ᠣᠳᠣᠬᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠵᠠᠷᠤᠳ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠮᠡᠳᠡᠭᠡ
ᠨᠡᠶᠢᠲᠡᠯᠡᠭᠰᠡᠨ ᠴᠠᠭ᠄
2021/12/2
   ᠣᠳᠣᠬᠠᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠦᠨᠳᠦ ᠨᠣᠴᠢᠲᠠᠶ ᠪᠠᠶᠢᠳᠠᠯ ᠢ ᠦᠨᠳᠦᠰᠦᠯᠡᠨ᠂ ᠵᠠᠷᠤᠳ ᠬᠤᠰᠢᠭᠤᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠰᠠᠶᠢᠲᠤᠷ ᠬᠢᠬᠦ ᠶᠢᠨ ᠲᠥᠯᠥᠭᠡ᠂ ᠵᠠᠷᠤᠳ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 5 ᠳ᠋ᠤᠭᠠᠷ ᠲᠣᠭᠠᠲᠤ ᠵᠠᠷᠯᠢᠭ ᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠣᠲᠣ ᠬᠢᠵᠢᠭ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠳᠣᠤᠷᠠᠬᠢ ᠮᠡᠲᠦ ᠮᠡᠳᠡᠭᠳᠡᠶ᠎ᠡ᠄     ᠨᠢᠭᠡ᠂ ︽ᠡᠷᠡᠭᠦᠯ ᠡᠩᠬᠡ ᠲᠦᠩᠯᠢᠶᠤᠤ ᠡᠷᠬᠡ ᠰᠦᠷᠳᠤ ᠨᠡᠶᠢᠳᠡᠯᠡᠯ︾ ᠸᠢᠴᠡᠲ ᠤᠯᠠᠨ ᠨᠡᠶᠢᠳᠡ ᠶᠢᠨ ᠳ᠋ᠤᠭᠠᠷ  ᠤᠨ ᠡᠳᠤᠷ ᠪᠦᠷᠢ ᠰᠢᠨᠡᠴᠢᠯᠡᠭᠰᠡᠨ ᠲᠦᠩᠯᠢᠶᠤᠤ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠢ ᠬᠠᠮᠢᠶᠠᠷᠤᠨ ᠡᠵᠡᠮᠳᠡᠬᠦ ᠮᠡᠳᠡᠭᠡ ᠶᠢ ᠴᠢᠩᠭ᠎ᠠ ᠬᠡᠷᠡᠭᠵᠢᠭᠦᠯᠵᠦ᠂ ᠣᠶᠢᠷ᠎ᠠ ᠶᠢᠨ 14 ᠡᠳᠦᠷ ᠤᠨ ᠳᠣᠲᠣᠷ᠎ᠠ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠳᠤ ᠬᠦᠷᠤᠭ᠍ᠰᠡᠨ ᠪᠤᠶᠤ 11 ᠰᠠᠷ᠎ᠠ ᠶᠢᠨ 13 ᠤ ᠡᠳᠦᠷ ᠠᠴᠠ ᠨᠠᠰᠢᠬᠢ ᠥᠪᠥᠷ ᠮᠣᠩᠭᠤᠯ ᠤᠨ ᠮᠠᠨᠵᠤᠤᠷ ᠬᠤᠲᠠ ︵ᠵᠠᠬᠠᠨᠠᠭᠤᠷ ᠲᠣᠭᠤᠷᠢᠭ ᠪᠠᠭᠲᠠᠨ᠎ᠠ︶᠂ 11 ᠰᠠᠷ᠎ᠠ ᠶᠢᠨ 24 ᠤ ᠡᠳᠦᠷ ᠠᠴᠠ ᠨᠠᠰᠢ ᠬᠤᠷᠴᠢᠨ ᠲᠣᠭᠤᠷᠢᠭ ᠤᠨ ᠴᠢᠶᠠᠨ ᠵᠢᠶᠠ ᠳ᠋ᠢᠶᠠᠨ ᠪᠠᠯᠭᠠᠰᠤ᠂ 11 ᠰᠠᠷ᠎ᠠ  ᠶᠢᠨ 25 ᠤ ᠡᠳᠦᠷ ᠠᠴᠠ ᠨᠠᠰᠢ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠨᠠᠭᠤᠷᠤᠮ ᠪᠠᠯᠭᠠᠰᠤᠨ ᠳᠤ ᠬᠦᠷᠤᠭ᠍ᠰᠡᠨ ᠬᠦᠮᠤᠰ ᠪᠤᠶᠤ ᠬᠠᠮᠢᠶ᠎ᠠ ᠪᠥᠬᠦᠶ ᠬᠥᠮᠦᠰ ᠲᠠᠢ ᠬᠦᠷᠤᠯᠴᠡᠭᠰᠡᠨ ᠲᠡᠦᠬᠡ ᠲᠠᠢ ᠬᠥᠮᠦᠰ ᠡᠷᠬᠡᠪᠰᠢ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠪᠠ ᠨᠢᠭᠡᠴᠡ ᠳᠤ ᠪᠠᠨ ᠲᠡᠷᠡ ᠳᠠᠷᠤᠶ ᠳᠤᠨᠢ ᠦᠨᠡᠨ ᠮᠥᠨ ᠢᠶᠠᠷ ᠮᠡᠳᠡᠭᠦᠯᠵᠦ᠂ ᠡᠯ᠎ᠡ ᠵᠦᠶᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠤᠬᠠᠮᠰᠠᠷ ᠠᠴᠠ ᠪᠠᠨ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠳᠠᠢ᠃ ᠮᠡᠳᠡᠭᠦᠯᠬᠦ ᠥᠬᠡᠶ᠂ ᠨᠢᠭᠤᠬᠤ᠂ ᠬᠤᠳᠠᠯ ᠢᠶᠠᠷ ᠮᠡᠳᠡᠭᠦᠯᠬᠦ ᠪᠤᠶᠤ ᠲᠣᠭᠲᠠᠭᠠᠯ ᠶᠣᠰᠣᠭᠠᠷ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠥᠬᠡᠶ ᠠᠴᠠ ᠪᠣᠯᠵᠣ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠳᠠᠷᠬᠠᠨ ᠳᠡᠯᠭᠡᠷᠡᠬᠦ ᠠᠶᠤᠯ ᠲᠦᠭᠰᠢᠭᠦᠷᠢ ᠪᠤᠶᠤ ᠪᠤᠰᠤᠳ ᠬᠦᠨᠳᠦ ᠨᠣᠴᠢᠲᠠᠶ ᠤᠷᠰᠢᠭ ᠲᠠᠲᠠᠭᠰᠠᠨ ᠪᠠᠶᠢᠪᠠᠯ᠂ ᠬᠠᠤᠯᠢ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃     ᠬᠤᠶᠠᠷ᠂ ᠭᠡᠷ ᠲᠡᠭᠡᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠬᠦᠮᠤᠰ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠦ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠺᠠᠳ᠋ᠷ᠂ ᠡᠮᠨᠡᠯᠭᠡ ᠶᠢᠨ ᠠᠵᠢᠯᠲᠠᠨ᠂ ᠠᠷᠠᠳ ᠤᠨ ᠴᠠᠭᠳᠠᠭ᠎ᠠ᠂ ᠲᠤᠤᠷ ᠤᠨ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠶᠢᠨ ︽ᠲᠠᠪᠤ ᠨᠢᠭᠡ ᠶᠢ ᠲᠠᠭᠠᠭᠠᠴᠢᠯᠠᠬᠤ  ︾ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠬᠡᠷ ᠲᠤᠨᠢ ᠲᠤᠰᠠᠭᠠᠷᠯᠠᠵᠤ ᠠᠨᠠᠭᠠᠬᠤ ᠤᠬᠠᠭᠠᠨ  ᠤ ᠠᠵᠢᠭᠯᠠᠯᠲᠠ ᠬᠢᠬᠦ ᠳᠤ ᠮᠡᠳᠡᠭᠳᠡᠬᠦ ᠪᠠ ᠠᠮᠠᠯᠳᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠬᠡᠷ ᠲᠤᠨᠢ ᠲᠤᠰᠠᠭᠠᠷᠯᠠᠬᠤ ᠲᠠᠯᠠᠪᠠᠢ ᠶᠢ ᠴᠢᠩᠭ᠎ᠠ  ᠬᠢᠨᠠᠨ ᠪᠠᠶᠢᠴᠠᠭᠠᠵᠤ᠂ ᠬᠡᠷ ᠲᠤᠨᠢ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠨᠥᠬᠦᠴᠡᠯ ᠢ ᠬᠠᠩᠭᠠᠬᠤ ᠲᠡᠶᠢᠯᠬᠦ ᠥᠬᠡᠶ ᠪᠣᠯ ᠡᠷᠬᠡᠪᠰᠢ ᠲᠥᠪᠯᠡᠷᠡᠭᠦᠯᠦᠨ ᠲᠤᠰᠠᠭᠠᠷᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ ᠰᠠᠭᠤᠭᠠᠯᠢ ᠠᠷᠠᠳ ᠠᠴᠠ ᠬᠡᠷ ᠲᠡᠭᠡᠨ ᠲᠤᠰᠠᠭᠠᠷᠯᠠᠭᠳᠠᠵᠤ ᠪᠠᠶᠢᠭ᠎ᠠ ᠬᠥᠮᠦᠰ ᠤᠨ ᠡᠳᠦᠷ ᠲᠤᠲᠤᠮ ᠤᠨ ᠬᠢᠨᠠᠯᠲᠠ ᠲᠠᠯᠪᠢᠬᠤ ᠳᠤ ᠣᠷᠣᠯᠴᠠᠬᠤ ᠶᠢ ᠵᠣᠷᠢᠭᠵᠢᠭᠤᠯᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠬᠠᠷᠢᠶ᠎ᠠ ᠤᠷᠤᠨ ᠤ ᠪᠠᠨ ᠵᠢᠯᠣᠭᠤᠳᠬᠤ ᠭᠠᠵᠠᠷ ᠲᠤ ᠢᠯᠡᠴᠢᠯᠡᠨ ᠮᠡᠳᠡᠭᠦᠯᠵᠦ᠂ ᠬᠡᠷ ᠲᠡᠭᠡᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠲᠣᠭᠲᠠᠭᠠᠯ ᠢ ᠵᠢᠷᠤᠮᠯᠠᠭᠰᠠᠨ ᠥᠬᠡᠶ ᠬᠥᠮᠦᠰ ᠲᠤ ᠬᠠᠤᠯᠢ ᠶᠣᠰᠣᠭᠠᠷ ᠴᠣᠬᠢᠯᠲᠠ ᠥᠭᠭᠦᠨ᠎ᠡ᠃    ᠭᠤᠷᠪᠠ᠂ ᠤᠯᠠᠨ ᠲᠠᠯ᠎ᠠ ᠪᠠᠷ ᠬᠢᠨᠠᠨ ᠬᠡᠮᠵᠢᠬᠦ ᠰᠡᠷᠡᠮᠵᠢᠯᠡᠭᠦᠯᠬᠦ ᠶᠢ ᠴᠢᠩᠭᠠᠳᠬᠠᠵᠦ᠂ ᠬᠢᠨᠠᠨ ᠬᠡᠮᠵᠢᠬᠦ ᠬᠦᠷᠢᠶ᠎ᠠ ᠬᠡᠪᠴᠢᠶ᠎ᠠ ᠪᠠ ᠪᠦᠭᠡᠮ ᠬᠦᠴᠢᠯ ᠰᠢᠯᠭᠠᠨ ᠪᠠᠶᠢᠴᠠᠭᠠᠬᠤ ᠤᠳᠠᠭ᠎ᠠ ᠲᠤᠭ᠎ᠠ ᠪᠠᠨ ᠶᠡᠬᠡᠰᠭᠡᠵᠦ᠂ ︽ᠲᠦᠩᠯᠢᠶᠤᠤ ᠬᠤᠳᠠ  ᠶᠢᠨ ᠰᠢᠨ᠎ᠡ ᠲᠢᠳᠢᠮᠯᠢᠭ ᠠᠭᠤᠰᠭᠢᠨ ᠦᠷᠪᠢᠰᠤᠯ ᠤᠨ ᠬᠢᠵᠢᠭ ᠢ ᠪᠠᠶᠢᠩᠭᠤ ᠤᠯᠠᠨ ᠲᠠᠯ᠎ᠠ ᠪᠠᠷ ᠬᠢᠨᠠᠨ ᠬᠡᠮᠵᠢᠬᠦ ᠰᠡᠷᠡᠮᠵᠢᠯᠡᠭᠦᠯᠬᠦ ᠮᠡᠷᠬᠡᠵᠢᠯ ᠤᠨ ᠲᠦᠰᠤᠯ︾ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠡᠨ᠂ ᠬᠢᠵᠢᠭ ᠢ ᠤᠯᠠᠨ ᠲᠠᠯ᠎ᠠ  ᠪᠠᠷ ᠬᠢᠨᠠᠨ ᠬᠡᠮᠵᠢᠬᠦ ᠰᠡᠷᠡᠮᠵᠢᠯᠡᠭᠦᠯᠬᠦ ᠠᠵᠢᠯ ᠢ ᠨᠠᠶᠢᠳᠠᠪᠤᠷᠢᠵᠢᠭᠤᠯᠵᠦ᠂ ᠭᠤᠤᠯᠳᠠᠯᠭ᠎ᠠ ᠲᠠᠢ ᠲᠠᠯᠠᠪᠤᠷ᠂ ᠭᠤᠤᠯᠳᠠᠯᠭ᠎ᠠ  ᠲᠠᠢ ᠬᠦᠮᠤᠰ᠂ ᠵᠢᠴᠢ ᠤᠷᠴᠢᠨ ᠲᠤᠭᠤᠷᠢᠨ ᠤ ᠪᠦᠭᠡᠮ ᠬᠦᠴᠢᠯ ᠰᠢᠯᠭᠠᠨ ᠪᠠᠶᠢᠴᠠᠭᠠᠬᠤ ᠬᠠᠮᠢᠶ᠎ᠠ ᠪᠦᠬᠦᠢ ᠠᠵᠢᠯ ᠢ ᠰᠠᠶᠢᠳᠤᠷ ᠬᠢᠬᠦ ᠭᠡᠷᠡᠭᠳᠠᠢ᠃ ᠡᠯ᠎ᠡ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠪᠠᠶᠢᠭᠤᠯᠤᠮᠵᠢ  ᠬᠢᠨ ︽ᠬᠠᠷᠠᠭᠤᠯ ᠤᠨ ᠴᠡᠭ︾ ᠤᠨ ᠦᠶᠯᠡᠳᠦᠯ ᠢᠶᠠᠨ ᠪᠠᠳᠠᠷᠠᠭᠤᠯᠵᠤ᠂ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ  ᠢ ᠰᠡᠷᠭᠡᠶᠢᠯᠡᠨ ᠡᠵᠡᠮᠳᠡᠬᠦ ᠪᠠ ᠡᠪᠡᠳᠴᠢᠨ ᠤ ᠢᠯᠡᠷᠡᠯ ᠲᠠᠢ ᠬᠥᠮᠦᠰ ᠢ ᠪᠢᠳᠡᠭᠦᠮᠵᠢᠯᠡᠨ ᠬᠠᠮᠢᠶᠠᠷᠬᠤ ᠪᠠᠨ ᠴᠢᠩᠭᠠᠳᠬᠠᠨ ᠂ ᠪᠥᠭᠡᠮ ᠬᠦᠴᠢᠯ ᠪᠠᠶᠢᠴᠠᠭᠠᠨ ᠬᠡᠮᠵᠢᠬᠦ ᠪᠠ ᠦᠯᠡᠳᠡᠭᠡᠨ ᠠᠵᠢᠭᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠷᠢᠳᠴᠢᠯᠠᠨ ᠪᠠᠶᠢᠴᠠᠭᠠᠬᠤ ᠬᠤᠪᠢᠶᠠᠨ ᠣᠨᠣᠰᠢᠯᠠᠬᠤ ᠪᠠ ᠣᠨᠣᠰᠢᠯᠠᠨ ᠡᠮᠨᠡᠬᠦ ᠶᠠᠪᠤᠴᠠ ᠪᠠᠨ ᠵᠢᠷᠤᠮᠵᠢᠭᠤᠯᠤᠨ᠂ ᠡᠮᠴᠢᠯᠡᠭᠡᠨ ᠤ ᠪᠠᠶᠢᠭᠤᠯᠤᠮᠵᠢ ᠳᠤ ᠬᠢᠵᠢᠭ ᠬᠠᠯᠳᠠᠪᠤᠷᠢᠯᠠᠨ ᠳᠡᠯᠭᠡᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠬᠠᠯᠠᠭᠤᠷᠠᠬᠤ ᠡᠪᠡᠳᠴᠢᠨ ᠤ ᠡᠭᠦᠳᠡᠨ ᠡᠮᠨᠡᠯᠭᠡ ᠥᠬᠡᠶ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠪᠠ ᠬᠤᠪᠢ ᠶᠢᠨ ᠡᠮᠴᠢᠯᠡᠭᠡᠨ ᠤ ᠭᠠᠵᠠᠷ ᠬᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠰᠡᠵᠢᠭᠯᠡᠯᠲᠡᠶ ᠡᠪᠡᠳᠴᠢᠲᠡᠨ ᠢ ᠳᠤᠷ᠎ᠠ ᠪᠠᠷ ᠢᠶᠠᠨ ᠭᠥᠯᠢᠶᠡᠨ ᠠᠪᠴᠤ ᠣᠨᠣᠰᠢᠯᠠᠵᠤ ᠪᠣᠯᠬᠤ ᠥᠬᠡᠶ︔ ᠡᠯ᠎ᠡ ᠲᠥᠷᠥᠯ  ᠤᠨ ᠡᠮ ᠤᠨ ᠵᠦᠶᠯ ᠪᠤᠷᠤᠯᠠᠭᠤᠯᠬᠤ ᠲᠣᠤᠷ ᠴᠡᠭ ︽ᠨᠢᠭᠡ ᠶᠢ ᠪᠤᠴᠠᠭᠠᠵᠤ ᠬᠤᠶᠠᠷ ᠢ ᠲᠡᠪᠴᠢᠬᠦ︾ ᠵᠢᠴᠢ ᠰᠡᠷᠭᠡᠭ ᠡᠮ ᠤᠨ ᠵᠦᠶᠯ ᠢ ᠪᠤᠷᠤᠯᠠᠭᠤᠯᠬᠤ ᠳᠤ ᠦᠨᠡᠨ ᠨᠡᠷ᠎ᠡ ᠪᠠᠷ ᠲᠠᠩᠰᠠᠯᠠᠬᠤ ᠪᠠ ᠬᠠᠯᠠᠭᠤᠷᠠᠭᠰᠠᠨ ᠬᠥᠮᠦᠰ ᠢ ᠵᠢᠭᠰᠠᠭᠠᠨ ᠪᠠᠶᠢᠴᠠᠭᠠᠵᠦ ᠮᠡᠳᠡᠭᠦᠯᠬᠦ ᠶᠢ ᠴᠢᠩᠭ᠎ᠠ ᠰᠠᠶᠢᠲᠤᠷ ᠬᠢᠵᠦ᠂ ᠬᠠᠯᠠᠭᠤᠷᠠᠭᠰᠠᠨ᠂ ᠬᠠᠨᠢᠶᠠᠭᠰᠠᠨ ᠡᠪᠡᠳᠴᠢᠲᠡᠨ ᠢᠯᠡᠷᠡᠪᠡᠯ 2 ᠴᠠᠭ ᠤᠨ ᠳᠣᠲᠣᠷ᠎ᠠ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ᠂ ᠨᠠᠰᠤᠲᠠᠨ ᠠᠰᠠᠷᠠᠬᠤ ᠬᠦᠷᠢᠶᠡᠯᠡᠩ᠂ ᠬᠤᠷᠢᠭᠤᠯ ᠤᠨ ᠭᠠᠵᠠᠷ᠂ ᠠᠵᠤ ᠠᠬᠤᠶᠢᠯᠠᠯ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠴᠢᠩᠭᠠᠳᠬᠠᠨ᠎ᠠ᠃    ᠳᠥᠷᠪᠡ᠂ ᠡᠨᠡ ᠡᠳᠦᠷ ᠠᠴᠠ ᠡᠬᠢᠯᠡᠨ᠂ ᠪᠥᠬᠦ ᠬᠤᠰᠢᠭᠤᠨ ᠤ ᠪᠣᠶ ᠪᠥᠬᠦᠶ ᠠᠭᠤᠳᠠᠮ ᠲᠠᠯᠠᠪᠠᠶ᠂ ᠴᠡᠴᠡᠷᠯᠢᠭ ᠵᠡᠷᠭᠡ ᠣᠯᠠᠨ ᠨᠡᠶᠢᠲᠡ ᠶᠢᠨ ᠲᠠᠯᠠᠪᠤᠷ ᠤᠨ ᠲᠠᠯᠠᠪᠠᠶ ᠶᠢᠨ ᠪᠥᠵᠢᠭ᠂ ᠪᠡᠶ᠎ᠡ ᠴᠢᠭᠢᠷᠠᠭᠵᠢᠭᠤᠯᠬᠤ ᠲᠠᠮᠢᠷ ᠵᠡᠷᠭᠡ ᠬᠦᠮᠤᠨ ᠤᠯᠠᠨ ᠴᠤᠭᠯᠠᠷᠠᠬᠤ ᠠᠵᠢᠯᠯᠠᠭ᠎ᠠ ᠶᠢ ᠲᠦᠷ ᠵᠤᠭᠰᠤᠭᠠᠨ᠎ᠠ᠂ ᠪᠣᠶ ᠪᠥᠬᠦᠶ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠦᠯᠵᠢᠶᠡᠨ ᠠᠴᠠ ᠭᠠᠳᠠᠨᠠᠬᠢ ᠦᠶᠯᠡᠴᠢᠯᠡᠭᠡ ᠶᠢ ᠵᠣᠭᠰᠣᠭᠠᠵᠤ᠂ ᠴᠣᠩᠬᠤᠪᠴᠢ ᠨᠢᠭᠡᠴᠡ ᠶᠢᠨ ᠰᠦᠯᠵᠢᠶᠡᠨ ᠳᠡᠭᠡᠷ᠎ᠡ ᠭᠦᠶᠴᠡᠳᠬᠡᠬᠦ᠂ ᠪᠣᠯᠵᠣᠨ ᠭᠦᠶᠴᠡᠳᠬᠡᠬᠦ ᠶᠢ  ᠰᠠᠨᠠᠭᠠᠴᠢᠯᠠᠨ᠎ᠠ᠃ ᠰᠦᠯᠵᠢᠶᠡᠨ ᠠᠴᠠ ᠭᠠᠳᠠᠨᠠᠬᠢ ᠲᠣᠮᠣ ᠬᠡᠯᠪᠡᠷᠢ ᠶᠢᠨ ᠠᠵᠢᠯᠯᠠᠭ᠎ᠠ ᠶᠢ ᠠᠯᠢ ᠴᠢᠳᠠᠬᠤ ᠪᠠᠷ ᠪᠠᠭᠠᠰᠬᠠᠵᠤ᠂ ᠦᠨᠡᠬᠡᠷ ᠬᠤᠷᠠᠯ᠂ ᠪᠣᠯᠪᠠᠰᠤᠷᠠᠭᠤᠯᠤᠯ᠂ ᠳᠡᠯᠭᠡᠨ ᠪᠣᠷᠣᠯᠠᠭᠤᠯᠬᠤ᠂ ᠴᠤᠭᠯᠠᠭᠠᠨ᠂ ᠳᠠᠶᠢᠯᠠᠯᠭ᠎ᠠ᠂ ᠤᠷᠤᠯᠳᠤᠭᠠᠨ ᠵᠡᠷᠭᠡ ᠠᠵᠢᠯᠯᠠᠭ᠎ᠠ ᠡᠷᠭᠢᠯᠡᠬᠦ ᠴᠢᠬᠤᠯᠠᠲᠠᠶ ᠪᠠᠶᠢᠪᠠᠯ᠂ ︽ᠬᠡᠨ ᠡᠷᠭᠢᠯᠡᠭᠰᠡᠨ ᠪᠣᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠮᠡᠳᠡᠭᠦᠯᠵᠦ ᠳᠠᠩᠰᠠᠯᠠᠭᠤᠯᠬᠤ ᠭᠠᠷᠳᠠᠮ ᠢ ᠴᠢᠩᠭ᠎ᠠ ᠭᠦᠶᠴᠡᠳᠬᠡᠵᠦ᠂ ᠬᠢᠵᠢᠭ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠪᠠᠶᠠᠷ ᠨᠠᠶᠢᠷ ᠤᠨ ᠶᠠᠪᠤᠳᠠᠯ ᠢ ᠬᠤᠶᠢᠰᠢᠯᠠᠭᠤᠯᠤᠨ ᠡᠷᠬᠢᠯᠡᠬᠦ᠂ ᠣᠷᠣᠰᠢᠭᠤᠯᠭ᠎ᠠ ᠶᠢᠨ ᠶᠠᠪᠤᠳᠠᠯ ᠢ ᠲᠥᠬᠦᠮ ᠲᠦᠳᠡ ᠭᠦᠢᠴᠡᠳᠭᠡᠬᠦ᠂ ᠳᠠᠶᠢᠯᠠᠯᠭ᠎ᠠ ᠶᠢ ᠥᠯᠥ ᠡᠷᠭᠢᠯᠡᠬᠦ ᠶᠢ ᠴᠢᠩᠭ᠎ᠠ ᠨᠠᠶᠢᠳᠠᠪᠤᠷᠢᠵᠢᠭᠤᠯᠵᠦ᠂ ᠡᠯ᠎ᠡ ᠰᠤᠮᠤ ᠪᠠᠯᠭᠠᠰᠤ ᠲᠠᠯᠠᠪᠠᠶ᠂ ᠵᠡᠭᠡᠯᠢ ᠭᠤᠳᠤᠮᠵᠢ ᠶᠢᠨ ᠨᠡᠭᠦᠳᠡᠯ ᠳᠠᠶᠢᠯᠠᠯᠭ᠎ᠠ ᠶᠢᠨ ︽ᠰᠠᠷᠠᠪᠴᠢᠳᠤ ᠲᠡᠷᠭᠡ︾ ᠶᠢᠨ ᠡᠵᠡᠩᠨᠡᠬᠦ ᠠᠵᠢᠯᠯᠠᠭ᠎ᠠ ᠶᠢ  ᠴᠢᠩᠭ᠎ᠠ ᠴᠠᠭᠠᠵᠠᠯᠠᠨ᠎ᠠ᠃ ᠵᠣᠴᠢᠳ ᠤᠨ ᠪᠠᠭᠤᠳᠠᠯ᠂ ᠬᠤᠭᠤᠯᠠᠨ ᠭᠡᠷ ᠵᠡᠷᠭᠡ ᠡᠯ᠎ᠡ ᠲᠥᠷᠥᠯ ᠤᠨ ᠢᠳᠡᠭᠡᠨ ᠤᠮᠳᠠᠭᠠᠨ ᠤ ᠭᠠᠵᠠᠷ ᠲᠠᠯᠠᠪᠤᠷ ᠤᠨ ᠭᠱᠠᠨ ᠵᠠᠭᠤᠷ᠎ᠠ ᠶᠢᠨ ᠬᠤᠭᠤᠯᠠ ᠢᠳᠡᠬᠦ ᠬᠥᠮᠦᠨ ᠤ ᠲᠤᠭ᠎ᠠ ᠶᠢ ᠬᠠᠮᠤᠭ ᠤᠨ ᠶᠡᠭᠡ ᠳᠠᠭᠠᠭᠠᠴᠠ ᠶᠢᠨ ᠬᠡᠮᠵᠢᠶ᠎ᠡ ᠶᠢᠨ 50 % ᠠᠴᠠ ᠬᠡᠲᠦᠷᠡᠭᠦᠯᠵᠦ ᠪᠣᠯᠬᠤ ᠦᠭᠡᠶ᠂ ᠲᠤᠰᠬᠠᠶ ᠥᠷᠥᠭᠡ ᠬᠢᠭᠡᠳ ᠨᠢᠭᠡ ᠰᠢᠷᠡᠭᠡᠨ ᠳᠤ ᠬᠤᠭᠤᠯᠠ ᠢᠳᠡᠬᠦ ᠬᠥᠮᠦᠨ ᠤ ᠲᠤᠭ᠎ᠠ ᠶᠢ 10 ᠠᠴᠠ ᠬᠡᠲᠦᠷᠡᠭᠦᠯᠵᠦ ᠪᠣᠯᠬᠤ ᠦᠭᠡᠶ᠃ ᠦᠷᠯᠤᠭᠡ ᠶᠢᠨ ᠬᠤᠳᠠᠯᠳᠤᠭ᠎ᠠ᠂ ᠰᠥᠨᠢ ᠶᠢᠨ ᠬᠤᠳᠠᠯᠳᠤᠭ᠎ᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠠᠮᠢᠳᠤ ᠵᠢᠭᠦᠷᠲᠡᠨ᠂ ᠤᠰᠤᠨ ᠭᠠᠷᠤᠯᠲᠠ᠂ ᠬᠥᠯᠳᠡᠭᠡᠭᠰᠡᠨ ᠦᠢᠯᠡᠳᠬᠦᠨ ᠵᠡᠷᠭᠡ ᠶᠢ ᠪᠣᠷᠣᠯᠠᠭᠤᠯᠬᠤ ᠶᠢ ᠴᠠᠭᠠᠵᠠᠯᠠᠨ᠎ᠠ ᠂ ᠤᠷᠢᠳᠴᠢᠯᠠᠨ ᠵᠠᠬ᠎ᠠ ᠳᠡᠯᠭᠡᠭᠦᠷ ᠲᠤ ᠭᠠᠷᠭᠠᠬᠤ ᠶᠢ ᠴᠢᠩᠭ᠎ᠠ ᠴᠠᠭᠠᠵᠠᠯᠠᠵᠤ᠂ ᠡᠷᠬᠡᠪᠰᠢ ᠴᠠᠭ ᠲᠠᠭᠠᠨ ᠵᠠᠬ᠎ᠠ ᠳᠡᠯᠭᠡᠭᠦᠷ ᠠᠴᠠ ᠪᠠᠭᠤᠬᠤ ᠬᠡᠷᠡᠭᠲᠡᠶ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠬᠢᠨ ᠠᠮᠠᠪᠴᠢ ᠵᠡᠭᠦᠬᠦ᠂ ᠪᠡᠶ᠎ᠡ ᠶᠢᠨ ᠬᠠᠯᠠᠭᠤᠨ ᠢᠶᠠᠨ ᠬᠡᠮᠵᠢᠬᠦ᠂ ᠲᠡᠮᠳᠡᠭᠯᠡᠬᠦ᠂ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ ᠰᠢᠯᠭᠠᠬᠤ᠂ ︽ᠨᠢᠭᠡ ᠮᠧᠲᠷ ᠤᠨ ᠵᠠᠢ︾᠂ ᠠᠷᠢᠭᠤᠳᠬᠠᠨ ᠠᠷᠢᠯᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠯᠠᠭᠰᠠᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠠᠷᠢᠯᠭ᠎ᠠ ᠬᠢᠭᠰᠡᠨ ᠥᠬᠡᠶ ᠪᠣᠯ ᠠᠵᠢᠯ ᠤᠨ ᠪᠠᠶᠢᠷᠢ ᠳᠤ ᠭᠠᠷᠴᠤ ᠪᠣᠯᠬᠤ ᠥᠬᠡᠶ᠃ ᠬᠡᠷᠪᠡ ᠳᠡᠭᠡᠷᠡᠬᠢ ᠬᠡᠯᠡᠭᠰᠡᠨ ᠲᠣᠭᠲᠠᠭᠠᠯ ᠢ ᠵᠥᠷᠢᠴᠡᠪᠡᠯ᠂ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠳᠭᠡᠨ᠎ᠡ᠃     ᠲᠠᠪᠤ᠂ ᠭᠠᠯᠲᠤ ᠲᠡᠷᠭᠡᠨ ᠥᠷᠲᠡᠭᠡ᠂ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠳᠤ ᠣᠷᠣᠵᠤ ᠭᠠᠷᠬᠤ ᠬᠥᠮᠦᠰ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠪᠠᠶᠢᠴᠠᠭᠠᠨ ᠰᠢᠯᠭᠠᠭᠠᠳ ᠪᠢᠯᠢᠭ ᠴᠢᠨᠠᠷ ᠲᠠᠢ ᠪᠠᠶᠢᠬᠤ ᠪᠠ ᠡᠷᠡᠭᠦᠯ ᠮᠡᠨᠳᠦ ᠶᠢᠨ ᠺᠣᠳ᠋ ᠲᠠᠢ ᠪᠠᠶᠢᠬᠤ ᠬᠡᠷᠡᠭᠲᠡᠶ᠂ 14 ᠡᠳᠦᠷ ᠤᠨ ᠳᠣᠲᠣᠷ᠎ᠠ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠳᠤ ᠬᠦᠷᠤᠭ᠍ᠰᠡᠨ ᠬᠥᠮᠦᠰ᠂ ᠡᠷᠡᠭᠦᠯ ᠮᠡᠨᠳᠦ ᠶᠢᠨ ᠺᠣᠳ᠋ ᠨᠢ ᠬᠡᠪ ᠤᠨ ᠪᠤᠰᠤ ᠬᠥᠮᠦᠰ ᠣᠷᠣᠵᠤ ᠪᠣᠯᠬᠤ ᠥᠬᠡᠶ᠃ ᠵᠠᠮ ᠬᠠᠷᠢᠯᠴᠠᠭᠠᠨ ᠤ ᠲᠠᠯᠠᠪᠠᠢ ᠦᠷᠳᠡᠭᠡ ᠶᠢᠨ ᠬᠢᠨ ᠠᠶᠠᠨᠴᠢᠳ ᠢ ᠵᠢᠯᠤᠭᠤᠳᠤᠨ ᠲᠠᠷᠬᠠᠭᠠᠬᠤ ᠪᠠᠨ ᠴᠢᠩᠭᠠᠳᠬᠠᠵᠦ᠂ ᠬᠦᠮᠤᠨ ᠤᠯᠠᠨ ᠴᠤᠭᠯᠠᠷᠠᠬᠤ ᠠᠴᠠ ᠵᠠᠶᠢᠯᠠᠰᠬᠢᠵᠦ᠂ ᠡᠷᠡᠬᠦᠯ ᠮᠡᠨᠳᠤ ᠶᠢᠨ ᠺᠤᠳ᠋᠂ ᠵᠠᠮ ᠬᠠᠷᠢᠯᠴᠠᠭᠠᠨ ᠤ ᠲᠣᠮᠣ ᠳ᠋ᠠᠶᠢᠲ᠋ᠠ ᠶᠢᠨ ᠠᠶᠠᠯᠠᠯ ᠤᠨ ᠺᠠᠷᠲ᠂ ᠪᠥᠭᠡᠮ ᠬᠦᠴᠢᠯ ᠪᠠᠶᠢᠴᠠᠭᠠᠭᠠᠳ ᠪᠢᠯᠢᠭ ᠴᠢᠨᠠᠷ ᠲᠠᠢ ᠪᠠᠶᠢᠬᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠪᠠᠶᠢᠴᠠᠭᠠᠨ  ᠦᠵᠡᠵᠦ᠂ ᠠᠮᠠᠪᠴᠢ ᠵᠡᠭᠦᠬᠦ᠂ ᠪᠡᠶ᠎ᠡ ᠶᠢᠨ ᠬᠠᠯᠠᠭᠤᠨ ᠢ ᠪᠠᠶᠢᠴᠠᠭᠠᠨ ᠬᠡᠮᠵᠢᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠵᠢᠷᠤᠮᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠨᠡᠶᠢᠲᠡ ᠶᠢᠨ ᠮᠠᠰᠢᠨ᠂ ᠲᠦᠷᠢᠶᠡᠰᠦᠨ ᠮᠠᠰᠢᠨ ᠲᠡᠷᠭᠡ ᠳᠤ ᠠᠮᠠᠪᠴᠢ ᠵᠡᠭᠦᠬᠦ᠂ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠰᠠᠯᠬᠢ ᠨᠡᠪᠲᠡᠷᠡᠭᠦᠯᠦᠨ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠡᠷᠭᠡᠨ ᠳᠤ ᠰᠠᠭᠤᠭ᠎ᠠ ᠠᠶᠠᠨᠴᠢᠳ ᠲᠤ ᠬᠢᠵᠢᠭ ᠤᠨ ᠬᠤᠭᠤᠴᠠᠭᠠᠨ ᠳᠤ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠲᠡᠷᠭᠡᠨ ᠳᠤ ᠭᠠᠷᠬᠤ ᠳᠤ ᠠᠰᠠᠭᠤᠨ ᠯᠠᠪᠯᠠᠵᠤ᠂ ᠲᠡᠷᠭᠡᠨ ᠠᠴᠠ ᠪᠠᠭᠤᠬᠤ ᠳᠤ ᠰᠡᠷᠡᠮᠵᠢᠯᠡᠭᠦᠯᠬᠦ ᠬᠡᠷᠡᠭᠲᠡᠶ᠃    ᠵᠢᠷᠭᠤᠭ᠎ᠠ᠂ ᠢᠯᠡᠭᠡᠵᠦ ᠬᠦᠷᠭᠡᠬᠦ ᠠᠵᠤ ᠠᠬᠤᠶᠢᠯᠠᠯ ᠬᠢᠨ ︽ᠰᠢᠦᠳᠠᠨ ᠲᠦᠷᠭᠡᠨ ᠬᠦᠷᠭᠡᠬᠦ ᠠᠵᠢᠯ ᠤᠨ ᠬᠢᠵᠢᠭ  ᠢ ᠰᠡᠷᠭᠡᠶᠢᠯᠡᠨ ᠡᠵᠡᠮᠳᠡᠬᠦ ᠬᠢᠭᠡᠳ ᠢᠯᠡᠭᠡᠵᠦ ᠬᠦᠷᠭᠡᠬᠦ ᠦᠶᠯᠡᠴᠢᠯᠡᠭᠡᠨ ᠤ ᠪᠠᠲᠤᠯᠠᠭ᠎ᠠ ᠶᠢᠨ ᠠᠵᠢᠯ ᠤᠨ ᠵᠦᠭᠯᠡᠭᠦᠷ ︵ᠲᠤᠷᠰᠢᠨ ᠬᠡᠷᠡᠭᠵᠢᠭᠦᠯᠬᠦ︶︾ ᠪᠠ ︽ᠬᠢᠵᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠰᠢᠦᠳᠠᠨ ᠲᠦᠷᠭᠡᠨ ᠬᠦᠷᠭᠡᠬᠦ ᠦᠶᠯᠡᠰ ᠤᠨ ᠦᠶᠯᠡᠳᠪᠦᠷᠢᠯᠡᠯ ᠤᠨ ᠠᠵᠢᠯᠯᠠᠭᠠᠨ ᠤ ᠵᠢᠷᠤᠮᠵᠢᠯ ᠤᠨ ᠰᠠᠨᠠᠭᠤᠯᠭ᠎ᠠ ︵ᠳᠣᠯᠣᠳᠤᠭᠠᠷ ᠬᠡᠪᠯᠡᠯ︶ ︾ ᠶᠢᠨ ᠬᠠᠮᠢᠶ᠎ᠠ ᠪᠥᠬᠦᠶ ᠲᠣᠭᠲᠠᠭᠠᠯ ᠪᠣᠯᠤᠨ ︽ᠨᠢᠭᠡ ᠶᠢ ᠵᠣᠭᠰᠣᠭᠠᠵᠤ ᠬᠤᠶᠠᠷ ᠢ ᠠᠷᠢᠭᠤᠳᠬᠠᠵᠦ ᠭᠤᠷᠪᠠ ᠪᠠᠶᠢᠴᠠᠭᠠᠵᠦ ᠳᠥᠷᠪᠡ ᠪᠠᠳᠤᠯᠠᠬᠤ︾ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠬᠢᠵᠢᠭ ᠤᠨ ᠢᠯᠡᠭᠡᠨ ᠳᠠᠮᠵᠢᠭᠤᠯᠬᠤ ᠪᠤᠳᠠᠰ ᠢᠶᠠᠷ ᠤᠷᠤᠩᠨᠠᠭᠴᠢ ᠪᠡᠶ᠎ᠡ ᠪᠤᠯᠭᠠᠨ ᠲᠠᠷᠬᠠᠨ ᠳᠡᠯᠭᠡᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠪᠠᠷᠠᠭ᠎ᠠ ᠲᠤᠰᠤᠭᠴᠢ ᠠᠴᠠ ᠪᠣᠭᠤᠳᠠᠯ ᠢ ᠬᠤᠷᠢᠶᠠᠨ ᠵᠠᠳᠠᠯᠬᠤ ᠳᠠᠭᠠᠨ ᠭᠠᠳᠠᠷ ᠪᠣᠭᠤᠳᠠᠯ ᠢ ᠠᠷᠢᠭᠤᠳᠬᠠᠬᠤ ᠪᠠ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠠᠩᠬᠠᠷᠬᠤ ᠬᠡᠷᠡᠭᠲᠡᠶ᠃    ᠳᠣᠯᠤᠭ᠎ᠠ᠂ ᠲᠦᠩᠯᠢᠶᠣᠤ ᠬᠤᠲᠠ ᠶᠢᠨ ᠭᠠᠳᠠᠨ᠎ᠠ ᠠᠴᠠ ᠬᠤᠳᠠᠯᠳᠤᠨ ᠠᠪᠤᠭᠰᠠᠨ ᠠᠯᠢᠪᠠ ᠬᠦᠶᠲᠡᠨ ᠬᠡᠯᠬᠢᠶᠡᠲᠦ ᠢᠳᠡᠭᠡᠨ ᠢ ᠴᠥᠮ ᠬᠦᠶᠲᠡᠨ ᠬᠡᠯᠬᠢᠶᠡᠲᠦ ᠢᠳᠡᠭᠡᠨ ᠢ ᠲᠥᠪᠯᠡᠷᠡᠭᠦᠯᠦᠨ ᠬᠠᠳᠠᠭᠠᠯᠠᠬᠤ ᠭᠠᠵᠠᠷ ᠲᠤ ᠣᠷᠣᠭᠤᠯᠵᠤ ᠪᠥᠭᠡᠮ ᠬᠦᠴᠢᠯ ᠰᠢᠯᠭᠠᠨ ᠪᠠᠶᠢᠴᠠᠭᠠᠬᠤ ᠪᠠ ᠤᠷᠢᠳᠴᠢᠯᠠᠨ ᠰᠡᠷᠭᠡᠶᠢᠯᠡᠬᠦ ᠴᠢᠨᠠᠷᠲᠠᠶ ᠪᠠᠷ ᠪᠥᠬᠦ ᠲᠠᠯ᠎ᠠ ᠪᠠᠷ ᠠᠷᠢᠭᠤᠳᠬᠠᠵᠤ᠂ ᠵᠠᠷᠤᠳ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠭᠠᠷᠭᠠᠭᠰᠠᠨ ︽ᠭᠠᠳᠠᠭᠠᠳᠤ ᠠᠴᠠ ᠣᠷᠣᠭᠤᠯᠤᠭᠰᠠᠨ ᠬᠦᠶᠲᠡᠨ ᠬᠡᠯᠬᠢᠶᠡᠲᠦ ᠢᠳᠡᠭᠡᠨ ᠢ ᠲᠥᠪᠯᠡᠷᠡᠭᠦᠯᠦᠨ ᠬᠥᠮᠥᠷᠭᠡ  ᠠᠴᠠ ᠭᠠᠷᠭᠠᠬᠤ ᠭᠡᠷᠡᠴᠢ︾ ᠪᠢᠴᠢᠭ ᠢ ᠣᠯᠤᠭᠰᠠᠨ ᠤ ᠳᠠᠷᠠᠭ᠎ᠠ ᠰᠠᠶ᠋ᠢ ᠬᠥᠮᠥᠷᠭᠡ ᠠᠴᠠ ᠭᠠᠷᠭᠠᠵᠤ ᠪᠣᠯᠤᠨ᠎ᠠ᠃ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠤ ᠪᠠᠷᠠᠭ᠎ᠠ ᠶᠢᠨ ᠡᠵᠡᠨ ᠠᠴᠠ ᠪᠠᠷᠠᠭ᠎ᠠ ᠶᠢ ᠮᠠᠨ  ᠤ ᠬᠤᠰᠢᠭᠤᠨ ᠳᠤ ᠬᠦᠷᠴᠤ ᠢᠷᠡᠬᠦ ᠠᠴᠠ 24 ᠴᠠᠭ ᠤᠨ ᠡᠮᠦᠨ᠎ᠡ᠂ ᠡᠷᠬᠡᠪᠰᠢ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠦᠨᠡᠨ ᠮᠥᠨ ᠢᠶᠠᠷ ᠨᠢ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠲᠥᠪᠯᠡᠷᠡᠭᠦᠯᠦᠨ ᠬᠠᠳᠠᠭᠠᠯᠠᠬᠤ ᠬᠥᠮᠥᠷᠭᠡ ᠲᠠᠢ ᠤᠷᠢᠳᠴᠢᠯᠠᠨ ᠪᠣᠯᠵᠣᠬᠤ ᠬᠡᠷᠡᠭᠲᠡᠶ᠃ ᠪᠠᠷᠠᠭ᠎ᠠ ᠪᠠᠨ ᠲᠥᠪᠯᠡᠷᠡᠭᠦᠯᠦᠨ ᠬᠠᠳᠠᠭᠠᠯᠠᠬᠤ ᠬᠥᠮᠥᠷᠭᠡ ᠳᠤ ᠤᠷᠤᠭᠤᠯᠬᠤ ᠠᠴᠠ ᠡᠮᠦᠨ᠎ᠡ᠂ ᠵᠠᠬ᠎ᠠ ᠳᠡᠯᠭᠡᠭᠦᠷ ᠲᠡᠭᠡᠷ᠎ᠡ ᠬᠠᠳᠠᠭᠠᠯᠠᠵᠤ ᠂ ᠦᠢᠯᠡᠳᠪᠦᠷᠢᠯᠡᠵᠦ᠂ ᠪᠣᠷᠣᠯᠠᠭᠤᠯᠵᠤ᠂ ᠬᠡᠷᠡᠭᠯᠡᠵᠦ ᠪᠣᠯᠬᠤ ᠦᠭᠡᠢ  ᠃   ᠨᠠᠶᠮᠠ᠂ ᠰᠤᠷᠭᠠᠭᠤᠯᠢ ᠶᠢᠨ ᠬᠦᠷᠢᠶᠡᠨ ᠳᠤ ᠬᠢᠵᠢᠭ ᠬᠠᠯᠳᠠᠪᠤᠷᠢᠯᠠᠨ ᠤᠷᠤᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠪᠥᠬᠦ ᠬᠤᠰᠢᠭᠤᠨ ᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠨᠤᠭᠤᠳ ᠰᠤᠷᠭᠠᠭᠤᠯᠢ ᠶᠢᠨ ᠬᠦᠷᠢᠶᠡᠨ ᠤ ᠬᠢᠵᠢᠭ   ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠤᠭᠴᠢᠳ ᠤᠨ ᠲᠣᠰ ᠪᠡᠶ᠎ᠡ ᠪᠤᠶᠤ ᠲᠡᠭᠦᠨ ᠲᠠᠢ ᠬᠠᠮᠲᠤ ᠰᠠᠭᠤᠭ᠎ᠠ ᠬᠥᠮᠦᠰ ᠣᠶᠢᠷ᠎ᠠ ᠶᠢᠨ 14 ᠡᠳᠦᠷ ᠤᠨ ᠳᠣᠲᠣᠷ᠎ᠠ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠳᠤ ᠬᠦᠷᠤᠭ᠍ᠰᠡᠨ ᠪᠤᠶᠤ 11 ᠰᠠᠷ᠎ᠠ ᠶᠢᠨ 13 ᠤ ᠡᠳᠦᠷ ᠠᠴᠠ ᠨᠠᠰᠢᠬᠢ ᠥᠪᠥᠷ ᠮᠣᠩᠭᠤᠯ ᠤᠨ ᠮᠠᠨᠵᠤᠤᠷ ᠬᠤᠲᠠ ︵ᠵᠠᠯᠠᠶᠢᠨᠠᠭᠤᠷ ᠲᠣᠭᠤᠷᠢᠭ ᠪᠠᠭᠲᠠᠨ᠎ᠠ︶᠂ 11 ᠰᠠᠷ᠎ᠠ ᠶᠢᠨ 24 ᠤ ᠡᠳᠦᠷ ᠠᠴᠠ ᠨᠠᠰᠢ ᠬᠤᠷᠴᠢᠨ ᠲᠣᠭᠤᠷᠢᠭ ᠤᠨ ᠴᠢᠶᠠᠨ ᠵᠢᠶᠠ ᠳ᠋ᠢᠶᠠᠨ ᠪᠠᠯᠭᠠᠰᠤ᠂ 11 ᠰᠠᠷ᠎ᠠ  ᠶᠢᠨ 25 ᠤ ᠡᠳᠦᠷ ᠠᠴᠠ ᠨᠠᠰᠢ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠨᠠᠭᠤᠷᠤᠮ ᠪᠠᠯᠭᠠᠰᠤᠨ ᠳᠤ ᠬᠦᠷᠤᠭ᠍ᠰᠡᠨ ᠪᠤᠶᠤ ᠬᠠᠮᠢᠶ᠎ᠠ ᠪᠥᠬᠦᠶ ᠬᠥᠮᠦᠰ ᠲᠠᠢ ᠬᠦᠷᠤᠯᠴᠡᠭᠰᠡᠨ ᠬᠥᠮᠦᠰ ᠪᠠᠶᠢᠪᠠᠯ᠂ ᠰᠤᠷᠭᠠᠭᠤᠯᠢ ᠠᠴᠠ ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢ ᠭᠡᠷᠡᠭᠵᠢᠭᠦᠯᠬᠦ ᠬᠡᠷᠡᠭᠳᠠᠢ᠃ ᠪᠠᠭᠰᠢ ᠰᠤᠷᠤᠭᠴᠢᠳ ᠲᠤ ᠬᠢᠵᠢᠭ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠪᠣᠯᠤᠨ ᠡᠷᠡᠭᠦᠯ ᠮᠡᠨᠳᠦ ᠶᠢᠨ ᠬᠢᠨᠠᠨ ᠬᠡᠮᠵᠢᠬᠦ ᠠᠵᠢᠯ ᠢ ᠴᠢᠩᠭᠠᠳᠬᠠᠵᠤ᠂ ᠴᠠᠭ ᠲᠤᠬᠠᠢ ᠳᠤᠨᠢ ᠪᠠᠭᠰᠢ ᠰᠤᠷᠤᠭᠴᠢᠳ ᠲᠤ ᠬᠤᠪᠢ ᠬᠥᠮᠦᠨ ᠵᠢᠴᠢ ᠬᠡᠷ ᠤᠨ ᠬᠦᠮᠤᠰ ᠤᠨ ᠬᠠᠮᠠᠭᠠᠯᠠᠯᠲᠠ ᠪᠠᠨ ᠴᠢᠩᠭ᠎ᠠ ᠰᠠᠶᠢᠲᠤᠷ ᠬᠢᠬᠦ ᠶᠢ ᠰᠠᠨᠠᠭᠤᠯᠬᠤ ᠬᠡᠷᠡᠭᠲᠡᠶ᠃    ᠶᠢᠰᠦ᠂ ᠥᠷᠭᠡᠨ ᠣᠯᠠᠨ ᠰᠠᠭᠤᠭᠠᠯᠢ ᠠᠷᠠᠳ ᠵᠢᠴᠢ ᠵᠠᠷᠤᠳ ᠲᠤ ᠪᠤᠴᠠᠵᠤ ᠢᠷᠡᠭᠰᠡᠨ ᠬᠥᠮᠦᠰ ᠬᠢᠵᠢᠭ ᠪᠠᠶᠢᠴᠠᠭᠠᠬᠤ ᠠᠵᠢᠯ ᠢ ᠢᠳᠡᠪᠬᠢᠲᠡᠶ ᠬᠠᠮᠵᠢᠵᠦ᠂ ᠬᠤᠪᠢ ᠬᠥᠮᠦᠨ ᠤ ᠦᠨᠳᠦᠰᠦᠨ ᠮᠡᠳᠡᠭᠡ ᠵᠠᠩᠭᠢ᠂ ᠭᠡᠷ ᠪᠦᠯᠢ ᠶᠢᠨ ᠪᠠᠶᠢᠳᠠᠯ᠂ ᠠᠵᠢᠯᠯᠠᠭᠠᠨ ᠤ ᠵᠠᠮ ᠮᠥᠷ᠂ ᠬᠦᠷᠤᠯᠴᠡᠭᠰᠡᠨ ᠬᠥᠮᠦᠰ ᠪᠠ ᠠᠵᠢᠯᠯᠠᠭ᠎ᠠ᠂  ᠭᠠᠳᠠᠨ᠎ᠠ ᠬᠤᠭᠤᠯᠠ ᠢᠳᠡᠭᠰᠡᠨ᠂ ᠡᠪᠡᠳᠴᠢᠨ ᠦᠵᠡᠭᠦᠯᠤᠭ᠍ᠰᠡᠨ ᠵᠡᠷᠭᠡ ᠪᠠᠶᠢᠳᠠᠯ ᠢᠶᠠᠨ ᠪᠦᠬᠦ ᠲᠠᠯ᠎ᠠ ᠪᠠᠷ᠂ ᠦᠨᠡᠨ ᠪᠣᠳᠠᠲᠠᠶ᠂ ᠣᠨᠣᠪᠴᠢᠲᠠᠶ ᠬᠠᠩᠭᠠᠬᠤ ᠬᠡᠷᠡᠭᠲᠡᠶ᠃ ᠬᠢᠵᠢᠭ ᠡᠪᠡᠳᠴᠢᠨ ᠤ ᠰᠤᠳᠤᠯᠤᠯ ᠤᠨ ᠠᠵᠢᠯ ᠢ ᠬᠢᠨᠠᠮᠠᠭᠠᠶ  ᠬᠠᠮᠵᠢᠬᠤ ᠥᠬᠡᠶ᠂ ᠡᠪᠡᠳᠴᠢᠨ  ᠤ ᠲᠡᠦᠬᠡ ᠪᠠᠨ ᠵᠣᠷᠢᠭᠤᠳᠠ ᠨᠢᠭᠤᠨ ᠲᠠᠷᠤᠭᠰᠠᠨ ᠠᠴᠠ ᠪᠤᠯᠵᠦ ᠬᠢᠵᠢᠭ ᠳᠡᠯᠭᠡᠷᠡᠭᠰᠡᠨ ᠤᠷᠰᠢᠭ ᠭᠠᠷᠪᠠᠯ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃   ᠠᠷᠪᠠ᠂ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠥᠭᠵᠢᠯᠲᠡ ᠶᠢ ᠦᠨᠳᠦᠰᠦᠯᠡᠨ᠂ ᠮᠠᠨ ᠤ ᠬᠤᠰᠢᠭᠤ ᠪᠥᠬᠦ ᠬᠦᠮᠤᠰ ᠲᠤ ᠪᠥᠭᠡᠮ ᠬᠦᠴᠢᠯ ᠰᠢᠯᠭᠠᠨ ᠪᠠᠶᠢᠴᠠᠭᠠᠯᠲᠠ ᠬᠢᠬᠦ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠥᠭᠡᠮ ᠬᠦᠴᠢᠯ ᠰᠢᠯᠭᠠᠨ ᠪᠠᠶᠢᠴᠠᠭᠠᠬᠤ ᠬᠡᠪᠴᠢᠶ᠎ᠡ ᠪᠠᠨ ᠴᠠᠭ ᠲᠤᠨᠢ ᠲᠣᠬᠢᠷᠠᠭᠤᠯᠤᠨ  ᠦᠷᠭᠡᠳᠭᠡᠨ᠎ᠡ᠂ ᠥᠷᠭᠡᠨ ᠣᠯᠠᠨ ᠰᠠᠭᠤᠭᠠᠯᠢ ᠠᠷᠠᠳ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠣᠰᠣᠭᠠᠷ᠂ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠠᠮᠠᠪᠴᠢ ᠵᠡᠭᠦᠬᠦ᠂ ᠨᠢᠭᠡ ᠮᠧᠲᠷ  ᠤᠨ ᠵᠠᠢ ᠶᠢ ᠪᠠᠲᠤᠯᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠪᠠᠶᠢᠴᠠᠭᠠᠬᠤ ᠶᠣᠰᠣᠲᠠᠶ ᠪᠦᠬᠦᠨ ᠢ ᠪᠠᠶᠢᠴᠠᠭᠠᠵᠤ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃   ᠠᠷᠪᠠᠨ ᠨᠢᠭᠡ᠂ ᠥᠷᠭᠡᠨ ᠣᠯᠠᠨ ᠰᠠᠭᠤᠭᠠᠯᠢ ᠠᠷᠠᠳ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠵᠦ᠂ ᠬᠢᠵᠢᠭ ᠢ ᠰᠡᠷᠭᠡᠶᠢᠯᠡᠬᠦ ᠠᠵᠢᠯ ᠢ ᠢᠳᠡᠪᠬᠢᠲᠡᠶ ᠬᠠᠮᠵᠢᠬᠤ ᠬᠡᠷᠡᠭᠲᠡᠶ᠂ ᠴᠢᠬᠤᠯᠠ ᠥᠬᠡᠶ ᠪᠣᠯ ᠣᠶᠢᠷ᠎ᠠ ᠶᠢᠨ ᠬᠤᠭᠤᠴᠠᠭᠠᠨ ᠳᠤ ᠬᠢᠯᠢ ᠶᠢᠨ ᠭᠠᠳᠠᠨ᠎ᠠ ᠪᠤᠶᠤ ᠳᠤᠮᠳᠠ ᠥᠨᠳᠥᠷ ᠲᠠᠰ ᠤᠨ ᠲᠦᠭᠰᠢᠭᠦᠷᠢ ᠲᠠᠢ ᠭᠠᠵᠠᠷ ᠣᠷᠣᠨ ᠳᠤ ᠪᠢᠳᠡᠬᠡᠢ ᠤᠴᠢᠭᠠᠷᠠᠢ᠂ ᠡᠷᠬᠡᠪᠰᠢ ᠣᠴᠢᠬᠤ ᠴᠢᠬᠤᠯᠠ ᠲᠠᠢ ᠪᠤᠯ ᠪᠥᠬᠦ ᠶᠠᠪᠤᠴᠠ ᠳᠤ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠵᠦ᠂ ᠬᠤᠰᠢᠭᠤᠨ ᠳᠠᠭᠠᠨ ᠪᠤᠴᠠᠬᠤ ᠦᠶ᠎ᠡ ᠳᠤ 48 ᠴᠠᠭ ᠤᠨ ᠲᠤᠳᠤᠷᠠᠬᠢ ᠪᠥᠭᠡᠮ ᠬᠦᠴᠢᠯ ᠰᠢᠯᠭᠠᠨ ᠪᠠᠶᠢᠴᠠᠭᠠᠯᠲᠠ ᠬᠢᠭᠡᠳ ᠪᠢᠯᠢᠭ ᠴᠢᠨᠠᠷ ᠲᠠᠢ ᠪᠠᠶᠢᠬᠤ ᠭᠡᠷᠡᠴᠢ ᠪᠠᠨ ᠤᠷᠢᠳᠴᠢᠯᠠᠨ ᠪᠡᠯᠡᠳᠬᠡᠬᠦ ᠬᠡᠷᠡᠭᠲᠡᠶ᠃ ᠥᠷᠭᠡᠨ ᠣᠯᠠᠨ ᠰᠠᠭᠤᠭᠠᠯᠢ ᠠᠷᠠᠳ᠂ ᠲᠣᠰᠬᠤᠨ ᠤ ᠠᠷᠠᠳ ᠢ ᠭᠡᠷ ᠲᠡᠭᠡᠨ ᠰᠠᠭᠤᠬᠤ ᠠᠴᠠ ᠪᠢᠰᠢ ᠭᠠᠳᠠᠭᠰᠢ ᠭᠠᠷᠬᠤ ᠦᠭᠡᠶ᠂ ᠲᠥᠷᠥᠯ ᠰᠠᠳᠤᠨ ᠨᠠᠶᠢᠵᠠ ᠨᠥᠬᠦᠳ   ᠲᠤ ᠪᠠᠨ ᠠᠶᠢᠯᠴᠢᠯᠠᠬᠤ ᠦᠭᠡᠶ᠂ ᠴᠤᠭᠯᠠᠷᠠᠨ ᠠᠷᠢᠬᠢ ᠤᠤᠭᠤᠬᠤ ᠦᠭᠡᠶ᠂ ᠣᠯᠠᠭᠤᠯᠠ ᠨᠡᠶᠢᠯᠡᠵᠦ ᠴᠡᠩᠭᠡᠯᠳᠦᠬᠦ ᠦᠭᠡᠶ ᠪᠠᠶᠢᠬᠤ ᠶᠢ ᠰᠠᠨᠠᠭᠠᠴᠢᠯᠠᠶ᠎ᠠ᠂ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠢ ᠪᠤᠢ ᠪᠤᠯᠭᠠᠨ᠂ ᠠᠮᠠᠪᠴᠢ ᠵᠡᠭᠦᠬᠦ᠂ ᠭᠠᠷ  ᠢᠶᠠᠨ ᠪᠠᠶᠢᠩᠭᠤ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠨᠡᠶᠢᠲᠡ ᠶᠢᠨ ᠰᠠᠪᠬ᠎ᠠ ᠬᠡᠷᠡᠭᠯᠡᠬᠦ᠂  ︽ᠨᠢᠭᠡ ᠮᠧᠲᠷ ᠤᠨ ᠵᠠᠢ︾ ᠶᠢ ᠪᠠᠳᠤᠯᠠᠬᠤ᠂ ᠪᠥᠭᠡᠮᠨᠡᠷᠡᠬᠦ ᠦᠭᠡᠶ᠂ ᠴᠤᠭᠯᠠᠷᠠᠬᠤ ᠦᠭᠡᠶ ᠪᠠᠶᠢᠵᠤ᠂ ᠵᠢᠩᠬᠢᠨᠢ ᠬᠡᠳᠦ ᠳᠡᠯᠭᠡᠭᠦᠷ ᠪᠤᠶᠤ ᠵᠠᠬ᠎ᠠ ᠳᠡᠯᠭᠡᠭᠦᠷ ᠲᠤ ᠣᠴᠢᠵᠤ ᠲᠦᠭᠦᠬᠡᠶ ᠰᠢᠨ᠎ᠡ ᠲᠠᠸᠠᠷ ᠪᠣᠯᠤᠨ ᠬᠥᠯᠳᠡᠭᠡᠭᠰᠡᠨ ᠢᠳᠡᠭᠡᠨ ᠰᠣᠩᠭᠤᠨ ᠬᠤᠳᠠᠯᠳᠤᠨ ᠠᠪᠬᠤ ᠶᠢ ᠰᠠᠨᠠᠭᠠᠴᠢᠯᠠᠶ᠎ᠠ᠃   ᠠᠷᠪᠠᠨ ᠬᠤᠶᠠᠷ᠂ ᠬᠢᠵᠢᠭ ᠢ ᠰᠡᠷᠭᠡᠶᠢᠯᠡᠨ ᠡᠵᠡᠮᠳᠡᠬᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠂ ᠪᠦᠬᠦ ᠲᠠᠷᠢᠯᠭ᠎ᠠ ᠶᠢ ᠲᠦᠷᠭᠡᠨ ᠭᠦᠢᠴᠡᠳᠭᠡᠪᠡᠯ ᠬᠠᠯᠳᠠᠪᠤᠷᠢᠯᠠᠬᠤ ᠠᠶᠤᠯ ᠲᠦᠭᠰᠢᠭᠦᠷᠢ ᠵᠢᠴᠢ ᠬᠦᠨᠳᠦ ᠡᠪᠡᠳᠴᠢᠨ ᠤ ᠡᠭᠦᠰᠬᠦ ᠨᠤᠷᠮ᠎ᠠ ᠶᠢ ᠪᠦᠲᠦᠮᠵᠢᠲᠡᠢ ᠪᠠᠭᠤᠷᠠᠭᠤᠯᠵᠤ ᠴᠢᠳᠠᠨ᠎ᠠ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠠᠷᠢᠯᠭ᠎ᠠ ᠬᠢᠭᠡᠳᠤᠢ   ᠵᠤᠬᠢᠬᠤ ᠨᠠᠰᠤᠨ ᠤ ᠬᠥᠮᠦᠰ᠂ ᠪᠦᠬᠦ ᠲᠠᠷᠢᠯᠭ᠎ᠠ ᠶᠢ ᠬᠢᠵᠦ ᠲᠠᠭᠤᠰᠬᠠᠳᠤᠢ ᠬᠥᠮᠦᠰ ᠵᠢᠴᠢ ᠴᠢᠩᠭᠠᠳᠬᠠᠬᠤ ᠲᠠᠷᠢᠯᠭ᠎ᠠ ᠬᠢᠬᠦ ᠨᠥᠬᠦᠴᠡᠯ ᠳᠤ ᠨᠡᠶᠢᠴᠡᠬᠦ ᠬᠦᠮᠤᠰ  ᠂ 3 —11 ᠨᠠᠰᠤᠲᠠᠢ ᠬᠥᠮᠦᠰ ᠳᠠᠷᠤᠶᠢᠬᠠᠨ ᠬᠠᠷᠢᠶ᠎ᠠ ᠣᠷᠣᠨ ᠤ ᠪᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠠᠷᠢᠯᠭ᠎ᠠ ᠬᠢᠬᠦ ᠴᠡᠭ ᠲᠤ ᠬᠦᠷᠴᠦ ᠲᠠᠷᠢᠯᠭ᠎ᠠ ᠬᠢᠵᠦ᠂ ᠦᠯᠦ ᠬᠠᠯᠳᠠᠭᠠᠬᠤ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃    ᠠᠷᠪᠠᠨ ᠭᠤᠷᠪᠠ᠂ ᠡᠪᠡᠳᠴᠢᠨ ᠤ ᠪᠠᠶᠢᠳᠠᠯ᠂ ᠵᠢᠭᠤᠯᠴᠢᠯᠠᠨ ᠶᠠᠪᠤᠭᠰᠠᠨ ᠲᠡᠦᠬᠡ᠂ ᠣᠶᠢᠷᠠᠲᠤᠭᠰᠠᠨ ᠲᠡᠦᠬᠡ᠂ ᠶᠠᠪᠤᠵᠤ ᠰᠠᠭᠤᠭᠰᠠᠨ ᠵᠠᠮ ᠮᠥᠷ ᠢᠶᠠᠨ ᠥᠯᠥ ᠮᠡᠳᠡᠭᠦᠯᠬᠦ᠂ ᠮᠡᠳᠡᠭᠦᠯᠬᠦ ᠥᠬᠡᠶ ᠨᠢᠭᠤᠬᠤ᠂ ᠬᠤᠳᠠᠯ ᠢᠶᠠᠷ ᠮᠡᠳᠡᠭᠦᠯᠬᠦ᠂ ᠬᠤᠳᠠᠯ ᠮᠡᠳᠡᠭᠡ ᠵᠠᠩᠭᠢ ᠨᠡᠶᠢᠲᠡᠯᠡᠬᠦ ᠠᠵᠢᠯᠯᠠᠭ᠎ᠠ᠂ ᠮᠥᠷᠳᠡᠨ ᠳᠠᠭᠠᠵᠤ ᠰᠤᠷᠪᠤᠯᠵᠢᠯᠠᠬᠤ᠂ ᠬᠢᠵᠢᠭ ᠪᠠᠶᠢᠴᠠᠭᠠᠵᠤ ᠵᠢᠭᠰᠠᠭᠠᠨ ᠪᠠᠶᠢᠴᠠᠭᠠᠬᠤ᠂ ᠲᠤᠰᠠᠭᠠᠷᠯᠠᠨ ᠡᠮᠨᠡᠨ ᠵᠠᠰᠠᠬᠤ᠂ ᠠᠨᠠᠭᠠᠬᠤ ᠤᠬᠠᠭᠠᠨ ᠤ ᠠᠵᠢᠭᠯᠠᠯᠲᠠ ᠬᠢᠬᠦ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠬᠢᠬᠦ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠵᠢᠴᠢ ᠬᠠᠤᠯᠢ ᠶᠣᠰᠣᠭᠠᠷ ᠪᠠᠶᠢᠴᠠᠭᠠᠬᠤ᠂ ᠰᠢᠯᠭᠠᠨ ᠪᠠᠶᠢᠴᠠᠭᠠᠬᠤ᠂ ᠥᠯᠢᠭᠡᠷ ᠬᠡᠪ ᠴᠤᠭᠯᠠᠭᠤᠯᠬᠤ ᠵᠡᠷᠭᠡ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ   ᠶᠢ ᠲᠠᠭᠠᠵᠦ ᠬᠠᠮᠵᠢᠯᠴᠠᠬᠤ ᠥᠬᠡᠶ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠬᠠᠷᠰᠢᠯᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃                                           ᠵᠠᠷᠤᠳ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                        2021 ᠣᠨ ᠤ 12 ᠰᠠᠷ᠎ᠠ ᠶᠢᠨ 1 ᠤ ᠡᠳᠦᠷ
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号