《 ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠦᠷᠢᠮ | 》᠂ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ 》 | ᠤᠨ ᠲᠣᠭᠲᠠᠭᠠᠯ ᠢ ᠦᠨᠳᠦᠰᠦᠯᠡᠨ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠯᠲᠡᠶ ᠲᠣᠬᠢᠷᠠᠭᠤᠯᠤᠯᠲᠠ ᠪᠠᠷ | ᠬᠤᠲᠠ ᠶᠢᠨ ᠨᠠᠮ ᠤᠨ ᠬᠤᠷᠢᠶᠠᠨ ᠤ ᠨᠠᠶᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ 2021 ᠣᠨ ᠤ 3 | ᠰᠠᠷ᠎ᠠ ᠶᠢᠨ 15 ᠤ ᠡᠳᠦᠷ ᠠᠴᠠ 5 ᠰᠠᠷ᠎ᠠ ᠶᠢᠨ 20 ᠤ ᠡᠳᠦᠷ ᠪᠣᠯᠲᠠᠯ᠎ᠠ ᠵᠠᠷᠤᠳ ᠬᠤᠰᠢᠭᠤᠨ ᠤ ᠠᠷᠠᠳ ᠤᠨ | ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠳᠤ ᠲᠠᠰ ᠳᠡᠪᠰᠢᠭᠦᠯᠬᠦ ᠲᠣᠭᠤᠷᠢᠨ ᠪᠠᠶᠢᠴᠠᠭᠠᠯᠲᠠ | ᠦᠷᠨᠢᠭᠦᠯᠬᠦ ᠪᠠᠷ ᠪᠣᠯᠪᠠ᠃ | ᠲᠤᠭᠤᠷᠢᠨ ᠪᠠᠶᠢᠴᠠᠭᠠᠬᠤ ᠬᠤᠭᠤᠴᠠᠭᠠᠨ ᠳᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠰᠢ ᠶᠢᠨ ᠫᠢᠩ | ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠷ᠂ ᠭᠤᠷᠪᠠ᠂ ᠲᠥᠷᠪᠡ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ | ᠰᠠᠨᠠᠭ᠎ᠠ ᠶᠢ ᠭᠦᠨᠵᠠᠭᠡᠢ ᠲᠣᠣᠱᠯᠠᠭᠤᠯᠤᠨ᠂ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠤᠬᠠᠮᠰᠠᠷ ᠠᠴᠠ | ᠪᠠᠨ ᠲᠣᠣᠱᠯᠠᠭᠤᠯᠵᠤ᠂ 《 ᠬᠤᠶᠠᠷ ᠢ ᠬᠠᠮᠠᠭᠠᠯᠠᠬᠤ 》 ᠪᠠᠷ ᠦᠨᠳᠦᠰᠦᠨ ᠡᠭᠦᠷᠭᠡ ᠪᠠᠨ ᠪᠣᠯᠭᠠᠵᠤ᠂ ᠲᠣᠭᠤᠷᠢᠨ | ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠡᠭᠦᠷᠭᠡ ᠴᠢᠳᠠᠪᠤᠷᠢ ᠬᠠᠷᠢᠭᠤᠴᠠᠯᠭ᠎ᠠ ᠶᠢ ᠴᠢᠩᠭ᠎ᠠ | ᠠᠩᠬᠠᠷᠴᠤ᠂ ᠨᠠᠮ ᠤᠨ ᠤᠨᠤᠯ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠪᠣᠯᠤᠨ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠲᠤᠤᠱᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠭᠤᠣᠯᠳᠠᠯᠭ᠎ᠠ ᠲᠠᠢ ᠠᠩᠬᠠᠷᠤᠯ ᠢᠶᠠᠨ ᠲᠥᠪᠯᠡᠷᠡᠭᠦᠯᠵᠤ᠂ ᠣᠯᠠᠨ ᠲᠦᠮᠡᠨ ᠤ | ᠳᠡᠷᠭᠡᠳᠡᠬᠢ ᠢᠯᠵᠠᠷᠠᠯ ᠤᠨ ᠠᠰᠠᠭᠤᠳᠠᠯ ᠪᠠ ᠲᠥᠪ ᠪᠤᠰᠤ ᠰᠤᠷᠲᠠᠯ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠬᠤ ᠪᠠᠭ ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠪᠠᠶᠢᠳᠠᠯ ᠵᠢᠴᠢ | ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠬᠢᠨᠠᠨ ᠪᠣᠳᠣᠯᠲᠠ ᠵᠡᠷᠭᠡ ᠬᠢᠨᠠᠯᠲᠠ ᠪᠠᠷ ᠲᠠᠮᠵᠢᠨ ᠢᠯᠡᠷᠡᠭᠦᠯᠦᠭᠰᠡᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠡᠯ ᠳᠤ ᠠᠩᠬᠠᠷᠤᠯ ᠢᠶᠠᠨ ᠲᠦᠪᠯᠡᠷᠡᠭᠦᠯᠤᠨ ᠪᠠᠶᠢᠴᠠᠭᠠᠨ᠎ᠠ᠃ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠣᠣᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠂ ᠶᠡᠷᠦᠩᠬᠡᠢ ᠱᠦᠵᠢ | ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠴᠢᠩᠭ᠎ᠠ ᠪᠠᠶᠢᠴᠠᠭᠠᠨ᠎ᠠ᠂ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ | ᠪᠠ《 ᠠᠷᠪᠠᠨ ᠳᠥᠷᠪᠡᠳᠦᠭᠡᠷ ᠲᠠᠪᠤᠨ ᠵᠢᠯ 》 ᠤᠨ ᠴᠢᠬᠤᠯᠠ ᠶᠡᠭᠡ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠣᠨᠣᠪᠴᠢᠲᠠᠶ ᠪᠦᠬᠦ | ᠲᠠᠯ᠎ᠠ ᠪᠠᠷ ᠲᠣᠣᠱᠯᠠᠭᠤᠯᠤᠬᠰᠡᠨ ᠪᠠᠶᠢᠳᠡᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠤᠯᠤᠰ ᠲᠥᠷᠥ ᠬᠠᠤᠯᠢ | ᠴᠠᠭᠠᠵᠠ ᠶᠢᠨ ᠰᠢᠰᠲ᠋ᠧᠮ ᠤᠨ ᠰᠤᠷᠭᠠᠨ ᠬᠥᠮᠦᠵᠢᠯ ᠴᠡᠭᠴᠡᠯᠡᠯᠲᠡ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ | ᠢ ᠰᠢᠯᠢᠳᠡᠭᠵᠢᠭᠦᠯᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ | ᠶᠢᠨ ᠦᠷ᠎ᠡ ᠪᠦᠲᠦᠭᠡᠯ ᠢ ᠪᠠᠬᠢᠵᠢᠭᠦᠯᠬᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ | ᠪᠦᠲᠦᠭᠡᠯ ᠢᠶᠠᠨ ᠪᠠᠬᠢᠵᠢᠭᠦᠯᠬᠦ᠂ 《 ᠵᠢᠷᠭᠤᠭ᠎ᠠ ᠶᠢ ᠲᠣᠭᠲᠠᠪᠤᠷᠢᠵᠢᠭᠤᠯᠬᠤ 》 《 ᠵᠢᠷᠭᠤᠭ᠎ᠠ ᠶᠢ ᠪᠠᠲᠤᠯᠠᠬᠤ 》 | ᠵᠠᠷᠭᠡ ᠠᠵᠢᠯ ᠢ ᠬᠢᠨᠠᠯᠲᠠ ᠲᠠᠯᠪᠢᠬᠤ ᠭᠤᠤᠯᠳᠠᠯᠭ᠎ᠠ ᠪᠣᠯᠭᠠᠵᠤ᠂ ᠤᠯᠤᠰ ᠲᠥᠷᠥ ᠶᠢᠨ ᠬᠢᠨᠠᠯᠲᠠ ᠶᠢ ᠦᠷᠭᠦᠯᠵᠢᠯᠡᠨ | ᠭᠦᠨᠵᠡᠭᠡᠶᠢᠷᠡᠭᠦᠯᠤᠨ᠎ᠡ᠃ | ᠭᠤᠤᠯᠳᠠᠭᠤ ᠵᠠᠷᠤᠳ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠪᠠᠭ | ᠵᠢᠴᠢ ᠲᠡᠭᠦᠨ ᠤ ᠭᠡᠰᠢᠭᠦᠳ᠂ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠤᠨ | ᠲᠤᠬᠠᠢ ᠲᠤᠰᠬᠠᠭᠰᠠᠨ ᠵᠠᠬᠢᠳᠠᠯ᠂ ᠤᠲᠠᠰᠤ᠂ ᠰᠤᠷᠪᠤᠯᠵᠢᠯᠠᠭ᠎ᠠ ᠶᠢ ᠭᠥᠯᠢᠶᠡᠨ ᠠᠪᠴᠤ ᠰᠢᠶᠳᠪᠦᠷᠢᠯᠡᠨ᠎ᠡ᠂ ᠤᠯᠤᠰ | ᠲᠥᠷᠥ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ | ᠰᠠᠬᠢᠯᠭ᠎ᠠ ᠪᠠᠲᠤ᠂ ᠣᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ | ᠰᠠᠬᠢᠯᠭ᠎ᠠ ᠪᠠᠲᠤ ᠵᠠᠷᠭᠡ ᠶᠢ ᠵᠦᠷᠢᠴᠡᠭᠰᠡᠳ ᠢ ᠢᠯᠡᠴᠢᠯᠡᠨ ᠮᠡᠳᠡᠭᠦᠯᠤᠭ᠍ᠰᠡᠨ ᠪᠠ ᠲᠤᠰᠬᠠᠬᠰᠡᠨ ᠠᠰᠠᠭᠤᠳᠡᠯ ᠢᠶᠠᠷ | ᠭᠤᠣᠯᠳᠠᠯᠭ᠎ᠠ ᠪᠤᠯᠭᠠᠨ᠎ᠠ᠃ ᠪᠤᠰᠤᠳ ᠲᠣᠭᠤᠷᠢᠨ ᠪᠠᠶᠢᠴᠠᠭᠠᠬᠤ ᠭᠦᠷᠢᠶ᠎ᠠ ᠬᠡᠪᠴᠢᠶᠡᠨ ᠳᠤ ᠪᠠᠭᠲᠠᠬᠤ ᠦᠭᠡᠶ ᠵᠠᠬᠢᠳᠠᠯ | ᠰᠤᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠦᠴᠢᠷ ᠲᠤ ᠲᠤᠰᠢᠶᠠᠨ | ᠦᠭᠴᠤ ᠰᠢᠶᠳᠪᠦᠷᠢᠯᠡᠭᠦᠯᠦᠨ᠎ᠡ᠃ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠲᠣᠭᠤᠷᠢᠨ ᠪᠠᠶᠢᠴᠠᠭᠠᠬᠤ ᠬᠤᠭᠤᠴᠠᠭᠠᠨ ᠳᠤ ᠲᠤᠰᠬᠠᠢ ᠵᠢᠵᠢᠭᠦᠷ | ᠤᠲᠠᠰᠤ ᠲᠤᠬᠢᠷᠠᠭᠤᠯᠪᠠ᠂ ᠤᠳᠠᠰᠤ᠄ 16604855089᠃ ( ᠬᠦᠯᠢᠶᠡᠨ ᠠᠪᠬᠤ ᠴᠠᠭ᠄ ᠦᠳᠡ ᠶᠢᠨ | ᠡᠮᠦᠨᠡᠬᠢ 8᠄ 30 ᠠᠴᠠ ᠦᠳᠡ ᠶᠢᠨ ᠬᠤᠶᠢᠨᠠᠬᠢ 18᠄ 00 ) | ᠲᠤᠰᠬᠠᠶ ᠢᠮᠧᠯ᠄ 16604855089 @ wo.cn | ᠬᠠᠷᠢᠯᠴᠠᠬᠤ ᠵᠠᠬᠢᠳᠠᠯ ᠤᠨ ᠬᠠᠶᠢᠷᠴᠠᠭ᠄ | ⒈ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠣᠯᠪᠠᠰᠤᠷᠠᠯ ᠤᠨ ᠲᠥᠪ | ᠤᠨ ᠡᠭᠦᠳᠡᠨ ᠤ ᠬᠤᠶᠢᠲᠤ ᠲᠠᠯ᠎ᠠ ᠶᠢᠨ ᠬᠡᠷᠡᠮ ᠳᠡᠭᠡᠷ᠎ᠡ᠃ | ⒉ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠵᠡᠭᠦᠨ ᠬᠡᠷᠡᠮ ᠤᠨ ᠬᠡᠷᠡᠰᠬᠡ ᠲᠡᠭᠡᠷ᠎ᠡ ( ᠲᠢᠶᠠᠨ ᠰᠢ | ᠵᠢᠶᠠ ᠶᠤᠸᠠᠨ ᠲᠤᠭᠤᠷᠢᠭ ᠤᠨ ᠭᠥᠯᠢᠶᠡᠨ ᠠᠪᠬᠤ ᠭᠠᠵᠠᠷ ᠤᠨ ᠡᠰᠡᠷᠭᠦ ᠲᠠᠯ᠎ᠠ )᠃ | ⒊ ᠵᠦᠩ ᠬᠤᠸ᠋ᠨ ᠠᠭᠤᠳᠠᠮ ᠲᠠᠯᠠᠪᠠᠶ ᠶᠢᠨ ᠵᠡᠭᠦᠨ ᠲᠠᠯ᠎ᠠ ( ᠣᠣᠯ ᠤᠨ ᠵᠠᠰᠠᠭ ᠤᠨ ᠣᠷᠳᠣᠨ ᠤ ᠰᠠᠭᠤᠭᠠᠯᠢ | ᠠᠷᠠᠳ ᠤᠨ ᠠᠰᠠᠷ ᠤᠨ ᠬᠤᠶᠢᠲᠤ ᠲᠠᠯ᠎ᠠ᠂ ᡁᠢ ᠬᠤᠩ ᠬᠡᠲᠦ ᠳᠡᠯᠭᠡᠭᠦᠷ ᠤᠨ ᠪᠠᠷᠠᠭᠤᠨ ᠲᠠᠯ᠎ᠠ ᠶᠢᠨ ᠲᠡᠮᠦᠷ ᠵᠢᠶᠠᠰᠠ | ᠲᠡᠭᠡᠷ᠎ᠡ )᠃ | ⒋ ᠵᠠᠷᠤᠳ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠡᠭᠦᠳᠡᠨ ᠤ ᠪᠠᠷᠠᠭᠤᠨ ᠲᠠᠯ᠎ᠠ᠃ | ᠰᠤᠷᠪᠤᠯᠵᠢᠯᠠᠭ᠎ᠠ ᠶᠢ ᠬᠦᠯᠢᠶᠡᠨ ᠠᠪᠬᠤ ᠭᠠᠵᠠᠷ᠄ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ ᠶᠢᠨ ᠪᠣᠯᠪᠠᠰᠤᠷᠠᠯ ᠤᠨ ᠲᠥᠪ ᠤᠨ ᠬᠤᠶᠠᠳᠤᠭᠠᠷ ᠠᠰᠠᠷ ᠤᠨ 1605 ᠲᠠᠰᠤᠭ᠃ | | ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠨᠠᠶᠮᠠᠳᠤᠭᠠᠷ ᠲᠣᠭᠤᠷᠢᠨ ᠪᠠᠶᠢᠴᠠᠭᠠᠬᠤ | ᠳᠤᠭᠤᠶᠢᠯᠠᠩ | 2021 ᠣᠨ ᠤ 3 ᠰᠠᠷ᠎ᠠ ᠶᠢᠨ 16 ᠤ | ᠡᠳᠦᠷ |