯ ᠨᠢ ᠬᠤᠰᠢᠭᠤᠨ ᠤ ᠡᠳ᠋ ᠤᠨ ᠵᠠᠰᠠᠭ ᠤᠨ ᠪᠡᠯᠡ | ᠣᠷᠣᠭᠤᠯᠤᠯᠲᠠ ᠪᠠᠶᠢᠵᠤ ᠪᠣᠯᠤᠨ᠎ᠠ᠂ ᠪᠠᠰᠠ ᠳᠡᠭᠡᠳᠦ ᠱᠠᠲᠤᠨ ᠤ ᠪᠡᠯᠡ ᠣᠷᠣᠭᠤᠯᠣᠭᠰᠠᠨ ᠠᠷᠠᠳ ᠤᠨ ᠠᠮᠢᠳᠤᠷᠠᠯ | ᠤᠨ ᠵᠦᠢᠯ ᠤᠨ ᠣᠯᠠᠨ ᠨᠡᠶᠢᠲᠡ ᠶᠢᠨ ᠦᠢᠯᠡᠰ ᠤᠨ ᠲᠥᠷᠥᠯ ᠵᠦᠢᠯ ᠪᠠᠶᠢᠵᠤ ᠪᠣᠯᠤᠨ᠎ᠠ ᠃ | ᠲᠠᠪᠤ᠂ ᠡᠯᠰᠡᠬᠦ ᠠᠷᠭ᠎ᠠ ᠮᠠᠶ᠋ᠢᠭ | ( ᠨᠢᠭᠡ ) ᠪᠢᠴᠢᠭ ᠢᠶᠠᠷ ᠡᠯᠰᠡᠨ ᠴᠣᠭᠯᠠᠭᠤᠯᠣᠨ᠎ᠠ᠃ ᠡᠯ᠎ᠡ ᠰᠤᠮᠤ ᠪᠠᠯᠭᠠᠰᠤ ᠲᠠᠯᠠᠪᠠᠶ᠂ ᠯᠦᠪᠸᠢ ᠵᠡᠭᠡᠯᠢ | ᠭᠤᠳᠤᠮᠵᠢ ᠪᠣᠯᠤᠨ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠠᠶ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ | ᠰᠣᠳᠤᠯᠬᠤ ᠪᠠᠷ ᠳᠠᠮᠵᠢᠨ᠂ ᠬᠤᠰᠢᠭᠤᠨ ᠤ ᠵᠠᠰᠠᠭ ᠤᠨ ᠣᠷᠳᠣᠨ ᠢᠶᠠᠷ ᠰᠢᠶᠳᠪᠦᠷᠢᠯᠡᠬᠦ ᠴᠢᠬᠤᠯᠠᠲᠠᠶ ᠠᠷᠠᠳ ᠤᠨ | ᠠᠮᠢᠳᠤᠷᠠᠯ ᠤᠨ ᠪᠣᠳᠠᠲᠤ ᠶᠠᠪᠣᠳᠠᠯ ᠤᠨ ᠲᠥᠷᠥᠯ ᠵᠦᠶᠯ ᠤᠨ ᠰᠠᠨᠠᠭᠤᠯᠭ᠎ᠠ ᠪᠠᠨ ᠳᠤᠷᠠᠳᠬᠤ ᠶᠢᠨ ᠬᠠᠮᠲᠤ᠂ 《 | 2022 ᠣᠨ ᠤ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ | ᠪᠣᠳᠠᠲᠤ ᠶᠠᠪᠣᠳᠠᠯ ᠤᠨ ᠲᠥᠷᠦᠯ ᠵᠦᠢᠯ ᠤᠨ ᠰᠠᠨᠠᠭᠤᠯᠭ᠎ᠠ ᠰᠠᠨᠠᠯ ᠬᠤᠷᠢᠶᠠᠬᠤ ᠬᠦᠰᠦᠨᠦᠭᠲᠦ 》᠂ 《 2022 | ᠣᠨ ᠤ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠣᠳᠠᠯ ᠤᠨ ᠲᠥᠷᠦᠯ ᠵᠦᠢᠯ ᠤᠨ ᠰᠠᠨᠠᠭᠤᠯᠭ᠎ᠠ ᠶᠢᠨ ᠲᠣᠳᠣᠷᠬᠠᠶᠢᠯᠠᠯᠲᠠ ᠶᠢᠨ ᠬᠦᠰᠦᠨᠦᠭᠲᠦ 》 ᠶᠢ ᠬᠠᠮᠢᠶ᠎ᠠ | ᠪᠥᠬᠦᠶ ᠱᠠᠭᠠᠷᠳᠠᠯᠭ᠎ᠠ ᠶᠣᠰᠣᠭᠠᠷ ᠵᠢᠷᠣᠮᠵᠢᠯᠲᠠᠢ ᠲᠠᠭᠯᠠᠨ ᠮᠡᠳᠡᠭᠦᠯᠵᠦ᠂ 2021 ᠣᠨ ᠤ 12 ᠰᠠᠷ᠎ᠠ ᠶᠢᠨ 15 ᠤ | ᠡᠳᠦᠷ ᠠᠴᠠ ᠡᠮᠦᠨ᠎ᠡ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ( ᠬᠤᠰᠢᠭᠤᠨ ᠤ ᠵᠠᠰᠠᠭ ᠤᠨ ᠣᠷᠳᠣᠨ | ᠤ ᠠᠯᠪᠠᠨ ᠠᠰᠠᠷ ᠤᠨ 808 ᠲᠠᠰᠤᠭ ) ᠲᠤ ᠮᠡᠳᠡᠭᠦᠯᠦᠨ ᠬᠦᠷᠭᠡᠬᠦ ᠬᠡᠷᠡᠭᠲᠡᠢ᠂ ᠬᠠᠷᠢᠯᠴᠠᠬᠤ ᠬᠥᠮᠦᠨ᠄ ᠳ᠋ᠦᠩ | ᠶᠦᠨ ᠪᠣᠤ︔ ᠤᠲᠠᠰᠤ᠄ 0475 - 7222462᠂ 15247594243︔ ᠢᠮᠧᠯ᠄ zltqdcs @ | 163 . com | ( ᠬᠤᠶᠠᠷ ) ᠰᠦᠯᠵᠢᠶ᠎ᠡ ᠪᠠᠷ ᠡᠯᠰᠡᠨ ᠴᠣᠭᠯᠠᠭᠤᠯᠣᠨ᠎ᠠ ᠃ ᠬᠤᠰᠢᠭᠤᠨ ᠤ ᠵᠠᠰᠠᠭ ᠤᠨ ᠣᠷᠳᠣᠨ ᠤ ᠠᠯᠪᠠᠨ | ᠬᠡᠷ᠂ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠠᠴᠠ ᠬᠠᠷᠢᠭᠤᠴᠠᠵᠤ᠂ ᠪᠥᠬᠦ ᠬᠤᠰᠢᠭᠤᠨ ᠤ ᠥᠷᠭᠡᠨ | ᠣᠯᠠᠨ ᠺᠠᠳ᠋ᠷ ᠣᠯᠠᠨ ᠲᠦᠮᠡᠨ ᠠᠴᠠ ᠡᠯᠰᠡᠨ᠎ᠡ ᠃ | | ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2021 ᠣᠨ ᠤ 11 ᠰᠠᠷ᠎ᠠ ᠶᠢᠨ 20 ᠤ ᠡᠳᠦᠷ ᠃ |