ᠵᠠᠷᠤᠳ ᠬᠤᠰᠢᠭᠤᠨ ᠤ ᠰᠠᠭᠤᠭᠠᠯᠢ ᠠᠷᠠᠳ ᠤᠨ ᠪᠠᠶᠢᠭᠠᠯᠢ ᠶᠢᠨ ᠰᠢᠲᠠᠮᠠᠬᠠᠶ ᠬᠡᠢ ᠶᠢᠨ ᠪᠣᠷᠣᠯᠠᠭᠤᠯᠭ᠎ᠠ ᠶᠢᠨ ᠦᠨ᠎ᠡ ᠶᠢ ᠲᠣᠭᠲᠠᠭᠠᠬᠤ ᠲᠤᠬᠠᠶ ᠵᠦᠪᠰᠢᠶᠡᠷᠡᠯ
ᠨᠡᠶᠢᠲᠡᠯᠡᠭᠰᠡᠨ ᠴᠠᠭ᠄
2021/12/31
ᠥᠪᠥᠷ ᠮᠣᠩᠭᠤᠯ ᠤᠨ ᠵᠥᠩ ᠬᠠᠶ ᠪᠥᠸᠧ ᠲᠦᠩ ᠪᠠᠶᠢᠭᠠᠯᠢ ᠶᠢᠨ ᠰᠢᠲᠠᠮᠠᠬᠠᠶ ᠬᠡᠶ ᠶᠢᠨ ᠬᠢᠵᠠᠭᠠᠷᠲᠤ ᠺᠣᠮᠫᠠᠨᠢ᠄      ᠲᠠᠨ ᠤ ᠺᠣᠮᠫᠠᠨᠢ ᠶᠢᠨ 《 ᠵᠠᠷᠤᠳ ᠬᠤᠰᠢᠭᠤᠨ ᠤ ᠰᠠᠭᠤᠭᠠᠯᠢ ᠠᠷᠠᠳ ᠤᠨ ᠪᠠᠶᠢᠭᠠᠯᠢ ᠶᠢᠨ ᠰᠢᠲᠠᠮᠠᠬᠠᠶ ᠬᠡᠢ  ᠶᠢᠨ ᠪᠣᠷᠣᠯᠠᠭᠤᠯᠭ᠎ᠠ ᠶᠢᠨ ᠦᠨ᠎ᠡ ᠶᠢ ᠲᠣᠭᠲᠠᠭᠠᠬᠤ ᠲᠤᠬᠠᠶ ᠡᠰᠢᠯᠡᠯᠲᠡ》 ᠶᠢ ᠨᠢᠭᠡᠨᠲᠡ  ᠬᠤᠷᠢᠶᠠᠨ ᠣᠶᠢᠯᠠᠭᠠᠪᠠ᠃ 《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ 》 ᠪᠣᠯᠤᠨ 《 ᠵᠠᠰᠠᠭ  ᠤᠨ ᠣᠷᠳᠣᠨ ᠠᠴᠠ ᠦᠨ᠎ᠡ ᠬᠠᠩᠰᠢ ᠶᠢ ᠲᠣᠭᠲᠠᠭᠠᠬᠤ ᠲᠤᠬᠠᠶ ᠰᠠᠨᠠᠯ ᠰᠣᠨᠣᠰᠬᠤ ᠠᠷᠭ᠎ᠠ 》 ( ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ 21 ᠳ᠋ᠦ᠋ᠭᠡᠷ ᠲᠣᠭᠠᠲᠤ ᠵᠠᠷᠯᠢᠭ ) ᠵᠡᠷᠭᠡ ᠬᠤᠯᠪᠣᠭᠳᠠᠯ ᠪᠥᠬᠦᠶ ᠬᠠᠤᠯᠢ ᠲᠣᠭᠲᠠᠭᠠᠯ   ᠢ ᠦᠨᠳᠦᠰᠦᠯᠡᠨ᠂ ᠵᠠᠷᠤᠳ ᠬᠤᠰᠢᠭᠤᠨ ᠤ ᠰᠠᠭᠤᠭᠠᠯᠢ ᠠᠷᠠᠳ ᠤᠨ ᠪᠠᠶᠢᠭᠠᠯᠢ ᠶᠢᠨ ᠰᠢᠲᠠᠮᠠᠬᠠᠶ ᠬᠡᠶ ᠶᠢᠨ ᠪᠣᠷᠣᠯᠠᠭᠤᠯᠭ᠎ᠠ ᠶᠢᠨ ᠦᠨ᠎ᠡ ᠶᠢᠨ ᠲᠤᠬᠠᠶ ᠰᠠᠨᠠᠯ ᠰᠣᠨᠣᠰᠬᠤ ᠬᠤᠷᠠᠯ ᠢᠶᠠᠷ ᠪᠠᠲᠣᠯᠠᠭᠤᠯᠤᠨ ᠵᠢᠴᠢ ᠬᠤᠰᠢᠭᠤᠨ ᠤ ᠵᠠᠰᠠᠭ ᠤᠨ ᠣᠷᠳᠣᠨ ᠤ ᠬᠤᠷᠠᠯ ᠳᠤ ᠮᠡᠳᠡᠭᠦᠯᠦᠨ ᠬᠢᠨᠠᠨ ᠵᠥᠪᠯᠡᠭᠦᠯᠵᠦ ᠵᠦᠪᠰᠢᠶᠡᠷᠡᠭᠦᠯᠪᠡ᠂ ᠡᠳᠦᠭᠡ ᠵᠠᠷᠤᠳ ᠬᠤᠰᠢᠭᠤᠨ ᠤ ᠰᠠᠭᠤᠭᠠᠯᠢ ᠠᠷᠠᠳ ᠤᠨ ᠪᠠᠶᠢᠭᠠᠯᠢ ᠶᠢᠨ ᠰᠢᠲᠠᠮᠠᠬᠠᠶ ᠬᠡᠶ ᠶᠢᠨ ᠪᠣᠷᠣᠯᠠᠭᠤᠯᠭ᠎ᠠ ᠶᠢᠨ ᠦᠨ᠎ᠡ ᠵᠢᠴᠢ ᠬᠤᠯᠪᠣᠭᠳᠠᠯ ᠪᠥᠬᠦᠶ ᠵᠦᠶᠯᠡᠰ ᠤᠨ ᠵᠦᠪᠰᠢᠶᠡᠷᠡᠯ ᠳᠠᠷᠠᠭᠠᠬᠢ ᠮᠡᠲᠦ  ᠄        ᠨᠢᠭᠡ᠂ ᠰᠠᠭᠤᠭᠠᠯᠢ ᠠᠷᠠᠳ ᠤᠨ ᠪᠠᠶᠢᠭᠠᠯᠢ ᠶᠢᠨ ᠰᠢᠲᠠᠮᠠᠬᠠᠶ ᠬᠡᠶ ᠶᠢᠨ ᠪᠣᠷᠣᠯᠠᠭᠤᠯᠬᠤ ᠦᠨ᠎ᠡ 4.60 ᠲᠥᠭᠦᠷᠢᠭ/ ᠺᠦᠪ ᠮᠧᠲᠷ᠃ᠬᠤᠶᠠᠷ᠂ ᠲᠤᠰ ᠦᠨ᠎ᠡ ᠶᠢ 2022 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ᠲᠠᠨ ᠤ ᠺᠣᠮᠫᠠᠨᠢ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠦᠨ᠎ᠡ ᠶᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠵᠢᠴᠢ ᠲᠣᠰ ᠤᠳᠠᠭᠠᠨ ᠤ ᠦᠨ᠎ᠡ ᠬᠠᠩᠰᠢ ᠳᠤ ᠲᠣᠬᠢᠷᠠᠭᠤᠯᠤᠯᠲᠠ ᠬᠢᠭᠰᠡᠨ ᠬᠤᠯᠪᠣᠭᠳᠠᠯ ᠪᠥᠬᠦᠶ ᠪᠠᠶᠢᠳᠠᠯ ᠢᠶᠠᠨ ᠡᠵᠡᠩᠨᠡᠯᠲᠡ ᠶᠢᠨ ᠲᠠᠯᠠᠪᠠᠢ ᠶᠢᠨ ᠢᠯᠡ ᠪᠠᠶᠢᠷᠢᠨ ᠳᠤ ᠵᠠᠷᠯᠠᠨ ᠨᠡᠶᠢᠲᠡᠯᠡᠵᠦ᠂ ᠬᠡᠷᠡᠭᠯᠡᠭᠴᠢᠳ ᠤᠨ ᠳᠤᠷᠠᠳᠤᠭᠰᠠᠨ ᠠᠰᠠᠭᠤᠯᠲᠠ ᠶᠢ ᠬᠦᠯᠢᠴᠡᠩᠭᠦᠶ ᠪᠠᠷ ᠬᠠᠷᠢᠭᠤᠯᠬᠤ ᠬᠡᠷᠡᠭᠲᠡᠶ᠃ ᠡᠭᠦᠨ ᠤ ᠬᠠᠮᠲᠤ 《 ᠰᠠᠭᠤᠭᠠᠯᠢ ᠠᠷᠠᠳ ᠤᠨ ᠪᠠᠶᠢᠭᠠᠯᠢ ᠶᠢᠨ ᠰᠢᠲᠠᠮᠠᠬᠠᠶ ᠬᠡᠶ ᠶᠢᠨ ᠲᠦᠷ ᠴᠠᠭ ᠤᠨ ᠪᠣᠷᠣᠯᠠᠭᠤᠯᠭ᠎ᠠ ᠶᠢᠨ ᠦᠨ᠎ᠡ ᠶᠢ ᠲᠣᠭᠲᠠᠭᠠᠬᠤ ᠲᠤᠬᠠᠶ ᠵᠦᠪᠰᠢᠶᠡᠷᠡᠯ》ᠵᠠᠷᠣᠳ ᠬᠥᠭᠵᠢᠭᠦᠯᠦᠯᠲᠡ ᠥᠭᠡᠷᠡᠴᠢᠯᠡᠯᠲᠡ ᠥᠰᠦᠭᠲᠥ ﹇2019﹈ 81 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠢ ᠬᠦᠴᠦᠨ ᠥᠬᠡᠶ ᠪᠣᠯᠭᠠᠪᠠ᠃                                     ᠡᠭᠦᠨ᠎ᠡ ᠵᠦᠪᠰᠢᠶᠡᠷᠡᠪᠡ                 ᠵᠠᠷᠤᠳ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ                      2021 ᠣᠨ ᠤ 12 ᠰᠠᠷ᠎ᠠ ᠶᠢᠨ 29 ᠤ ᠡᠳᠦᠷ
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号