ᠡᠨᠧᠷᠭᠢ ᠠᠷᠪᠢᠯᠠᠬᠤ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2021/2/18
    2021 ᠤᠨ ᠪᠤᠯ《ᠠᠷᠪᠠᠨ ᠳᠦᠷᠪᠡᠳᠦᠭᠡᠷ ᠲᠠᠪᠤᠨ ᠵᠢᠯ》 ᠤᠨ ᠲᠦᠯᠦᠪᠯᠡᠭᠡ ᠶᠢᠨ ᠡᠬᠢᠯᠡᠯᠲᠡ ᠶᠢᠨ ᠵᠢᠯ ᠪᠤᠯᠤᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠡᠷᠬᠡᠲᠦ ᠠᠷᠠᠳ ᠤᠨ ᠡᠬᠢ ᠪᠠᠶᠠᠯᠢᠭ   ᠢᠶᠠᠨ ᠠᠷᠪᠢᠲᠠᠢ ᠡᠷᠴᠢᠮᠲᠠᠢ ᠲᠠᠬᠢᠨ ᠠᠰᠢᠭᠯᠠᠬᠤ ᠶᠢ ᠵᠢᠭᠠᠨ ᠵᠢᠯᠤᠭᠤᠳᠴᠤ᠂ ᠴᠡᠩᠬᠡᠭ ᠤᠰᠤ ᠴᠡᠩᠭᠡᠷ ᠲᠡᠭᠷᠢ ᠴᠡᠪᠡᠷ ᠬᠦᠷᠦᠰᠦ ᠪᠠᠨ ᠬᠠᠮᠲᠤᠪᠡᠷ ᠬᠠᠮᠠᠭᠠᠯᠠᠵᠤ᠂ ᠡᠬᠢ ᠪᠠᠶᠠᠯᠢᠭ ᠢᠶᠠᠨ ᠠᠷᠪᠢᠯᠠᠬᠤ ᠬᠡᠯᠪᠡᠷᠢ ᠶᠢᠨ ᠤᠷᠴᠢᠨ ᠠᠬᠤᠢ ᠨᠠᠶᠢᠷᠰᠠᠭ ᠮᠠᠶ᠋ᠢᠭ ᠤᠨ ᠰᠢᠨ᠎ᠡ ᠭᠡᠷ ᠤᠷᠤᠨ ᠢᠶᠠᠨ ᠪᠦᠲᠦᠭᠡᠨ ᠪᠠᠶᠢᠭᠤᠯᠬᠤ ᠶᠢᠨ ᠲᠦᠯᠦᠭᠡ᠂ ᠪᠦᠬᠦ ᠬᠤᠰᠢᠭᠤᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠠᠷᠠᠳ ᠤᠯᠠᠨ ᠢ  ᠳᠤᠤᠷᠠᠬᠢ ᠮᠡᠲᠦ ᠰᠠᠨᠠᠭᠠᠴᠢᠯᠠᠪᠠ᠄    ᠨᠢᠭᠡ᠂ ᠡᠨᠧᠷᠭᠢ ᠠᠷᠪᠢᠯᠠᠬᠤ ᠦᠵᠡᠯᠳᠡ ᠶᠢ ᠪᠤᠢ ᠪᠤᠯᠭᠠᠵᠤ᠂ ᠪᠤᠬᠢᠷᠳᠤᠯ ᠦᠭᠡᠢ ᠲᠤᠤᠷ᠎ᠠ ᠨᠡᠭᠦᠷᠡᠰᠤᠳᠦ᠋ᠷᠤᠭ᠍ᠴᠢᠳᠤ ᠠᠮᠢᠳᠤᠷᠠᠯ  ᠤᠨ ᠰᠠᠨᠠᠭᠠᠴᠢᠯᠠᠭᠴᠢ ᠪᠤᠯᠤᠶ᠎ᠠ    ᠡᠨᠧᠷᠭᠢ ᠠᠷᠪᠢᠯᠠᠬᠤ ᠳᠤ ᠤᠳᠤ ᠠᠴᠠ ᠭᠠᠷᠳᠡᠨ᠂ ᠦᠪᠡᠷ ᠤᠨ ᠪᠡᠶ᠎ᠡ ᠠᠴᠠ ᠪᠠᠨ ᠡᠬᠢᠯᠡᠨ᠂ ᠪᠠᠭ᠎ᠠ ᠶᠠᠪᠤᠳᠠᠯ  ᠠᠴᠠ ᠡᠬᠢᠯᠡᠨ ᠬᠢᠵᠤ᠂ ᠳᠤᠮᠳᠠᠳᠤ ᠶᠢᠨ ᠦᠨᠳᠦᠰᠦᠲᠡᠨ ᠤ ᠠᠵᠢᠯᠴᠢ ᠠᠷᠪᠢᠴᠢ ᠤᠯᠠᠮᠵᠢᠯᠠᠯᠲᠤ ᠰᠠᠶᠢᠬᠠᠨ ᠰᠤᠷᠲᠠᠯ ᠢ ᠭᠦᠢᠴᠡᠳ ᠪᠠᠳᠠᠷᠠᠭᠤᠯᠤᠨ᠂ ᠡᠨᠧᠷᠭᠢ ᠠᠷᠪᠢᠯᠠᠬᠤ ᠤᠷᠴᠢᠨ ᠠᠬᠤᠢ ᠶᠢ ᠬᠠᠮᠠᠭᠠᠯᠠᠬᠤ ᠴᠡᠪᠡᠷ ᠪᠠᠶᠢᠭᠠᠯᠢᠯᠢᠭ ᠤᠷᠴᠢᠨ ᠢ ᠪᠤᠢ ᠪᠤᠯᠭᠠᠬᠤ ᠨᠡᠶᠢᠭᠡᠮ ᠤᠨ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠡᠭᠦᠷᠭᠡᠯᠡᠨ᠂ ᠲᠡᠭᠦᠨ ᠤ ᠢᠳᠡᠪᠬᠢᠳᠠᠢ ᠤᠬᠠᠭᠤᠯᠤᠭᠴᠢ ᠪᠤᠯᠵᠤ᠂ ᠦᠪᠡᠷ ᠤᠨ ᠠᠵᠢᠭᠯᠠᠭ᠎ᠠ ᠪᠠᠷ ᠢᠶᠠᠨ ᠭᠡᠷ ᠪᠦᠯᠢ ᠪᠠᠶᠢᠭᠤᠯᠭ᠎ᠠ ᠨᠢᠭᠡᠴᠡ ᠨᠡᠶᠢᠭᠡᠮ ᠨᠡᠶᠢᠲᠡ  ᠶᠢ ᠳᠠᠶᠢᠴᠢᠯᠠᠨ ᠳᠠᠭᠠᠭᠤᠯᠵᠤ᠂ ᠬᠠᠵᠠᠭᠤᠳᠠᠬᠢ ᠬᠦᠮᠦᠰ ᠢᠶᠠᠨ ᠲᠠᠶᠢᠴᠢᠯᠡᠨ ᠡᠨᠧᠷᠭᠢ ᠠᠷᠪᠢᠯᠠᠬᠤ ᠴᠡᠪᠡᠷ ᠪᠠᠶᠢᠭᠠᠯᠢᠯᠢᠭ ᠤᠷᠴᠢᠨ ᠢ ᠪᠤᠢ ᠪᠤᠯᠭᠠᠬᠤ ᠠᠵᠢᠯᠯᠠᠭ᠎ᠠ ᠳᠤ ᠢᠳᠡᠪᠬᠢᠲᠠᠢ ᠤᠷᠤᠯᠴᠠᠭᠤᠯᠵᠤ᠂ ᠬᠠᠮᠲᠤᠪᠡᠷ ᠬᠦᠳᠡᠯᠦᠯᠴᠡᠭᠰᠡᠨ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠢ  ᠪᠤᠯᠭᠠᠶ᠎ᠠ᠃    ᠬᠤᠶᠠᠷ᠂ ᠡᠨᠧᠷᠭᠢ ᠠᠷᠪᠢᠯᠠᠬᠤ ᠵᠠᠩᠰᠢᠯ ᠢ ᠪᠤᠢ ᠪᠤᠯᠭᠠᠵᠤ᠂ ᠡᠨᠧᠷᠭᠢ ᠠᠷᠪᠢᠯᠠᠬᠤ ᠪᠤᠬᠢᠷᠳᠤᠯ ᠢ ᠪᠠᠭᠠᠰᠬᠠᠬᠤ  ᠦᠢᠯᠡᠳᠤᠯᠭᠡᠵᠢᠭᠦᠯᠤᠭ᠍ᠴᠢ  ᠪᠤᠯᠤᠶ᠎ᠠ    ᠤᠬᠠᠮᠰᠠᠷ ᠠᠴᠠ ᠪᠠᠨ ᠨᠢᠭᠡ ᠲᠤᠰᠤᠯ ᠤᠰᠤ᠂ ᠨᠢᠭᠡ ᠭᠷᠠᠳᠦ᠋ᠰ ᠴᠠᠬᠢᠯᠭᠠᠨ᠂ ᠨᠢᠭᠡ ᠯᠢᠲ᠋ᠧᠷ ᠲᠤᠰᠤ ᠠᠴᠠ ᠡᠬᠢᠯᠡᠨ ᠭᠠᠮᠨᠠᠨ ᠠᠷᠪᠢᠯᠠᠵᠤ᠂ ᠪᠤᠬᠢᠷᠳᠤᠯ ᠦᠭᠡᠢ ᠪᠠᠶᠢᠭᠠᠯᠢᠯᠢᠭ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ  ᠶᠢ ᠤᠶᠢᠯᠡᠳᠤᠯᠭᠡᠵᠢᠭᠦᠯᠤᠨ᠂ ᠡᠨᠧᠷᠭᠢ ᠡᠬᠢ ᠪᠠᠶᠠᠯᠢᠭ ᠢ ᠠᠷᠪᠢᠯᠠᠨ ᠭᠠᠮᠨᠠᠬᠤ ᠵᠠᠩ ᠳᠠᠳᠬᠠᠯ ᠢ ᠪᠤᠢ ᠪᠤᠯᠭᠠᠶ᠎ᠠ᠃ ᠪᠤᠬᠢᠷᠳᠤᠯ ᠦᠭᠡᠢ ᠪᠠᠷ ᠠᠯᠪᠠᠯᠠᠬᠤ ᠶᠢ ᠰᠠᠨᠠᠭᠠᠴᠢᠯᠡᠨ᠂《 ᠡᠳᠤᠷᠵᠢᠨ ᠰᠤᠨᠢᠵᠢᠨ ᠳ᠋ᠧᠩ ᠠᠰᠠᠭᠠᠬᠤ》 ᠠᠴᠠ ᠵᠠᠶᠢᠯᠡᠰᠬᠢᠵᠤ᠂《ᠳ᠋ᠧᠩ  ᠢᠶᠠᠨ ᠤᠨᠳᠠᠷᠠᠭᠠᠬᠤ ᠦᠭᠡᠢ》 ᠮᠠᠭᠤ ᠵᠠᠩᠰᠢᠯ ᠢ ᠲᠠᠪᠴᠢᠶ᠎ᠠ᠂ ᠠᠭᠠᠷ ᠳᠤᠬᠢᠷᠠᠭᠤᠯᠤᠭᠴᠢ ᠵᠡᠷᠭᠡ ᠶᠢ ᠵᠤᠬᠢᠰᠲᠠᠢ ᠬᠡᠷᠡᠭᠯᠡᠵᠦ᠂ ᠨᠢᠭᠡ  ᠤᠳᠠᠭ᠎ᠠ ᠬᠡᠷᠡᠭᠯᠡᠬᠦ ᠠᠯᠪᠠᠨ ᠬᠡᠷᠡᠭᠰᠡᠯ ᠤᠨ ᠬᠤᠷᠤᠭᠳᠠᠯ ᠢ ᠪᠠᠭᠠᠰᠬᠠᠶ᠎ᠠ᠃ ᠠᠷᠪᠢᠴᠢ ᠭᠠᠮᠳᠠᠢ ᠠᠮᠢᠳᠤᠷᠠᠯ ᠢ ᠡᠷᠬᠢᠮᠯᠡᠨ᠂ ᠲᠤᠰᠤᠯ ᠤᠰᠤ ᠮᠦᠬᠦᠯᠢᠭ ᠪᠤᠳᠠᠭ᠎ᠠ ᠶᠢ ᠴᠤ ᠨᠠᠨᠳᠢᠩᠨᠠᠨ᠂ ᠨᠢᠬᠡ‌ᠤᠳᠠᠭ᠎ᠠ ᠬᠡᠷᠡᠭᠯᠡᠬᠦ ᠰᠦᠯᠢᠶᠤᠤ ᠦᠢᠯᠡᠳᠬᠦᠨ ᠢ ᠬᠡᠷᠡᠭᠯᠡᠬᠦ ᠪᠠᠨ ᠪᠠᠭᠠᠰᠬᠠᠵᠤ᠂ ᠬᠠᠶᠠᠭᠳᠠᠮᠠᠯ ᠡᠳ᠋ ᠢ ᠲᠦᠷᠦᠯ ᠬᠤᠪᠢᠶᠠᠨ ᠰᠢᠢᠳᠪᠦᠷᠢᠯᠡᠬᠦ ᠶᠢ ᠲᠡᠯᠭᠡᠷᠡᠭᠦᠯᠤᠶ᠎ᠡ᠃ ᠪᠤᠬᠢᠷᠳᠤᠯ ᠦᠭᠡᠢ ᠪᠠᠶᠢᠭᠠᠯᠢᠯᠢᠭ ᠠᠶᠠᠯᠠᠯ ᠢ ᠡᠷᠬᠢᠮᠯᠡᠵᠦ᠂ ᠰᠢᠨ᠎ᠡ ᠡᠨᠧᠷᠭᠢ ᠶᠢᠨ ᠮᠠᠰᠢᠨ ᠬᠡᠷᠡᠭᠯᠡᠬᠦ ᠶᠢ ᠲᠦᠭᠡᠮᠵᠢᠭᠦᠯᠦᠶ᠎ᠡ᠃  1 ᠺᠢᠯᠦᠮᠧᠲᠷ ᠵᠠᠢ ᠳᠤ ᠶᠠᠪᠤᠭᠠᠨ ᠠᠯᠬᠤᠵᠤ᠂  3 ᠺᠢᠯᠦᠮᠧᠲᠷ ᠵᠠᠢ ᠳᠤ ᠳᠤᠭᠤᠢ ᠤᠨᠤᠵᠤ᠂ 5 ᠺᠢᠯᠦᠮᠧᠲᠷ ᠵᠠᠢ ᠳᠤ ᠨᠡᠶᠢᠲᠡ ᠶᠢᠨ ᠮᠠᠰᠢᠨ ᠳᠤ ᠰᠭᠤᠬᠤ 《 135》 ᠶᠢᠨ  ᠪᠤᠬᠢᠷᠳᠤᠯ ᠦᠭᠡᠢ ᠪᠠᠷ ᠶᠠᠪᠤᠵᠤ ᠰᠠᠭᠤᠬᠤ ᠠᠷᠭ᠎ᠠ ᠪᠠᠷᠢᠯ ᠢ ᠰᠠᠨᠠᠭᠠᠴᠢᠯᠠᠶ᠎ᠠ᠃     ᠭᠤᠷᠪᠠ᠂ ᠪᠤᠬᠢᠷᠳᠤᠯ ᠦᠭᠡᠢ ᠬᠦᠭᠵᠢᠯᠲᠡ ᠶᠢ ᠪᠠᠷᠢᠮᠲᠠᠯᠠᠵᠤ᠂ ᠠᠮᠢ ᠠᠬᠤᠢ ᠶᠢᠨ ᠪᠤᠯᠪᠠᠰᠤᠨ ᠤ  ᠳᠠᠭᠠᠭᠤᠯᠤᠭᠴᠢ  ᠪᠤᠯᠤᠶ᠎ᠠ    ᠡᠨᠧᠷᠭᠢ ᠠᠷᠪᠢᠯᠠᠬᠤ ᠪᠤᠯ ᠭᠦᠮᠤᠨ ᠪᠦᠷᠢ ᠶᠢᠨ ᠡᠭᠦᠷᠭᠡ ᠬᠠᠷᠢᠭᠤᠴᠠᠯᠭ᠎ᠠ ᠶᠤᠮ᠂ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠬᠢᠨ ᠢᠳᠡᠪᠬᠢᠲᠠᠢ ᠬᠦᠳᠡᠯᠦᠯᠴᠡᠵᠦ᠂ ᠪᠦᠬᠦ ᠨᠡᠶᠢᠭᠡᠮ ᠤᠨ ᠡᠨᠧᠷᠭᠢ ᠠᠷᠪᠢᠯᠠᠨ ᠤᠷᠴᠢᠨ ᠠᠬᠤᠢ ᠶᠢ ᠬᠠᠮᠠᠭᠠᠯᠠᠬᠤ ᠴᠡᠪᠡᠷ ᠪᠠᠶᠢᠭᠠᠯᠢᠯᠢᠭ ᠤᠷᠴᠢᠨ ᠢ ᠪᠤᠢ ᠪᠤᠯᠭᠠᠬᠤ ᠠᠵᠢᠯᠯᠠᠭ᠎ᠠ ᠳᠤ ᠬᠡᠪ ᠳᠠᠭᠤᠷᠢᠶᠠᠯ ᠪᠤᠯᠬᠤ ᠬᠡᠷᠡᠭᠲᠡᠢ᠃ ᠡᠨᠧᠷᠭᠢ ᠡᠬᠢ ᠪᠠᠶᠠᠯᠢᠭ ᠢ ᠦᠨᠳᠦᠷ ᠪᠦᠲᠦᠮᠵᠢᠲᠡᠢ᠂ ᠠᠷᠢᠭᠤᠨ ᠴᠡᠪᠡᠷ᠂ ᠲᠠᠬᠢᠨ ᠠᠰᠢᠭᠯᠠᠬᠤ ᠢ ᠪᠦᠬᠦ ᠲᠠᠯ᠎ᠠ ᠪᠠᠷ ᠤᠶᠠᠯᠳᠤᠭᠤᠯᠬᠤ ᠶᠢ ᠴᠢᠩᠭ᠎ᠠ ᠪᠠᠷᠢᠮᠲᠠᠯᠠᠵᠤ᠂ ᠭᠤᠤᠯᠳᠠᠯᠠᠭ᠎ᠠ ᠲᠠᠢ ᠬᠦᠷᠢᠶ᠎ᠡ ᠴᠠᠷ᠎ᠠ ᠪᠤᠯᠤᠨ ᠵᠠᠩᠭᠢᠯᠠᠭ᠎ᠠ ᠶᠢᠨ ᠭᠤᠭᠴᠤᠭ᠎ᠠ ᠳᠠᠬᠢ ᠡᠨᠧᠷᠭᠢ ᠠᠷᠪᠢᠯᠠᠵᠤ ᠬᠤᠷᠤᠭᠳᠠᠯ ᠢᠶᠠᠨ ᠪᠠᠭᠠᠰᠬᠠᠬᠤ ᠶᠢ ᠠᠬᠢᠭᠤᠯᠵᠤ᠂ ᠨᠠᠷᠠᠨ ᠡᠨᠧᠷᠭᠢ ᠰᠠᠯᠬᠢᠨ ᠡᠨᠧᠷᠭᠢ ᠵᠡᠷᠭᠡ ᠲᠡᠬᠢᠯᠳᠡ ᠡᠨᠧᠷᠭᠢ  ᠶᠢ ᠬᠡᠷᠡᠭᠯᠡᠬᠦ ᠬᠠᠷᠢᠴᠠᠯ ᠢ ᠦᠷᠭᠦᠯᠵᠢᠯᠡᠨ ᠲᠡᠭᠡᠭᠰᠢᠯᠡᠭᠦᠯᠬᠦ ᠬᠡᠷᠡᠭᠳᠠᠢ᠃ ᠠᠵᠤ ᠤᠶᠢᠯᠡᠳᠪᠤᠷᠢ ᠶᠢᠨ ᠠᠵᠢᠯ ᠲᠦᠷᠤᠯ ᠤᠨ ᠡᠨᠧᠷᠭᠢ ᠠᠷᠪᠢᠯᠠᠬᠤ ᠬᠤᠷᠤᠭᠳᠠᠯ  ᠢᠶᠠᠨ ᠪᠠᠭᠠᠰᠬᠠᠬᠤ ᠪᠠᠷ ᠭᠤᠣᠯ ᠪᠤᠯᠭᠠᠵᠤ᠂ ᠠᠷᠠᠯᠵᠢᠶ᠎ᠠ ᠬᠤᠳᠠᠯᠳᠤᠭ᠎ᠠ᠂ ᠪᠠᠷᠢᠯᠭ᠎ᠠ᠂ ᠵᠠᠮ ᠬᠠᠷᠢᠯᠴᠠᠭ᠎ᠠ ᠵᠡᠷᠭᠡ ᠶᠢᠨ ᠡᠨᠧᠷᠭᠢ ᠠᠷᠪᠢᠯᠠᠬᠤ ᠶᠢ ᠨᠢᠭᠡᠳᠤᠯᠳᠠᠢ ᠲᠦᠯᠦᠪᠯᠡᠵᠦ᠂  ᠤᠯᠤᠰ ‍ᠤᠨ‌ᠠᠯᠪᠠᠳᠠᠯᠭ᠎ᠠ ᠶᠢᠨ ᠴᠢᠨᠠᠷᠲᠠᠢ ᠪᠠ ᠬᠠᠷᠠᠭᠠᠯᠵᠠᠬᠤ ᠴᠢᠨᠠᠷᠲᠠᠢ ᠡᠨᠧᠷᠭᠢ ᠠᠷᠪᠢᠯᠠᠬᠤ ᠪᠦᠲᠦᠭᠡᠭᠳᠡᠭᠦᠨ ᠢ ᠬᠤᠳᠠᠯᠳᠤᠨ‌ᠠᠪᠬᠤ ᠪᠠ ᠡᠩ ᠲᠡᠷᠢᠭᠦᠨ ᠳᠤ ᠬᠤᠳᠠᠯᠳᠤᠨ ᠠᠪᠣᠬᠤ ᠬᠠᠮᠢᠶ᠎ᠠ ᠪᠦᠬᠦᠢ ᠲᠤᠭᠲᠠᠭᠠᠯ ᠢ ᠴᠢᠩᠭ᠎ᠠ ᠬᠡᠷᠡᠭᠵᠢᠭᠦᠯᠵᠤ᠂  ᠡᠨᠧᠷᠭᠢ ᠠᠷᠪᠢᠯᠠᠬᠤ ᠪᠤᠬᠢᠷᠳᠤᠯ ᠢ ᠪᠠᠭᠠᠰᠬᠠᠬᠤ ᠪᠠᠷ ᠭᠤᠣᠯ ᠪᠤᠯᠭᠠᠬᠰᠡᠨ ᠲᠤᠨᠤᠭ ᠲᠦᠬᠦᠭᠡᠷᠡᠮᠵᠢ ᠪᠠ ᠮᠡᠷᠭᠡᠵᠢᠯ ᠤᠨ ᠰᠢᠨᠡᠴᠢᠯᠡᠯᠲᠡ ᠶᠢ  ᠬᠦᠴᠦᠲᠡᠢ ᠠᠬᠢᠭᠤᠯᠵᠤ᠂  ᠪᠤᠲᠠᠲᠠᠢ ᠠᠵᠢᠯᠯᠠᠭ᠎ᠠ ᠪᠠᠷ ᠢᠶᠠᠨ ᠪᠤᠬᠢᠷᠳᠤᠯ ᠦᠭᠡᠢ ᠬᠦᠭᠵᠢᠯᠲᠡ ᠶᠢᠨ ᠰᠠᠭᠤᠷᠢ ᠶᠢ ᠪᠠᠳᠤᠳᠬᠠᠶ᠎ᠠ᠃       ᠤᠩᠭᠤᠨ ᠪᠠᠶᠢᠭᠠᠯᠢ ᠠᠯᠲᠠᠨ ᠠᠴᠠ ᠦᠨᠡᠲᠡᠢ᠂ ᠴᠡᠪᠡᠷ ᠪᠠᠶᠢᠭᠠᠯᠢᠯᠢᠭ ᠢᠶᠠᠷ ᠭᠦᠭᠵᠢᠭᠦᠯᠬᠦ ᠨᠢ ᠠᠴᠢ ᠭᠠᠪᠢᠶ᠎ᠠ  ᠨᠢ ᠨᠢᠭᠡ ᠦᠶ᠎ᠡ᠂ ᠠᠰᠢᠭ ᠲᠤᠰᠠ ᠨᠢ ᠮᠢᠩᠭᠠᠨ ᠣᠨ ᠪᠤᠯᠤᠨ᠎ᠠ᠃ ᠲᠠᠶᠠᠭᠠᠷ ᠢᠶᠠᠷ ᠢᠶᠠᠨ ᠲᠠᠷᠤᠶᠢᠬᠠᠨ ᠬᠦᠳᠡᠯᠦᠯᠴᠡᠵᠦ᠂ ᠡᠨᠧᠷᠭᠢ ᠠᠷᠪᠢᠯᠠᠬᠤ ᠪᠤᠬᠢᠷᠳᠤᠯ ᠢ ᠪᠠᠭᠠᠰᠬᠠᠬᠤ ᠵᠢᠨ‌ᠢᠳᠡᠪᠬᠢᠲᠡᠢ ᠰᠠᠨᠠᠭᠠᠴᠢᠯᠠᠬᠴᠢ᠂ ᠤᠷᠤᠯᠴᠠᠭᠴᠢ ᠂ ᠦᠢᠯᠡᠳᠤᠯᠭᠡᠵᠢᠭᠦᠯᠤᠭ᠍ᠴᠢ᠂ ᠲᠠᠭᠠᠭᠤᠯᠤᠬᠴᠢ ᠪᠣᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠯᠡᠨ ᠪᠠᠳᠤᠳᠬᠠᠬᠤ ᠳᠤ ᠬᠦᠴᠦ ᠨᠡᠮᠡᠷᠢᠯᠡᠵᠦ᠂ ᠬᠠᠷᠢᠭᠤᠴᠠᠯᠭ᠎ᠠ ᠪᠠᠨ ᠭᠦᠢᠴᠡᠳᠭᠡᠨ᠂ ᠪᠠᠶᠢᠭᠠᠯᠢᠯᠢᠭ ᠦᠵᠡᠰᠭᠦᠯᠡᠩᠲᠦ ᠰᠠᠶᠢᠬᠠᠨ ᠭᠡᠷ ᠤᠷᠤᠨ ᠢᠶᠠᠨ ᠬᠠᠮᠲᠤᠪᠡᠷ ᠪᠠᠶᠢᠭᠤᠯᠠᠬᠤ ᠶᠢ ᠤᠷᠢᠶᠠᠯᠠᠶ᠎ᠠ︕         ᠵᠠᠷᠤᠳ ᠬᠤᠰᠢᠭᠤᠨ ᠤ ᠭᠦᠭᠵᠢᠭᠦᠯᠤᠯᠳᠠ ᠪᠠ ᠦᠭᠡᠷᠡᠴᠢᠯᠡᠯᠲᠡ ᠶᠢᠨ ᠵᠦᠪᠯᠡᠯ ᠠᠴᠠ ᠤᠬᠠᠭᠤᠯᠪᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号