2 ᠰᠠᠷ᠎ᠠ ᠶᠢᠨ 5 ᠤ ᠡᠳᠦᠷ᠂ ᠵᠠᠷᠤᠳ ᠬᠤᠰᠢᠭᠤᠨ ᠤ ᠴᠢᠪᠠᠭᠠᠲᠤ ᠰᠤᠮᠤ ᠶᠢᠨ ᠰᠢᠨ᠎ᠡ ᠴᠠᠭ ᠦᠶ᠎ᠡ ᠶᠢᠨ | ᠪᠣᠯᠪᠠᠰᠤᠨ ᠤ ᠤᠶᠢᠯᠡᠳᠤᠯᠭᠡ ᠶᠢᠨ ᠭᠠᠵᠠᠷ ᠠᠴᠠ ᠵᠣᠬᠢᠶᠠᠨ ᠪᠠᠶᠢᠭᠤᠯᠤᠭᠰᠠᠨ᠂ ᠰᠤᠮᠤ ᠶᠢᠨ ᠡᠮᠡᠭᠲᠡᠶ ᠺᠠᠳ᠋ᠷ᠂ | ᠨᠤᠲᠤᠭ ᠲᠤ ᠪᠠᠨ ᠪᠤᠴᠠᠭᠰᠠᠨ ᠵᠠᠯᠠᠭᠤ ᠣᠶᠤᠲᠠᠨ᠂ ᠰᠠᠶᠢᠨ ᠲᠤᠷᠠᠴᠤᠤᠯ ᠵᠡᠷᠭᠡ ᠪᠠᠷ ᠪᠦᠷᠢᠯᠳᠦᠭᠰᠡᠨ ︽ᠪᠢᠴᠢᠬᠠᠨ | ᠴᠢᠪᠠᠭ᠎ᠠ︾ ᠰᠠᠶᠢᠨ ᠳᠤᠷ᠎ᠠ ᠶᠢᠨ ᠤᠶᠢᠯᠡᠴᠢᠯᠡᠭᠡᠨ ᠤ ᠠᠩᠭᠢ ᠶᠢᠨ ᠬᠢᠨ ᠴᠢᠪᠠᠭᠠᠲᠤ ᠭᠠᠴᠠᠭ᠎ᠠ ᠳᠤ ᠬᠦᠷᠴᠦ ︽ | ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ︾ ᠪᠠᠷ ᠭᠤᠤᠯ ᠰᠡᠳᠦᠪ ᠪᠤᠯᠭᠠᠭᠰᠠᠨ ᠰᠠᠶᠢᠨ ᠳᠤᠷ᠎ᠠ ᠶᠢᠨ | ᠤᠶᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠨᠠᠰᠤᠨ ᠰᠡᠬᠦᠲᠡᠷ 60 ᠨᠠᠰᠤ ᠶᠢ ᠲᠠᠪᠠᠭᠰᠠᠨ ᠨᠠᠰᠤᠲᠠᠶᠢᠴᠤᠳ ᠲᠤ | ᠠᠯᠪᠠᠨ ᠵᠢᠷᠤᠮ ᠤᠨ ᠦᠰᠦ ᠵᠠᠰᠠᠵᠤ ᠦᠭᠬᠦ ᠵᠠᠷᠬᠡ ᠠᠵᠢᠯᠯᠠᠭ᠎ᠠ ᠦᠷᠨᠢᠬᠦᠯᠵᠦ᠂ ᠨᠠᠰᠤᠲᠠᠶᠢᠴᠤᠳ ᠤᠨ ᠰᠠᠳᠬᠢᠯ ᠢ | ᠲᠤᠯᠠᠭᠠᠴᠠᠭᠤᠯᠪᠠ᠃ | ᠪᠦᠰᠡᠯᠡᠭᠦᠷ᠂ ᠰᠠᠨᠳᠠᠯᠢ᠂ ᠦᠰᠦ ᠵᠠᠰᠠᠬᠤ ᠪᠠᠭᠠᠵᠢ ᠬᠡᠷᠡᠭᠰᠡᠯ ᠢᠶᠠᠨ ᠪᠡᠯᠡᠬᠡᠨ ᠪᠤᠯᠭᠠᠭᠰᠠᠨ ᠰᠠᠶᠢᠨ ᠳᠤᠷᠠᠴᠤᠤᠯ | ᠤᠷ᠎ᠠ ᠮᠡᠷᠭᠡᠵᠢᠯ ᠢᠶᠠᠨ ᠭᠦᠢᠴᠡᠳ ᠪᠠᠳᠠᠷᠠᠭᠤᠯᠵᠤ᠂ ᠨᠠᠰᠤᠲᠠᠶᠢᠴᠤᠳ ᠤᠨ ᠴᠢᠷᠠᠢ ᠵᠢᠰᠦ ᠳᠤ ᠵᠤᠬᠢᠴᠠᠭᠤᠯᠤᠨ ᠦᠰᠦ | ᠬᠡᠵᠢᠬᠡ ᠶᠢ ᠨᠢ ᠬᠠᠶᠢᠴᠢᠯᠠᠨ ᠵᠠᠰᠠᠨ ᠦᠭᠴᠤ᠂ ᠨᠠᠰᠤᠲᠠᠶᠢᠴᠤᠳ ᠢ ᠨᠡᠩ ᠴᠤᠬ ᠵᠤᠯᠢ ᠲᠠᠢ ᠪᠤᠯᠭᠠᠵᠤ᠂ | ᠨᠠᠰᠤᠲᠠᠶᠢᠴᠤᠳ ᠰᠠᠶᠢᠨ ᠳᠤᠷᠠᠴᠤᠤᠯ ᠤᠨ ᠳᠣᠲᠣᠨᠣ ᠤᠶᠢᠯᠡᠴᠢᠯᠡᠭᠡ ᠶᠢ ᠡᠷᠡᠬᠡᠢ ᠭᠠᠷᠭᠠᠨ ᠮᠠᠬᠲᠠᠨ ᠰᠠᠶᠢᠰᠢᠶᠠᠨ᠎ᠠ᠃ | ᠭᠠᠭᠴᠠᠭᠠᠷ ᠰᠠᠭᠤᠭ᠎ᠠ ᠨᠠᠰᠤᠲᠠᠨ ᠲᠧᠩ ᠭᠦᠸᠧ ᠴᠢᠤᠸᠠᠨ ᠤ ᠬᠡᠷ ᠲᠤ᠂ ᠰᠠᠶᠢᠨ ᠲᠤᠷᠠᠴᠤᠤᠯ ᠠᠴᠠ | ᠨᠠᠰᠤᠲᠠᠨ ᠲᠠᠢ ᠵᠣᠭᠤᠭᠳᠠᠵᠤ᠂ ᠨᠠᠰᠤᠲᠠᠨ ᠤ ᠪᠡᠶ᠎ᠡ ᠶᠢᠨ ᠪᠠᠶᠢᠳᠠᠯ᠂ ᠪᠠᠶᠠᠷ ᠤᠨ ᠡᠳᠦᠷ ᠠᠴᠠ ᠡᠮᠦᠨᠡᠬᠢ ᠡᠳ᠋ | ᠪᠣᠳᠠᠰ ᠤᠨ ᠨᠦᠭᠡᠴᠡᠯᠡᠭᠰᠡᠨ ᠪᠠᠶᠢᠳᠠᠯ ᠢ ᠤᠢᠢᠯᠠᠭᠠᠨ᠂ ᠨᠠᠰᠤᠲᠠᠨ ᠢ ᠬᠠᠪᠰᠤᠷᠤᠨ ᠭᠠᠵᠠᠷ ᠱᠠᠯ ᠢ ᠨᠢ ᠱᠦᠭᠦᠷᠳᠡᠨ᠂ | ᠣᠷᠣ ᠳᠡᠪᠢᠰᠬᠡᠷ ᠢ ᠨᠢ ᠲᠡᠭᠰᠢᠯᠡᠵᠦ ᠦᠭᠬᠦ ᠶᠢᠨ ᠬᠠᠮᠲᠤ ᠨᠠᠰᠤᠲᠠᠨ ᠢ ᠥᠪᠡᠷ ᠤᠨ ᠪᠡᠶ᠎ᠡ ᠪᠠᠨ ᠰᠠᠶᠢᠲᠤᠷ ᠭᠠᠮᠨᠠᠨ | ᠠᠰᠠᠷᠠᠵᠤ᠂ ᠬᠠᠪᠰᠤᠷᠤᠯᠭ᠎ᠠ ᠲᠡᠮᠵᠢᠯᠬᠡ ᠬᠦᠰᠡᠪᠡᠯ ︽ᠪᠢᠴᠢᠬᠠᠨ ᠴᠢᠪᠠᠭ᠎ᠠ︾ ᠰᠠᠶᠢᠨ ᠳᠤᠷ᠎ᠠ ᠶᠢᠨ ᠤᠶᠢᠯᠡᠴᠢᠯᠡᠭᠡ ᠤ | ᠠᠩᠭᠢ ᠲᠠᠢ ᠴᠠᠭ ᠲᠤᠬᠠᠶ ᠬᠠᠷᠢᠯᠴᠠᠬᠤ ᠶᠢ ᠰᠠᠨᠠᠭᠤᠯᠤᠨ᠎ᠠ᠃ ︽ᠲᠠ ᠨᠠᠷ ᠢ ᠦᠨᠡᠬᠡᠷ ᠵᠣᠪᠠᠭᠠᠯ᠎ᠠ᠂ ᠬᠡᠦᠬᠡᠳ | ᠭᠠᠳᠠᠨ᠎ᠠ ᠣᠷᠣᠨ ᠳᠤ ᠪᠠᠶᠢᠨ᠎ᠠ᠂ ᠣᠢᠢᠷ᠎ᠠ ᠳᠤ ᠪᠡᠶ᠎ᠡ ᠴᠤ ᠡᠪ ᠦᠭᠡᠶ ᠪᠠᠶᠢᠨ᠎ᠠ᠂ ᠲᠠ ᠨᠠᠷ ᠢ ᠭᠡᠷ ᠲᠤ ᠢᠷᠡᠵᠦ | ᠬᠠᠪᠰᠤᠷᠤᠨ᠎ᠠ ᠬᠡᠵᠦ ᠰᠠᠨᠠᠭᠠᠨ ᠳᠤ ᠴᠤ ᠤᠷᠤᠭᠰᠠᠨ ᠦᠭᠡᠶ᠂ ᠲᠠ ᠨᠠᠷ ᠲᠠᠢ ᠵᠣᠭᠤᠭᠳᠠᠬᠤ ᠳᠤ ᠰᠡᠳᠬᠢᠯ ᠰᠠᠨᠠᠭ᠎ᠠ | ᠪᠠᠰᠠ ᠶᠡᠭᠡ ᠠᠭᠤᠵᠢᠷᠠᠵᠠᠢ᠂ ᠲᠠ ᠨᠠᠷ ᠲᠤ ᠶᠡᠭᠡ ᠲᠠᠯᠠᠷᠬᠠᠯ᠎ᠠ︾ ᠭᠡᠵᠦ ᠨᠠᠰᠤᠲᠠᠨ ᠰᠡᠳᠬᠢᠯ ᠲᠤᠭᠲᠤᠯᠤᠨ ᠶᠠᠷᠢᠨ᠎ᠠ᠃ | | ᠳ᠋ᠦᠩ ᠬᠦᠷᠡᠯᠪᠡᠭᠠᠲᠤᠷ ᠨᠡᠰᠦᠳᠡᠠ ᠤ ᠬᠡᠷ ᠲᠤ᠂ ᠰᠠᠶᠢᠨ ᠲᠤᠷᠠᠴᠤᠤᠯ ᠨᠠᠰᠤᠲᠠᠨ ᠤ ᠬᠡᠷ ᠪᠦᠯᠢ ᠶᠢᠨ | ᠠᠮᠢᠳᠤᠷᠠᠯ ᠤᠨ ᠪᠠᠶᠢᠳᠠᠯ ᠵᠢᠴᠢ ᠲᠤᠯᠭᠠᠷᠠᠵᠤ ᠪᠠᠶᠢᠭ᠎ᠠ ᠬᠦᠴᠢᠷᠳᠡᠯ ᠢ ᠨᠢ ᠨᠠᠷᠢᠨ ᠣᠢᠢᠯᠠᠭᠠᠵᠤ᠂ ᠨᠠᠰᠤᠲᠠᠨ ᠢ ᠠᠯᠢ | ᠴᠢᠳᠠᠬᠤ ᠪᠠᠷ ᠭᠠᠳᠠᠭᠰᠢ ᠭᠠᠷᠬᠤ ᠪᠠᠨ ᠪᠠᠭᠠᠰᠬᠠᠵᠤ᠂ ᠬᠢᠵᠢᠭ ᠤᠨ ᠪᠠᠶᠢᠳᠠᠯ ᠢ ᠰᠠᠶᠢᠲᠤᠷ ᠰᠡᠷᠭᠡᠶᠢᠯᠡᠨ ᠡᠵᠡᠮᠳᠡᠬᠦ ᠶᠢᠨ | ᠬᠠᠮᠲᠤ ᠪᠡᠶ᠎ᠡ ᠪᠠᠨ ᠬᠢᠴᠢᠶᠡᠵᠦ᠂ ᠬᠦᠴᠢᠷᠳᠡᠯ ᠲᠠᠢ ᠪᠣᠯ ᠴᠠᠭ ᠲᠤᠬᠠᠶ ᠳᠤ ᠨᠢ ᠰᠠᠶᠢᠨ ᠳᠤᠷ᠎ᠠ ᠶᠢᠨ ᠦᠢᠯᠡᠴᠢᠯᠡᠭᠡᠨ ᠤ | ᠠᠩᠭᠢ ᠳᠤ ᠲᠤᠰᠬᠠᠬᠤ ᠶᠢ ᠵᠠᠬᠢᠭᠰᠠᠨ ᠪᠠᠶᠢᠨ᠎ᠠ᠃ ᠨᠠᠰᠤᠲᠠᠨ ᠤ ᠪᠣᠳᠠᠲᠠᠶ ᠪᠠᠶᠢᠳᠠᠯ ᠢ ᠪᠣᠳᠣᠯᠬᠢᠯᠠᠨ᠂ ᠰᠠᠶᠢᠨ | ᠲᠤᠷᠠᠴᠤᠤᠯ ᠠᠴᠠ ᠨᠠᠰᠤᠲᠠᠨ ᠢ ᠬᠠᠪᠰᠤᠷᠤᠨ ᠬᠡᠷ ᠥᠷᠥᠭᠡ ᠶᠢ ᠨᠢ ᠴᠡᠪᠡᠷᠯᠡᠨ ᠲᠡᠭᠰᠢᠯᠡᠨ ᠥᠭᠴᠦ᠂ ᠨᠠᠰᠤᠲᠠᠨ ᠤ | ᠠᠷᠢᠭᠤᠨ ᠴᠡᠪᠡᠷ ᠣᠷᠴᠢᠨ ᠲᠣᠭᠤᠷᠢᠨ ᠳᠤ ᠪᠠᠶᠠᠷ ᠤᠨ ᠡᠳᠦᠷ ᠢᠶᠠᠨ ᠦᠡᠭᠭᠡᠷᠡᠬᠦᠯᠬᠦ ᠶᠢ ᠪᠠᠲᠤᠯᠠᠪᠠ᠃ | ︽ᠪᠢᠴᠢᠬᠠᠨ ᠴᠢᠪᠠᠭ᠎ᠠ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢᠨ ᠬᠠᠷᠢᠭᠤᠴᠠᠯᠭᠠᠲᠠᠨ ᠨᠠᠷᠠ᠂ | ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢᠨ ᠬᠢᠨ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠨ ᠤ | ᠠᠮᠢᠳᠤᠷᠠᠯ ᠤᠨ ᠪᠠᠶᠢᠳᠠᠯ ᠵᠢᠴᠢ ᠰᠡᠳᠬᠢᠴᠡ ᠶᠢᠨ ᠪᠠᠶᠢᠳᠠᠯ ᠢ ᠴᠠᠭ ᠢᠮᠠᠭᠲᠠ ᠠᠩᠬᠠᠷᠴᠤ᠂ ᠴᠢᠳᠠᠯ ᠤᠨ | ᠬᠢᠷᠢ ᠪᠠᠷ ᠢᠶᠠᠨ ᠲᠡᠳᠡᠨ ᠢ ᠬᠠᠪᠰᠤᠷᠤᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠲᠡᠳᠡᠨ ᠳᠤ ᠨᠠᠮ ᠪᠣᠯᠤᠨ | ᠵᠠᠰᠠᠭ ᠤᠨ ᠣᠷᠳᠣᠨ ᠤ ᠬᠠᠯᠠᠮᠵᠢᠯᠠᠯ ᠢ ᠬᠦᠷᠲᠡᠭᠡᠨ᠎ᠡ᠃ ᠬᠤᠶᠢᠰᠢᠳᠠ ︽ᠪᠢᠴᠢᠬᠠᠨ ᠴᠢᠪᠠᠭ᠎ᠠ︾ ᠰᠠᠶᠢᠨ ᠳᠤᠷ᠎ᠠ ᠶᠢᠨ | ᠦᠢᠯᠡᠴᠢᠯᠡᠭᠡᠨ ᠤ ᠠᠩᠬᠢ ᠶᠢᠨ ᠬᠢᠨ ᠪᠠᠰᠠ ᠲᠣᠭᠲᠠᠭᠰᠠᠨ ᠬᠤᠭᠤᠴᠠᠭ᠎ᠠ ᠲᠠᠢ ᠪᠠᠷ ᠡᠯ᠎ᠡ ᠵᠦᠢᠯ ᠤᠨ ᠬᠡᠯᠪᠡᠷᠢ ᠶᠢᠨ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠪᠣᠯᠪᠠᠰᠤᠨ ᠤ | ᠰᠢᠨ᠎ᠡ ᠰᠤᠷᠲᠠᠯ ᠢ ᠤᠯᠠᠮᠵᠢᠯᠠᠵᠤ᠂ ᠬᠠᠯᠠᠭᠤᠨ ᠳᠤᠯᠠᠭᠠᠨ ᠬᠠᠶᠢᠷ᠎ᠠ ᠬᠠᠯᠠᠮᠵᠢ ᠪᠠᠨ ᠡᠷᠭᠦᠵᠦ᠂ ᠴᠢᠪᠠᠭᠠᠲᠤ ᠰᠤᠮᠤ ᠶᠢᠨ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠳᠤ ᠦᠩᠭᠡ ᠭᠡᠷᠡᠯ ᠨᠡᠮᠡᠷᠢᠯᠡᠨ᠎ᠡ ᠬᠡᠵᠦ | ᠢᠯᠡᠷᠬᠡᠶᠢᠯᠡᠵᠦ ᠪᠠᠶᠢᠯ᠎ᠠ᠃ | |