《 ᠵᠠᠷᠤᠳ ᠬᠤᠰᠢᠭᠤᠨ ᠤ ᠮᠠᠯᠴᠢᠨ ᠲᠠᠷᠢᠶᠠᠴᠢᠨ ᠤ ᠡᠪᠦᠯ ᠤᠨ ᠳᠣᠯᠠᠭᠠᠴᠠᠬᠤ ᠳᠤ ᠬᠡᠷᠡᠭᠯᠡᠬᠦ ᠨᠡᠭᠦᠷᠡᠰᠦᠨ ᠤ | ᠪᠠᠲᠤᠯᠠᠭ᠎ᠠ ᠶᠢᠨ ᠠᠵᠢᠯ ᠤᠨ ᠬᠡᠷᠡᠭᠵᠢᠭᠦᠯᠬᠦ ᠲᠥᠰᠦᠯ 》 ᠢ ᠳᠠᠷᠤᠮᠠᠯᠯᠠᠨ ᠲᠠᠷᠬᠠᠭᠠᠬᠤ ᠲᠤᠬᠠᠶ ᠵᠠᠷᠤᠳ ᠬᠤᠰᠢᠭᠤᠨ | ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ | ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ᠄ | ᠡᠳᠦᠭᠡ 《 ᠵᠠᠷᠤᠳ ᠬᠤᠰᠢᠭᠤᠨ ᠤ ᠮᠠᠯᠴᠢᠨ ᠲᠠᠷᠢᠶᠠᠴᠢᠨ ᠤ ᠡᠪᠦᠯ ᠤᠨ ᠳᠣᠯᠠᠭᠠᠴᠠᠬᠤ ᠳᠤ ᠬᠡᠷᠡᠭᠯᠡᠬᠦ | ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠬᠡᠷᠡᠭᠵᠢᠭᠦᠯᠬᠦ ᠲᠥᠰᠦᠯ 》 ᠢ ᠲᠠᠨᠠᠷ ᠲᠤ ᠳᠠᠷᠤᠮᠠᠯᠯᠠᠨ ᠲᠠᠷᠬᠠᠭᠠᠪᠠ᠂ | ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ ᠃ | | | ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2021 ᠣᠨ ᠤ 11 ᠰᠠᠷ᠎ᠠ ᠶᠢᠨ 17 ᠤ ᠡᠳᠦᠷ | | | ᠵᠠᠷᠤᠳ ᠬᠤᠰᠢᠭᠤᠨ ᠤ ᠮᠠᠯᠴᠢᠨ ᠲᠠᠷᠢᠶᠠᠴᠢᠨ ᠤ ᠡᠪᠦᠯ ᠤᠨ ᠳᠣᠯᠠᠭᠠᠴᠠᠬᠤ ᠳᠤ | ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠬᠡᠷᠡᠭᠵᠢᠭᠦᠯᠬᠦ ᠲᠥᠰᠦᠯ | 《 ᠪᠥᠬᠦ ᠣᠷᠣᠨ ᠤ ᠮᠠᠯᠴᠢᠨ ᠲᠠᠷᠢᠶᠠᠴᠢᠨ ᠤ ᠡᠪᠦᠯ ᠤᠨ ᠳᠣᠯᠠᠭᠠᠴᠠᠬᠤ ᠳᠤ ᠬᠡᠷᠡᠭᠯᠡᠬᠦ ᠨᠡᠭᠦᠷᠡᠰᠦᠨ ᠤ | ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠠᠴᠢᠮ ᠮᠡᠳᠡᠭᠳᠡᠯ 》 ( ᠥᠪᠥᠷ | ᠵᠠᠰᠠᠭ ᠠᠯᠪᠠᠨ ᠲᠠᠷᠬᠠᠭᠠᠭᠰᠠᠨ ᠴᠠᠬᠢᠯᠭᠠᠨ ﹇2021﹈ 11 ᠳ᠋ᠦ᠋ᠭᠡᠷ ᠲᠣᠭᠠᠲᠤ ) ᠪᠠ ᠲᠦᠩᠯᠢᠶᠣᠤ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ 《 ᠮᠠᠯᠴᠢᠨ ᠲᠠᠷᠢᠶᠠᠴᠢᠨ ᠤ ᠡᠪᠦᠯ ᠤᠨ ᠳᠣᠯᠠᠭᠠᠴᠠᠬᠤ ᠳᠤ ᠬᠡᠷᠡᠭᠯᠡᠬᠦ | ᠨᠡᠭᠦᠷᠡᠰᠦᠨ ᠤ ᠪᠠᠲᠣᠯᠠᠭ᠎ᠠ ᠶᠢᠨ ᠠᠵᠢᠯ ᠢ ᠱᠠᠯᠠᠪᠳᠠᠨ ᠥᠷᠨᠢᠭᠦᠯᠬᠦ ᠲᠤᠬᠠᠶ ᠪᠠᠴᠢᠮ ᠮᠡᠳᠡᠭᠳᠡᠯ 》 ᠤᠨ | ᠱᠠᠭᠠᠷᠳᠠᠯᠭ᠎ᠠ ᠶᠢ ᠦᠨᠳᠦᠰᠦᠯᠡᠨ᠂ ᠡᠷᠦᠬᠡ ᠪᠦᠷᠢ ᠳᠤ 2 ᠲᠣᠨ 《 ᠬᠢᠮᠳᠠ ᠦᠨ᠎ᠡ ᠶᠢᠨ ᠨᠡᠭᠦᠷᠡᠰᠦ 》 ᠶᠢᠨ | ᠲᠥᠷᠥ ᠶᠢᠨ ᠪᠣᠳᠣᠯᠭ᠎ᠠ ᠶᠢ ᠲᠦᠷᠭᠡᠬᠡᠨ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠤ ᠡᠪᠦᠯ ᠤᠨ ᠳᠣᠯᠠᠭᠠᠴᠠᠬᠤ | ᠳᠤ ᠬᠡᠷᠡᠭᠯᠡᠬᠦ ᠨᠡᠭᠦᠷᠡᠰᠦ ᠶᠢ ᠪᠠᠲᠤᠯᠠᠬᠤ ᠶᠢᠨ ᠲᠤᠰᠠᠳᠠ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ ᠃ | ᠨᠢᠭᠡ᠂ ᠨᠡᠭᠦᠷᠡᠰᠦ ᠬᠠᠩᠭᠠᠬᠤ ᠠᠵᠤ ᠠᠬᠤᠶᠢᠯᠠᠯ ᠬᠢᠭᠡᠳ ᠦᠨ᠎ᠡ ᠬᠠᠩᠰᠢ | ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠢ | ᠦᠨᠳᠦᠰᠦᠯᠡᠨ᠂ ᠵᠠᠬᠠᠨᠠᠭᠤᠷ ᠵᠠᠳᠠᠭᠠᠶ ᠨᠡᠭᠦᠷᠡᠰᠦᠨ ᠠᠭᠤᠷᠬᠠᠶ ᠠᠴᠠ ᠮᠠᠨ ᠤ ᠬᠤᠰᠢᠭᠤᠨ ᠤ ᠮᠠᠯᠴᠢᠨ ᠲᠠᠷᠢᠶᠠᠴᠢᠨ ᠤ | ᠡᠪᠦᠯ ᠤᠨ ᠳᠣᠯᠠᠭᠠᠴᠠᠬᠤ ᠳᠤ ᠬᠡᠷᠡᠭᠯᠡᠬᠦ ᠨᠡᠭᠦᠷᠡᠰᠦ ᠬᠠᠩᠭᠠᠬᠤ ᠠᠵᠢᠯ ᠢ ᠬᠠᠷᠢᠭᠤᠴᠠᠨ᠎ᠠ᠂ ᠨᠡᠭᠦᠷᠡᠰᠦᠨ ᠤ ᠲᠥᠷᠥᠯ | ᠵᠦᠶᠯ ᠨᠢ ᠬᠦᠷᠡᠩ ᠨᠡᠭᠦᠷᠡᠰᠦ᠂ ᠢᠯᠴᠢ ᠶᠢᠨ ᠬᠡᠮᠵᠢᠶ᠎ᠡ ᠨᠢ 3200 ᠺᠠᠯᠣᠷᠢ ᠠᠴᠠ ᠳᠡᠭᠡᠭᠰᠢ᠃ ᠮᠠᠯᠴᠢᠨ | ᠲᠠᠷᠢᠶᠠᠴᠢᠨ ᠡᠷᠦᠬᠡ ᠪᠦᠷᠢ ᠳᠤ 2 ᠲᠣᠨ ᠬᠠᠩᠭᠠᠵᠤ᠂ ᠦᠨ᠎ᠡ ᠨᠢ 255 ᠲᠥᠭᠦᠷᠢᠭ/ ᠲᠣᠨ ( ᠴᠢᠯᠠᠭᠤᠨ | ᠨᠡᠭᠦᠷᠡᠰᠦᠨ ᠤ ᠠᠭᠤᠷᠬᠠᠶ ᠠᠴᠠ ᠭᠠᠷᠬᠤ ᠦᠨ᠎ᠡ )᠂ ᠲᠡᠭᠡᠭᠡᠪᠦᠷᠢ ᠶᠢᠨ ᠵᠠᠷᠤᠳᠠᠯ ᠨᠢ ᠺᠢᠯᠣᠮᠧᠲᠷ ᠪᠦᠷᠢ ᠲᠣᠨ ᠪᠦᠷᠢ | 0.45 ᠲᠥᠭᠦᠷᠢᠭ᠂ ᠬᠤᠳᠠᠯᠳᠤᠨ ᠠᠪᠬᠤ ᠪᠠ ᠲᠡᠭᠡᠭᠡᠪᠦᠷᠢᠯᠡᠬᠦ ᠵᠠᠷᠤᠳᠠᠯ ᠢ ᠮᠠᠯᠴᠢᠨ ᠲᠠᠷᠢᠶᠠᠴᠢᠨ ᠡᠷᠦᠬᠡ ᠥᠪᠡᠷ | ᠲᠡᠭᠡᠨ ᠡᠭᠦᠷᠭᠡᠯᠡᠨ᠎ᠡ ᠃ | ᠬᠤᠶᠠᠷ᠂ ᠪᠠᠲᠤᠯᠠᠬᠤ ᠬᠡᠪᠴᠢᠶ᠎ᠡ | ᠮᠠᠯᠴᠢᠨ ᠲᠠᠷᠢᠶᠠᠴᠢᠨ ᠤ ᠡᠪᠦᠯ ᠤᠨ ᠳᠣᠯᠠᠭᠠᠴᠠᠬᠤ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠬᠦᠷᠢᠶ᠎ᠡ | ᠬᠡᠪᠴᠢᠶ᠎ᠡ ᠨᠢ ᠮᠠᠨ ᠤ ᠬᠤᠰᠢᠭᠤᠨ ᠤ ᠬᠦᠳᠡᠭᠡ ᠲᠣᠰᠬᠤᠨ ᠮᠠᠯᠵᠢᠬᠤ ᠣᠷᠣᠨ ᠤ ᠡᠷᠦᠬᠡ ᠠᠮᠠ ᠶᠢᠨ ᠲᠠᠩᠰᠠ ᠲᠠᠢ | ᠪᠥᠭᠡᠳ ᠬᠦᠳᠡᠭᠡ ᠲᠣᠰᠬᠤᠨ ᠮᠠᠯᠵᠢᠬᠤ ᠣᠷᠣᠨ ᠳᠤ ᠪᠣᠳᠠᠲᠠᠶ ᠰᠠᠭᠤᠵᠤ ᠪᠠᠶᠢᠭ᠎ᠠ ᠮᠠᠯᠴᠢᠨ ᠲᠠᠷᠢᠶᠠᠴᠢᠨ ᠡᠷᠦᠬᠡ ( | ᠰᠢᠶᠠᠩᠱᠠᠨ ᠲᠠᠷᠢᠶᠠᠯᠠᠩ ᠤᠨ ᠲᠠᠯᠠᠪᠠᠶ᠂ ᠥᠷᠭᠡᠨᠲᠠᠯ᠎ᠠ ᠲᠠᠷᠢᠶᠠᠯᠠᠩ ᠤᠨ ᠲᠠᠯᠠᠪᠠᠶ᠂ ᠦᠨᠡᠭᠡᠴᠢ ᠮᠠᠯᠵᠢᠯ ᠤᠨ ᠲᠠᠯᠠᠪᠠᠶ᠂ | ᠭᠠᠳᠠᠰᠤ ᠡᠭᠦᠯᠳᠡᠷ ᠮᠠᠯ ᠤᠨ ᠲᠠᠯᠠᠪᠠᠶ᠂ ᠠᠷᠤ ᠬᠥᠨᠳᠡᠯᠡᠨ ᠡᠭᠦᠯᠳᠡᠷ ᠮᠠᠯ ᠤᠨ ᠲᠠᠯᠠᠪᠠᠶ᠂ ᠤᠭ ᠦᠷ᠎ᠡ ᠶᠢᠨ ᠲᠠᠯᠠᠪᠠᠶ | ᠂ ᠤᠯᠠᠭᠠᠨ ᠲᠤᠭ ᠵᠢᠭᠠᠰᠤᠨ ᠲᠠᠯᠠᠪᠠᠶ᠂ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠰᠠᠭᠤᠭᠠᠯᠢ | ᠠᠷᠠᠳ ᠪᠠᠲᠤᠯᠠᠭ᠎ᠠ ᠶᠢᠨ ᠬᠦᠷᠢᠶ᠎ᠡ ᠬᠡᠪᠴᠢᠶᠡᠨ ᠳᠤ ᠪᠠᠶᠢᠨ᠎ᠠ ) ᠪᠣᠯᠤᠨ᠎ᠠ︔ ᠡᠷ᠎ᠡ ᠡᠮ᠎ᠡ ᠬᠤᠶᠠᠭᠤᠯᠠ ᠶᠢᠨ 1 ᠨᠢ | ᠬᠦᠳᠡᠭᠡ ᠲᠣᠰᠬᠤᠨ ᠮᠠᠯᠵᠢᠬᠤ ᠣᠷᠣᠨ ᠤ ᠡᠷᠦᠬᠡ ᠠᠮᠠ ᠪᠣᠯ ᠲᠣᠰ ᠲᠥᠷᠥ ᠶᠢᠨ ᠪᠣᠳᠣᠯᠭ᠎ᠠ ᠶᠢ ᠭᠥᠷᠳᠡᠵᠦ | ᠪᠣᠯᠤᠨ᠎ᠠ︔ ᠡᠷᠦᠬᠡ ᠠᠮᠠ ᠶᠢᠨ ᠪᠠᠶᠢᠭ᠎ᠠ ᠭᠠᠵᠠᠷ ᠲᠠᠭᠠᠨ ᠰᠠᠭᠤᠵᠤ ᠪᠠᠶᠢᠬᠤ ᠥᠬᠡᠶ᠂ ᠬᠤᠰᠢᠭᠤᠨ ᠳᠠᠬᠢ ᠪᠤᠰᠤᠳ | ᠭᠠᠴᠠᠭ᠎ᠠ ᠲᠣᠰᠬᠤᠨ ᠬᠤᠪᠢᠶᠠᠷᠢ ᠲᠠᠯᠠᠪᠠᠶ ᠳᠤ ᠰᠠᠭᠤᠵᠤ ᠪᠠᠶᠢᠪᠠᠯ ᠰᠠᠭᠤᠭ᠎ᠠ ᠭᠠᠵᠠᠷ ᠲᠠᠭᠠᠨ ᠲᠣᠰ ᠲᠥᠷᠥ ᠶᠢᠨ | ᠪᠣᠳᠣᠯᠭ᠎ᠠ ᠶᠢ ᠭᠥᠷᠳᠡᠵᠦ ᠪᠣᠯᠤᠨ᠎ᠠ︔ 1 ᠡᠷᠦᠬᠡ ᠤᠨ ᠬᠦᠮᠦᠨ ᠣᠯᠠᠨ ᠣᠷᠣᠨ ᠰᠠᠭᠤᠴᠠ ᠲᠠᠢ ᠪᠣᠯ ᠵᠥᠪᠬᠡᠨ 1 | ᠡᠷᠦᠬᠡ ᠶᠢᠨ ᠲᠥᠷᠥ ᠶᠢᠨ ᠪᠣᠳᠣᠯᠭ᠎ᠠ ᠶᠢ ᠭᠥᠷᠳᠡᠨ᠎ᠡ ᠃ | ᠭᠤᠷᠪᠠ᠂ ᠠᠵᠢᠯ ᠤᠨ ᠱᠠᠭᠠᠷᠳᠠᠯᠭ᠎ᠠ | ( ᠨᠢᠭᠡ ) ᠣᠯᠠᠨ ᠲᠦᠮᠡᠨ ᠰᠠᠶᠢᠨ ᠳᠤᠷ᠎ᠠ ᠠᠴᠠ ᠪᠠᠨ ᠪᠠᠶᠢᠬᠤ᠃ ᠡᠯ᠎ᠡ ᠰᠤᠮᠤ ᠪᠠᠯᠭᠠᠰᠤ ᠲᠠᠯᠠᠪᠠᠶ ᠬᠢᠨ ᠡᠯ᠎ᠡ | ᠭᠠᠴᠠᠭ᠎ᠠ ᠲᠣᠰᠬᠤᠨ ᠬᠤᠪᠢᠶᠠᠷᠢ ᠲᠠᠯᠠᠪᠠᠶ ᠢ ᠵᠣᠬᠢᠶᠠᠨ ᠪᠠᠶᠢᠭᠤᠯᠵᠤ ᠡᠷᠦᠬᠡ ᠳᠤ ᠬᠦᠷᠴᠦ ᠲᠥᠷᠥ ᠶᠢᠨ ᠪᠣᠳᠣᠯᠭ᠎ᠠ | ᠶᠢ ᠪᠥᠬᠦ ᠲᠠᠯ᠎ᠠ ᠪᠠᠷ ᠤᠬᠠᠭᠤᠯᠵᠤ᠂ ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠬᠦ ᠵᠠᠷᠴᠢᠮ ᠢ ᠪᠠᠷᠢᠮᠲᠠᠯᠠᠨ᠂ ᠬᠦᠰᠡᠯ | ᠲᠠᠢ ᠮᠠᠯᠴᠢᠨ ᠲᠠᠷᠢᠶᠠᠴᠢᠨ ᠡᠷᠦᠬᠡ ᠶᠢ ᠪᠦᠷᠢᠳᠬᠡᠨ ᠬᠠᠷᠭᠤᠭᠤᠯᠵᠤ᠂ ᠬᠤᠰᠢᠭᠤᠨ ᠤ ᠠᠵᠤ ᠦᠶᠯᠡᠳᠪᠦᠷᠢ ᠮᠡᠳᠡᠭᠡ | ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠳᠤ ᠬᠤᠷᠢᠶᠠᠩᠭᠤᠶᠢᠯᠠᠨ ᠮᠡᠳᠡᠭᠦᠯᠵᠦ᠂ | ᠬᠤᠰᠢᠭᠤᠨ ᠤ ᠠᠵᠤ ᠦᠶᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠣᠪᠴᠢᠶ᠎ᠠ ᠠᠴᠠ ᠪᠥᠬᠦ ᠬᠤᠰᠢᠭᠤᠨ ᠤ ᠬᠡᠷᠡᠭᠰᠡᠬᠦ ᠲᠤᠭ᠎ᠠ ᠬᠡᠮᠵᠢᠶ᠎ᠡ ᠶᠢ ᠲᠦᠩᠯᠢᠶᠣᠤ ᠬᠤᠲᠠ ᠶᠢᠨ ᠡᠨᠧᠷᠭᠢ ᠶᠢᠨ | ᠲᠣᠪᠴᠢᠶ᠎ᠠ ᠳᠤ ᠮᠡᠳᠡᠭᠦᠯᠦᠨ᠎ᠡ ᠃ | ( ᠬᠤᠶᠠᠷ ) ᠬᠠᠷᠢᠶ᠎ᠠ ᠣᠷᠣᠨ ᠨᠢ ᠬᠠᠷᠢᠭᠤᠴᠠᠬᠤ᠃ ᠡᠯ᠎ᠡ ᠰᠤᠮᠤ ᠪᠠᠯᠭᠠᠰᠤ ᠲᠠᠯᠠᠪᠠᠶ ᠬᠢᠨ ᠠᠷᠠᠳ ᠲᠦᠮᠡᠨ | ᠢᠶᠠᠷ ᠭᠤᠤᠯ ᠪᠣᠯᠭᠠᠬᠤ ᠶᠢ ᠪᠠᠷᠢᠮᠲᠠᠯᠠᠨ᠂ ᠬᠠᠷᠢᠶ᠎ᠠ ᠣᠷᠣᠨ ᠤ ᠬᠠᠷᠢᠭᠤᠴᠠᠯᠭ᠎ᠠ ᠪᠠᠨ ᠦᠨᠡᠨ ᠬᠦ ᠨᠠᠶᠢᠳᠠᠪᠤᠷᠢᠵᠢᠭᠤᠯᠵᠤ | ᠂ ᠠᠵᠢᠯ ᠤᠨ ᠴᠤᠪᠤᠷᠠᠯ ᠢᠶᠠᠨ ᠨᠠᠷᠢᠯᠢᠬᠵᠢᠭᠤᠯᠤᠨ᠂ ᠬᠠᠷᠢᠭᠤᠴᠠᠯᠭ᠎ᠠ ᠶᠢ ᠬᠥᠮᠦᠨ ᠳᠤᠨᠢ ᠬᠦᠷᠲᠡᠯ᠎ᠡ | ᠨᠠᠶᠢᠳᠠᠪᠤᠷᠢᠵᠢᠭᠤᠯᠵᠤ᠂ ᠨᠡᠭᠦᠷᠡᠰᠦ ᠬᠠᠩᠭᠠᠬᠤ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠶᠢ ᠦᠨᠡᠨ ᠬᠦ | ᠪᠠᠲᠤᠯᠠᠬᠤ ᠬᠡᠷᠡᠭᠲᠡᠶ ᠃ | ( ᠭᠤᠷᠪᠠ) ᠨᠢᠭᠡᠳᠦᠯᠲᠡᠶ ᠬᠤᠳᠠᠯᠳᠤᠨ ᠠᠪᠬᠤ᠃ ᠨᠡᠭᠦᠷᠡᠰᠦ ᠬᠤᠳᠠᠯᠳᠤᠨ ᠠᠪᠬᠤ ᠠᠵᠢᠯ ᠢ ᠬᠤᠰᠢᠭᠤᠨ ᠤ | ᠪᠠᠶᠢᠭᠤᠯᠭ᠎ᠠ ᠶᠢᠨ ᠶᠠᠪᠤᠳᠠᠯ ᠤᠨ ᠦᠶᠯᠡᠴᠢᠯᠡᠭᠡᠨ ᠤ ᠲᠥᠪ ᠠᠴᠠ ᠨᠢᠭᠡᠳᠦᠯᠲᠡᠶ ᠬᠠᠷᠢᠭᠤᠴᠠᠨ᠎ᠠ᠂ ᠬᠤᠰᠢᠭᠤᠨ ᠤ | ᠠᠵᠤ ᠦᠶᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠵᠠᠬᠠᠨᠠᠭᠤᠷ | ᠠᠵᠤ ᠦᠶᠯᠡᠳᠪᠦᠷᠢ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠬᠢᠨ ᠵᠠᠬᠠᠨᠠᠭᠤᠷ ᠤᠨ ᠨᠡᠭᠦᠷᠡᠰᠦᠨ ᠤ | ᠦᠶᠯᠡᠰ ᠤᠨ ᠺᠣᠮᠫᠠᠨᠢ ᠲᠠᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠶᠢ ᠬᠠᠷᠢᠭᠤᠴᠠᠵᠤ ᠪᠠᠲᠣᠯᠠᠭ᠎ᠠ ᠶᠢᠨ | ᠠᠵᠢᠯ ᠢ ᠰᠠᠶᠢᠲᠤᠷ ᠬᠢᠵᠦ᠂ ᠵᠢᠴᠢ ᠲᠤᠰᠬᠠᠶ ᠬᠥᠮᠦᠨ ᠲᠣᠮᠢᠯᠠᠨ᠃ ᠨᠡᠭᠦᠷᠡᠰᠦᠨ ᠠᠭᠤᠷᠬᠠᠢ ᠳᠤ ᠡᠯ᠎ᠡ ᠰᠤᠮᠤ | ᠪᠠᠯᠭᠠᠰᠤ ᠲᠠᠯᠠᠪᠠᠶ ᠶᠢᠨ ᠬᠢᠨ ᠢ ᠵᠣᠬᠢᠶᠠᠨ ᠪᠠᠶᠢᠭᠤᠯᠵᠤ ᠲᠥᠯᠥᠪᠯᠡᠭᠡ ᠶᠣᠰᠣᠭᠠᠷ ᠨᠡᠭᠦᠷᠡᠰᠦ ᠲᠡᠭᠡᠭᠡᠪᠦᠷᠢᠯᠡᠭᠦᠯᠦᠨᠡ ᠃ | | ( ᠳᠥᠷᠪᠡ ) ᠴᠢᠩᠭ᠎ᠠ ᠬᠠᠮᠢᠶᠠᠷᠬᠤ᠃ ᠡᠯ᠎ᠡ ᠰᠤᠮᠤ ᠪᠠᠯᠭᠠᠰᠤ ᠲᠠᠯᠠᠪᠠᠶ᠂ ᠬᠠᠮᠢᠶ᠎ᠠ ᠪᠥᠬᠦᠶ ᠰᠠᠯᠠᠭ᠎ᠠ ᠮᠥᠴᠢᠷ | ᠨᠢᠭᠡᠴᠡ ᠶᠢᠨ ᠬᠢᠨ ᠬᠠᠮᠢᠶᠠᠷᠤᠯᠲᠠ ᠪᠠᠨ ᠴᠢᠩᠭᠠᠳᠬᠠᠵᠤ᠂ ᠰᠠᠷᠢᠭᠠᠯᠠᠨ ᠬᠤᠳᠠᠯᠳᠤᠬᠤ ᠶᠢ ᠴᠢᠩᠭ᠎ᠠ ᠴᠠᠭᠠᠵᠠᠯᠠᠵᠤ᠂ | ᠬᠤᠳᠠᠯᠳᠤᠨ ᠠᠪᠬᠤ᠂ ᠲᠡᠭᠡᠭᠡᠪᠦᠷᠢᠯᠡᠬᠦ᠂ ᠬᠤᠪᠢᠶᠠᠨ ᠲᠠᠷᠬᠠᠭᠠᠬᠤ ᠶᠠᠪᠤᠴᠠ ᠳᠤ ᠨᠡᠭᠦᠷᠡᠰᠦ ᠭᠠᠳᠠᠭᠰᠢ ᠤᠷᠤᠰᠬᠤ ᠶᠢ | ᠰᠡᠷᠭᠡᠶᠢᠯᠡᠬᠦ ᠬᠡᠷᠡᠭᠲᠡᠶ᠃ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ | ᠬᠤᠰᠢᠭᠤ ᠵᠠᠰᠠᠭ ᠤᠨ ᠣᠷᠳᠣᠨ ᠤ ᠠᠯᠪᠠᠨ ᠬᠡᠷ ᠤᠨ ᠱᠠᠭᠠᠷᠳᠠᠨ ᠪᠠᠶᠢᠴᠠᠭᠠᠬᠤ ᠲᠠᠰᠤᠭ ᠬᠢᠨ ᠮᠠᠯᠴᠢᠨ ᠲᠠᠷᠢᠶᠠᠴᠢᠨ | ᠤ ᠡᠪᠦᠯ ᠤᠨ ᠳᠣᠯᠠᠭᠠᠴᠠᠬᠤ ᠳᠤ ᠬᠡᠷᠡᠭᠯᠡᠬᠦ ᠨᠡᠭᠦᠷᠡᠰᠦᠨ ᠤ ᠪᠠᠲᠣᠯᠠᠭ᠎ᠠ ᠶᠢᠨ ᠠᠵᠢᠯ ᠢ ᠱᠠᠭᠠᠷᠳᠠᠨ ᠪᠠᠶᠢᠴᠠᠭᠠᠵᠤ᠂ | ᠵᠣᠬᠢᠶᠠᠨ ᠪᠠᠶᠢᠭᠤᠯᠤᠯᠲᠠ ᠶᠢᠨ ᠡᠷᠴᠢᠮ ᠰᠤᠯᠠ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠵᠠᠪᠰᠢᠶᠠᠨ ᠢ | ᠳᠠᠯᠢᠮᠳᠠᠭᠤᠯᠤᠨ ᠰᠠᠷᠢᠭᠠᠯᠠᠬᠤ ᠵᠡᠷᠭᠡ ᠦᠶᠯᠡ ᠠᠵᠢᠯᠯᠠᠭ᠎ᠠ ᠪᠠᠶᠢᠪᠠᠯ ᠴᠢᠩᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ | ᠬᠡᠷᠡᠭᠲᠡᠶ᠃ ᠬᠤᠰᠢᠭᠤᠨ ᠤ ᠬᠢᠨᠠᠨ ᠪᠣᠳᠣᠬᠤ ᠲᠣᠪᠴᠢᠶ᠎ᠠ ᠬᠢᠨᠠᠨ ᠪᠣᠳᠣᠵᠤ ᠬᠢᠨᠠᠨ ᠬᠠᠮᠢᠶᠠᠷᠬᠤ ᠠᠵᠢᠯ ᠢᠶᠠᠨ | ᠴᠢᠩᠭᠠᠳᠬᠠᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠃ | ᠳᠥᠷᠪᠡ᠂ ᠠᠵᠢᠯ ᠤᠨ ᠶᠠᠪᠤᠴᠠ | ( ᠨᠢᠭᠡ ) ᠨᠡᠷ᠎ᠡ ᠮᠡᠳᠡᠭᠦᠯᠵᠦ ᠵᠣᠭᠤᠰ ᠬᠤᠷᠢᠶᠠᠬᠤ ᠃ ᠡᠯ᠎ᠡ ᠰᠤᠮᠤ ᠪᠠᠯᠭᠠᠰᠤ ᠲᠠᠯᠠᠪᠠᠶ ᠶᠢᠨ ᠬᠢᠨ ᠨᠡᠭᠦᠷᠡᠰᠦ | ᠬᠤᠳᠠᠯᠳᠤᠨ ᠠᠪᠬᠤ ᠪᠠᠷ ᠨᠡᠷ᠎ᠡ ᠮᠡᠳᠡᠭᠦᠯᠦᠭᠰᠡᠨ ᠡᠷᠦᠬᠡ ᠶᠢᠨ ᠲᠤᠭ᠎ᠠ ᠶᠢ ᠪᠦᠷᠢᠳᠬᠡᠬᠦ ᠶᠢᠨ ᠬᠠᠮᠲᠤ ᠨᠡᠭᠦᠷᠡᠰᠦ | ᠬᠤᠳᠠᠯᠳᠤᠨ ᠠᠪᠬᠤ ᠵᠣᠭᠤᠰ ᠢ ᠬᠤᠷᠢᠶᠠᠨ ᠠᠪᠣᠨ᠎ᠠ᠂ ᠬᠠᠷᠢᠶ᠎ᠠ ᠭᠠᠴᠠᠭ᠎ᠠ ᠲᠣᠰᠬᠤᠨ ᠬᠤᠪᠢᠶᠠᠷᠢ ᠲᠠᠯᠠᠪᠠᠶ ᠶᠢᠨ | ᠨᠡᠭᠦᠷᠡᠰᠦ ᠬᠤᠳᠠᠯᠳᠣᠨ ᠠᠪᠬᠤ ᠵᠣᠭᠤᠰ ᠢ ᠪᠦᠬᠦᠨ ᠢ ᠬᠤᠷᠢᠶᠠᠨ ᠠᠪᠤᠭᠰᠠᠨ ᠤ ᠳᠠᠷᠠᠭ᠎ᠠ ᠰᠤᠮᠤ ᠪᠠᠯᠭᠠᠰᠤ ᠲᠠᠯᠠᠪᠠᠶ | ᠶᠢᠨ ᠵᠢᠭᠠᠨ ᠲᠣᠭᠲᠠᠭᠠᠭᠰᠠᠨ ᠲᠠᠩᠰᠠᠨ ᠳᠤ ᠨᠢᠭᠡᠳᠦᠯᠲᠡᠶ ᠬᠠᠳᠠᠭᠠᠯᠠᠵᠤ᠂ ᠵᠢᠴᠢ 2021 ᠣᠨ ᠤ 11 ᠰᠠᠷ᠎ᠠ ᠶᠢᠨ | 18 ᠤ ᠡᠳᠦᠷ ᠤᠨ ᠦᠳᠡ ᠶᠢᠨ ᠬᠤᠶᠢᠨ᠎ᠠ ᠶᠢᠨ 4 ᠴᠠᠭ ᠠᠴᠠ ᠡᠮᠦᠨ᠎ᠡ ᠨᠡᠭᠦᠷᠡᠰᠦ ᠬᠤᠳᠠᠯᠳᠤᠨ ᠠᠪᠬᠤ | ᠵᠣᠭᠤᠰ ᠢᠶᠠᠨ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠦᠶᠯᠡᠴᠢᠯᠡᠭᠡᠨ ᠤ ᠲᠥᠪ ᠤᠨ ᠲᠠᠩᠰᠠᠨ ( ᠨᠢᠭᠡᠴᠢ | ᠶᠢᠨ ᠨᠡᠷᠡᠶᠢᠳᠦᠯ᠄ ᠵᠠᠷᠤᠳ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠦᠶᠯᠡᠴᠢᠯᠡᠭᠡᠨ ᠤ ᠲᠥᠪ︔ ᠳᠠᠩᠰᠠ | ᠪᠠᠶᠢᠭᠤᠯᠤᠭᠰᠠᠨ ᠪᠠᠩᠬᠢ᠄ ᠥᠪᠥᠷ ᠮᠣᠩᠭᠤᠯ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ | ᠲᠦᠩᠯᠢᠶᠣᠤ ᠶᠢᠨ ᠵᠠᠷᠤᠳ ᠰᠠᠯᠪᠤᠷᠢ ᠪᠠᠩᠬᠢ︔ ᠳᠠᠩᠰᠠᠨ ᠨᠣᠮᠧᠷ᠄ 861058101421001969 ) ᠳᠤ | ᠰᠢᠯᠵᠢᠭᠦᠯᠦᠨ᠎ᠡ ᠃ | ( ᠬᠤᠶᠠᠷ ) ᠨᠡᠭᠦᠷᠡᠰᠦ ᠬᠤᠳᠠᠯᠳᠤᠨ ᠠᠪᠬᠤ ᠃ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ | ᠦᠶᠯᠡᠴᠢᠯᠡᠭᠡᠨ ᠤ ᠲᠥᠪ ᠬᠢᠨ ᠵᠠᠬᠠᠨᠠᠭᠤᠷ ᠤᠨ ᠨᠡᠭᠦᠷᠡᠰᠦᠨ ᠤ ᠦᠶᠯᠡᠰ ᠤᠨ ᠬᠢᠵᠠᠭᠠᠷᠲᠤ ᠺᠣᠮᠫᠠᠨᠢ ᠲᠠᠢ ᠪᠥᠬᠦ | ᠬᠤᠰᠢᠭᠤᠨ ᠤ ᠮᠠᠯᠴᠢᠨ ᠲᠠᠷᠢᠶᠠᠴᠢᠨ ᠤ ᠡᠪᠦᠯ ᠤᠨ ᠳᠣᠯᠠᠭᠠᠴᠠᠬᠤ ᠳᠤ ᠬᠡᠷᠡᠭᠯᠡᠬᠦ ᠪᠠᠲᠤᠯᠠᠭ᠎ᠠ ᠶᠢᠨ ᠨᠡᠭᠦᠷᠡᠰᠦ | ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠨ᠎ᠠ᠃ ᠬᠤᠰᠢᠭᠤᠨ ᠤ ᠠᠵᠤ ᠦᠶᠯᠡᠳᠪᠦᠷᠢ ᠮᠡᠳᠡᠭᠡ | ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠤᠰᠢᠭᠤᠨ ᠤ ᠪᠠᠶᠢᠭᠤᠯᠭ᠎ᠠ ᠶᠢᠨ | ᠶᠠᠪᠤᠳᠠᠯ ᠤᠨ ᠦᠶᠯᠡᠴᠢᠯᠡᠭᠡᠨ ᠤ ᠲᠥᠪ ᠤᠨ ᠭᠠᠷᠭᠠᠭᠰᠠᠨ ᠡᠯ᠎ᠡ ᠰᠤᠮᠤ ᠪᠠᠯᠭᠠᠰᠤ ᠲᠠᠯᠠᠪᠠᠶ ᠶᠢᠨ ᠬᠤᠳᠠᠯᠳᠤᠨ | ᠠᠪᠤᠭᠰᠠᠨ ᠨᠡᠭᠦᠷᠡᠰᠦᠨ ᠤ ᠲᠤᠭ᠎ᠠ ᠬᠡᠮᠵᠢᠶ᠎ᠡ ᠶᠢ ᠦᠨᠳᠦᠰᠦᠯᠡᠨ᠂ ᠡᠯ᠎ᠡ ᠰᠤᠮᠤ ᠪᠠᠯᠭᠠᠰᠤ ᠲᠠᠯᠠᠪᠠᠢ ᠲᠡᠰᠢ ᠲᠡᠷᠭᠡ | ᠲᠣᠮᠢᠯᠠᠨ᠎ᠠ ᠃ | ( ᠭᠤᠷᠪᠠ ) ᠨᠡᠭᠦᠷᠡᠰᠦ ᠲᠡᠭᠡᠭᠡᠪᠦᠷᠢᠯᠡᠬᠦ᠃ ᠡᠯ᠎ᠡ ᠰᠤᠮᠤ ᠪᠠᠯᠭᠠᠰᠤ ᠲᠠᠯᠠᠪᠠᠶ ᠶᠢᠨ ᠬᠢᠨ ᠬᠠᠷᠢᠭᠤᠴᠠᠨ | ᠲᠡᠭᠡᠭᠡᠪᠦᠷᠢ ᠶᠢᠨ ᠺᠣᠮᠫᠠᠨᠢ ᠯᠤᠭ᠎ᠠ ᠲᠡᠭᠡᠭᠡᠪᠦᠷᠢ ᠶᠢᠨ ᠭᠡᠷ᠎ᠡ ᠲᠣᠭᠲᠠᠵᠤ ( ᠭᠡᠷ᠎ᠡ ᠳᠡᠭᠡᠨ ᠡᠯ᠎ᠡ ᠭᠠᠴᠠᠭ᠎ᠠ ᠲᠣᠰᠬᠤᠨ ᠤ | ᠲᠡᠭᠡᠭᠡᠪᠦᠷᠢ ᠶᠢᠨ ᠵᠠᠶ᠂ ᠲᠡᠭᠡᠭᠡᠪᠦᠷᠢ ᠶᠢᠨ ᠵᠠᠷᠤᠳᠠᠯ ᠢ ᠵᠢᠭᠰᠠᠭᠠᠨ ᠲᠣᠳᠣᠷᠬᠠᠶᠢᠯᠠᠬᠤ ᠬᠡᠷᠡᠭᠲᠡᠶ )᠂ ᠡᠯ᠎ᠡ ᠭᠠᠴᠠᠭ᠎ᠠ | ᠲᠣᠰᠬᠤᠨ ᠬᠤᠪᠢᠶᠠᠷᠢ ᠲᠠᠯᠠᠪᠠᠶ ᠠᠴᠠ ᠲᠡᠭᠡᠭᠡᠪᠦᠷᠢ ᠶᠢᠨ ᠵᠠᠷᠤᠳᠠᠯ ᠬᠤᠷᠢᠶᠠᠨ᠎ᠠ᠃ ᠲᠡᠭᠡᠭᠡᠪᠦᠷᠢᠯᠡᠬᠦ ᠶᠠᠪᠤᠴᠠ ᠳᠤ | ᠲᠤᠰᠬᠠᠶ ᠬᠥᠮᠦᠨ ᠲᠣᠮᠢᠯᠠᠵᠤ ᠲᠡᠷᠭᠡ ᠳᠠᠭᠠᠵᠤ ᠪᠦᠬᠦ ᠶᠠᠪᠤᠴᠠ ᠶᠢ ᠬᠠᠷᠢᠭᠤᠴᠠᠵᠤ ᠵᠢᠴᠢ ᠪᠣᠳᠠᠲᠠᠶ ᠭᠡᠷᠡᠴᠢ ᠪᠠᠷᠢᠮᠲᠠ | ᠲᠠᠢ ᠲᠣᠭᠠᠴᠠᠭ᠎ᠠ ᠬᠢᠨ᠎ᠡ᠃ | ( ᠳᠥᠷᠪᠡ ) ᠨᠡᠭᠦᠷᠡᠰᠦ ᠬᠠᠳᠠᠭᠠᠯᠠᠬᠤ ᠴᠢᠭ ᠪᠠᠶᠢᠷᠢᠯᠠᠭᠤᠯᠬᠤ ᠃ ᠡᠯ᠎ᠡ ᠰᠤᠮᠤ ᠪᠠᠯᠭᠠᠰᠤ ᠲᠠᠯᠠᠪᠠᠶ ᠬᠢᠨ ᠡᠯ᠎ᠡ | ᠭᠠᠴᠠᠭ᠎ᠠ ᠲᠣᠰᠬᠤᠨ ᠬᠤᠪᠢᠶᠠᠷᠢ ᠲᠠᠯᠠᠪᠠᠶ ᠶᠢᠨ ᠬᠤᠶᠠᠷ ᠵᠥᠪᠯᠡᠯ ᠤᠨ ᠤᠳᠤᠷᠢᠳᠬᠤ ᠪᠠᠭ ᠢ ᠵᠣᠬᠢᠶᠠᠨ ᠪᠠᠶᠢᠭᠤᠯᠵᠤ | ᠲᠣᠰ ᠭᠠᠵᠠᠷ ᠤᠨ ᠨᠡᠭᠦᠷᠡᠰᠦ ᠬᠠᠳᠠᠭᠠᠯᠠᠬᠤ ᠴᠡᠭ ᠢ ᠰᠠᠶᠢᠲᠤᠷ ᠰᠣᠩᠭᠤᠬᠤ ᠶᠢᠨ ᠬᠠᠮᠲᠤ ᠲᠡᠷᠭᠡ ᠠᠴᠠ ᠪᠠᠭᠤᠯᠭᠠᠬᠤ | ᠵᠢᠴᠢ ᠬᠠᠷᠠᠵᠤ ᠬᠠᠮᠠᠭᠠᠯᠠᠬᠤ ᠠᠵᠢᠯ ᠢ ᠬᠠᠷᠢᠭᠤᠴᠠᠨ᠎ᠠ ᠃ | ( ᠲᠠᠪᠤ ) ᠨᠡᠭᠦᠷᠡᠰᠦ ᠶᠢ ᠬᠤᠪᠢᠶᠠᠨ ᠲᠠᠷᠬᠠᠭᠠᠬᠤ ᠃ ᠡᠯ᠎ᠡ ᠰᠤᠮᠤ ᠪᠠᠯᠭᠠᠰᠤ ᠲᠠᠯᠠᠪᠠᠶ ᠬᠢᠨ ᠭᠠᠴᠠᠭ᠎ᠠ | ᠲᠣᠰᠬᠤᠨ ᠬᠤᠪᠢᠶᠠᠷᠢ ᠲᠠᠯᠠᠪᠠᠶ ᠶᠢ ᠵᠣᠬᠢᠶᠠᠨ ᠪᠠᠶᠢᠭᠤᠯᠤᠨ ᠲᠤᠰᠬᠠᠶ ᠬᠥᠮᠦᠨ ᠲᠣᠭᠲᠠᠭᠠᠵᠤ ᠨᠡᠭᠦᠷᠡᠰᠦ ᠬᠤᠪᠢᠶᠠᠨ | ᠲᠠᠷᠬᠠᠭᠠᠬᠤ ᠶᠢ ᠬᠠᠷᠢᠭᠤᠴᠠᠭᠤᠯᠵᠤ᠂ ᠡᠮᠬᠢ ᠵᠢᠷᠤᠮ ᠲᠠᠢ ᠬᠠᠩᠭᠠᠬᠤ ᠶᠢ ᠪᠠᠲᠤᠯᠠᠵᠤ᠂ ᠲᠠᠪᠤᠨ ᠪᠠᠲᠤᠯᠠᠭᠠᠲᠤ ᠡᠷᠦᠬᠡ | ᠪᠣᠯᠤᠨ ᠥᠨᠥᠴᠢᠨ ᠪᠡᠯᠪᠡᠰᠦᠨ ᠨᠠᠰᠤᠲᠠᠨ ᠵᠡᠷᠭᠡ ᠣᠨᠴᠣᠭᠤᠶ ᠬᠦᠮᠦᠰ ᠲᠤ ᠬᠠᠩᠭᠠᠬᠤ ᠶᠢ ᠡᠩ ᠲᠡᠷᠢᠭᠦᠨ ᠳᠤ | ᠪᠠᠲᠤᠯᠠᠬᠤ ᠬᠡᠷᠡᠭᠲᠡᠢ᠃ | ᠲᠠᠪᠤ᠂ ᠵᠣᠬᠢᠶᠠᠨ ᠪᠠᠶᠢᠭᠤᠯᠤᠯᠲᠠ ᠤᠳᠤᠷᠢᠳᠤᠯᠭ᠎ᠠ | ( ᠨᠢᠭᠡ ) ᠵᠣᠬᠢᠶᠠᠨ ᠪᠠᠶᠢᠭᠤᠯᠤᠯᠲᠠ ᠤᠳᠤᠷᠢᠳᠤᠯᠭ᠎ᠠ ᠪᠠᠨ ᠴᠢᠩᠭᠠᠳᠬᠠᠨ᠎ᠠ ᠃ ᠬᠤᠰᠢᠭᠤ ᠵᠠᠰᠠᠭ ᠤᠨ | ᠣᠷᠳᠣᠨ ᠤ ᠭᠤᠤᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠮᠠᠯᠴᠢᠨ ᠲᠠᠷᠢᠶᠠᠴᠢᠨ ᠤ ᠡᠪᠦᠯ | ᠤᠨ ᠳᠣᠯᠠᠭᠠᠴᠠᠬᠤ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ | ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠬᠤᠰᠢᠭᠤᠨ ᠤ ᠠᠵᠤ ᠦᠶᠯᠡᠳᠪᠦᠷᠢ ᠮᠡᠳᠡᠭᠡ | ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠲᠣᠬᠢᠷᠠᠭᠤᠯᠪᠠ᠃ ᠡᠯ᠎ᠡ ᠰᠤᠮᠤ ᠪᠠᠯᠭᠠᠰᠤ | ᠲᠠᠯᠠᠪᠠᠶ ᠬᠢᠨ ᠲᠣᠰ ᠬᠠᠷᠢᠶ᠎ᠠ ᠣᠷᠣᠨ ᠤ ᠪᠠᠨ ᠮᠠᠯᠴᠢᠨ ᠲᠠᠷᠢᠶᠠᠴᠢᠨ ᠡᠷᠦᠬᠡ ᠶᠢᠨ ᠡᠪᠦᠯ ᠤᠨ ᠳᠣᠯᠠᠭᠠᠴᠠᠬᠤ ᠳᠤ | ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ ᠬᠠᠷᠢᠭᠤᠴᠠᠵᠤ᠂ ᠬᠠᠮᠢᠶ᠎ᠠ ᠪᠦᠬᠦᠢ | ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠳᠠᠭᠠᠭᠤᠯᠤᠨ᠂ | ᠠᠵᠢᠯ ᠤᠨ ᠲᠥᠰᠦᠯ ᠲᠣᠭᠲᠠᠭᠠᠵᠤ᠂ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠠᠵᠢᠯ ᠤᠨ ᠤᠷᠤᠭᠰᠢᠲᠠᠶ | ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ | ( ᠬᠤᠶᠠᠷ ) ᠤᠬᠠᠭᠤᠯᠭ᠎ᠠ ᠪᠠ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠡᠯ᠎ᠡ | ᠰᠤᠮᠤ ᠪᠠᠯᠭᠠᠰᠤ ᠲᠠᠯᠠᠪᠠᠶ᠂ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠬᠢᠨ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠵᠢᠯᠣᠭᠤᠳᠣᠯᠭ᠎ᠠ ᠶᠢ ᠰᠠᠶᠢᠲᠤᠷ ᠬᠢᠵᠦ᠂ ᠮᠠᠯᠴᠢᠨ ᠲᠠᠷᠢᠶᠠᠴᠢᠨ ᠤ ᠡᠪᠦᠯ ᠤᠨ ᠳᠣᠯᠠᠭᠠᠴᠠᠬᠤ ᠳᠤ | ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠪᠣᠳᠠᠲᠠᠶ ᠤᠬᠠᠭᠤᠯᠵᠤ᠂ ᠪᠣᠳᠠᠲᠠᠶ | ᠲᠠᠶᠢᠯᠪᠤᠷᠢᠯᠠᠵᠤ᠂ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢ ᠦᠨᠡᠨ ᠬᠦ ᠣᠶᠢᠯᠠᠭᠠᠭᠤᠯᠵᠤ᠂ ᠲᠥᠷᠥ ᠶᠢᠨ | ᠪᠣᠳᠣᠯᠭ᠎ᠠ ᠶᠢ ᠲᠦᠭᠦᠭᠡᠷᠡᠭᠦᠯᠵᠦ᠂ ᠠᠵᠢᠯ ᠢᠶᠠᠨ ᠨᠠᠷᠢᠯᠢᠭ ᠪᠣᠳᠠᠲᠠᠶ ᠬᠢᠵᠦ᠂ ᠣᠯᠠᠨ ᠲᠦᠮᠡᠨ ᠤ ᠲᠥᠷᠥ ᠶᠢᠨ | ᠪᠣᠳᠣᠯᠭ᠎ᠠ ᠶᠢᠨ ᠲᠤᠬᠠᠶ ᠣᠶᠢᠯᠠᠭᠠᠯᠲᠠ ᠭᠦᠢᠴᠡᠳ ᠪᠣᠰᠤ ᠠᠴᠠ ᠪᠣᠯᠵᠤ ᠰᠤᠷᠪᠤᠯᠵᠢᠯᠠᠬᠤ ᠠᠴᠠ ᠵᠠᠶᠢᠯᠠᠰᠬᠢᠬᠦ ᠬᠡᠷᠡᠭᠲᠡᠶ | ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠭᠠᠨ | ᠰᠢᠶᠳᠪᠦᠷᠢᠯᠡᠬᠦ ᠠᠷᠭ᠎ᠠ ᠬᠡᠮᠵᠢᠶ᠎ᠡ ᠲᠣᠭᠲᠠᠭᠠᠵᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠢ ᠰᠢᠶᠳᠪᠦᠷᠢᠯᠡᠬᠦ ᠠᠵᠢᠯ ᠢ | ᠰᠠᠶᠢᠲᠤᠷ ᠬᠢᠬᠦ ᠬᠡᠷᠡᠭᠲᠡᠶ ᠃ | ( ᠭᠤᠷᠪᠠ ) ᠪᠠᠲᠤᠯᠠᠨ ᠬᠡᠷᠡᠭᠵᠢᠭᠦᠯᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠵᠠᠬᠠᠨᠠᠭᠤᠷ ᠠᠵᠤ ᠦᠶᠯᠡᠳᠪᠦᠷᠢ ᠶᠢᠨ ᠲᠣᠭᠤᠷᠢᠭ | ᠤᠨ ᠬᠠᠮᠢᠶᠠᠷᠤᠯᠲᠠ ᠶᠢᠨ ᠵᠥᠪᠯᠡᠯ ᠵᠡᠷᠭᠡ ᠰᠠᠯᠠᠭ᠎ᠠ ᠮᠥᠴᠢᠷ ᠬᠢᠨ ᠵᠠᠮ ᠲᠡᠭᠡᠭᠡᠪᠦᠷᠢ ᠶᠢᠨ ᠪᠠᠲᠤᠯᠠᠭ᠎ᠠ ᠶᠢᠨ ᠠᠵᠢᠯ ᠢ | ᠪᠥᠬᠦ ᠬᠦᠴᠦᠨ ᠢᠶᠠᠷ ᠢᠶᠠᠨ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ᠡᠯ᠎ᠡ ᠰᠤᠮᠤ ᠪᠠᠯᠭᠠᠰᠤ ᠲᠠᠯᠠᠪᠠᠢ ᠬᠢᠨ ᠡᠳᠦᠷ | ᠤᠨ ᠮᠡᠳᠡᠭᠦᠯᠦᠯᠲᠡ ᠶᠢᠨ ᠲᠦᠷᠢᠮ ᠢ ᠬᠡᠷᠡᠭᠵᠢᠭᠦᠯᠵᠦ᠂ ᠡᠳᠦᠷ ᠪᠦᠷᠢ ᠶᠢᠨ ᠦᠳᠡ ᠶᠢᠨ ᠬᠤᠶᠢᠨᠠᠬᠢ 4 ᠴᠠᠭ ᠠᠴᠠ | ᠡᠮᠦᠨ᠎ᠡ ᠠᠵᠢᠯ ᠤᠨ ᠠᠬᠢᠴᠠ ᠶᠢᠨ ᠪᠠᠶᠢᠳᠠᠯ ᠢᠶᠠᠨ ᠬᠤᠰᠢᠭᠤᠨ ᠤ ᠠᠵᠤ ᠦᠶᠯᠡᠳᠪᠦᠷᠢ ᠮᠡᠳᠡᠭᠡ ᠵᠠᠩᠭᠢᠴᠢᠯᠠᠯᠲᠠ ᠪᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠳᠤ ᠮᠡᠳᠡᠭᠦᠯᠦᠨ ᠬᠦᠷᠭᠡᠵᠦ᠂ ᠬᠤᠰᠢᠭᠤᠨ ᠤ ᠠᠵᠤ | ᠦᠶᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ | ᠬᠤᠷᠢᠶᠠᠩᠭᠤᠶᠢᠯᠠᠭᠰᠠᠨ ᠤ ᠳᠠᠷᠠᠭ᠎ᠠ ᠲᠡᠭᠡᠭᠰᠢ ᠬᠤᠲᠠ᠂ ᠬᠤᠰᠢᠭᠤᠨ ᠤ ᠤᠳᠤᠷᠢᠳᠬᠤ ᠳᠤᠭᠤᠶᠢᠯᠠᠩ ᠳᠤ | ᠮᠡᠳᠡᠭᠦᠯᠦᠨ᠎ᠡ ᠃ |