ᠲᠤᠭᠤᠷᠢᠨ  ᠪᠠᠶᠢᠴᠠᠭᠠᠬᠤ  ᠠᠯᠪᠠᠨ  ᠵᠠᠷ
ᠨᠡᠶᠢᠲᠡᠯᠡᠭᠰᠡᠨ ᠴᠠᠭ᠄
2021/3/19
   ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠲᠦᠷᠢᠮ︾ ᠂  ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠤᠨ ᠲᠣᠭᠲᠠᠭᠠᠯ ᠢ ᠦᠨᠳᠦᠰᠦᠯᠡᠨ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠯᠲᠡᠶ ᠲᠣᠬᠢᠷᠠᠭᠤᠯᠤᠯᠲᠠ ᠪᠠᠷ᠂ ᠬᠤᠲᠠ  ᠶᠢᠨ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ 2021 ᠣᠨ  ᠤ 3 ᠰᠠᠷ᠎ᠠ ᠶᠢᠨ 15 ᠤ ᠡᠳᠦᠷ ᠠᠴᠠ 5 ᠰᠠᠷ᠎ᠠ ᠶᠢᠨ 20 ᠤ ᠡᠳᠦᠷ ᠪᠣᠯᠲᠠᠯ᠎ᠠ ᠵᠠᠷᠤᠳ ᠬᠤᠰᠢᠭᠤᠨ ᠤ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠳᠤ ᠲᠠᠰ ᠳᠡᠪᠰᠢᠭᠦᠯᠬᠦ ᠲᠣᠭᠤᠷᠢᠨ ᠪᠠᠶᠢᠴᠠᠭᠠᠯᠲᠠ ᠦᠷᠨᠢᠭᠦᠯᠬᠦ ᠪᠠᠷ ᠪᠤᠯᠪᠠ᠃    ᠲᠤᠭᠤᠷᠢᠨ ᠪᠠᠶᠢᠴᠠᠭᠠᠬᠤ ᠬᠤᠭᠤᠴᠠᠭ᠎ᠠ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠳᠠᠯᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠷ᠂ ᠭᠤᠷᠪᠠ᠂ ᠲᠦᠷᠪᠡ᠂ ᠲᠠᠪᠤᠳᠦᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠤᠬᠠᠮᠰᠠᠷ ᠠᠴᠠ  ᠪᠠᠨ ᠲᠤᠤᠱᠯᠠᠭᠤᠯᠤᠨ᠂ ︽ᠬᠤᠶᠠᠷ ᠢ ᠬᠠᠮᠠᠭᠠᠯᠠᠬᠤ︾ ᠪᠠᠷ ᠦᠨᠳᠦᠰᠦᠨ ᠡᠭᠦᠷᠭᠡ ᠪᠠᠨ ᠪᠤᠯᠭᠠᠵᠦ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠡᠭᠦᠷᠭᠡ ᠴᠢᠳᠠᠪᠤᠷᠢ ᠬᠠᠷᠢᠭᠤᠴᠠᠯᠭ᠎ᠠ ᠶᠢ ᠴᠢᠩᠭ᠎ᠠ ᠠᠩᠬᠠᠷᠤᠨ᠂ ᠨᠠᠮ ᠤᠨ ᠤᠨᠤᠯ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠭᠤᠣᠯᠳᠠᠯᠭ᠎ᠠ ᠲᠠᠢ ᠠᠩᠬᠠᠷᠤᠯ ᠢᠶᠠᠨ ᠲᠦᠪᠯᠡᠷᠡᠭᠦᠯᠵᠦ᠂ ᠣᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠪᠠ ᠲᠥᠪ ᠪᠤᠰᠤ ᠰᠤᠷᠲᠠᠯ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠪᠠᠶᠢᠳᠠᠯ ᠵᠢᠴᠢ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ᠂ ᠬᠢᠨᠠᠨ ᠪᠣᠳᠣᠯᠲᠠ ᠵᠡᠷᠭᠡ ᠬᠢᠨᠠᠯᠲᠠ ᠪᠠᠷ ᠲᠠᠮᠵᠢᠨ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠠᠩᠬᠠᠷᠤᠯ ᠲᠦᠪᠯᠡᠷᠡᠭᠦᠯᠤᠨ ᠪᠠᠶᠢᠴᠠᠭᠠᠨ᠎ᠠ︔ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ  ᠂ ᠶᠡᠷᠦᠩᠬᠡᠶ ᠱᠦᠵᠢ ᠰᠢ ᠶᠢᠨ ᠫᠢᠩ ᠤᠨ ᠬᠠᠩᠭᠠᠨ ᠪᠣᠷᠣᠯᠠᠭᠤᠯᠬᠤ ᠰᠢᠰᠲ᠋ᠧᠮ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠴᠢᠩᠭ᠎ᠠ ᠪᠠᠶᠢᠴᠠᠭᠠᠨ᠎ᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ  ᠤᠨ ᠵᠣᠷᠢᠭ ᠰᠠᠨᠠᠭ᠎ᠠ᠂  ︽ᠠᠷᠪᠠᠨ ᠳᠥᠷᠪᠡᠳᠦᠭᠡᠷ ᠲᠠᠪᠤᠨ ᠵᠢᠯ︾ ᠤᠨ ᠴᠢᠬᠤᠯᠠ ᠶᠡᠭᠡ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠬᠦ ᠲᠠᠯ᠎ᠠ ᠪᠠᠷ ᠲᠤᠤᠱᠯᠠᠭᠤᠯᠤᠭᠰᠠᠨ ᠪᠠᠶᠢᠳᠠᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢᠶᠠᠨ ᠪᠠᠬᠢᠵᠢᠭᠦᠯᠬᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠬᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾  ︽ᠵᠢᠷᠭᠤᠭ᠎ᠠ ᠶᠢ ᠪᠠᠲᠤᠯᠠᠬᠤ︾ ᠠᠵᠢᠯ ᠳᠤ ᠬᠢᠨᠠᠯᠲᠠ ᠲᠠᠯᠪᠢᠬᠤ ᠪᠠᠷ ᠭᠤᠤᠯᠳᠠᠯᠭ᠎ᠠ ᠪᠣᠯᠭᠠᠨ᠎ᠠ᠂ ᠬᠠᠩᠭᠠᠨ ᠪᠣᠷᠣᠯᠠᠭᠤᠯᠬᠤ ᠬᠤᠷᠰᠢᠶᠠᠨ ᠤ 2000 ᠣᠨ ᠠᠴᠠ ᠨᠠᠰᠢ ᠣᠷᠣᠰᠢᠵᠤ ᠪᠠᠶᠢᠭ᠎ᠠ ᠤᠯᠤᠰ ᠲᠦᠷᠦ᠂ ᠡᠭᠦᠷᠭᠡ ᠬᠠᠷᠢᠭᠤᠴᠠᠯᠭ᠎ᠠ᠂ ᠤᠪᠤᠷ ᠰᠤᠷᠲᠠᠯ ᠪᠠ ᠢᠯᠵᠠᠷᠠᠯ ᠵᠡᠷᠭᠡ ᠠᠰᠠᠭᠤᠳᠠᠯ ᠢ ᠭᠦᠨᠵᠡᠭᠡᠢ ᠡᠷᠢᠵᠦ ᠭᠠᠷᠭᠠᠨ᠎ᠠ᠃    ᠭᠤᠤᠯᠳᠠᠭᠤ ᠵᠠᠷᠤᠳ ᠬᠤᠰᠢᠭᠤᠨ ᠤ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ ᠶᠢᠨ ᠨᠠᠮ ᠤᠨ ᠤᠳᠤᠷᠢᠳᠬᠤ ᠪᠠᠭ ᠵᠢᠴᠢ ᠲᠡᠭᠦᠨ ᠤ ᠭᠡᠰᠢᠭᠦᠨ᠂ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠤᠨ ᠲᠤᠬᠠᠢ ᠲᠤᠰᠬᠠᠭᠰᠠᠨ ᠵᠠᠬᠢᠳᠠᠯ᠂ ᠤᠲᠠᠰᠤ᠂ ᠰᠤᠷᠪᠤᠯᠵᠢᠯᠠᠭ᠎ᠠ ᠶᠢ ᠭᠥᠯᠢᠶᠡᠨ ᠠᠪᠴᠤ ᠰᠢᠢᠳᠪᠤᠷᠢᠯᠡᠨ᠎ᠡ᠂ ᠤᠯᠤᠰ ᠲᠥᠷᠥ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠣᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠶᠢ ᠵᠦᠷᠢᠴᠡᠭᠰᠡᠳ ᠢ ᠢᠯᠡᠴᠢᠯᠡᠨ ᠮᠡᠳᠡᠭᠦᠯᠤᠭ᠍ᠰᠡᠨ ᠪᠠ ᠲᠤᠰᠬᠠᠭᠰᠠᠨ ᠠᠰᠠᠭᠤᠳᠠᠯ  ᠢᠶᠠᠷ ᠭᠤᠤᠯᠳᠠᠯᠭ᠎ᠠ ᠪᠤᠯᠭᠠᠨ᠎ᠠ᠃ ᠪᠤᠰᠤᠳ ᠲᠣᠭᠤᠷᠢᠨ ᠪᠠᠶᠢᠴᠠᠭᠠᠵᠤ ᠬᠦᠯᠢᠶᠡᠨ ᠠᠪᠴᠤ ᠰᠢᠶᠳᠪᠦᠷᠢᠯᠡᠬᠦ ᠬᠦᠷᠢᠶ᠎ᠡ ᠬᠡᠪᠴᠢᠶᠡᠨ ᠳᠤ ᠪᠠᠭᠲᠠᠬᠤ ᠦᠭᠡᠶ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠦᠴᠢᠷ ᠳᠤ ᠲᠤᠰᠢᠶᠠᠨ ᠰᠢᠶᠳᠪᠦᠷᠢᠯᠡᠭᠦᠯᠦᠨ᠎ᠡ᠃    ᠲᠤᠭᠤᠷᠢᠨ ᠪᠠᠶᠢᠴᠠᠭᠠᠬᠤ ᠳᠤᠭᠤᠶᠢᠯᠠᠩ ᠲᠤᠭᠤᠷᠢᠨ ᠪᠠᠶᠢᠴᠠᠭᠠᠬᠤ ᠬᠤᠭᠤᠴᠠᠭᠠᠨ ᠳᠤ᠂ ᠲᠤᠰᠬᠠᠶ ᠵᠢᠵᠢᠭᠦᠷ ᠤᠲᠠᠰᠤ ᠲᠣᠬᠢᠷᠠᠭᠤᠯᠪᠠ᠂ ᠤᠳᠠᠰᠤ᠄ 16604855087 ︵ᠭᠥᠯᠢᠶᠡᠨ ᠠᠪᠴᠤ ᠰᠢᠶᠳᠪᠦᠷᠢᠯᠡᠬᠦ ᠴᠠᠭ᠄ ᠦᠳᠡ  ᠶᠢᠨ ᠡᠮᠦᠨᠡᠬᠢ 8᠄ 30 ᠠᠴᠠ ᠦᠳᠡ ᠶᠢᠨ ᠬᠤᠶᠢᠨᠠᠬᠢ 18᠄ 00︶     ᠲᠤᠰᠬᠠᠢ ᠢᠮᠧᠯ᠄ 16604855087 @ wo.cn     ᠬᠠᠷᠢᠯᠴᠠᠬᠤ ᠵᠠᠬᠢᠳᠠᠯ ᠤᠨ ᠬᠠᠶᠢᠷᠴᠠᠭ᠄    1. ᠵᠠᠷᠤᠳ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠣᠯᠪᠠᠰᠤᠷᠠᠯ ᠤᠨ ᠲᠥᠪ ᠤᠨ ᠡᠭᠦᠳᠡᠨ ᠤ ᠬᠤᠶᠢᠲᠤ ᠲᠠᠯ᠎ᠠ ᠶᠢᠨ ᠤᠬᠠᠭᠤᠯᠭ᠎ᠠ ᠶᠢᠨ ᠪᠤᠯᠤᠩ ᠤᠨ ᠬᠠᠵᠠᠭᠤ ᠳᠠᠬᠢ ᠬᠡᠷᠡᠮ ᠲᠡᠭᠡᠷ᠎ᠡ     2. ᠵᠠᠷᠤᠳ ᠬᠤᠰᠢᠭᠤᠨ ᠤ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶᠠᠨ ᠤ ᠠᠯᠪᠠᠨ ᠠᠰᠠᠷ ᠤᠨ ᠣᠷᠣᠬᠤ ᠡᠭᠦᠳᠡ ᠶᠢᠨ ᠵᠠᠬ᠎ᠠ ᠶᠢᠨ ᠬᠡᠷᠡᠮ ᠲᠡᠭᠡᠷ᠎ᠡ    3. ᠵᠦᠩ ᠬᠤᠸᠠ ᠠᠭᠤᠳᠠᠮ ᠲᠠᠯᠠᠪᠠᠶ ᠶᠢᠨ ᠵᠡᠬᠦᠨ ᠲᠠᠯ᠎ᠠ ︵ᠤᠤᠯ ᠤᠨ ᠵᠠᠰᠠᠭ ᠤᠨ ᠣᠷᠳᠣᠨ ᠤ ᠰᠠᠭᠤᠭᠠᠯᠢ ᠠᠷᠠᠳ ᠤᠨ ᠠᠰᠠᠷ ᠤᠨ ᠬᠤᠶᠢᠨ᠎ᠠ ᠲᠠᠯ᠎ᠠ᠂ ᡁᠢ ᠬᠤᠩ ᠬᠡᠲᠦ ᠳᠡᠯᠭᠡᠭᠦᠷ ᠤᠨ ᠪᠠᠷᠠᠭᠤᠨ ᠲᠠᠯ᠎ᠠ ᠶᠢᠨ ᠲᠡᠮᠦᠷ ᠵᠢᠶᠠᠰᠠ ᠲᠡᠭᠡᠷ᠎ᠡ︶    4. ᠵᠠᠷᠤᠳ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠠᠰᠠᠷ ᠤᠨ ᠵᠡᠭᠦᠨ ᠲᠠᠯ᠎ᠠ ᠶᠢᠨ ᠬᠡᠷᠡᠰᠬᠡ ᠲᠡᠭᠡᠷ᠎ᠡ ︵ᠲᠢᠶᠠᠨ ᠰᠢ ᠵᠢᠶᠠ ᠶᠤᠸᠠᠨ ᠵᠣᠴᠢᠯᠠᠬᠤ ᠭᠠᠵᠠᠷ ᠤᠨ ᠡᠰᠡᠷᠭᠦ ᠲᠠᠯ᠎ᠠ︶   ᠰᠤᠷᠪᠤᠯᠵᠢᠯᠠᠭ᠎ᠠ ᠬᠦᠯᠢᠶᠡᠬᠦ ᠭᠠᠵᠠᠷ᠄ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ  ᠶᠢᠨ ᠪᠣᠯᠪᠠᠰᠤᠷᠠᠯ ᠤᠨ ᠲᠥᠪ ᠤᠨ ᠬᠤᠶᠠᠳᠤᠭᠠᠷ ᠠᠰᠠᠷ ᠤᠨ 1608 ᠲᠠᠰᠤᠭ                     ᠬᠤᠲᠠ ᠶᠢᠨ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ                                                2021 ᠣᠨ ᠤ 3 ᠰᠠᠷ᠎ᠠ ᠶᠢᠨ 16 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号