2021 ᠵᠠᠰᠠᠭ  ᠤᠨ  ᠤᠷᠳᠤᠨ  ᠤ  ᠠᠵᠢᠯ  ᠤᠨ  ᠢᠯᠡᠳᠭᠡᠯ
ᠨᠡᠶᠢᠲᠡᠯᠡᠭᠰᠡᠨ ᠴᠠᠭ᠄
2021/3/24
                         ᠵᠠᠰᠠᠭ  ᠤᠨ  ᠤᠷᠳᠤᠨ  ᠤ  ᠠᠵᠢᠯ  ᠤᠨ  ᠢᠯᠡᠳᠭᠡᠯ 2021 ᠣᠨ ᠤ  3 ᠰᠠᠷ᠎ᠡ   ᠶᠢᠨ 10   ᠤ ᠡᠳᠤᠷ ᠤᠨ ᠵᠠᠷᠤᠳ  ᠬᠤᠰᠢᠭᠤᠨ ᠤ  ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠲᠡᠭᠡᠷ᠎ᠡ                                                                                                 ᠬᠤᠰᠢᠭᠤᠨ ᠤ ᠵᠠᠰᠠᠭ ᠤᠨ ᠤᠷᠳᠤᠨ ᠤ ᠲᠠᠷᠤᠭ᠎ᠠ      ᠡᠷᠳᠡᠨᠢᠬᠦᠤᠲᠥᠯᠥᠭᠡᠯᠡᠭᠴᠢᠳ ᠡ᠄      ᠣᠲᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ ᠶᠡᠭᠡ ᠬᠤᠷᠠᠯ ᠳᠤ ᠠᠵᠢᠯ  ᠤᠨ ᠢᠯᠡᠳᠬᠡᠯ ᠬᠢᠶ᠎ᠠ᠂ ᠬᠢᠨᠠᠨ ᠵᠦᠪᠯᠡᠬᠦ ᠪᠤᠯᠪᠠᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠳᠤᠷᠠᠳᠬᠤ ᠪᠤᠯᠪᠠᠤ᠃      ᠨᠢᠭᠡ᠂ 2020 ᠣᠨ ᠤ ᠠᠵᠢᠯ ᠤᠨ ᠡᠷᠭᠢᠴᠡᠭᠦᠯᠦᠯ      2020 ᠣᠨ ᠪᠣᠯ ᠲᠤᠶᠢᠯ ᠤᠨ ᠶᠡᠷᠦ ᠪᠤᠰᠤ ᠶᠢᠨ ᠨᠢᠭᠡ ᠵᠢᠯ ᠮᠥᠨ᠂ ᠬᠦᠴᠢᠷᠳᠡᠯ ᠵᠢᠱᠢᠭᠰᠡᠨ ᠠᠴᠠ ᠤᠯᠠᠨ ᠪᠤᠯᠪᠠᠴᠤ ᠦᠷ᠎ᠡ ᠪᠦᠲᠦᠮᠵᠢ ᠵᠢᠱᠢᠭᠰᠡᠨ ᠠᠴᠠ ᠰᠠᠶᠢᠨ ᠪᠠᠶᠢᠨ᠎ᠠ᠃ ᠨᠠᠷᠢᠨ ᠪᠤᠳᠤᠯᠢᠶᠠᠨᠲᠠᠶ ᠬᠤᠪᠢᠷᠠᠯᠲᠠ ᠶᠡᠬᠡᠲᠡᠶ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠡᠮᠦᠨ᠎ᠡ᠂ ᠣᠨᠴᠠᠯᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠳᠠᠭᠠᠷᠢᠯᠲᠠ ᠶᠢᠨ ᠡᠮᠤᠨ᠎ᠡ᠂ ᠬᠤᠲᠠ ᠶᠢᠨ ᠨᠠᠮ ᠤᠨ ᠬᠤᠷᠢᠶ᠎ᠡ᠂  ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠬᠤᠰᠢᠭᠤᠨ ᠤ ᠵᠠᠰᠠᠭ ᠤᠨ ᠣᠷᠳᠣᠨ ᠠᠴᠠ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠲᠠᠶᠢᠴᠢᠯᠡᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠨᠢᠭᠡ᠂ ᠬᠤᠶᠠᠷ᠂ ᠭᠤᠷᠪᠠ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠳᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂  ︽ᠵᠢᠷᠭᠤᠭ᠎ᠠ ᠶᠢ ᠲᠤᠭᠳᠠᠭᠤᠨ ᠪᠠᠶᠢᠯᠭᠠᠬᠤ  ︾  ︽ᠵᠢᠷᠭᠤᠭ᠎ᠠ ᠶᠢ ᠪᠠᠲᠤᠯᠠᠬᠤ  ︾ᠡᠭᠦᠷᠭᠡ ᠪᠠᠨ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶ ᠦᠷᠭᠦᠯᠵᠢᠯᠡᠨ ᠲᠣᠭᠲᠠᠭᠤᠨ ᠢᠶᠠᠷ ᠰᠡᠷᠭᠦᠵᠦ᠂ ᠨᠡᠶᠢᠭᠡᠮ ᠡᠶ᠎ᠡ ᠵᠣᠬᠢᠴᠠᠯ ᠲᠠᠢ ᠲᠣᠭᠲᠠᠭᠤᠨ ᠪᠣᠯᠪᠠ᠃ ᠪᠦᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 131.94 ᠳ᠋ᠦᠩᠰᠢᠭᠤᠷ ᠲᠥᠭᠦᠷᠢᠭ ᠭᠦᠷᠴᠤ᠂ 1.5 % ᠲᠤᠷᠤᠬᠰᠢᠯᠠᠪᠠ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ7.99 ᠳ᠋ᠦᠩᠰᠢᠭᠤᠷ ᠲᠥᠭᠦᠷᠢᠭ ᠭᠦᠷᠴᠤ᠂ 9.7%ᠨᠡᠮᠡᠭᠳᠡᠪᠡ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ 31584 ᠲᠥᠭᠦᠷᠢᠭ ᠪᠠ 18402 ᠲᠥᠭᠦᠷᠢᠭ ᠭᠦᠷᠴᠤ᠂ ᠲᠣᠰᠪᠣᠷᠢ 1.9 % ᠪᠠ 9.4 % ᠨᠡᠮᠡᠭᠳᠡᠪᠡ᠃       ︵ᠨᠢᠭᠡ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠴᠢᠬᠤᠯᠠ ᠶᠡᠭᠡ ᠱᠠᠲᠤᠴᠢ ᠴᠢᠨᠠᠷᠲᠠᠶ ᠠᠮᠵᠢᠯᠳᠠ ᠤᠯᠪᠠ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠣᠨᠣᠴᠠᠲᠠᠢ ᠰᠡᠷᠭᠡᠶᠢᠯᠡᠨ ᠡᠵᠡᠮᠳᠡᠪᠡ᠂ ᠬᠢᠵᠢᠭ ᠢ ᠰᠡᠷᠭᠡᠶᠢᠯᠡᠬᠦ ᠪᠡᠯᠡ ᠮᠥᠩᠭᠦ 3200 ᠭᠠᠷᠤᠢ ᠲᠦᠮᠡᠨ ᠲᠥᠭᠦᠷᠢᠭ ᠣᠷᠣᠭᠤᠯᠵᠤ᠂ ᠨᠡᠶᠢᠭᠡᠮ ᠤᠨ ᠲᠤᠰᠠᠯᠠᠮᠵᠢ ᠶᠢ 520 ᠭᠠᠷᠤᠢ ᠲᠦᠮᠡᠨ ᠲᠥᠭᠦᠷᠢᠭ ᠬᠦᠯᠢᠶᠡᠨ ᠠᠪᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠪᠠᠶᠢᠩᠭᠤ ᠶᠢᠨ ᠲᠣᠭᠲᠠᠴᠠ ᠶᠢ ᠪᠠᠶᠢᠭᠤᠯᠵᠤ᠂ ᠪᠥᠭᠡᠮ ᠬᠦᠴᠢᠯ ᠰᠢᠯᠭᠠᠨ ᠪᠠᠶᠢᠴᠠᠭᠠᠬᠤ 4 ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶ᠎ᠠ ︽ᠪᠠᠶᠢᠴᠠᠭᠠᠪᠡᠯ ᠵᠤᠬᠢᠬᠤ ᠪᠦᠬᠦᠨ ᠢ ᠪᠠᠶᠢᠴᠠᠭᠠᠬᠤ᠂ ᠪᠠᠶᠢᠴᠠᠭᠠᠬᠤ ᠳᠤᠷᠠᠲᠠᠢ ᠪᠦᠬᠦᠨ ᠢ ᠪᠠᠶᠢᠴᠠᠭᠠᠬᠤ  ︾ ᠶᠢ ᠪᠡᠶᠡᠯᠡᠭᠦᠯᠪᠡ᠂ ᠡᠩ ᠲᠡᠷᠢᠭᠦᠨ ᠳᠤ ᠪᠦᠬᠦ ᠬᠤᠳᠠ ᠳᠤ  ︽ᠨᠠᠢᠮᠠᠨ ᠲᠦᠷᠦᠯ ᠤᠨ ᠬᠥᠮᠦᠰ  ︾ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠠᠷᠢᠯᠭ᠎ᠠ ᠬᠢᠬᠦ ᠠᠵᠢᠯ ᠢ ᠪᠡᠶᠡᠯᠡᠭᠦᠯᠵᠦ᠂  ︽ ᠭᠠᠳᠠᠨ᠎ᠠ ᠠᠴᠠ ᠤᠷᠤᠭᠤᠯᠤᠭᠰᠠᠨ ᠦᠭᠡᠢ᠂ ᠲᠤᠳᠤᠭᠠᠳᠤ ᠳᠤ ᠪᠠᠨ ᠬᠠᠯᠳᠠᠪᠤᠷᠢᠯᠠᠭᠰᠠᠨ ᠦᠭᠡᠢ  ︾ᠪᠠᠶᠢᠬᠤ ᠬᠠᠷᠠᠯᠲᠠ ᠶᠢ ᠪᠡᠶᠡᠯᠡᠭᠦᠯᠪᠡ᠃ ᠪᠥᠬᠦ ᠨᠠᠮ ᠤᠨ ᠭᠡᠰᠢᠭᠦᠨ ᠺᠠᠳ᠋ᠷ ᠢᠮᠠᠭᠲᠠ ᠡᠮᠦᠨ᠎ᠡ ᠹᠷᠤᠨᠲ ᠳᠤ ᠭᠠᠪᠰᠢᠭᠠᠶᠢᠯᠠᠵᠤ᠂ ᠥᠷᠭᠡᠨ ᠣᠯᠠᠨ ᠡᠮᠴᠢᠯᠡᠭᠡᠨ ᠤ ᠠᠵᠢᠯᠲᠠᠨ ᠨᠢᠭᠡᠳᠦᠭᠡᠷ ᠹᠷᠣᠨᠲ ᠶᠢ ᠪᠠᠲᠤ ᠰᠠᠬᠢᠵᠤ᠂ ᠬᠤᠰᠢᠭᠤᠨ ᠤ ᠠᠷᠠᠳ ᠤᠨ ᠡᠮᠨᠡᠯᠭᠡ  ᠶᠢᠨ ᠬᠤᠷᠢᠶᠠᠨ ᠤ 4 ᠭᠤᠤᠯᠯᠠᠭᠴᠢ ᠡᠮᠴᠢ ᠰᠤᠪᠢᠯᠠᠭᠴᠢ ᠤᠷᠤᠰᠬᠠᠯ ᠰᠥᠷᠥᠨ ᠤᠷᠤᠭᠰᠢᠯᠠᠵᠤ᠂ ᠬᠥᠬᠡᠬᠤᠲᠠ ᠶᠢᠨ ᠨᠢᠰᠭᠡᠯ ᠤᠨ ᠪᠠᠭᠤᠳᠠᠯ ᠤᠨ ᠭᠠᠳᠠᠭᠠᠳᠦ ᠠᠴᠠ ᠤᠷᠤᠵᠦ ᠢᠷᠡᠬᠦ ᠬᠢᠵᠢᠭ ᠢ ᠰᠡᠷᠭᠡᠶᠢᠯᠡᠨ ᠡᠵᠡᠮᠳᠠᠬᠦ ᠠᠵᠢᠯ ᠢ ᠲᠡᠮᠵᠢᠪᠡ ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠰᠡᠳᠬᠢᠯ ᠨᠢᠭᠡᠳᠦᠨ ᠪᠤᠯᠤᠳ ᠭᠡᠷᠡᠮ ᠪᠤᠯᠵᠦ᠂ ᠬᠢᠵᠢᠭ ᠲᠠᠢ ᠲᠡᠮᠡᠴᠡᠬᠦ ᠠᠭᠤᠤ ᠶᠡᠭᠡ ᠵᠣᠷᠢᠭ ᠰᠠᠨᠠᠭ᠎ᠠ ᠶᠢ ᠢᠯᠡᠷᠡᠭᠦᠯᠪᠡ᠃ ᠣᠯᠠᠨ ᠲᠠᠯ᠎ᠠ ᠪᠠᠷ ᠬᠦᠴᠦᠯᠡᠵᠦ ᠠᠵᠤ ᠠᠬᠤᠶᠢᠯᠠᠯ ᠤᠨ ᠬᠦᠴᠢᠷᠳᠡᠯ ᠢ ᠰᠢᠶᠳᠪᠦᠷᠢᠯᠡᠵᠦ᠂ ᠦᠶᠯᠡᠳᠪᠦᠷᠢᠯᠡᠯ ᠢᠶᠠᠨ ᠰᠡᠷᠭᠦᠭᠡᠵᠦ ᠠᠵᠢᠯ ᠢ ᠠᠬᠢᠭᠤᠯᠵᠤ᠂ ᠭᠠᠶᠢᠯᠢ ᠬᠠᠰᠤᠵᠤ ᠰᠦᠶᠳᠬᠡᠯ ᠪᠠᠭᠤᠷᠠᠭᠤᠯᠤᠭᠰᠠᠨ ᠬᠡᠮᠵᠢᠶ᠎ᠡ 1 ᠳ᠋ᠦᠩᠰᠢᠭᠤᠷ ᠲᠥᠭᠦᠷᠢᠭ ᠬᠦᠷᠪᠡ᠂ ᠨᠠᠰᠤᠵᠢᠯ ᠤᠨ ᠠᠰᠠᠷᠠᠮᠵᠢ ᠪᠠ ᠠᠵᠢᠯ ᠤᠨ ᠭᠡᠮᠲᠦᠯ ᠤᠨ ᠳᠠᠭᠠᠳᠬᠠᠯ 2688 ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠠ᠂ ᠠᠵᠤ ᠠᠬᠤᠶᠢᠯᠠᠯ  ᠢ ᠲᠡᠮᠵᠢᠵᠤ ᠠᠵᠢᠯ ᠤᠨ ᠪᠠᠶᠢᠷᠢ  ᠲᠣᠭᠲᠠᠪᠤᠷᠢᠵᠢᠭᠤᠯᠬᠤ ᠪᠠᠯᠠ ᠮᠥᠩᠭᠦ 172 ᠲᠦᠮᠡᠨ ᠲᠥᠭᠦᠷᠢᠭ ᠲᠠᠷᠬᠠᠭᠠᠵᠤ᠂ ᠪᠥᠬᠦ ᠬᠤᠰᠢᠭᠤᠨ ᠤ ᠠᠵᠤ ᠠᠬᠤᠶ ᠶᠢ ᠣᠬᠤᠷᠬᠠᠨ ᠬᠤᠭᠤᠴᠠᠭᠠᠨ ᠳᠤ ᠡᠮᠬᠢ ᠵᠢᠷᠤᠮ ᠲᠠᠢ ᠪᠣᠯᠭᠠᠨ ᠰᠡᠷᠭᠦᠭᠡᠪᠡ᠃      ︵ᠬᠤᠶᠠᠷ︶ ︽ᠭᠤᠷᠪᠠᠨ ᠶᠡᠭᠡ ᠰᠢᠪᠳᠤᠯᠤᠯᠳᠡ ᠶᠢᠨ ᠳᠠᠶᠢᠯᠠᠯᠳᠤᠭᠠᠨ  ︾ ᠰᠢᠢᠳᠪᠦᠷᠢᠲᠦ ᠴᠢᠨᠠᠷᠲᠠᠢ ᠦᠷ᠎ᠡ ᠪᠦᠲᠦᠮᠵᠢ ᠤᠯᠪᠠ᠃ ᠡᠳ᠋ ᠤᠨ ᠵᠠᠰᠠᠭ ᠮᠥᠩᠭᠦᠨ ᠭᠦᠶᠯᠭᠡᠭᠡᠨ ᠤ ᠲᠦᠭᠰᠢᠭᠦᠷᠢ ᠶᠢ ᠬᠦᠴᠤᠯᠡᠨ ᠰᠡᠷᠭᠡᠶᠢᠯᠡᠨ ᠠᠷᠢᠯᠭᠠᠵᠤ᠂ ᠵᠠᠰᠠᠭ ᠤᠨ ᠣᠷᠳᠣᠨ ᠤ ᠳᠠᠯᠳᠠ ᠥᠷᠢ ᠰᠢᠷᠢ ᠶᠢ ᠠᠷᠢᠯᠭᠠᠬᠤ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠤᠨ ᠵᠥᠷᠢᠯᠳᠦᠭᠡᠨ ᠥᠬᠡᠶ ᠲᠠᠩᠰᠠᠨ ᠵᠣᠭᠤᠰ ᠢ ᠲᠦᠯᠤᠬᠦ ᠵᠢᠯ ᠤᠨ ᠡᠭᠦᠷᠭᠡ ᠪᠠᠨ ᠪᠡᠶᠡᠯᠡᠭᠦᠯᠪᠡ᠂ ᠲᠠᠪᠴᠠᠩ ᠤᠨ ᠺᠤᠮᠫᠠᠨᠢ ᠶᠢ ᠪᠤᠳᠠᠳᠦ ᠴᠤᠭᠴᠠᠵᠢᠭᠤᠯᠤᠨ ᠬᠡᠯᠪᠡᠷᠢ ᠪᠠᠨ ᠬᠤᠪᠢᠷᠠᠭᠤᠯᠬᠤ ᠠᠵᠢᠯ ᠲᠦᠷᠭᠡᠳᠴᠦ᠂᠂ ᠬᠠᠤᠯᠢ ᠪᠤᠰᠤ ᠪᠠᠷ ᠪᠠᠯᠠ ᠴᠤᠭᠯᠠᠭᠤᠯᠬᠤ᠂ ᠥᠨᠳᠥᠷ ᠬᠦᠦ ᠲᠠᠢ ᠵᠢᠭᠡᠯᠡᠯᠭᠡ ᠵᠡᠷᠭᠡ ᠲᠤᠰᠬᠠᠶ ᠴᠡᠭᠴᠡᠯᠡᠨ ᠵᠠᠰᠠᠬᠤ ᠠᠵᠢᠯ ᠪᠣᠳᠠᠲᠤ ᠦᠷ᠎ᠡ ᠪᠦᠲᠦᠮᠵᠢ ᠤᠯᠵᠦ᠂ ᠤᠷᠤᠨ ᠪᠦᠰᠡ ᠶᠢᠨ ᠴᠢᠨᠠᠷᠳᠠᠢ ᠮᠦᠩᠭᠦᠨ ᠭᠦᠢᠯᠭᠡᠭᠡᠨ ᠤ  ᠲᠦᠭᠰᠢᠭᠦᠷᠢ ᠡᠭᠦᠰᠬᠦ ᠦᠭᠡᠢ ᠪᠠᠶᠢᠬᠤ ᠶᠢ ᠪᠠᠳᠤᠯᠠᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠤ ᠢᠯᠠᠯᠲᠠ ᠶᠢ ᠤᠯᠪᠠ᠂ ᠶᠠᠳᠠᠭᠤ ᠶᠢ ᠲᠡᠳᠬᠦᠬᠦ 63 ᠲᠦᠷᠦᠯ ᠵᠦᠢᠯ ᠢ ᠬᠡᠷᠡᠭᠵᠢᠭᠦᠯᠵᠦ  1.53 ᠳ᠋ᠦᠩᠰᠢᠭᠤᠷ ᠲᠥᠭᠦᠷᠢᠭ ᠪᠡᠯᠡ ᠣᠷᠣᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠤ᠂ ᠶᠠᠳᠠᠭᠤ  ᠠᠴᠠ ᠠᠩᠭᠢᠵᠢᠷᠠᠭᠤᠯᠬᠤ ᠶᠠᠳᠠᠭᠤ ᠶᠢ ᠪᠠᠭᠠᠰᠬᠠᠬᠤ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠵᠦ᠂ ᠰᠢᠯᠢᠳᠡᠭ ᠠᠮᠵᠢᠯᠳᠠ ᠪᠠᠷ ᠤᠯᠤᠰ᠂ ᠣᠷᠣᠨ ᠪᠠ ᠲᠦᠩᠯᠢᠶᠣᠤ ᠬᠤᠳᠠ ᠶᠢᠨ ᠶᠠᠳᠠᠭᠤ ᠠᠴᠠ ᠠᠩᠬᠢᠵᠢᠷᠠᠭᠤᠯᠤᠬᠰᠡᠨ ᠦᠷ᠎ᠡ ᠪᠦᠲᠦᠮᠵᠢ ᠶᠢ ᠬᠢᠨᠠᠨ ᠰᠢᠯᠭᠠᠬᠤ ᠶᠢ ᠤᠷᠤᠭᠰᠢᠲᠠᠢ ᠥᠩᠭᠡᠷᠡᠭᠡᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠂ ᠤᠷᠴᠢᠨ ᠲᠤᠭᠤᠷᠢᠨ ᠢ  ᠱᠠᠭᠠᠷᠳᠠᠨ ᠪᠠᠶᠢᠴᠠᠭᠠᠵᠦ ᠬᠠᠷᠢᠭᠤ ᠲᠤᠰᠬᠠᠭᠰᠠᠨ ᠠᠮᠢ ᠠᠬᠤᠢ ᠶᠢᠨ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠦ᠂ ᠤᠤᠭᠤᠬᠤ ᠤᠰᠤᠨ ᠤ ᠰᠤᠷᠪᠤᠯᠵᠢ ᠶᠢ ᠰᠤᠯᠢᠬᠤ ᠢᠨᠵᠧᠨᠧᠷᠢᠩ ᠠᠰᠢᠭᠯᠠᠯᠳᠠ ᠳᠤ ᠤᠷᠤᠪᠠ᠂ ᠭᠤᠣᠯ ᠮᠥᠷᠡᠨ ᠨᠠᠭᠤᠷ ᠴᠥᠭᠦᠷᠥᠮ ᠤᠨ ᠠᠬᠠᠯᠠᠬᠴᠢ ᠭᠤᠣᠯ ᠮᠥᠷᠡᠨ ᠨᠠᠭᠤᠷ ᠴᠦᠭᠦᠷᠤᠮ ᠢᠶᠠᠨ ᠴᠠᠭᠳᠠᠨ ᠪᠠᠶᠢᠴᠠᠭᠠᠬᠤ ᠶᠢ ᠪᠠᠶᠢᠩᠭᠤᠵᠢᠭᠤᠯᠬᠤ ᠶᠢ ᠪᠡᠶᠡᠯᠡᠭᠦᠯᠪᠡ᠂  ᠲᠤᠰᠤ ᠨᠡᠮᠡᠬᠦ ᠦᠷᠳᠡᠭᠡ ᠶᠢᠨ ᠲᠤᠰᠤᠨ ᠰᠠᠪᠠ ᠪᠦᠬᠦᠨ ᠢ ᠦᠭᠡᠷᠡᠴᠢᠯᠡᠨ ᠰᠢᠨᠡᠳᠬᠡᠵᠦ᠂ ︽ᠡᠮᠬᠢ ᠵᠠᠮᠪᠠᠷᠠᠭ᠎ᠠ ᠦᠭᠡᠢ ᠪᠤᠬᠢᠷᠳᠤᠯ ᠲᠠᠢ  ︾ᠠᠵᠦ ᠠᠬᠤᠶᠢᠯᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠵᠦ᠂ ᠨᠡᠭᠦᠷᠡᠰᠦ ᠰᠢᠳᠠᠭᠠᠬᠤ ᠭᠦᠸᠧᠯᠦ ᠪᠠ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠵᠦ᠂ ᠡᠮ ᠡᠮᠨᠡᠯᠭᠡ ᠪᠠ ᠠᠵᠤ ᠦᠢᠯᠡᠳᠪᠦᠷᠢ ᠶᠢᠨ ᠬᠠᠶᠠᠭᠳᠠᠮᠠᠯ ᠪᠣᠳᠠᠰ ᠪᠦᠬᠦᠨ ᠢ ᠲᠤᠬᠳᠠᠬᠰᠡᠨ ᠴᠡᠭ ᠲᠤ ᠰᠢᠢᠳᠪᠦᠷᠢᠯᠡᠵᠦ᠂ ᠠᠭᠠᠷ ᠤᠨ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ 333 ᠬᠤᠨᠤᠭ ᠪᠣᠯᠵᠤ᠂ ᠬᠠᠷᠢᠴᠠᠯ  94 % ᠬᠦᠷᠴᠦ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠪᠠ᠃      ︵ᠭᠤᠷᠪᠠ︶ ᠠᠵᠤ ᠦᠢᠯᠡᠰ ᠢ ᠰᠢᠯᠢᠳᠡᠭᠵᠢᠭᠦᠯᠦᠨ ᠳᠡᠰ ᠲᠡᠪᠰᠢᠭᠦᠯᠤᠨ ᠰᠢᠨ᠎ᠡ ᠠᠬᠢᠴᠠ   ᠲᠠᠢ ᠪᠤᠯᠪᠡ᠃ ᠲᠠᠷᠢᠶᠠᠯᠠᠩ ᠮᠠᠯ ᠠᠵᠦ ᠠᠬᠤᠢ ᠶᠢᠨ ᠴᠢᠨᠠᠷ ᠦᠷ᠎ᠡ ᠠᠰᠢᠭ ᠲᠡᠭᠡᠭᠰᠢᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ 19.5 ᠲᠦᠮᠡᠨ ᠮᠦ ᠰᠢᠨ᠎ᠡ ᠪᠠᠷ ᠭᠠᠷᠭᠠᠵᠤ᠂ ᠵᠢᠯ ᠤᠨ ᠠᠮᠤ ᠪᠤᠳᠠᠭᠠᠨ ᠤ ᠶᠡᠷᠦᠩᠬᠡᠢ ᠤᠨᠠᠯᠲᠠ15.4 ᠳ᠋ᠦᠩᠰᠢᠭᠤᠷ ᠵᠢᠩ ᠬᠦᠷᠪᠡ᠃ ᠴᠢᠨᠠᠷ ᠰᠠᠶᠢᠲᠠᠶ ᠠᠮᠤ ᠪᠤᠳᠠᠭᠠᠨ ᠤ ᠢᠨᠵᠧᠨᠧᠷᠢᠩ ᠢ ᠠᠬᠢᠭᠤᠯᠵᠤ᠂  ︽ᠳᠤᠮᠳᠠᠳᠤ ᠤᠯᠤᠰ ᠤᠨ ᠰᠠᠶᠢᠨ ᠠᠮᠤ ᠲᠣᠰᠣ  ︾ ᠶᠢᠨ ᠥᠪᠥᠷ ᠮᠣᠩᠭᠤᠯ ᠤᠨ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠬᠤᠰᠢᠭᠤᠨ ᠤ ᠢᠷᠠᠭᠤ ᠠᠯᠳᠠᠷ ᠤᠯᠪᠠ᠃ ᠮᠠᠯ ᠤᠨ ᠡᠭᠦᠯᠳᠡᠷ ᠤᠨ ᠪᠦᠲᠦᠴᠡ ᠶᠢ ᠰᠢᠯᠢᠳᠡᠭᠵᠢᠭᠦᠯᠵᠦ᠂ 23 ᠲᠦᠮᠡ ᠤᠯᠠᠭᠠᠨ ᠦᠬᠡᠷ ᠢ ᠢᠴᠠᠭᠡᠯ ᠦᠷ᠎ᠡ ᠪᠠᠷ ᠬᠡᠬᠡᠯᠳᠣᠭᠦᠯᠭᠡ  ᠬᠢᠵᠣ  ᠂ ᠦᠬᠡᠷ 50 ᠲᠦᠮᠡ ᠪᠤᠯᠤᠨ ᠨᠡᠮᠡᠭᠳᠡᠵᠦ᠂ ᠬᠤᠨᠢ 200 ᠲᠦᠮᠡ ᠪᠤᠯᠤᠨ ᠪᠠᠭᠠᠰᠴᠦ᠂ ︽ᠬᠤᠨᠢ ᠶᠢ ᠪᠠᠭᠠᠰᠬᠠᠵᠤ ᠦᠬᠡᠷ ᠢ ᠨᠡᠮᠡᠭᠳᠡᠭᠦᠯᠵᠦ᠂ ᠦᠬᠡᠷ ᠢ ᠨᠡᠮᠡᠭᠳᠡᠭᠦᠯᠦᠨ ᠮᠠᠯ ᠠᠵᠤ ᠠᠬᠤᠢ ᠶᠢ ᠬᠥᠭᠵᠢᠭᠦᠯᠵᠦ᠂ ᠴᠢᠨᠠᠷ ᠦᠷ᠎ᠡ ᠠᠰᠢᠭ ᠢ ᠨᠡᠮᠡᠭᠳᠡᠭᠦᠯᠬᠦ  ︾ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠮᠵᠢ ᠲᠤᠪᠤᠶᠢᠮ᠎ᠠ ᠪᠣᠯᠪᠠ᠃ ᠵᠠᠷᠤᠳ ᠤᠨ ᠨᠡᠷᠡᠨ ᠬᠤᠸᠠᠷ᠂ ᠵᠠᠷᠤᠳ ᠤᠨ ᠰᠢᠰᠢ᠂ ᠵᠢᠷᠤᠬᠡ ᠶᠢᠨ ᠰᠤᠪᠤᠳᠯᠢᠭ ᠲᠤᠰᠤᠨ ᠭᠦᠢᠯᠡᠰᠦ ᠪᠦᠬᠦ ᠤᠯᠤᠰ ᠤᠨ ᠨᠡᠷᠡᠲᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ ᠣᠷᠣᠵᠤ᠂ ᠵᠠᠷᠤᠳ ᠨᠤᠳᠤᠭ ᠤᠨ ᠬᠤᠨᠢᠨ ᠤ ᠲᠦᠷᠤᠯ ᠲᠡᠮᠳᠡᠭ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠰᠢᠨᠵᠢ ᠲᠡᠮᠳᠡᠭ ᠢ ᠳᠠᠩᠰᠠᠯᠠᠨ ᠬᠠᠮᠠᠭᠠᠯᠠᠬᠤ ᠡᠩᠨᠡᠭᠡᠨ ᠳᠤ ᠣᠷᠣᠪᠠ᠃ ᠠᠵᠤ ᠦᠶᠯᠡᠳᠪᠦᠷᠢ ᠶᠢᠨ ᠠᠵᠤ ᠠᠬᠤᠢ ᠲᠣᠭᠲᠠᠭᠤᠨ ᠢᠶᠠᠷ ᠨᠡᠮᠡᠭᠳᠡᠵᠦ᠂ 18 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠦᠨ᠂ ᠱᠧᠨ ᠨᠧᠩ 30 ᠲᠦᠮᠡᠨ ᠺᠢᠯᠣᠸᠠᠲ ᠤᠨ ᠰᠠᠯᠬᠢᠨ ᠴᠠᠬᠢᠯᠭᠠᠨ ᠤ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ ᠮᠤ᠋ ᠶᠤᠸᠠᠨ ᠪᠤᠷᠳᠤᠭ᠎ᠠ ᠪᠤᠯᠪᠠᠰᠤᠷᠠᠭᠤᠯᠬᠤ᠂ ᠴᠢᠤ ᠹᠧᠩ ᠲᠠᠷᠢᠶᠠᠯᠠᠩ ᠤᠨ ᠠᠷᠠᠯᠵᠢᠶᠠᠨ  ᠤ ᠲᠦᠷᠤᠯ ᠵᠤᠶᠢᠯ ᠢ ᠲᠤᠰ ᠵᠢᠯ ᠳᠤ ᠠᠵᠢᠯ ᠡᠬᠢᠯᠡᠭᠦᠯᠤᠨ᠂ ᠤᠶᠢᠯᠡᠳᠪᠦᠷᠢᠯᠡᠯ ᠡᠬᠢᠯᠡᠪᠡ᠂  ᠺᠠᠩ ᠨᠠᠢ ᠡᠯ ᠶᠢᠨ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠲᠥᠷᠥᠯ ᠵᠦᠢᠯ ᠤᠨ ᠰᠲ᠋ᠣᠺ ᠤᠨ ᠡᠷᠬᠡ ᠶᠢ ᠰᠢᠯᠵᠢᠭᠦᠯᠦᠨ ᠥᠭᠬᠦ ᠠᠵᠢᠯ ᠴᠢᠬᠤᠯᠠ ᠶᠡᠭᠡ ᠠᠬᠢᠴᠠ ᠲᠠᠢ ᠪᠣᠯᠵᠤ᠂ ᠰᠢᠨ᠎ᠡ ᠪᠠᠷ ᠨᠡᠮᠡᠭᠳᠡᠭᠰᠡᠨ ᠬᠥᠮᠥᠷᠭᠡ ᠳᠤ ᠣᠷᠣᠭᠤᠯᠤᠭᠰᠠᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ 1ᠡᠷᠦᠬᠡ ᠪᠠᠶᠢᠵᠦ᠂  ᠨᠢᠭᠡ ︽ᠦᠬᠦᠰᠢᠷᠡᠮᠡᠯ︾ ᠠᠵᠤ ᠠᠬᠤᠶᠢᠯᠠᠯ ᠢ ᠵᠠᠯᠭᠠᠨ ᠨᠡᠶᠢᠯᠡᠭᠦᠯᠵᠦ ᠠᠵᠢᠯᠯᠠᠭᠤᠯᠵᠤ᠂ ᠵᠠᠷᠤᠳ ᠤᠨ ᠠᠵᠤ ᠦᠶᠯᠡᠳᠪᠦᠷᠢ  ᠶᠢᠨ ᠲᠣᠭᠤᠷᠢᠭ ᠤᠨ ᠶᠡᠷᠦᠩᠬᠡᠢ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ  ︽ᠣᠷᠣᠨ ᠪᠦᠰᠡ ᠶᠢᠨ ᠦᠨᠡᠯᠡᠨ ᠵᠢᠱᠢᠬᠦ︾ ᠠᠵᠢᠯ ᠪᠦᠬᠦ ᠲᠠᠯ᠎ᠠ ᠪᠠᠷ ᠡᠬᠢᠯᠡᠪᠡ᠃ ᠤᠳᠤ ᠦᠶ᠎ᠡ ᠶᠢᠨ ᠤᠶᠢᠯᠡᠴᠢᠯᠡᠭᠡᠨ ᠤ ᠤᠶᠢᠯᠡᠰ ᠦᠷᠨᠢᠨ ᠬᠦᠭᠵᠢᠵᠦ᠂ ᠰᠢᠭᠤᠳ ᠨᠡᠪᠲᠡᠷᠡᠭᠦᠯᠭᠡ ᠪᠠᠷᠠᠭ᠎ᠠ ᠵᠥᠭᠡᠭᠡᠪᠦᠷᠢᠯᠡᠬᠦ ᠵᠡᠷᠭᠡ ᠰᠢᠨ᠎ᠡ ᠬᠡᠯᠪᠡᠷᠢ ᠶᠢᠨ ᠠᠵᠢᠯ ᠲᠦᠷᠤᠯ ᠰᠢᠨ᠎ᠡ ᠬᠡᠷᠡᠭᠯᠡᠭᠡ ᠶᠢ ᠲᠠᠶᠢᠴᠢᠯᠠᠨ᠂ ᠡᠯᠧᠺᠲᠷᠣᠨ ᠬᠤᠳᠠᠯᠳᠤᠭᠠᠨ ᠤ ᠠᠷᠠᠯᠵᠢᠶᠠᠨ ᠤ ᠬᠡᠮᠵᠢᠶ᠎ᠡ 2.8 ᠳ᠋ᠦᠩᠰᠢᠭᠤᠷ ᠲᠥᠭᠦᠷᠢᠭ ᠬᠦᠷᠪᠡ᠃ ᠰᠣᠶᠣᠯ ᠵᠢᠭᠤᠯᠴᠢᠯᠠᠯ ᠤᠨ ᠭᠤᠣᠯᠳᠠᠯᠭ᠎ᠠ ᠲᠠᠢ ᠦᠵᠡᠮᠵᠢ ᠶᠢᠨ ᠣᠷᠣᠨ ᠴᠡᠭ ᠤᠨ ᠬᠡᠪ ᠤᠨ ᠡᠵᠡᠩᠨᠡᠯᠲᠡ ᠶᠢ ᠰᠡᠷᠭᠦᠭᠡᠵᠦ᠂ ᠠᠷᠤ ᠬᠥᠨᠳᠡᠯᠡᠨ ᠤ ᠵᠠᠭᠤᠨ ᠲᠦᠮᠡᠨ ᠮᠦ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ ᠲᠥᠷᠥᠯ ᠵᠦᠢᠯ ᠢ ᠡᠬᠢᠯᠡᠨ ᠬᠡᠷᠡᠭᠵᠢᠭᠦᠯᠪᠡ᠃  ᠪᠠᠬ᠎ᠠ ᠮᠠᠰᠢᠨ ᠲᠡᠷᠭᠡᠨ ᠤ ᠬᠡᠭᠡᠷᠡᠯᠡᠬᠦ ᠷᠠᠯᠢ ᠤᠷᠤᠯᠳᠤᠭᠠᠨ᠂ ᠮᠠᠯᠴᠢᠨ ᠲᠠᠷᠢᠶᠠᠴᠢᠨ ᠤ ᠨᠠᠭᠠᠳᠤᠮ ᠤᠨ ᠬᠤᠷᠠᠯ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠲᠤᠮᠳᠠᠳᠦ ᠤᠯᠤᠰ ᠤᠨ ᠬᠠᠮᠤᠭ ᠭᠤᠶᠤ ᠠᠭᠤᠯᠠᠷᠬᠠᠭ ᠲᠠᠯ᠎ᠠ ᠨᠤᠳᠤᠭ ᠤᠨ ᠨᠡᠷᠡᠳᠦ ᠲᠡᠮᠳᠡᠭ ᠤᠨ ᠨᠦᠯᠤᠭᠡᠯᠡᠬᠦ ᠬᠦᠴᠤᠨ ᠦᠷᠬᠦᠯᠵᠢᠯᠡᠨ ᠲᠡᠭᠡᠭᠰᠢᠯᠡᠪᠡ᠃ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠶᠢᠨ ᠬᠡᠮᠵᠢᠶ᠎ᠡ ᠲᠣᠰᠪᠣᠷᠢ18.2 % ᠪᠠ13.3 % ᠨᠡᠮᠡᠭᠳᠡᠵᠦ᠂ ᠮᠥᠩᠭᠦᠨ ᠭᠦᠢᠯᠭᠡᠭᠡᠨ ᠤ ᠦᠢᠯᠡᠴᠢᠯᠡᠬᠦ ᠴᠢᠳᠠᠪᠤᠷᠢ ᠦᠷᠭᠦᠯᠵᠢᠯᠡᠨ ᠳᠡᠭᠡᠭᠰᠢᠯᠡᠪᠡ᠃      ︵ᠲᠦᠷᠪᠡ︶ ᠠᠮᠢ ᠠᠬᠤᠢ ᠣᠷᠴᠢᠨ ᠲᠣᠭᠤᠷᠢᠨ ᠤ ᠴᠢᠨᠠᠷ ᠴᠢᠨᠰᠠᠭ᠎ᠠ ᠦᠷᠭᠦᠯᠵᠢᠯᠡᠨ ᠰᠠᠶᠢᠵᠢᠷᠠᠪᠠ᠃ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠶᠢ ᠪᠥᠬᠦ ᠲᠠᠯ᠎ᠠ ᠪᠠᠷ ᠴᠢᠩᠭᠠᠳᠬᠠᠨ᠂ 132.3 ᠲᠦᠮᠡᠨ ᠮᠥ ᠨᠤᠲᠤᠭ ᠪᠡᠯᠴᠢᠭᠡᠷ ᠲᠤ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠵᠤ᠂ 72.4 ᠲᠦᠮᠡᠨ ᠮᠥ ᠨᠤᠲᠤᠭ ᠪᠡᠯᠴᠢᠭᠡᠷ ᠲᠤ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠪᠠ᠂  ︽ᠳᠥᠷᠪᠡᠨ ᠱᠠᠲᠤᠨ ᠤ ᠡᠪᠠᠰᠤ ᠮᠠᠯ ᠢ ᠲᠡᠩᠴᠡᠭᠦᠷᠢ  ︾ ᠲᠠᠢ ᠪᠣᠯᠭᠠᠬᠤ ᠡᠭᠦᠷᠭᠡ ᠶᠢ ᠨᠠᠷᠢᠯᠢᠭ ᠨᠠᠶᠢᠳᠠᠪᠤᠷᠢᠵᠢᠭᠤᠯᠵᠤ᠂ ᠨᠤᠳᠤᠭ ᠪᠡᠯᠴᠢᠭᠡᠷ ᠤᠨ ᠠᠮᠢ ᠠᠬᠤᠢ ᠶᠢᠨ ᠦᠷᠬᠦᠯᠵᠢᠯᠡᠨ  ᠰᠠᠶᠢᠵᠢᠷᠠᠬᠤ ᠶᠢ ᠠᠬᠢᠭᠤᠯᠪᠠ᠃ ᠤᠢ ᠰᠢᠭᠤᠢ ᠶᠢᠨ ᠠᠮᠢ ᠠᠬᠤᠢ ᠶᠢ ᠬᠠᠮᠠᠭᠠᠯᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ 44.8 ᠲᠦᠮᠡᠨ ᠮᠦ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠵᠤ᠂ 5 ᠲᠦᠮᠡᠨ ᠮᠦ ᠡᠯᠡᠰᠦ ᠶᠢ ᠵᠠᠰᠠᠵᠤ ᠣᠶᠢᠵᠢᠭᠤᠯᠵᠤ᠂ 5.15 ᠲᠦᠮᠡᠨ ᠮᠦ ᠮᠣᠳᠣ ᠦᠭᠡᠢ ᠤᠢ ᠶᠢᠨ ᠭᠠᠵᠠᠷ ᠮᠤᠳᠤ ᠲᠠᠷᠢᠵᠤ᠂ 2.25 ᠲᠦᠮᠡᠨ ᠮᠦ ᠮᠣᠳᠣ ᠣᠭᠲᠣᠯᠤᠭᠰᠠᠨ ᠭᠠᠵᠠᠷ ᠮᠣᠳᠣ ᠵᠠᠶᠢᠯᠠᠪᠠ᠃ ᠬᠠᠨ ᠠᠭᠤᠯᠠ ᠶᠢᠨ ᠤᠯᠤᠰ  ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠡ ᠬᠤᠶᠠᠷᠬᠤᠸ᠋ᠨ ᠶᠢᠨ ᠨᠤᠭᠤ ᠭᠠᠵᠠᠷ ᠤᠨ ᠤᠰᠤᠨ ᠵᠢᠭᠦᠷᠲᠡᠨ ᠤ  ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠵᠠᠰᠠᠨ ᠴᠡᠭᠴᠡᠯᠡᠬᠦ ᠠᠵᠢᠯ ᠢ ᠬᠦᠴᠦᠲᠡᠶ ᠠᠬᠢᠭᠤᠯᠵᠤ᠂ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢ ᠵᠢᠷᠤᠮᠵᠢᠭᠤᠯᠪᠠ᠃ ᠬᠠᠮᠤᠭ ᠤᠨ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ᠤᠰᠤ ᠠᠪᠬᠤ ᠭᠠᠵᠠᠷ ᠢ ᠳᠠᠩᠰᠠᠯᠠᠨ ᠬᠢᠨᠠᠨ ᠪᠠᠶᠢᠴᠠᠭᠠᠬᠤ ᠠᠵᠢᠯ ᠢ ᠬᠡᠷᠡᠭᠵᠢᠭᠦᠯᠵᠦ᠂ ᠭᠤᠣᠯ ᠮᠥᠷᠡᠨ ᠠᠴᠠ ᠡᠯᠡᠰᠦ ᠠᠪᠬᠤ ᠲᠥᠯᠥᠪᠵᠢᠭᠦᠯᠭᠡ ᠶᠢ ᠪᠡᠶᠡᠯᠡᠭᠦᠯᠪᠡ᠃ ᠦᠨᠳᠦᠰᠦᠨ ᠲᠠᠷᠢᠶ᠎ᠠ ᠶᠢ ᠴᠢᠩᠭ᠎ᠠ ᠬᠠᠮᠠᠭᠠᠯᠠᠵᠤ᠂ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷᠡᠭᠯᠡᠵᠣ ᠭᠡᠷ ᠪᠠᠶᠢᠰᠢᠩ ᠪᠠᠷᠢᠭᠰᠠᠨ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ ᠤᠯᠤᠰ  ᠤᠨ ᠨᠤᠲᠤᠭ ᠳᠡᠪᠢᠰᠬᠡᠷ ᠣᠷᠣᠨ ᠵᠠᠢ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠭᠤᠷᠪᠠᠳᠤᠭᠠᠷ ᠤᠳᠠᠭᠠᠨ ᠤ ᠤᠯᠤᠰ ᠤᠨ ᠨᠤᠲᠤᠭ ᠳᠡᠪᠢᠰᠬᠡᠷ ᠢ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ᠃  ᠠᠭᠤᠷᠬᠠᠢ᠂ ᠴᠢᠯᠠᠭᠤ ᠠᠪᠬᠤ ᠲᠠᠯᠠᠪᠠᠢ ᠶᠢ ᠬᠠᠤᠯᠢ ᠶᠣᠰᠣᠭᠠᠷ ᠴᠡᠭᠴᠡᠯᠡᠨ ᠵᠠᠰᠠᠵᠤ᠂ 4.1 ᠲᠡᠭᠰᠢ ᠳᠥᠷᠪᠡᠯᠵᠢᠨ ᠺᠢᠯᠣᠮᠧᠲᠷ ᠠᠭᠤᠯᠠ ᠠᠭᠤᠷᠬᠠᠶ ᠶᠢ ᠵᠠᠰᠠᠵᠤ᠂ 14 ᠪᠣᠬᠢᠷᠲᠤᠯ ᠥᠬᠡᠶ ᠠᠭᠤᠷᠬᠠᠶ ᠪᠠᠶᠢᠭᠤᠯᠪᠠ᠃     ︵ᠲᠠᠪᠤ︶ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ  ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠠᠬᠢᠭᠤᠯᠵᠤ᠂ 1.9 ᠲᠦᠮᠡᠨ ᠡᠷᠦᠬᠡ ᠶᠢᠨ ᠵᠣᠷᠯᠣᠩ ᠢ ᠥᠭᠡᠷᠡᠴᠢᠯᠡᠨ ᠵᠠᠰᠠᠵᠤ᠂  ᠰᠢᠨᠠᠪᠡᠷ 10 ᠨᠡᠶᠢᠲᠡ ᠶᠢᠨ ᠵᠣᠷᠯᠣᠩ ᠪᠠᠶᠢᠭᠤᠯᠪᠠ᠂ ᠠᠮᠢᠳᠤᠷᠠᠯ ᠤᠨ ᠬᠤᠭ ᠨᠣᠪᠰᠢ ᠪᠣᠬᠢᠷ ᠤᠰᠤ᠂  ᠪᠠᠭᠠᠰᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ᠂ ᠨᠣᠭᠤᠭᠠᠷᠠᠭᠤᠯᠵᠤ ᠭᠤᠶᠤᠵᠢᠭᠤᠯᠤᠬᠰᠡᠨ ᠪᠠᠷᠢᠮᠵᠢᠶ᠎ᠠ ᠳᠤ ᠬᠦᠷᠦᠭᠰᠡᠨ ᠲᠣᠰᠬᠤᠨ ᠢ ᠲᠡᠰ ᠲᠡᠪᠰᠢᠭᠦᠯᠬᠦ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠠᠷᠤ ᠬᠥᠨᠳᠡᠯᠡᠨ ᠪᠠᠯᠭᠠᠰᠤᠨ ᠤ ᠪᠠᠶᠠᠨᠴᠠᠭᠠᠨ ᠭᠠᠴᠠᠭ᠎ᠠ ᠶᠢ ᠤᠯᠤᠰ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠷᠰᠢᠯᠲᠠ ᠶᠢᠨ ᠲᠣᠰᠬᠤᠨ ᠢᠶᠠᠷ ᠲᠣᠭᠲᠠᠭᠠᠵᠤ᠂ ᠪᠠᠶᠠᠷᠳᠤᠬᠤᠰᠢᠭᠤ ᠪᠠᠯᠭᠠᠰᠤᠨ ᠤ ᠲᠦᠪᠰᠢᠨ ᠭᠠᠴᠠᠭ᠎ᠠ ᠶᠢ ᠥᠪᠡᠷᠲᠡᠭᠡᠨ ᠵᠠᠰᠠᠬᠤ ᠣᠷᠣᠨ ᠤ ᠤᠨᠴᠠᠯᠢᠭᠳᠤ ᠭᠠᠴᠠᠭ᠎ᠠ ᠪᠠᠷ ᠲᠣᠭᠲᠠᠭᠠᠪᠠ᠃ 208 ᠮᠤᠵᠢ ᠶᠢᠨ ᠵᠠᠮ ᠢ ᠪᠦᠬᠦ ᠱᠤᠭᠤᠮ ᠢ ᠬᠤᠯᠪᠣᠵᠤ ᠨᠠᠪᠳᠡᠷᠡᠭᠦᠯᠵᠤ᠂ 7000 ᠡᠷᠦᠭᠡ ᠳᠤ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢ ᠤᠷᠤᠭᠤᠯᠤᠨ ᠤᠭᠰᠠᠷᠠᠨ᠂ ᠰᠢᠨᠡᠪᠡᠷ 20.8 ᠲᠦᠮᠡᠨ ᠲᠡᠭᠰᠢ ᠳᠥᠷᠪᠡᠯᠵᠢᠨ ᠮᠧᠲᠷ ᠭᠡᠷ ᠪᠠᠶᠢᠰᠢᠩ ᠭᠠᠵᠠᠷ ᠬᠥᠷᠥᠩᠭᠡ ᠶᠢᠨ ᠪᠠᠷᠢᠯᠭ᠎ᠠ ᠡᠬᠢᠯᠡᠭᠦᠯᠵᠦ᠂ 21 ᠬᠠᠭᠤᠴᠢᠨ ᠰᠠᠭᠤᠭᠠᠯᠢ ᠲᠣᠭᠤᠷᠢᠭ᠂ 2 ᠰᠡᠤᠷᠢ ᠲᠤᠯᠠᠭᠠᠨ ᠬᠠᠩᠭᠠᠬᠤ ᠭᠦᠸᠧᠯᠤ᠂1.5 ᠺᠢᠯᠤᠮᠧᠲᠷ ᠲᠤᠯᠠᠭᠠᠨ ᠬᠠᠩᠭᠠᠬᠤ ᠬᠤᠭᠤᠯᠠᠢ ᠶᠢ ᠦᠭᠡᠷᠡᠴᠢᠯᠡᠨ ᠵᠠᠰᠠᠪᠠ᠃ ᠣᠷᠴᠢᠨ ᠲᠣᠭᠤᠷᠢᠨ  ᠢ ᠶᠡᠷᠦᠩᠬᠡᠶᠢᠯᠡᠨ ᠵᠠᠰᠠᠬᠤ ᠵᠢᠴᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢᠯᠡᠳᠲᠡ ᠦᠷ᠎ᠡ ᠪᠦᠲᠦᠮᠵᠢ ᠣᠯᠵᠤ᠂ 7 ᠥᠪᠡᠷᠲᠡᠭᠡᠨ ᠵᠠᠰᠠᠬᠤ ᠣᠷᠣᠨ ᠤ ᠲᠡᠰ ᠤᠨ ᠠᠷᠢᠭᠤᠨ ᠴᠡᠪᠡᠷ ᠰᠤᠮᠤ ᠪᠠᠯᠭᠠᠰᠤ ᠲᠠᠯᠠᠪᠠᠢ  ᠂ 70 ᠥᠪᠡᠷᠲᠡᠭᠡᠨ ᠵᠠᠰᠠᠬᠤ ᠣᠷᠣᠨ ᠤ ᠲᠡᠰ ᠤᠨ ᠠᠷᠢᠭᠤᠨ ᠴᠡᠪᠡᠷ ᠭᠠᠴᠠᠭ᠎ᠠ ᠲᠣᠰᠬᠤᠨ ᠢ ᠡᠭᠦᠳᠦᠨ ᠪᠠᠶᠢᠭᠤᠯᠪᠠ᠃ 2 ᠬᠠᠰᠤᠵᠤ ᠨᠡᠶᠢᠯᠡᠭᠦᠯᠦᠭᠰᠡᠨ ᠪᠠᠶᠢᠭᠤᠯᠤᠯᠳᠠᠳᠦ ᠭᠠᠴᠠᠭ᠎ᠠ ᠲᠣᠰᠬᠤᠨ ᠤ ᠵᠠᠮ ᠢ ᠬᠠᠲᠠᠭᠤᠷᠠᠭᠤᠯᠬᠤ ᠲᠥᠷᠥᠯ ᠵᠦᠶᠯ  ᠢ ᠬᠡᠷᠡᠭᠵᠢᠭᠦᠯᠵᠦ᠂ 2 ᠰᠠᠭᠤᠷᠢ ᠬᠥᠭᠦᠷᠭᠡ ᠪᠠᠷᠢᠵᠤ᠂ 3 ᠡᠪᠳᠡᠷᠡᠵᠦ ᠴᠤᠭᠤᠷᠠᠭᠰᠠᠨ ᠴᠠᠷᠳᠠᠮᠠᠯ ᠵᠠᠮ᠂ ︽ᠳᠥᠷᠪᠡᠨ ᠰᠠᠶᠢᠨᠳᠠᠢ ᠬᠥᠳᠡᠭᠡ ᠲᠣᠰᠬᠤᠨ  ︾ ᠤ ᠵᠢᠱᠢᠶ᠎ᠡ ᠦᠵᠡᠭᠦᠯᠬᠦ ᠵᠠᠮ ᠢ 4 ᠪᠠᠶᠢᠭᠤᠯᠤᠨ ᠲᠠᠭᠤᠰᠪᠠ᠃ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ  ᠢ 17 ᠪᠡᠶᠡᠯᠡᠭᠦᠯᠵᠦ᠂ ᠮᠠᠯᠴᠢᠨ ᠲᠠᠷᠢᠶᠠᠴᠢᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠪᠠ᠃      ︵ᠵᠢᠷᠭᠤᠭ᠎ᠠ︶ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠤ ᠥᠭᠡᠷᠡᠴᠢᠯᠡᠯᠲᠡ ᠨᠡᠬᠡᠬᠡᠯᠳᠡ ᠤᠯᠠᠮ ᠴᠢᠨᠠᠭᠰᠢᠳᠠ  ᠭᠦᠨᠵᠡᠭᠡᠶᠢᠷᠡᠪᠡ᠃ ᠰᠤᠮᠤ ᠪᠠᠯᠭᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠯᠠᠪᠳᠠᠭᠤᠨ ᠠᠬᠢᠭᠤᠯᠵᠤ᠂ ᠦᠨᠳᠦᠰᠦᠨ ᠱᠠᠲᠤᠨ ᠤ ᠬᠢᠨᠠᠨ ᠵᠥᠪᠰᠢᠶᠡᠷᠡᠬᠦ ᠦᠢᠯᠡᠴᠢᠯᠡᠭᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠲᠠᠰᠤᠷᠠᠯᠲᠠ ᠥᠬᠡᠶ ᠳᠡᠭᠡᠭᠰᠢᠯᠡᠪᠡ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠯᠠᠪᠳᠠᠭᠤᠨ ᠢᠶᠠᠷ ᠠᠬᠢᠵᠤ᠂ ᠪᠠᠶᠢᠭᠤᠯᠤᠮᠵᠢ ᠲᠠᠪᠬᠤᠴᠠᠭᠰᠠᠨ᠂ ᠲᠤᠰᠢᠶᠠᠯ ᠬᠠᠷᠢᠭᠤᠴᠠᠯᠭ᠎ᠠ ᠰᠣᠯᠪᠢᠴᠠᠭᠰᠠᠨ ᠵᠡᠷᠭᠡ ᠠᠰᠠᠭᠤᠳᠠᠯ ᠰᠢᠢᠳᠪᠦᠷᠢᠯᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠤᠷᠤᠭᠰᠢᠲᠠᠶ ᠠᠬᠢᠭᠤᠯᠵᠤ᠂ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢ ᠵᠣᠬᠢᠶᠠᠨ ᠪᠠᠶᠢᠭᠤᠯᠬᠤ ᠠᠵᠢᠯ ᠥᠪᠡᠷᠲᠡᠭᠡᠨ ᠵᠠᠰᠠᠬᠤ ᠣᠷᠣᠨ ᠤ ᠴᠣᠬᠤᠯᠠᠪᠤᠷᠢ ᠶᠢ ᠤᠯᠪᠠ᠃ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢᠳᠡᠪᠬᠢᠳᠠᠢ ᠠᠬᠢᠴᠠ ᠲᠠᠢ ᠪᠤᠯᠵᠦ᠂  ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ  ︾ ᠶᠢ ᠠᠬᠢᠭᠤᠯᠵᠤ᠂ ᠵᠠᠰᠠᠭ ᠵᠠᠬᠢᠷᠭᠠᠨ ᠤ ᠡᠷᠬᠡ ᠶᠢᠨ ᠲᠦᠷᠤᠯ ᠤᠨ ᠨᠠᠷᠢᠨ ᠲᠠᠩᠰᠠ 389 ᠵᠦᠶᠯ᠂ ᠣᠯᠠᠨ ᠨᠡᠶᠢᠲᠡ ᠶᠢᠨ ᠦᠶᠯᠡᠴᠢᠯᠡᠭᠡᠨ ᠤ ᠲᠦᠷᠤᠯ ᠤᠨ ᠨᠠᠷᠢᠨ ᠲᠠᠩᠰᠠ 455 ᠵᠦᠶᠯ ᠢ ᠨᠠᠶᠢᠷᠠᠭᠤᠯᠤᠨ ᠵᠣᠬᠢᠶᠠᠵᠤ ᠨᠡᠶᠢᠲᠡᠯᠡᠨ᠂  ︽ᠨᠢᠭᠡ ᠰᠦᠯᠵᠢᠶ᠎ᠡ ᠪᠠᠷ  ᠪᠦᠭᠦᠨ ᠢ ᠭᠦᠶᠴᠡᠳᠬᠡᠬᠦ  ︾ ᠶᠢ ᠦᠨᠳᠦᠰᠦᠨ ᠳᠡᠭᠡᠨ ᠪᠡᠶᠡᠯᠡᠭᠦᠯᠪᠡ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ︽ᠨᠢᠭᠡ ᠯᠡ ᠤᠳᠠᠭ᠎ᠠ ᠮᠡᠳᠡᠭᠳᠡᠬᠦ᠂ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ᠂ ᠨᠡᠶᠢᠯᠡᠭᠦᠯᠦᠨ ᠬᠢᠨᠠᠨ ᠵᠥᠪᠰᠢᠶᠡᠷᠡᠬᠦ᠂ ᠪᠥᠬᠦ ᠶᠠᠪᠤᠴᠠ ᠳᠤ ᠬᠠᠪᠰᠤᠷᠤᠨ ᠭᠦᠶᠴᠡᠳᠬᠡᠬᠦ  ︾ ᠦᠶᠯᠡᠴᠢᠯᠡᠭᠡᠨ ᠤ ᠲᠦᠷᠢᠮ ᠢ ᠬᠡᠷᠡᠭᠵᠢᠭᠦᠯᠵᠦ᠂  ︽ᠨᠠᠭᠠᠰᠢ ᠴᠠᠭᠠᠰᠢ ᠭᠦᠶᠦᠯᠭᠡᠬᠦ ᠥᠬᠡᠶ︾ ᠲᠦᠷᠤᠯ ᠢ 50 ᠵᠦᠶᠯ ᠪᠣᠯᠭᠠᠨ ᠨᠡᠮᠡᠭᠳᠡᠭᠦᠯᠵᠦ᠂  ︽ᠨᠢᠭᠡ ᠯᠡ ᠤᠳᠠᠭ᠎ᠠ ᠭᠦᠶᠤᠬᠦ  ︾ ᠥᠭᠡᠷᠡᠴᠢᠯᠡᠯᠲᠡ ᠪᠣᠳᠠᠲᠤ ᠦᠷ᠎ᠡ ᠪᠦᠲᠦᠮᠵᠢ ᠤᠯᠪᠠ᠃ ᠠᠷᠠᠯᠵᠢᠶᠠᠴᠢᠨ ᠤᠷᠢᠬᠤ ᠬᠦᠴᠦᠯᠡᠴᠡ ᠪᠠᠨ ᠪᠠᠭᠠᠰᠬᠠᠬᠤ ᠦᠭᠡᠢ ᠪᠠᠶᠢᠬᠤ ᠶᠢ ᠪᠠᠷᠢᠮᠳᠠᠯᠠᠨ᠂  ᠰᠢᠨᠡᠪᠡᠷ ᠭᠡᠷ᠎ᠡ ᠲᠣᠭᠲᠠᠭᠰᠠᠨ ᠲᠥᠷᠥᠯ ᠵᠦᠢᠯ 24 ᠣᠷᠣᠭᠤᠯᠤᠨ ᠠᠪᠴᠢᠷᠠᠵᠤ᠂ 12.16 ᠳ᠋ᠦᠩᠰᠢᠭᠤᠷ ᠲᠥᠭᠦᠷᠢᠭ ᠪᠡᠯᠡ ᠮᠥᠩᠭᠦ ᠪᠣᠳᠠᠲᠠᠶᠢᠵᠢᠭᠤᠯᠪᠠ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ   ᠳᠤ ᠤᠶᠢᠯᠡᠴᠢᠯᠡᠬᠦ ᠪᠠᠨ ᠴᠢᠩᠭᠠᠳᠬᠠᠵᠦ᠂ 239 ᠲᠦᠮᠡᠨ ᠳ᠋ᠣᠯᠯᠠᠷ  ᠭᠠᠳᠠᠭᠠᠳᠦ ᠭᠤᠪᠢᠭᠤᠯᠭ᠎ᠠ ᠡᠭᠦᠳᠪᠡ᠃      ︵ᠲᠤᠯᠤᠭ᠎ᠠ︶ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠶᠢᠨ ᠬᠢᠨᠠᠨ ᠲᠤᠭᠳᠠᠭᠰᠠᠨ ᠠᠷᠠᠳ ᠤᠨ  ᠠᠮᠢᠳᠤᠷᠠᠯ ᠤᠨ ᠲᠦᠷᠤᠯ ᠵᠤᠶᠢᠯ ᠢ 5 ᠭᠡᠷᠡᠭᠵᠢᠭᠦᠯᠵᠦ᠂ ᠤᠯᠠᠨ ᠲᠦᠮᠡᠨ ᠤ ᠠᠩᠬᠠᠷᠤᠯ ᠲᠠᠯᠪᠢᠵᠦ ᠪᠠᠶᠢᠭ᠎ᠠ ᠠᠰᠠᠭᠤᠳᠠᠯ ᠢ ᠰᠢᠢᠳᠪᠤᠷᠢᠯᠡᠪᠡ᠃ ᠬᠤᠲᠠ ᠪᠠᠯᠭᠠᠰᠤᠨ ᠤ 1367 ᠬᠥᠮᠦᠨ ᠳᠤ ᠰᠢᠨ᠎ᠡ ᠪᠠᠷ ᠠᠵᠢᠯ ᠣᠯᠭᠤᠵᠤ᠂ 1984 ᠶᠡᠭᠡ ᠰᠤᠷᠭᠠᠭᠤᠯᠢ ᠲᠡᠭᠦᠰᠦᠭᠰᠡᠨ ᠰᠤᠷᠤᠭᠴᠢ ᠳᠤ ᠠᠵᠢᠯ ᠣᠯᠭᠤᠵᠤ᠂ 4.62 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ  ᠤᠨ ᠨᠠᠰᠤᠵᠢᠯ ᠤᠨ ᠳᠠᠭᠠᠳᠬᠠᠯ ᠤᠨ ᠮᠥᠩᠭᠦ 0.53 ᠲᠦᠮᠡᠨ ᠲᠥᠭᠦᠷᠢᠭ ᠲᠠᠷᠬᠠᠭᠠᠵᠤ᠂ 2.97 ᠲᠦᠮᠡᠨ ᠬᠥᠮᠦᠨ  ᠳᠤ ᠠᠰᠢᠭ ᠬᠦᠷᠳᠡᠭᠡᠪᠡ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ 1.02 ᠳ᠋ᠦᠩᠰᠢᠭᠤᠷ ᠲᠥᠭᠦᠷᠢᠭ ᠲᠠᠷᠬᠠᠭᠠᠵᠦ᠂ 2.76 ᠲᠦᠮᠡᠨ ᠬᠥᠮᠦᠨ ᠳᠤ ᠠᠰᠢᠭ ᠬᠦᠷᠳᠡᠭᠡᠪᠡ᠂ ᠬᠥᠯᠥᠰᠥᠨ ᠠᠵᠢᠯᠴᠢᠨ ᠢ ᠦᠨᠡᠨ ᠨᠡᠷ᠎ᠡ ᠪᠠᠷ ᠨᠢ ᠬᠠᠮᠢᠶᠠᠷᠤᠯᠲᠠ ᠬᠢᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠠᠷᠢᠶᠠᠴᠢᠨ ᠬᠦᠯᠤᠰᠤᠨ ᠠᠵᠢᠯᠴᠢᠨ ᠤ ᠴᠠᠯᠢᠩ ᠢ ᠦᠷᠢᠳᠤᠵᠦ ᠪᠠᠶᠢᠬᠤ ᠠᠰᠠᠭᠤᠳᠠᠯ ᠢ ᠪᠦᠳᠤᠮᠵᠢᠳᠠᠢ ᠰᠢᠢᠳᠪᠤᠷᠢᠯᠡᠪᠡ᠃ ᠤᠯᠤᠰ  ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠴᠢᠩᠭᠠᠳᠬᠠᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠭᠡᠷᠡᠭᠯᠡᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠨᠢᠭᠡᠳᠤᠭᠡᠷ ᠣᠨ ᠠᠴᠠ ᠡᠬᠢᠯᠡᠨ ᠢᠯᠡ ᠪᠠᠷ ᠰᠣᠷᠣᠭᠴᠢ ᠡᠯᠰᠡᠬᠦ᠂ ᠲᠡᠩᠴᠡᠭᠦᠷᠢᠲᠡᠶ ᠠᠩᠬᠢ ᠬᠤᠪᠢᠶᠠᠬᠤ ᠶᠢ ᠪᠡᠶᠡᠯᠡᠭᠦᠯᠵᠦ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ᠵᠢᠩᠬᠢᠨᠢ ᠠᠩᠭᠢ ᠳᠤ ᠡᠯᠰᠡᠭᠳᠡᠭᠰᠡᠨ ᠨᠣᠷᠮ᠎ᠠ ᠢᠯᠡᠷᠭᠡᠢ ᠲᠡᠭᠡᠭᠰᠢᠯᠡᠪᠡ᠂ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠶᠡᠷᠤᠩᠭᠡᠢ ᠠᠰᠠᠷ ᠪᠡ ᠰᠢᠶᠠᠩᠱᠠᠨ ᠭᠤᠣᠯ ᠡᠷᠡᠭᠦᠯ ᠬᠠᠮᠠᠭᠠᠯᠠᠯ ᠤᠨ ᠬᠤᠷᠢᠶᠠᠨ ᠤ ᠡᠭᠦᠳᠡᠨ ᠡᠮᠨᠡᠯᠭᠡ  ᠶᠢᠨ ᠠᠰᠠᠷ ᠠᠰᠢᠭᠯᠠᠯᠳᠠ ᠳᠤ ᠤᠷᠤᠪᠡ  ᠃ ᠪᠦᠬᠦ ᠨᠡᠶᠢᠭᠡᠮ ᠤᠨ ᠤᠰᠤ ᠠᠷᠪᠢᠯᠠᠬᠤ ᠤᠬᠠᠮᠰᠠᠷ ᠴᠢᠩᠭᠠᠷᠠᠵᠤ᠂ ᠤᠯᠤᠰ ᠤᠨ ᠭᠤᠷᠪᠠᠳᠤᠭᠠᠷ ᠪᠦᠯᠦᠭ ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ  ᠶᠢᠨ ᠪᠠᠷᠢᠮᠵᠢᠶ᠎ᠠ ᠳᠤ ᠬᠦᠷᠦᠭᠰᠡᠨ ᠬᠤᠰᠢᠭᠤ ᠪᠣᠯᠪᠠ᠃ ᠠᠮᠤᠭᠤᠯᠠᠩ ᠵᠠᠷᠤᠳ ᠢ ᠪᠦᠲᠦᠭᠡᠨ ᠪᠠᠶᠢᠭᠤᠯᠬᠤ ᠶᠢ ᠯᠠᠪᠳᠠᠭᠤᠨ ᠪᠠᠳᠤᠳᠠᠢ ᠠᠬᠢᠭᠤᠯᠵᠦ᠂ 16 ᠵᠢᠯ ᠳᠠᠷᠠᠭᠠᠯᠠᠨ ᠠᠮᠢᠨ ᠬᠡᠷᠡᠭ ᠪᠦᠬᠦᠨ ᠢ ᠡᠪᠳᠡᠪᠡ᠂ ᠬᠠᠷ᠎ᠠ ᠪᠦᠯᠤᠭ᠍ᠳᠡᠨ ᠬᠠᠷᠬᠢᠰ ᠬᠦᠴᠤᠨ ᠤ ᠡᠪᠰᠡᠯ  ᠪᠦᠯᠤᠭ᠌ ᠢ ᠨᠤᠷᠠᠭᠠᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠠᠮᠵᠢᠯᠲᠠ ᠲᠠᠢ ᠲᠡᠭᠦᠰᠪᠡ᠃  ︽ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠣᠨ︾ ᠤ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠪᠡ᠃ ᠠᠶᠤᠯᠭᠦᠢ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠶᠤᠯᠭᠦᠢ ᠤᠶᠢᠯᠡᠳᠪᠤᠷᠢᠯᠡᠯ ᠤᠨ ᠶᠡᠷᠤᠩᠭᠡᠢ ᠪᠠᠶᠢᠳᠠᠯ ᠲᠤᠭᠳᠠᠭᠤᠨ ᠪᠤᠯᠪᠠ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠪᠠ ᠦᠢᠯᠡᠳᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠤᠢᠭᠡᠢ ᠴᠢᠩᠭᠠᠳᠬᠠᠨ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠪᠠ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠲᠠᠰᠤᠷᠠᠯᠲᠠ ᠤᠢᠭᠡᠢ ᠲᠡᠭᠦᠯᠳᠡᠷᠵᠢᠭᠦᠯᠪᠡ᠃ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠤᠯᠤᠰ ᠤᠨ ︽ᠲᠠᠪᠤᠨ ᠰᠠᠶᠢᠨᠳᠠᠢ︾ ᠰᠢᠶᠠᠨ ᠤ ᠱᠠᠲᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠᠷ ᠦᠨᠡᠯᠡᠭᠳᠡᠪᠡ᠃ ᠰᠢᠨ᠎ᠡ ᠪᠠᠷ ᠪᠠᠶᠢᠭᠤᠯᠤᠭᠰᠠᠨ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ 124 ᠪᠠᠶᠢᠵᠤ᠂ ᠠᠵᠢᠯᠲᠠᠨ ᠠᠵᠢᠯᠴᠢᠨ ᠤ ᠡᠮ ᠡᠮᠨᠡᠯᠭᠡ ᠪᠠᠷ ᠬᠠᠷᠢᠯᠴᠠᠨ ᠬᠠᠪᠰᠤᠷᠤᠯᠴᠠᠬᠤ ᠳᠤ ᠤᠷᠤᠯᠴᠠᠭᠰᠠᠨ ᠪᠠᠶᠢᠭᠤᠯᠭ᠎ᠠ ᠨᠢᠭᠡᠴᠡ177 ᠪᠤᠯᠪᠡ᠃ ᠴᠡᠷᠢᠭ ᠠᠴᠠ ᠬᠠᠯᠠᠭᠳᠠᠭᠰᠠᠳ ᠲᠤ ᠤᠶᠢᠯᠡᠴᠢᠯᠡᠬᠦ ᠰᠢᠰᠲ᠋ᠧᠮ ᠦᠷᠬᠦᠯᠵᠢᠯᠡᠨ ᠪᠦᠷᠢᠨᠰᠢᠨ ᠲᠡᠭᠦᠯᠳᠡᠷᠵᠢᠵᠦ᠂  ᠶᠢᠰᠤᠨ ᠵᠢᠯ ᠲᠠᠷᠠᠭᠠᠯᠠᠨ ︽ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ  ︾ ᠪᠠᠷ ᠦᠨᠡᠯᠡᠭᠳᠡᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠪᠡ᠃ ︽ᠦᠪᠡᠷᠳᠡᠭᠡᠨ ᠵᠠᠰᠠᠬᠤ ᠤᠷᠤᠨ ᠤ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠤᠰᠢᠭᠤ︾ ᠶᠢᠨ ᠢᠷᠠᠭᠤ ᠠᠯᠳᠠᠷ ᠢᠶᠠᠨ ᠬᠠᠮᠠᠭᠠᠯᠠᠪᠠ᠃ ᠬᠠᠤᠯᠢ ᠪᠠᠷ ᠵᠠᠰᠠᠭᠰᠠᠨ ᠵᠠᠰᠠᠭ ᠤᠨ ᠣᠷᠳᠣᠨ ᠤ ᠨᠢᠭᠡᠳᠤᠭᠡᠷ ᠲᠠᠪᠤᠨ ᠵᠢᠯ ᠤᠨ ᠬᠦᠳᠤᠯᠪᠤᠷᠢ ᠪᠡ ︽ᠳᠣᠯᠣᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠠᠵᠢᠯ︾ ᠢ ᠤᠷᠤᠭᠰᠢᠲᠠᠢ ᠪᠡᠶᠡᠯᠡᠭᠦᠯᠪᠡ᠃ 73 ᠬᠤᠪᠢ ᠠᠷᠠᠳ ᠤᠨ ᠲᠥᠯᠥᠭᠡᠯᠡᠭᠴᠢᠳ  ᠤᠨ ᠰᠠᠨᠠᠭᠤᠯᠭ᠎ᠠ᠂ 48 ᠬᠤᠪᠢ ᠤᠯᠤᠰ ᠲᠥᠷᠥ ᠶᠢᠨ ᠵᠥᠪᠯᠡᠯᠭᠡᠨ ᠤ ᠳᠤᠷᠠᠳᠤᠯᠭ᠎ᠠ ᠶᠢ ᠭᠦᠶᠴᠡᠳᠬᠡᠵᠦ᠂ ᠰᠢᠶᠳᠪᠦᠷᠢᠯᠡᠵᠦ ᠬᠠᠷᠢᠭᠤ ᠥᠭᠭᠦᠭᠰᠡᠨ ᠨᠣᠷᠮ᠎ᠠ 100 % ᠬᠥᠷᠪᠡ᠃ ᠪᠦᠬᠦ ᠤᠯᠤᠰ ᠤᠨ ᠳᠣᠯᠣᠳᠤᠭᠠᠷ ᠤᠳᠠᠭᠠᠨ  ᠤ ᠬᠥᠮᠦᠨ ᠠᠮᠠ ᠶᠢ ᠨᠡᠶᠢᠳᠡᠮ ᠪᠠᠶᠢᠴᠠᠭᠠᠬᠤ ᠡᠭᠦᠷᠭᠡ ᠪᠠᠨ ᠪᠦᠬᠦ ᠲᠠᠯ᠎ᠠ ᠪᠠᠷ  ᠪᠡᠶᠡᠯᠡᠭᠦᠯᠪᠡ᠃ ᠬᠢᠨᠠᠨ ᠪᠤᠳᠤᠯᠲᠠ ᠬᠢᠨᠠᠯᠲᠠ ᠶᠢ ᠪᠥᠬᠦ ᠲᠠᠯ᠎ᠠ ᠪᠠᠷ ᠲᠦᠭᠡᠮᠡᠯᠵᠢᠭᠦᠯᠵᠦ᠂ ᠡᠳ᠋ ᠤᠨ ᠵᠠᠰᠠᠭ ᠤᠨ ᠲᠦᠰᠤᠪ ᠢ ᠬᠡᠷᠡᠭᠵᠢᠭᠦᠯᠤᠭ᠍ᠰᠡᠨ ᠪᠡ ᠪᠤᠰᠤᠳ ᠡᠳ᠋ ᠤᠨ ᠵᠠᠰᠠᠭ ᠡᠳ᠋ ᠤᠨ ᠶᠠᠪᠤᠳᠠᠯ ᠤᠨ ᠤᠷᠤᠯᠭ᠎ᠠ ᠵᠠᠷᠤᠯᠭ᠎ᠠ ᠶᠢᠨ ᠬᠢᠨᠠᠨ ᠪᠤᠳᠤᠯᠳᠠ ᠪᠦᠬᠦᠨ ᠢ ᠬᠠᠮᠤᠷᠪᠡ᠃ ᠱᠠᠰᠢᠨ ᠰᠤᠷᠲᠠᠬᠤᠨ᠂ ᠳᠠᠩᠰᠠ ᠡᠪᠬᠡᠮᠡᠯ᠂ ᠲᠡᠦᠬᠡ ᠣᠶᠢᠯᠠᠯᠭ᠎ᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠵᠠᠷ ᠬᠥᠳᠡᠯᠦᠯᠲᠡ᠂ ᠴᠠᠭ ᠠᠭᠤᠷ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠨᠢᠭᠦᠯᠡᠰᠦᠩᠭᠦᠢ ᠦᠢᠯᠡᠰ ᠤᠨ ᠶᠡᠷᠦᠩᠬᠡᠢ ᠨᠡᠶᠢᠭᠡᠮᠯᠢᠭ᠂ ᠶᠠᠳᠠᠭᠤ ᠶᠢ ᠲᠡᠳᠬᠦᠬᠦ ᠶᠢ ᠠᠬᠢᠭᠤᠯᠬᠤ ᠨᠡᠶᠢᠭᠡᠮᠯᠢᠭ᠂ ᠵᠡᠮᠳᠡᠭᠴᠦᠳ᠂ ᠵᠠᠯᠠᠭᠤᠴᠤᠳ ᠪᠠᠭᠠᠴᠤᠳ᠂ ᠡᠮᠡᠭᠲᠡᠶᠢᠴᠦᠳ ᠬᠡᠦᠬᠡᠳ᠂ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ᠂ ᠨᠠᠰᠤᠲᠠᠶᠢᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠪᠦᠬᠦ ᠲᠠᠯ᠎ᠠ ᠪᠠᠷ ᠳᠠᠪᠰᠢᠯᠲᠠ ᠲᠠᠢ ᠪᠣᠯᠪᠠ᠃    ᠲᠥᠯᠥᠭᠡᠯᠡᠭᠴᠢᠳ ᠡ︕ 2020 ᠣᠨ ᠤ ᠭᠤᠣᠯ ᠬᠠᠷᠠᠯᠲᠠ ᠡᠭᠦᠷᠭᠡ ᠪᠠᠨ ᠪᠡᠶᠡᠯᠡᠭᠦᠯᠦᠭᠰᠡᠨ ᠨᠢ  ︽ᠠᠷᠪᠠᠨ ᠭᠤᠷᠪᠠᠳᠤᠭᠠᠷ ᠲᠠᠪᠤᠨ ᠵᠢᠯ  ︾ ᠤᠨ ᠲᠥᠯᠥᠪᠵᠢᠭᠦᠯᠭᠡ ᠠᠮᠵᠢᠯᠲᠠ ᠲᠠᠢ ᠲᠡᠭᠦᠰᠴᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠵᠢᠯ ᠰᠢᠢᠳᠪᠦᠷᠢᠲᠦ ᠴᠢᠨᠠᠷᠲᠠᠢ ᠠᠮᠵᠢᠯᠲᠠ ᠣᠯᠤᠭᠰᠠᠨ ᠢ ᠬᠠᠷᠠᠭᠤᠯᠵᠤ ᠪᠠᠶᠢᠨ᠎ᠠ᠃ ᠲᠠᠪᠤᠨ ᠵᠢᠯ ᠤᠨ ᠲᠤᠷᠰᠢ᠂ ᠬᠥᠭᠵᠢᠯᠲᠡ ᠶᠢᠨ ᠶᠠᠰᠤ ᠴᠢᠨᠠᠷ ᠢᠯᠡᠳᠲᠡ ᠴᠢᠩᠭᠠᠷᠠᠪᠡ᠂ ᠡᠳ᠋ ᠤᠨ ᠵᠠᠰᠠᠭ ᠤᠨ ᠣᠷᠣᠯᠭ᠎ᠠ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ᠂ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠵᠡᠷᠭᠡ ᠲᠤᠭ᠎ᠠ ᠪᠠᠷᠢᠮᠲᠠ ᠦᠨᠡᠨ ᠪᠣᠳᠠᠲᠠᠢ ᠪᠢᠰᠢ ᠪᠠᠶᠢᠬᠤ ᠠᠰᠠᠭᠤᠳᠠᠯ ᠢ ᠡᠷᠡᠰ ᠵᠠᠯᠠᠷᠠᠭᠤᠯᠪᠠ᠃ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠣᠷᠣᠯᠭ᠎ᠠ ᠵᠢᠯ ᠪᠦᠷᠢ ᠲᠤᠮᠳᠠᠴᠢ ᠪᠠᠷ ᠲᠣᠰ ᠪᠦᠷᠢ 6.8% ᠪᠠ 9.4% ᠨᠡᠮᠡᠭᠳᠡᠵᠦ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 43.2% ᠬᠥᠷᠪᠡ᠃  ᠮᠠᠰᠢ ᠤᠯᠠᠨ ᠵᠦᠷᠢᠴᠡᠯ ᠲᠠᠪᠬᠤᠴᠠᠵᠦ᠂ ᠠᠶᠤᠯ ᠲᠦᠭᠰᠢᠭᠦᠷᠢ ᠦᠷᠢᠰᠤᠯᠳᠤᠭᠡᠨ ᠢᠯᠡᠳᠳᠡ ᠨᠡᠮᠡᠭᠳᠡᠭᠰᠡᠨ ᠪᠠᠶᠢᠳᠠᠯ ᠲᠤᠤᠷ᠎ᠠ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠲᠤᠪᠤᠶᠢᠮ᠎ᠠ ᠪᠠᠶᠢᠬᠤ ᠬᠦᠴᠢᠷᠳᠡᠯ ᠢ  ᠢᠯᠠᠨ ᠲᠠᠪᠠᠵᠦ᠂ ︽ᠭᠤᠷᠪᠠ ᠶᠢ ᠪᠠᠳᠤᠯᠠᠬᠤ︾ ᠵᠠᠷᠤᠯᠭ᠎ᠠ ᠶᠢ ᠪᠦᠬᠦ ᠬᠦᠴᠤᠨ ᠢᠶᠠᠷ ᠢᠶᠠᠨ ᠪᠠᠳᠤᠯᠠᠵᠦ᠂ ᠲᠡᠤᠭᠡ  ᠶᠢᠨ ᠦᠷᠢ ᠰᠢᠷᠢ ᠶᠢ ᠴᠢᠷᠮᠠᠶᠢᠨ ᠠᠷᠢᠯᠭᠠᠵᠦ᠂ ᠨᠡᠶᠢᠭᠡᠮ ᠤᠨ ᠶᠡᠭᠡ ᠲᠠᠯ᠎ᠠ ᠶᠢᠨ ᠲᠤᠭᠳᠠᠭᠤᠨ ᠢ  ᠪᠠᠳᠤᠯᠠᠪᠠ᠃ ᠲᠠᠪᠤᠨ ᠵᠢᠯ ᠤᠨ ᠲᠤᠷᠰᠢ᠂ ᠠᠵᠤ ᠦᠢᠯᠡᠰ ᠤᠨ ᠰᠠᠭᠤᠷᠢ ᠤᠯᠠᠮ ᠪᠠᠬᠢᠵᠢᠪᠡ᠃ ᠣᠳᠣ ᠦᠶ᠎ᠡ ᠶᠢᠨ ᠡᠨᠧᠷᠭᠢ᠂ ᠨᠡᠭᠦᠷᠡᠰᠦ ᠴᠠᠬᠢᠯᠭᠠᠨ ᠬᠥᠩᠭᠡᠨ ᠴᠠᠭᠠᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠬᠦᠯᠬᠦ ᠵᠡᠷᠭᠡ ᠭᠤᠤᠯᠯᠠᠬᠤ ᠠᠵᠤ ᠦᠢᠯᠡᠰ   ᠤᠨ  ᠲᠦᠪᠯᠡᠷᠡᠬᠦ ᠤᠶᠢᠯᠡᠳᠤᠯ ᠲᠤᠪᠤᠶᠢᠮ᠎ᠠ ᠢᠯᠡᠷᠡᠭᠦᠯᠵᠦ᠂  ᠲᠠᠬᠢᠯᠳᠠ ᠡᠨᠧᠷᠭᠢ  ᠶᠢᠨ ᠴᠠᠬᠢᠯᠭᠠᠨ ᠬᠦᠴᠤᠨ ᠤ ᠮᠠᠰᠢᠨ ᠴᠤᠭᠴᠠᠯᠠᠪᠤᠷᠢ 113 ᠲᠦᠮᠡᠨ ᠺᠢᠯᠤᠸᠠᠲ ᠬᠦᠷᠴᠦ᠂ ᠪᠦᠬᠦ ᠴᠠᠬᠢᠯᠭᠠᠨ ᠬᠦᠴᠤᠨ ᠤ  ᠮᠠᠰᠢᠨ ᠴᠤᠭᠴᠠᠯᠠᠪᠤᠷᠢ ᠶᠢᠨ ᠬᠤᠪᠢ ᠶᠢᠨ ᠵᠢᠩ ᠤᠨ61.7% ᠶᠢ ᠡᠵᠡᠯᠡᠵᠦ᠂ ᠤᠯᠤᠰ ᠪᠤᠯᠤᠨ ᠦᠪᠡᠷᠳᠡᠭᠡᠨ ᠵᠠᠰᠠᠬᠤ ᠤᠷᠤᠨ ᠤ ᠲᠡᠭᠰᠢᠳᠭᠡᠭᠰᠡᠨ ᠬᠢᠷᠢ ᠬᠡᠮᠵᠢᠶ᠎ᠡ ᠠᠴᠠ ᠦᠨᠳᠤᠷ ᠪᠤᠯᠪᠠ᠃  ᠦᠨᠳᠤᠷ ᠦᠷ᠎ᠡ ᠠᠰᠢᠭᠳᠦ ᠤᠰᠤ ᠠᠷᠪᠢᠯᠠᠬᠤ ᠬᠡᠯᠪᠡᠷᠢ ᠶᠢᠨ ᠲᠠᠷᠢᠮᠠᠯ ᠤᠨ ᠤᠶᠢᠯᠡᠰ ᠲᠠᠷᠢᠶᠠᠯᠠᠩ ᠤᠨ ᠤᠨᠠᠯᠳᠠ ᠦᠷ᠎ᠡ ᠠᠰᠢᠭ ᠨᠡᠮᠡᠭᠳᠡᠬᠦ ᠶᠢ ᠲᠠᠶᠢᠴᠢᠯᠠᠵᠦ᠂ ᠦᠨᠳᠤᠷ ᠪᠠᠷᠢᠮᠵᠢᠶᠠᠳᠦ ᠲᠠᠷᠢᠶᠠᠨ ᠭᠠᠵᠠᠷ 77 ᠲᠦᠮᠡᠨ ᠮᠤ᠋ ᠪᠠᠶᠢᠭᠤᠯᠵᠦ᠂ ᠠᠮᠤ ᠪᠤᠳᠠᠭᠠᠨ ᠤ ᠮᠦ ᠪᠦᠷᠢ ᠶᠢᠨ ᠤᠨᠠᠯᠲᠠ  ᠲᠤᠮᠳᠠᠴᠢ ᠪᠠᠷ 130 ᠺᠢᠯᠣᠭ᠍ᠷᠠᠮ ᠨᠡᠮᠡᠭᠳᠡᠪᠡ᠃  ᠠᠮᠢ ᠠᠬᠤᠢ ᠦᠷ᠎ᠡ ᠠᠰᠢᠭᠳᠦ ᠮᠠᠶ᠋ᠢᠭ ᠤᠨ ᠲᠡᠵᠢᠭᠡᠨ ᠦᠷᠡᠵᠢᠭᠦᠯᠬᠦ ᠤᠶᠢᠯᠡᠰ ᠲᠦᠩᠯᠢᠶᠣᠤ ᠶᠢᠨ ᠬᠤᠶᠢᠲᠤ ᠬᠡᠰᠡᠭ ᠤᠨ ᠤᠳᠤ ᠦᠶ᠎ᠡ  ᠶᠢᠨ ᠮᠠᠯ ᠠᠵᠤ ᠠᠬᠤᠢ ᠶᠢᠨ ᠵᠢᠱᠢᠶ᠎ᠡ ᠦᠵᠡᠭᠦᠯᠬᠦ ᠲᠣᠭᠤᠷᠢᠭ ᠤᠨ ᠪᠦᠳᠤᠭᠡᠨ ᠪᠠᠶᠢᠭᠤᠯᠤᠯᠲᠠ ᠶᠢ ᠬᠦᠳᠤᠯᠤᠨ ᠲᠠᠭᠠᠭᠤᠯᠵᠦ᠂ ᠦᠬᠡᠷ 28 ᠲᠦᠮᠡ ᠨᠡᠮᠡᠭᠳᠡᠨ᠂ ᠬᠤᠨᠢ 220 ᠲᠦᠮᠡ ᠪᠠᠭᠠᠰᠴᠤ᠂ ᠦᠬᠡᠷ ᠤᠨ ᠠᠵᠤ ᠦᠢᠯᠡᠰ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠤᠨ ᠶᠠᠳᠠᠭᠤ ᠠᠴᠠ ᠠᠩᠬᠢᠵᠢᠷᠠᠭᠤᠯᠵᠦ᠂ ᠲᠠᠯ᠎ᠠ ᠨᠤᠳᠤᠭ ᠲᠤ ᠨᠤᠭᠤᠭᠠᠨ ᠢ ᠨᠡᠮᠡᠭᠳᠡᠭᠦᠯᠤᠨ᠂ ᠮᠠᠯᠴᠢᠨ ᠲᠠᠷᠢᠶᠠᠴᠢᠨ ᠤ ᠪᠠᠶᠠᠵᠢᠨ ᠴᠢᠨᠡᠭᠡᠯᠢᠭᠵᠢᠬᠦ ᠶᠢ ᠠᠬᠢᠭᠤᠯᠪᠠ᠃ ᠡᠯᠧᠺᠲᠷᠤᠨ ᠠᠷᠠᠯᠵᠢᠶᠠᠨ ᠤ ᠶᠡᠷᠦᠩᠬᠡᠢ ᠬᠡᠮᠵᠢᠶ᠎ᠡ 10 ᠳ᠋ᠦᠩᠰᠢᠭᠤᠷ ᠲᠥᠭᠦᠷᠢᠭ ᠬᠦᠷᠴᠦ᠂  ᠬᠤᠷᠴᠢᠨ ᠤ 500 ᠺᠢᠯᠤᠮᠧᠲᠷ  ᠤᠨ ᠦᠵᠡᠮᠵᠢ ᠶᠢᠨ ᠵᠠᠮ   ᠤᠨ ᠵᠠᠷᠤᠳ ᠬᠡᠰᠡᠭ ᠤᠨ ᠬᠠᠮᠤᠭ ᠭᠤᠶᠤ ᠠᠭᠤᠯᠠᠷᠬᠠᠭ ᠲᠠᠯ᠎ᠠ ᠨᠤᠳᠤᠭ ᠤᠨ ᠦᠵᠡᠮᠵᠢ  ᠶᠢᠨ ᠱᠤᠭᠤᠮ ᠢ ᠪᠠᠶᠢᠭᠤᠯᠪᠠ᠃ ᠲᠠᠪᠤᠨ ᠵᠢᠯ ᠤᠨ ᠲᠤᠷᠰᠢ᠂ ᠬᠤᠲᠠ ᠬᠥᠳᠡᠭᠡ ᠶᠢᠨ ᠳᠦᠷᠢ ᠲᠥᠷᠬᠦ ᠴᠣ ᠰᠢᠨ᠎ᠡ ᠬᠤᠪᠢᠷᠠᠯᠳᠡ ᠲᠠᠢ ᠪᠤᠯᠪᠡ  ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ  ᠪᠦᠬᠦ ᠲᠠᠯ᠎ᠠ ᠪᠠᠷ ᠰᠠᠶᠢᠵᠢᠷᠠᠵᠦ᠂ ᠯᠦᠪᠸᠢ ᠪᠠᠯᠭᠠᠰᠤᠨ ᠤ ᠶᠡᠭᠡ ᠪᠡᠶ᠎ᠡ ᠲᠣᠰᠬᠤᠨ ᠪᠥᠬᠦ ᠤᠯᠤᠰ ᠤᠨ ᠬᠥᠳᠡᠭᠡ ᠲᠣᠰᠬᠤᠨ  ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠭᠳᠡᠵᠦ᠂ ᠰᠢᠶᠠᠩᠱᠠᠨ ᠪᠠᠯᠭᠠᠰᠤᠨ ᠤ ᠾᠧᠳᠦ᠋ᠩ ᠲᠣᠰᠬᠤᠨ ᠪᠤᠯᠤᠨ ᠪᠠᠶᠠᠨᠲᠠᠯ᠎ᠠ ᠰᠤᠮᠤ ᠶᠢᠨ ᠪᠠᠷᠠᠭᠤᠨ ᠪᠠᠶᠠᠨᠲᠠᠯ᠎ᠠ ᠲᠣᠰᠬᠤᠨ ᠤᠯᠤᠰ ᠤᠨ ᠲᠠᠰ ᠤᠨ ᠣᠶ ᠰᠢᠭᠤᠶᠢᠳᠦ ᠬᠥᠳᠡᠭᠡ ᠲᠣᠰᠬᠤᠨ ᠢᠶᠠᠷ ᠦᠨᠡᠯᠡᠭᠳᠡᠪᠡ᠃ ᠯᠦᠪᠸᠢ ᠪᠠᠯᠭᠠᠰᠤᠨ ᠤ ᠭᠤᠣᠯ ᠬᠤᠲᠠ ᠲᠣᠭᠤᠷᠢᠭ ᠲᠤ ᠤᠰᠤ ᠬᠠᠩᠭᠠᠬᠤ᠂ ᠢᠯᠴᠢ ᠬᠠᠩᠭᠠᠬᠤ᠂ ᠪᠤᠬᠢᠷᠳᠤᠯ ᠢ ᠭᠠᠳᠠᠭᠰᠢᠯᠠᠭᠤᠯᠬᠤ ᠬᠤᠭᠤᠯᠠᠢ ᠲᠤᠤᠷ ᠢ 70.4 ᠺᠢᠯᠤᠮᠧᠲᠷ ᠥᠭᠡᠷᠡᠴᠢᠯᠡᠨ ᠲᠠᠰ ᠲᠡᠪᠰᠢᠬᠦᠯᠵᠦ᠂ ᠬᠤᠲᠠ ᠪᠠᠯᠭᠠᠰᠤᠨ ᠤ ᠨᠣᠭᠤᠭᠠᠷᠠᠭᠤᠯᠤᠭᠰᠠᠨ ᠨᠣᠷᠮ᠎ᠠ 35.9% ᠬᠦᠷᠪᠡ᠂ 1838 ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠭᠡᠷ ᠪᠠᠶᠢᠰᠢᠩ ᠢ ᠲᠠᠳᠠᠪᠤᠷᠢᠯᠠᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠡᠦᠬᠡ   ᠶᠢᠨ ᠦᠯᠡᠳᠡᠭᠳᠡᠯ ᠠᠰᠠᠭᠤᠳᠠᠯ ᠢ ᠰᠢᠢᠳᠪᠤᠷᠢᠯᠡᠨ᠂ 2000 ᠭᠠᠷᠤᠢ ᠥᠯᠥ ᠬᠥᠳᠡᠯᠬᠦ ᠬᠥᠷᠥᠩᠭᠡ ᠲᠠᠩᠰᠠᠯᠠᠭᠰᠠᠨ ᠦᠨᠡᠮᠯᠡᠯ ᠲᠠᠷᠬᠠᠭᠠᠪᠡ᠃ ᠬᠤᠲᠠ ᠶᠢᠨ ᠬᠠᠤᠯᠢ ᠬᠡᠷᠡᠭᠵᠢᠭᠦᠯᠦᠯᠲᠡ᠂ ᠨᠡᠶᠢᠭᠡᠮ ᠲᠣᠭᠤᠷᠢᠭ ᠤᠨ ᠦᠶᠯᠡᠴᠢᠯᠡᠭᠡ᠂ ᠠᠳᠠᠯ ᠠᠬᠤᠶ ᠶᠢᠨ ᠬᠠᠮᠢᠶᠠᠷᠤᠯᠲᠠ ᠨᠠᠩ  ᠵᠢᠷᠤᠮᠵᠢᠪᠠ᠃ ᠲᠠᠪᠤᠨ ᠵᠢᠯ  ᠤᠨ ᠲᠤᠷᠰᠢ᠂ ᠰᠠᠭᠤᠷᠢ ᠪᠠᠲᠤᠯᠠᠭ᠎ᠠ ᠶᠢᠨ ᠴᠢᠳᠠᠪᠤᠷᠢ ᠮᠡᠳᠡᠭᠳᠡᠮ᠎ᠡ ᠲᠡᠭᠡᠭᠰᠢᠯᠡᠪᠡ  ᠃ ᠲᠦᠩᠯᠢᠶᠣᠤ ᠠᠴᠠ ᠯᠦᠪᠸᠢ ᠬᠦᠷᠬᠦ ᠲᠦᠷᠭᠡᠨ ᠵᠠᠮ᠂ 208 ᠮᠤᠵᠢ ᠶᠢᠨ ᠲᠡᠰ ᠤᠨ ᠵᠠᠮ ᠪᠠᠷᠢᠯᠭ᠎ᠠ ᠳᠠᠭᠤᠰᠴᠤ ᠲᠡᠷᠭᠡ ᠨᠡᠪᠲᠡᠷᠡᠵᠦ᠂ ᠮᠠᠯᠵᠢᠬᠤ ᠲᠠᠷᠢᠶᠠᠯᠠᠬᠤ ᠤᠷᠤᠨ ᠤ ᠪᠠᠶᠢᠭᠤᠯᠤᠯᠳᠠᠳᠦ ᠲᠤᠰᠬᠤᠨ ᠪᠦᠷᠢ ᠳᠤ ᠱᠤᠶᠢᠨᠢ ᠵᠠᠮ ᠨᠡᠪᠳᠡᠷᠡᠭᠦᠯᠵᠦ᠂  ᠨᠡᠶᠢᠳᠡ ᠶᠢᠨ ᠮᠠᠰᠢᠨ ᠰᠤᠮᠤ ᠪᠠᠯᠭᠠᠰᠤ ᠲᠠᠯᠠᠪᠠᠢ  ᠪᠦᠷᠢ ᠳᠤ  ᠨᠡᠪᠳᠡᠷᠡᠵᠦ᠂  ᠦᠷᠭᠡᠨ ᠤᠯᠠᠨ ᠮᠠᠯᠴᠢᠨ ᠲᠠᠷᠢᠶᠠᠴᠢᠨ ᠶᠠᠪᠤᠵᠤ ᠰᠠᠭᠤᠬᠤ ᠳᠤ ᠨᠠᠩ ᠳᠥᠭᠦᠮ ᠳᠥᠲᠡ ᠪᠣᠯᠪᠠ᠃ 4 G ᠰᠦᠯᠵᠢᠶ᠎ᠡ ᠶᠢ ᠪᠥᠬᠦ ᠬᠤᠰᠢᠭᠤᠨ ᠳᠤ ᠪᠥᠷᠬᠦᠭᠦᠯᠵᠦ᠂ 5 G ᠰᠦᠯᠵᠢᠶ᠎ᠡ ᠶᠢ ᠭᠤᠤᠯ ᠬᠤᠲᠠ ᠶᠢᠨ ᠲᠣᠭᠤᠷᠢᠭ ᠲᠤ ᠪᠥᠷᠬᠦᠭᠦᠯᠵᠦ᠂ ᠮᠡᠳᠡᠭᠡ ᠵᠠᠩᠭᠢ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠴᠢᠳᠠᠪᠤᠷᠢ ᠢᠯᠡᠳᠲᠡ ᠴᠢᠩᠭᠠᠷᠠᠪᠡ᠃  ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠢ 280 ᠬᠡᠷᠡᠭᠵᠢᠭᠦᠯᠵᠦ᠂ ᠠᠮᠠᠷᠬᠠᠨ ᠠᠭᠤᠯᠠᠨ ᠦᠶᠡᠷ  ᠪᠠᠭᠤᠳᠠᠭ 77 ᠭᠠᠴᠠᠭ᠎ᠠ ᠲᠣᠰᠬᠤᠨ ᠢ ᠵᠠᠰᠠᠵᠤ᠂  ᠮᠤᠳᠦ ᠤᠰᠤᠨ ᠴᠥᠭᠦᠷᠥᠮ ᠤᠨ  ᠪᠦᠬᠦ ᠪᠠᠷᠢᠯᠭ᠎ᠠ ᠶᠢ ᠲᠠᠭᠤᠰᠬᠠᠪᠡ᠃ ᠲᠠᠪᠤᠨ ᠵᠢᠯ ᠤᠨ ᠲᠤᠷᠰᠢ᠂ ᠠᠮᠢ ᠠᠬᠤᠶ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠪᠡ  ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠭᠰᠠᠨ ᠵᠢᠴᠢ  ︽ᠡᠷᠬᠢᠨ ᠬᠠᠷᠠᠬᠤ  ︾ ᠪᠡ ᠨᠤᠳᠤᠭ ᠪᠡᠯᠴᠢᠭᠡᠷ ᠤᠨ ᠠᠮᠢ ᠠᠬᠤᠢ ᠤᠷᠴᠢᠨ ᠲᠤᠭᠤᠷᠢᠨ ᠤ ᠠᠰᠠᠭᠤᠳᠠᠯ ᠢ ᠲᠤᠰᠬᠠᠢ ᠰᠢᠮᠳᠠᠭᠤᠯᠤᠨ ᠪᠠᠶᠢᠴᠠᠭᠠᠵᠦ ᠬᠠᠷᠢᠭᠤ ᠲᠤᠰᠬᠠᠭᠰᠠᠨ ᠰᠠᠨᠠᠯ ᠪᠦᠬᠦᠨ ᠢ ᠴᠡᠭᠴᠡᠯᠡᠨ ᠰᠠᠶᠢᠵᠢᠷᠠᠭᠤᠯᠵᠤ ᠲᠠᠭᠤᠰᠬᠠᠵᠦ᠂ ᠬᠤᠶᠢᠳᠦ ᠬᠡᠰᠡᠭ ᠤᠨ ᠴᠠᠬᠢᠯᠭᠠᠨ ᠵᠠᠳᠠᠯᠤᠯ ᠤᠨ ᠬᠥᠩᠭᠡᠨ ᠴᠠᠭᠠᠨ ᠤ ᠠᠵᠤ ᠠᠬᠤᠶᠢᠯᠠᠯ ᠤᠳᠤᠭ᠎ᠠ ᠲᠤᠭᠤᠰᠤ ᠪᠠᠨ ᠲᠤᠷ᠎ᠡ ᠲᠠᠪᠡ ᠢᠶᠠᠷ ᠭᠠᠳᠠᠭᠰᠢᠯᠠᠭᠤᠯᠬᠤ ᠠᠰᠠᠭᠤᠳᠠᠯ ᠢ  ᠬᠦᠴᠤᠳᠠᠢ ᠰᠢᠢᠳᠪᠦᠷᠢᠯᠡᠵᠦ᠂ ᠭᠤᠣᠯ ᠬᠤᠲᠠ ᠲᠣᠭᠤᠷᠢᠭ ᠤᠨ 10 ᠠᠭᠤᠷ  ᠤᠨ ᠲᠣᠨ ᠵᠢᠴᠢ ᠲᠡᠭᠦᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠵᠢᠵᠢᠭ ᠭᠦᠸᠧᠯᠦ ᠶᠢ  ᠲᠠᠶᠠᠭᠳᠠᠭᠤᠯᠤᠨ ᠦᠭᠡᠷᠡᠴᠢᠯᠡᠵᠦ᠂   ᠨᠤᠳᠤᠭ ᠪᠡᠯᠴᠢᠭᠡᠷ ᠢ ᠲᠠᠳᠠᠪᠤᠷᠢᠯᠠᠬᠤ  ᠡᠵᠡᠯᠡᠨ ᠬᠡᠷᠡᠭᠯᠡᠬᠦ ᠳᠤ ᠬᠢᠨᠠᠨ ᠵᠦᠪᠰᠢᠶᠡᠷᠡᠭᠦᠯᠬᠦ ᠭᠠᠷ ᠭᠦᠢᠴᠡᠳᠭᠡᠯ ᠬᠢᠭᠰᠡᠨ ᠦᠭᠡᠢ ᠠᠰᠠᠭᠤᠳᠠᠯ ᠪᠦᠬᠦᠨ ᠢ ᠴᠡᠭᠴᠡᠯᠡᠨ ᠰᠠᠶᠢᠵᠢᠷᠠᠭᠤᠯᠵᠦ ᠲᠠᠭᠤᠰᠬᠠᠪᠠ᠃ ᠪᠥᠬᠦ ᠬᠤᠰᠢᠭᠤᠨ ᠤ ᠣᠶ ᠰᠢᠭᠤᠶ ᠶᠢᠨ ᠪᠦᠷᠬᠦᠴᠡ ᠶᠢᠨ ᠨᠣᠷᠮ᠎ᠠ 32.84% ᠬᠦᠷᠴᠦ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ 61.7% ᠬᠦᠷᠴᠦ᠂ ᠠᠮᠢ ᠠᠬᠤᠶ ᠶᠢ ᠬᠠᠮᠠᠭᠠᠯᠠᠯᠳᠠ ᠬᠢᠭᠰᠡᠨ ᠲᠠᠯᠠᠪᠠᠢ ᠪᠥᠬᠦ ᠭᠠᠵᠠᠷ ᠰᠢᠷᠤᠢ ᠶᠢᠨ ᠲᠠᠯᠠᠪᠠᠶ ᠶᠢᠨ 41.47% ᠬᠦᠷᠪᠡ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ 20 ᠵᠢᠯ ᠳᠠᠷᠠᠭᠠᠯᠠᠨ ︽ᠭᠤᠷᠪᠠ ᠥᠬᠡᠶ︾ ᠬᠠᠷᠠᠯᠲᠠ ᠶᠢ  ᠪᠡᠶᠡᠯᠡᠭᠦᠯᠵᠦ᠂ ᠪᠦᠬᠦ ᠬᠤᠰᠢᠭᠤᠨ ᠤ ᠵᠢᠯ ᠤᠨ ᠲᠤᠮᠳᠠᠴᠢ ᠬᠤᠷ᠎ᠠ ᠲᠤᠨᠤᠳᠠᠰᠤ ᠶᠢᠨ ᠬᠡᠮᠵᠢᠶ᠎ᠠ 5.7 ᠮᠢᠯᠢᠮᠧᠲᠷ ᠨᠡᠮᠡᠭᠳᠡᠪᠡ᠃ ᠬᠤᠶᠢᠲᠤ ᠬᠡᠰᠡᠭ ᠤᠨ 380 ᠲᠦᠮᠡᠨ ᠮᠥ ᠲᠥᠪᠯᠡᠷᠡᠨ ᠵᠠᠯᠭᠠᠯᠳᠤᠭᠰᠠᠨ ᠠᠮᠢ ᠠᠬᠤᠶ ᠶᠢᠨ ᠴᠢᠳᠠᠮᠵᠢᠲᠤ ᠣᠷᠣᠨ ᠢ ᠪᠠᠶᠢᠭᠤᠯᠵᠦ᠂  ᠤᠰᠤᠨ ᠰᠤᠷᠪᠤᠯᠵᠢ ᠶᠢ ᠬᠠᠳᠠᠭᠠᠯᠠᠬᠤ ᠴᠢᠳᠠᠮᠵᠢ ᠪᠡ ᠠᠮᠢᠳᠦ ᠪᠤᠳᠠᠰ ᠤᠨ ᠤᠯᠠᠨ ᠶᠠᠩᠵᠤᠳᠦ ᠴᠢᠨᠠᠷ ᠢᠯᠡᠳᠳᠡ ᠲᠡᠭᠡᠭᠰᠢᠯᠡᠵᠦ᠂ ᠪᠤᠬᠢᠷᠳᠤᠯ ᠦᠭᠡᠢ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤ ᠴᠤᠭᠴᠠᠯᠠᠪᠠ᠃ ᠲᠠᠪᠤᠨ ᠵᠢᠯ ᠤᠨ ᠲᠤᠷᠰᠢ᠂ ᠤᠯᠠᠨ ᠲᠦᠮᠡᠨ ᠤ ᠪᠤᠶᠠᠨ ᠬᠡᠰᠢᠭ ᠪᠥᠬᠦ ᠲᠠᠯ᠎ᠠ ᠪᠠᠷ ᠲᠡᠭᠡᠭᠰᠢᠯᠡᠪᠡ᠃ ᠠᠷᠠᠳ ᠤᠨ ᠠᠮᠢᠳᠤᠷᠠᠯ ᠤᠨ ᠵᠠᠷᠤᠯᠭ᠎ᠠ ᠨᠡᠶᠢᠲᠡ127.17 ᠳ᠋ᠦᠩᠰᠢᠭᠤᠷ ᠲᠥᠭᠦᠷᠢᠭ ᠬᠦᠷᠴᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠶᠡᠷᠦᠩᠬᠡᠶ ᠵᠠᠷᠤᠯᠭ᠎ᠠ ᠶᠢᠨ 70 % ᠶᠢ ᠡᠵᠡᠯᠡᠪᠡ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠰᠢᠶᠳᠪᠦᠷᠢᠲᠦ ᠴᠢᠨᠠᠷᠲᠠᠶ ᠢᠯᠠᠯᠲᠠ ᠣᠯᠵᠤ᠂ ᠲᠠᠩᠰᠠ ᠪᠠ ᠺᠠᠷᠲ ᠲᠠᠢ 21588 ᠶᠠᠳᠠᠭᠤ ᠬᠦᠴᠢᠷᠳᠡᠯᠲᠡᠶ ᠬᠥᠮᠦᠨ ᠠᠮᠠ ᠶᠠᠳᠠᠭᠤ ᠠᠴᠠ ᠠᠩᠬᠢᠵᠢᠷᠠᠵᠦ᠂  ᠬᠥᠮᠦᠨ ᠳᠤᠮᠳᠠᠴᠢ ᠶᠢᠨ ᠣᠷᠣᠯᠭ᠎ᠠ 2623 ᠲᠥᠭᠦᠷᠢᠭ ᠪᠠᠶᠢᠭᠰᠠᠨ ᠠᠴᠠ  ᠪᠠᠨ ᠨᠡᠮᠡᠭᠳᠡᠭᠡᠳ 13889 ᠲᠥᠭᠦᠷᠢᠭ ᠪᠤᠯᠪᠠ᠂  ᠬᠠᠮᠳᠦ ᠶᠢᠨ ᠠᠵᠦ ᠠᠬᠤᠢ ᠦᠭᠡᠢ ᠭᠠᠴᠠᠭ᠎ᠠ ᠲᠤᠰᠬᠤᠨ ᠢ  ᠪᠦᠬᠦ ᠲᠠᠯ᠎ᠠ ᠪᠠᠷ ᠦᠭᠡᠶᠢᠰᠭᠡᠵᠦ᠂ 2 ᠭᠠᠴᠠᠭ᠎ᠠ ᠲᠤᠰᠬᠤᠨ ᠤ ᠱᠦᠵᠢ ᠪᠦᠬᠦ ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠭᠰᠠᠨ ᠲᠡᠷᠢᠭᠦᠨ ᠤ ᠬᠤᠪᠢ ᠬᠦᠮᠤᠨ ᠤ ᠢᠷᠠᠭᠤ ᠠᠯᠳᠠᠷ ᠢ ᠬᠦᠷᠳᠡᠪᠡ᠂  ︽ᠶᠠᠳᠠᠭᠤ ᠶᠢ ᠵᠥᠪᠯᠡᠬᠦ ᠬᠤᠷᠠᠯ  ︾ ᠭᠡᠬᠦ ᠤᠯᠠᠨ  ᠲᠦᠮᠡᠨᠴᠢ ᠠᠵᠢᠯ ᠤᠨ ᠲᠣᠭᠲᠠᠴᠠ ᠪᠦᠬᠦ ᠲᠡᠯᠡᠭᠡᠢ ᠶᠢᠨ ᠶᠠᠳᠠᠭᠤ ᠬᠦᠴᠢᠷᠳᠡᠯᠳᠡᠢ ᠬᠦᠮᠤᠨ ᠠᠮᠠ ᠶᠢ ᠪᠠᠭᠠᠰᠬᠠᠭᠰᠠᠨ 100 ᠬᠡᠷᠡᠭ ᠤᠨ ᠵᠢᠱᠢᠶ᠎ᠡ ᠳᠤ ᠰᠣᠩᠭᠤᠭᠳᠠᠨ ᠤᠷᠤᠪᠠ᠃  ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠮᠦᠩᠬᠦ ᠨᠡᠶᠢᠳᠡ 2.15 ᠳ᠋ᠦᠩᠰᠢᠭᠤᠷ ᠲᠦᠭᠦᠷᠢᠭ ᠲᠠᠷᠬᠠᠭᠠᠵᠦ᠂ 3.43 ᠲᠦᠮᠡᠨ ᠬᠦᠮᠤᠨ ᠳᠤ ᠠᠰᠢᠭ ᠬᠦᠷᠳᠡᠭᠡᠪᠡ᠃ ᠰᠣᠶᠣᠯ ᠤᠨ ᠦᠶᠯᠡᠰ ᠴᠡᠴᠡᠭᠯᠡᠨ ᠬᠥᠭᠵᠢᠵᠦ᠂ ᠤᠯᠠᠭᠠᠨᠮᠥ᠋ᠴᠢᠷ ᠤᠨ ᠦᠨᠳᠦᠰᠦᠨ ᠱᠠᠲᠤᠨ ᠳᠤ ᠲᠤᠭᠤᠷᠢᠨ ᠲᠣᠭᠯᠠᠯᠲᠠ ᠬᠢᠬᠦ᠂ ᠲᠠᠯ᠎ᠠ ᠨᠤᠳᠤᠭ ᠤᠨ ᠨᠠᠭᠠᠳᠤᠮ᠂ ᠮᠠᠯᠴᠢᠨ ᠲᠠᠷᠢᠶᠠᠴᠢᠨ ᠤ ᠴᠠᠭᠠᠨ ᠰᠠᠷ᠎ᠠ ᠶᠢᠨ ᠦᠳᠡᠰᠢᠯᠡᠭᠡ ᠵᠡᠷᠭᠡ ᠤᠯᠠᠨ ᠲᠦᠮᠡᠨ  ᠤ ᠰᠤᠶᠤᠯ ᠤᠨ ᠠᠵᠢᠯᠯᠠᠭ᠎ᠠ ᠡᠳᠤᠷ ᠢᠷᠡᠬᠦᠶ᠎ᠡ ᠪᠠᠶᠠᠯᠢᠭᠵᠢᠪᠠ᠃ 18 ᠰᠤᠷᠭᠠᠭᠤᠯᠢ ᠳᠤ ᠰᠢᠨ᠎ᠡ ᠪᠠᠷ ᠵᠢᠭᠠᠨ ᠰᠤᠷᠭᠠᠬᠤ ᠪᠤᠶᠤ ᠲᠤᠰᠠᠯᠠᠬᠤ ᠭᠡᠷ ᠪᠠᠶᠢᠰᠢᠩ 5.2 ᠲᠦᠮᠡᠨ ᠲᠡᠭᠰᠢ ᠲᠦᠷᠪᠡᠯᠵᠢᠨ ᠮᠧᠲᠷ ᠪᠠᠷᠢᠵᠦ᠂ 24 ᠰᠤᠷᠭᠠᠭᠤᠯᠢ ᠳᠤ ᠪᠠᠭᠰᠢ ᠶᠢᠨ ᠪᠠᠶᠢᠷᠢ ᠶᠢᠨ ᠭᠡᠷ 2 ᠲᠦᠮᠡᠨ ᠲᠡᠭᠰᠢ ᠲᠦᠷᠪᠡᠯᠵᠢᠨ ᠮᠧᠲᠷ ᠰᠢᠨᠡᠪᠡᠷ ᠪᠠᠷᠢᠵᠦ᠂ 998 ᠪᠠᠭᠰᠢ ᠤᠷᠢᠨ ᠬᠡᠷᠡᠭᠯᠡᠵᠦ᠂ ᠲᠡᠤᠬᠡᠨ ᠠᠴᠠ ᠦᠷᠢᠳᠤᠵᠦ  ᠪᠠᠶᠢᠭᠰᠠᠨ ᠰᠤᠷᠭᠠᠨ ᠬᠦᠮᠤᠵᠢᠯ ᠤᠨ ᠵᠠᠷᠤᠳᠠᠯ ᠪᠤᠯᠤᠨ ᠬᠥᠳᠡᠭᠡ ᠲᠣᠰᠬᠤᠨ ᠤ ᠪᠠᠭᠰᠢ ᠶᠢᠨ ᠨᠥᠬᠦᠪᠥᠷᠢ ᠶᠢ ᠥᠭᠬᠦ ᠵᠡᠷᠭᠡ ᠬᠦᠴᠢᠷ ᠠᠰᠠᠭᠤᠳᠠᠯ ᠢ ᠰᠢᠶᠳᠪᠦᠷᠢᠯᠡᠵᠦ᠂ ᠲᠦᠭᠡᠮᠡᠯ ᠬᠠᠷᠠᠭᠠᠯᠵᠠᠬᠤ ᠴᠢᠨᠠᠷᠳᠠᠢ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠤᠷᠮ᠎ᠠ 83.2% ᠬᠦᠷᠴᠦ᠂ 39 ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠲᠡᠩᠴᠡᠭᠦᠷᠢᠳᠠᠢ ᠬᠦᠭᠵᠢᠯᠳᠡ ᠶᠢᠨ ᠪᠠᠷᠢᠮᠵᠢᠶ᠎ᠠ ᠳᠤ ᠬᠦᠷᠴᠦ  ᠂ ᠨᠢᠭᠡ ᠪᠦᠯᠦᠭ ᠰᠢᠯᠢᠳᠡᠭ ᠰᠣᠷᠣᠭᠴᠢ ᠴᠢᠩᠬᠤᠸᠠ ᠶᠡᠭᠡ ᠰᠤᠷᠭᠠᠭᠤᠯᠢ ᠵᠡᠷᠭᠡ ᠪᠥᠬᠦ ᠤᠯᠤᠰ ᠤᠨ ᠭᠤᠤᠯᠳᠠᠯᠭ᠎ᠠ ᠲᠠᠢ ᠶᠡᠭᠡ ᠰᠤᠷᠭᠠᠭᠤᠯᠢ ᠳᠤ ᠰᠢᠯᠭᠠᠨ ᠣᠷᠣᠪᠠ᠃ ᠡᠮ ᠡᠮᠨᠡᠯᠭᠡ  ᠡᠷᠡᠭᠦᠯ ᠬᠠᠮᠠᠭᠠᠯᠠᠯ ᠤᠨ ᠨᠦᠬᠦᠴᠡᠯ ᠪᠦᠬᠦ ᠲᠠᠯ᠎ᠠ ᠪᠠᠷ ᠰᠠᠶᠢᠵᠢᠷᠠᠵᠦ᠂  ᠬᠤᠰᠢᠭᠤ ᠠᠷᠠᠳ ᠤᠨ ᠡᠮᠨᠡᠯᠭᠡ ᠶᠢᠨ ᠬᠤᠷᠢᠶᠠᠨ ᠤ ᠪᠠᠶᠢᠭᠤᠯᠤᠭᠰᠠᠨ ︽ᠲᠠᠪᠤᠨ ᠲᠥᠪ︾ ᠤᠯᠤᠰ ᠪᠡ ᠦᠪᠡᠷᠳᠡᠬᠡᠨ ᠵᠠᠰᠠᠬᠤ ᠤᠷᠤᠨ ᠤ ᠭᠡᠷᠡᠴᠢᠯᠡᠯ ᠢ ᠤᠯᠵᠦ᠂  ᠬᠤᠰᠢᠭᠤ ᠮᠣᠩᠭᠤᠯ ᠡᠮᠨᠡᠯᠭᠡ ᠶᠢᠨ ᠬᠤᠷᠢᠶᠠᠨ ᠤ ᠲᠠᠪᠤᠨ ᠵᠠᠰᠠᠯᠠᠭ᠎ᠠ ᠶᠢᠨ ᠰᠠᠯᠠᠭ᠎ᠠ᠂ ᠮᠣᠩᠭᠤᠯ ᠡᠮᠨᠡᠯᠭᠡ ᠶᠢᠨ ᠤᠯᠠᠮᠵᠢᠯᠠᠯᠲᠤ ᠶᠠᠰᠤᠨ ᠤ ᠰᠠᠯᠠᠭ᠎ᠠ  ᠥᠪᠡᠷᠲᠡᠭᠡᠨ ᠵᠠᠰᠠᠬᠤ ᠣᠷᠣᠨ ᠤ ᠲᠡᠰ ᠤᠨ ᠭᠤᠣᠯᠳᠠᠯᠭ᠎ᠠ ᠲᠠᠢ ᠲᠤᠰᠬᠠᠢ ᠰᠠᠯᠠᠭ᠎ᠠ ᠪᠤᠯᠵᠦ᠂120 ᠪᠠᠴᠢᠮ ᠠᠪᠤᠷᠠᠯᠳᠠ ᠶᠢᠨ ᠬᠤᠪᠢᠶᠠᠷᠢ ᠦᠷᠳᠡᠭᠡ ᠶᠢ 5 ᠪᠠᠶᠢᠭᠤᠯᠵᠦ᠂ 26 ᠡᠷᠡᠭᠦᠯ ᠬᠠᠮᠠᠭᠠᠯᠠᠯ ᠤᠨ ᠬᠤᠷᠢᠶ᠎ᠠ ᠪᠡ 248 ᠡᠷᠡᠭᠦᠯ ᠬᠠᠮᠠᠭᠠᠯᠠᠯ ᠤᠨ ᠲᠠᠰᠤᠭ ᠴᠦᠮ ᠪᠠᠷᠢᠮᠵᠢᠶᠠᠨ ᠳᠤ ᠬᠦᠷᠴᠦ᠂ 295 ᠡᠮᠴᠢ ᠰᠤᠪᠢᠯᠠᠭᠴᠢ ᠨᠦᠬᠦᠪᠤᠷᠢᠯᠡᠪᠡ᠂ ᠡᠮ ᠡᠮᠨᠡᠯᠭᠡ ᠶᠢᠨ ᠲᠠᠭᠠᠳᠬᠠᠯ ᠤᠨ ᠵᠠᠷᠤᠯᠭ᠎ᠠ ᠨᠡᠶᠢᠳᠡ 13.25 ᠳ᠋ᠦᠩᠰᠢᠭᠤᠷ ᠲᠦᠭᠦᠷᠢᠭ ᠬᠦᠷᠴᠦ᠂ ᠤᠷᠤᠨ ᠤ ᠲᠠᠰ ᠤᠨ  ᠡᠷᠡᠭᠦᠯ ᠬᠠᠮᠠᠭᠠᠯᠠᠯ ᠤᠨ ᠬᠤᠰᠢᠭᠤ ᠶᠢ ᠠᠮᠵᠢᠯᠳᠠᠳᠠᠢ ᠡᠭᠦᠳᠤᠨ ᠪᠠᠶᠢᠭᠤᠯᠪᠠ᠃     ᠲᠠᠪᠤᠨ ᠵᠢᠯ ᠤᠨ ᠥᠩᠭᠡᠷᠡᠯᠲᠡ ᠬᠠᠲᠠᠭᠤ ᠪᠡᠷᠬᠡᠰᠢᠶᠡᠯ ᠲᠠᠢ᠂ ᠲᠠᠪᠤᠨ ᠵᠢᠯ ᠤᠨ ᠠᠮᠵᠢᠯᠲᠠ ᠪᠦᠲᠦᠮᠵᠢ ᠬᠢᠯᠪᠠᠷ  ᠪᠠᠷ ᠢᠷᠡᠭᠰᠡᠨ ᠪᠢᠰᠢ᠃ ᠡᠳᠡᠭᠡᠷ ᠠᠮᠵᠢᠯᠲᠠ ᠶᠢ ᠣᠯᠤᠭᠰᠠᠨ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠦᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠳᠡᠮᠵᠢᠯᠭᠡ ᠶᠢᠨ ᠦᠷ᠎ᠡ ᠳ᠋ᠦᠩ ᠮᠦᠨ᠂ ᠪᠦᠬᠦ ᠬᠤᠰᠢᠭᠤᠨ ᠤ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠰᠢᠷᠭᠠᠭᠤ ᠠᠵᠢᠯᠯᠠᠵᠦ ᠬᠦᠳᠡᠯᠮᠤᠷᠢᠯᠡᠭᠰᠡᠨ ᠥᠷᠭᠡᠨ ᠣᠯᠠᠨ ᠺᠠᠳ᠋ᠷ ᠣᠯᠠᠨ ᠲᠦᠮᠡᠨ᠂ ᠵᠠᠷᠤᠳ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠳᠡᠭᠡᠳ ᠤᠨ ᠬᠦᠮᠤᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕     ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠠ ᠪᠠᠰᠠ ᠪᠦᠬᠦ ᠬᠤᠰᠢᠭᠤᠨ ᠤ ᠠᠵᠤ ᠠᠬᠤᠢ ᠶᠢᠨ ᠪᠣᠳᠠᠲᠤ ᠬᠦᠴᠦᠨ ᠪᠠ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠴᠢᠬᠤᠯᠠᠲᠠᠢ᠂ ᠰᠢᠨ᠎ᠡ ᠶᠢ ᠡᠭᠦᠳᠬᠦ ᠴᠢᠳᠠᠪᠤᠷᠢ ᠪᠠᠨ ᠴᠢᠩᠭᠠᠳᠬᠠᠬᠤ ᠴᠢᠬᠤᠯᠠᠲᠠᠢ᠂ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠠᠰᠠᠭᠤᠳᠠᠯ ᠮᠥᠨ ᠨᠡᠯᠢᠶᠡᠳ ᠲᠤᠪᠤᠶᠢᠮ᠎ᠠ︔ ᠴᠢᠬᠤᠯᠠ ᠶᠡᠭᠡ ᠲᠦᠷᠦᠯ ᠵᠦᠢᠯ ᠪᠠ ᠭᠤᠣᠯᠯᠠᠭᠴᠢ ᠠᠵᠤ ᠠᠬᠤᠶᠢᠯᠠᠯ ᠤᠨ ᠲᠤᠯᠭᠠᠭᠤᠷᠢᠯᠠᠯ ᠬᠦᠷᠦᠯᠴᠡᠬᠦ ᠦᠭᠡᠢ᠂ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠦᠷᠳᠡᠭ  ᠤᠨ ᠬᠡᠯᠬᠢᠶ᠎ᠡ ᠶᠢ ᠰᠢᠯᠢᠳᠡᠭᠵᠢᠭᠦᠯᠦᠨ ᠲᠡᠭᠦᠯᠳᠡᠷᠵᠢᠭᠦᠯᠬᠦ ᠴᠢᠬᠤᠯᠠᠲᠠᠢ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ  ᠶᠢᠨ ᠵᠥᠷᠢᠴᠡᠯ ᠲᠤᠪᠤᠶᠢᠮ᠎ᠡ  ᠂ ᠵᠠᠰᠠᠭ ᠤᠨ ᠣᠷᠳᠣᠨ ᠤ ᠥᠷᠢ ᠰᠢᠷᠢ ᠶᠢ ᠠᠷᠢᠯᠭᠠᠬᠤ ᠳᠠᠷᠤᠯᠲᠠ ᠨᠡᠯᠢᠶᠡᠳ ᠶᠡᠭᠡ︔ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠰᠠᠭᠤᠳᠠᠯ ᠲᠣᠪᠣᠶᠢᠮ᠎ᠠ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠦᠴᠢᠷᠳᠡᠯ ᠤᠯᠠᠨ ᠪᠠᠯᠠ ᠲᠣᠬᠢᠷᠠᠭᠤᠯᠬᠤ ᠪᠣᠭᠤᠮᠢ ᠶᠢ ᠬᠠᠷᠠᠬᠠᠨ ᠡᠪᠳᠡᠭᠡᠳᠦᠶ ᠪᠠᠶᠢᠭᠰᠠᠭᠠᠷ︔ ᠠᠮᠢ ᠠᠬᠤᠢ ᠶᠢᠨ ᠬᠠᠮᠠᠭᠠᠯᠠᠯᠲᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠦᠷᠢᠶᠡᠨ ᠳᠤ ᠪᠠᠰᠠ ᠴᠥᠭᠡᠨ ᠪᠤᠰᠤ ᠲᠤᠳᠠᠭᠳᠠᠯ ᠣᠷᠣᠰᠢᠵᠤ ᠪᠠᠶᠢᠨ᠎ᠠ︔ ᠺᠠᠳ᠋ᠷ  ᠤᠨ ᠠᠵᠢᠯ ᠬᠢᠵᠦ ᠦᠢᠯᠡᠰ ᠪᠤᠰᠬᠠᠬᠤ ᠡᠷᠴᠢ ᠵᠣᠷᠢᠭ ᠪᠣᠯᠤᠨ ᠴᠢᠳᠠᠪᠤᠷᠢ ᠬᠦᠷᠦᠯᠴᠡᠬᠦ ᠦᠭᠡᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭᠠᠢ ᠪᠠᠷ ᠠᠵᠢᠯ ᠬᠢᠬᠦ ᠵᠠᠰᠠᠭ ᠡᠷᠬᠢᠯᠡᠬᠦ ᠠᠭᠤᠷ ᠠᠮᠢᠰᠬᠤᠯ ᠪᠠᠰᠠ ᠲᠡᠶᠢᠮᠦ ᠰᠠᠶᠢᠨ ᠪᠢᠰᠢ ᠬᠡᠷᠡᠭ ᠢ ᠰᠡᠷᠭᠡᠭ ᠢᠶᠠᠷ ᠲᠠᠨᠢᠬᠤ ᠭᠡᠷᠡᠭᠳᠡᠢ᠃ ᠡᠭᠦᠨ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ ᠬᠦ  ᠰᠢᠢᠳᠪᠦᠷᠢᠯᠡᠬᠦ ᠭᠡᠷᠡᠭᠳᠡᠢ᠃      ᠬᠤᠶᠠᠷ᠂  ︽ᠠᠷᠪᠠᠨ ᠳᠥᠷᠪᠡᠳᠦᠭᠡᠷ ᠲᠠᠪᠤᠨ ᠵᠢᠯ  ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ     ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠳᠤᠭᠠᠷ ᠲᠠᠪᠤᠨ ᠵᠢᠯ ᠪᠣᠯᠤᠨ᠎ᠠ᠃ ᠬᠤᠰᠢᠭᠤᠨ ᠤ ᠨᠠᠮ ᠤᠨ ᠬᠤᠷᠢᠶᠠᠨ ᠤ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾ ᠶᠢ ᠦᠨᠳᠦᠰᠦᠯᠡᠨ᠂ ᠪᠢᠳᠡ ︽ᠵᠠᠷᠤᠳ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ( ᠲᠥᠰᠦᠯ )︾ ᠶᠢ ᠨᠠᠶᠢᠷᠠᠭᠤᠯᠤᠨ ᠵᠣᠬᠢᠶᠠᠵᠤ᠂ ᠲᠣᠰ ᠤᠳᠠᠭᠠᠨ ᠤ ᠶᠡᠭᠡ ᠬᠤᠷᠠᠯ ᠳᠤ ᠡᠷᠬᠦᠨ ᠲᠡᠪᠰᠢᠭᠦᠯᠵᠦ ᠬᠢᠨᠠᠨ ᠵᠥᠪᠯᠡᠭᠦᠯᠬᠦ ᠪᠠᠷ ᠪᠠᠶᠢᠨ᠎ᠡ᠃     ᠬᠤᠶᠢᠰᠢᠳᠠ ᠶᠢᠨ ᠲᠠᠪᠤᠨ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠪᠣᠯ᠄ 2035 ᠣᠨ ᠤ ᠠᠯᠤᠰ ᠤᠨ ᠬᠠᠷᠠᠯᠲᠠ   ᠳᠤ ᠴᠢᠭᠯᠡᠭᠦᠯᠤᠨ᠂ ᠪᠣᠳᠠᠲᠤ ᠨᠥᠬᠦᠴᠡᠯ ᠪᠠ ᠬᠥᠭᠵᠢᠯᠲᠡ ᠶᠢᠨ ᠬᠠᠨᠳᠤᠰᠢ  ᠶᠢ ᠶᠡᠷᠦᠩᠬᠡᠶᠢᠯᠡᠨ ᠪᠤᠳᠤᠯᠬᠢᠯᠠᠵᠦ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠤᠶᠠᠯᠳᠤᠭᠤᠯᠬᠤ ᠶᠢ ᠪᠠᠷᠢᠮᠳᠠᠯᠠᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠵᠢᠷᠤᠮᠯᠡᠵᠦ᠂ ᠪᠦᠬᠦ ᠤᠷᠤᠨ ᠤ ︽ᠬᠤᠶᠠᠷ ᠬᠠᠯᠬᠠᠪᠴᠢ︾᠂  ︽ᠬᠤᠶᠠᠷ ᠰᠠᠭᠤᠷᠢᠨ ᠭᠠᠵᠠᠷ︾᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠪᠦᠬᠦ ᠬᠤᠳᠠ ᠶᠢᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ  ᠂ ᠣᠳᠣ ᠦᠶ᠎ᠡ ᠶᠢᠨ ᠡᠨᠧᠷᠭᠢ ᠶᠢᠨ ︽ᠬᠤᠶᠠᠷ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠪᠠ ᠠᠮᠢ ᠠᠬᠤᠢ ᠶᠢᠨ ᠵᠠᠰᠠᠯᠲᠠ᠂ ᠨᠡᠶᠢᠭᠡᠮ ᠤᠨ ᠵᠠᠰᠠᠯᠲᠠ ︽ᠬᠤᠶᠠᠷ ᠵᠠᠰᠠᠯᠳᠠ︾   ᠶᠢ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠬᠤᠰᠢᠭᠤᠷᠠᠭᠤᠯᠬᠤ ᠪᠠᠶᠢᠯᠳᠤᠬᠤ ᠪᠣᠳᠣᠯᠭ᠎ᠠ ᠶᠢᠨ ᠡᠭᠦᠷᠭᠡ ᠲᠠᠢ ᠪᠠᠨ ᠤᠶᠠᠯᠳᠤᠭᠤᠯᠤᠨ᠂ ᠪᠠᠶᠢᠯᠳᠤᠬᠤ ᠪᠣᠳᠣᠯᠭ᠎ᠠ ᠶᠢᠨ ᠶᠡᠭᠡ ᠲᠠᠯ᠎ᠠ ᠪᠠᠷ ᠵᠤᠬᠢᠴᠠᠭᠰᠠᠨ ᠨᠢᠭᠡ ᠵᠤᠷᠪᠤᠰ ᠵᠠᠷᠤᠳ ᠬᠤᠰᠢᠭᠤᠨ ᠤ ᠣᠨᠴᠠᠯᠢᠭ ᠢ ᠲᠤᠪᠤᠶᠢᠯᠭᠠᠭᠰᠠᠨ᠂ ᠠᠮᠢ ᠠᠬᠤᠶ ᠶᠢ ᠲᠡᠷᠢᠭᠦᠨ ᠳᠤ ᠲᠠᠯᠪᠢᠵᠦ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠨ ᠭᠠᠷᠭᠠᠵᠦ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠡᠯ᠎ᠡ ᠠᠵᠢᠯ ᠦᠢᠯᠡᠰ ᠤᠨ  ᠨᠡᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠵᠦ᠂ ᠠᠵᠤ ᠠᠬᠤᠢ ᠶᠢᠨ ᠬᠥᠭᠵᠢᠯᠲᠡ ᠳᠤ ᠰᠢᠨ᠎ᠡ ᠦᠷ᠎ᠡ ᠪᠦᠲᠦᠮᠵᠢ ᠤᠯᠵᠦ᠂ ᠥᠭᠡᠷᠡᠴᠢᠯᠡᠯᠲᠡ ᠨᠡᠭᠡᠭᠡᠯᠲᠡ ᠳᠤ ᠰᠢᠨ᠎ᠡ ᠠᠬᠢᠴᠠ ᠭᠠᠷᠭᠠᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠰᠢᠨ᠎ᠡ ᠲᠠᠪᠠᠯᠳᠠ ᠶᠢ  ᠪᠡᠶᠡᠯᠡᠭᠦᠯᠵᠦ᠂ ᠠᠷᠠᠳ ᠤᠨ ᠠᠮᠢᠳᠤᠷᠠᠯ ᠠᠵᠠ ᠵᠢᠷᠭᠠᠯ ᠢ ᠰᠢᠨ᠎ᠡ ᠲᠦᠪᠰᠢᠨ ᠳᠤ ᠬᠦᠷᠭᠡᠵᠦ᠂ ᠵᠠᠰᠠᠯᠲᠠ ᠶᠢᠨ ᠦᠷ᠎ᠡ ᠪᠦᠲᠦᠮᠵᠢ ᠶᠢ ᠰᠢᠨ᠎ᠡ ᠳᠡᠭᠡᠭᠰᠢᠯᠡᠯᠲᠡ ᠲᠠᠢ ᠪᠤᠯᠭᠠᠵᠦ᠂ ᠨᠡᠶᠢᠭᠡᠮ  ᠤᠨ ᠪᠣᠯᠪᠠᠰᠤᠨ ᠤ ᠬᠡᠮᠵᠢᠶ᠎ᠡ ᠶᠢ ᠰᠢᠨ᠎ᠡ ᠬᠢᠷᠢ ᠲᠦᠪᠰᠢᠨ ᠳᠤ ᠬᠦᠷᠭᠡᠵᠦ᠂ ᠨᠠᠩ ᠥᠨᠳᠥᠷ ᠶᠠᠰᠤ ᠴᠢᠨᠠᠷ ᠲᠠᠢ᠂ ᠨᠠᠩ  ᠦᠷ᠎ᠡ ᠪᠦᠳᠤᠮᠵᠢ ᠲᠠᠢ᠂ ᠨᠡᠩ ᠭᠤᠣᠯᠴᠢ᠂ ᠨᠠᠩ  ᠦᠷᠬᠦᠯᠵᠢᠯᠡᠬᠦᠶᠢᠴᠠ᠂ ᠨᠠᠩ ᠠᠮᠤᠷ ᠲᠦᠪᠰᠢᠨ ᠬᠥᠭᠵᠢᠯᠲᠡ ᠢ ᠴᠢᠷᠮᠠᠶᠢᠨ ᠪᠡᠶᠡᠯᠡᠬᠦᠯᠤᠨ᠎ᠡ᠃     ᠲᠥᠯᠥᠭᠡᠯᠡᠭᠴᠢᠳ ᠡ᠂ ᠪᠢᠳᠡ ᠨᠢᠭᠡᠨᠲᠡ ᠲᠡᠦᠬᠡ ᠶᠢᠨ ᠰᠢᠨ᠎ᠡ ᠡᠬᠢᠯᠡᠯᠲᠡ ᠶᠢᠨ ᠴᠡᠭ ᠳᠡᠭᠡᠷ᠎ᠡ ᠵᠤᠭᠰᠤᠯ᠎ᠠ᠂ ᠢᠷᠡᠭᠡᠳᠦᠢ ᠪᠠᠨ ᠪᠠᠷᠠᠯᠠᠪᠠᠯ ᠪᠢᠳᠠ ᠡᠷᠭᠡᠪᠰᠢ ᠢᠯᠠᠬᠤ ᠢᠲᠡᠭᠡᠯ ᠵᠣᠷᠢᠭ  ᠪᠠᠳᠦ ᠪᠠᠶᠢᠨ᠎ᠠ᠃ 2035 ᠣᠨ ᠪᠣᠯᠬᠤ  ᠳᠤ ᠪᠢᠳᠡ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠲᠠᠢ ᠬᠠᠮᠲᠤ ᠪᠠᠷ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠠᠷᠠᠳ ᠤᠨ ᠠᠮᠢᠳᠤᠷᠠᠯ ᠨᠡᠩ ᠰᠠᠶᠢᠨ ᠰᠠᠶᠢᠬᠠᠨ  ᠪᠤᠯᠬᠤ ᠶᠤᠰᠤᠳᠠᠢ︕      ᠭᠤᠷᠪᠠ᠂ 2021 ᠣᠨ ᠤ ᠠᠵᠢᠯ ᠤᠨ ᠲᠣᠬᠢᠷᠠᠭᠤᠯᠤᠯᠲᠠ    ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠡᠬᠢᠯᠡᠯᠲᠡ  ᠶᠢᠨ ᠵᠢᠯ ᠮᠥᠨ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠨ ᠤ ᠵᠢᠯ ᠮᠥᠨ᠃ ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠷ᠂ ᠭᠤᠷᠪᠠ᠂  ᠳᠥᠷᠪᠡ᠂ ᠲᠠᠪᠣᠳᠣᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠣᠣᠱᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤ ᠪᠠᠷ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠣᠣᠱᠯᠠᠭᠤᠯᠵᠤ᠂ ᠰᠢᠨ᠎ᠡ ᠬᠥᠭᠵᠢᠯᠲᠡ ᠶᠢᠨ ᠪᠦᠳᠤᠴᠡ ᠶᠢ ᠪᠤᠢ ᠪᠤᠯᠭᠠᠵᠦ᠂ ᠲᠤᠳᠤᠭᠠᠳᠦ ᠭᠡᠷᠡᠭᠴᠡᠭᠡ ᠪᠠᠨ ᠦᠷᠭᠡᠳᠭᠡᠬᠦ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠨ᠂ ᠰᠢᠨᠵᠢᠯᠡᠭᠡ ᠮᠡᠷᠭᠡᠵᠢᠯ ᠤᠨ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ ᠢᠶᠠᠨ ᠴᠢᠩᠭᠠᠳᠬᠠᠵᠦ᠂ ᠦᠨᠳᠤᠷ ᠲᠦᠪᠰᠢᠨ ᠢᠶᠠᠷ ᠭᠠᠳᠠᠭᠠᠳᠦ ᠨᠡᠬᠡᠭᠡᠯᠳᠡ ᠶᠢ ᠠᠬᠢᠭᠤᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠭᠤᠤᠯ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠰᠢᠰᠲ᠋ᠧᠮᠳᠦ ᠦᠵᠡᠯᠲᠡ ᠪᠡ ᠬᠠᠤᠯᠢ ᠪᠠᠷ ᠵᠠᠰᠠᠬᠤ ᠰᠡᠳᠬᠢᠬᠦᠢ ᠶᠢ ᠪᠠᠷᠢᠮᠲᠠᠯᠠᠵᠤ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢᠶᠠᠨ ᠪᠠᠬᠢᠵᠢᠭᠦᠯᠦᠨ ᠦᠷᠭᠡᠳᠭᠡᠵᠦ᠂ ᠬᠥᠭᠵᠢᠯᠲᠡ ᠪᠠ ᠠᠮᠤᠷ ᠲᠦᠪᠰᠢᠨ ︽ᠬᠤᠶᠠᠷ ᠶᠡᠭᠡ ᠭᠤᠤᠯᠳᠠᠯᠭ᠎ᠠ︾ ᠶᠢ ᠨᠠᠩ ᠰᠠᠶᠢᠲᠤᠷ ᠨᠢᠭᠡᠳᠦᠯᠲᠡᠶ ᠲᠦᠯᠦᠪᠵᠢᠭᠦᠯᠵᠦ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ   ᠪᠠᠨ ᠪᠦᠬᠦ ᠲᠠᠯ᠎ᠠ ᠪᠠᠷ ᠨᠠᠶᠢᠲᠠᠪᠣᠷᠢᠵᠢᠭᠤᠯᠵᠤ᠂ ᠬᠤᠷᠸ᠎ᠠ ᠲᠥᠷᠥ ᠶᠢᠨ ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠥᠭᠡᠳ ᠣᠨᠣᠴᠠᠲᠠᠶ ᠪᠠᠷ ᠬᠡᠷᠡᠭᠵᠢᠭᠦᠯᠵᠦ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ ᠣᠷᠣᠨ ᠪᠠᠶᠢᠷᠢ ᠳᠤ ᠪᠠᠶᠢᠯᠭᠠᠬᠤ ᠶᠢ ᠴᠢᠷᠮᠠᠶᠢᠨ ᠪᠠᠲᠣᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠪᠠᠲᠣᠯᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠨ᠎ᠡ᠃     ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7 % ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 43.5 % ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 10 % ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠰᠤᠯᠠ ᠪᠣᠷᠣᠯᠠᠭᠤᠯᠬᠤ ᠶᠡᠷᠦᠩᠬᠡᠢ ᠬᠡᠮᠵᠢᠶ᠎ᠡ  ᠶᠢ 6 %  ᠨᠡᠮᠡᠭᠳᠡᠭᠦᠯᠦᠨ᠎ᠡ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠪᠦᠷᠢ 5 % ᠪᠠ 8 % ᠨᠡᠮᠡᠭᠳᠡᠭᠦᠯᠦᠨ᠎ᠡ᠃ ᠨᠢᠭᠡᠴᠡ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠡᠨᠧᠷᠭᠢ ᠶᠢᠨ ᠬᠤᠷᠣᠭᠳᠠᠯ ᠢ 3.4 % ᠪᠠᠷ ᠪᠠᠭᠤᠷᠠᠭᠤᠯᠤᠨ᠎ᠠ᠃ ᠳᠡᠭᠡᠷᠡᠬᠢ ᠬᠠᠷᠠᠯᠲᠠ ᠶᠢ ᠪᠡᠶᠡᠯᠡᠭᠦᠯᠵᠦ᠂ ᠳᠣᠣᠷᠠᠬᠢ ᠠᠵᠢᠯ ᠢ ᠭᠤᠣᠯᠳᠠᠯᠭ᠎ᠠ ᠲᠠᠢ ᠠᠳᠬᠤᠨ᠎ᠠ᠄      ︵ᠨᠢᠭᠡ︶ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠨᠡᠮᠡᠭᠳᠡᠯ ᠢᠶᠠᠨ ᠰᠢᠯᠢᠳᠡᠭᠵᠢᠭᠦᠯᠵᠦ᠂ ᠬᠠᠳᠠᠭᠠᠯᠠᠮᠵᠢ ᠪᠠᠨ ᠲᠣᠬᠢᠷᠠᠭᠤᠯᠬᠤ ᠂ ᠶᠠᠰᠤ ᠴᠢᠨᠠᠷ ᠢ ᠳᠡᠭᠡᠭᠰᠢᠯᠡᠭᠦᠯᠬᠦ ᠪᠠᠷ ᠴᠢᠭᠯᠡᠯ ᠪᠣᠯᠭᠠᠬᠤ ᠶᠢ ᠪᠠᠷᠢᠮᠲᠠᠯᠠᠨ᠂ ᠳᠠᠪᠠᠭᠤᠯᠢᠭ ᠵᠤᠶᠢᠯ ᠲᠣᠪᠣᠶᠢᠮ᠎ᠠ᠂ ᠪᠦᠲᠦᠴᠡ ᠨᠢ ᠵᠦᠢ ᠵᠣᠬᠢᠰᠲᠠᠶ᠂ ᠦᠷ᠎ᠡ ᠠᠰᠢᠭ ᠰᠠᠶᠢᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠴᠢᠷᠮᠠᠶᠢᠨ ᠪᠣᠶ ᠪᠣᠯᠭᠠᠵᠤ᠂ ᠪᠣᠳᠠᠲᠤ ᠴᠣᠭᠴᠠ ᠶᠢᠨ ᠠᠵᠤ ᠠᠬᠤᠢ ᠶᠢ ᠪᠤᠵᠠᠭᠠᠶᠢᠷᠠᠭᠤᠯᠵᠤ᠂ ᠠᠵᠤ ᠠᠬᠤᠢ ᠶᠢᠨ ᠨᠡᠮᠡᠭᠳᠡᠯ ᠢ ᠲᠣᠭᠲᠠᠪᠤᠷᠢᠵᠢᠭᠤᠯᠤᠨ᠎ᠠ᠃      ᠠᠵᠤ ᠦᠢᠯᠡᠰ ᠤᠨ ᠰᠠᠭᠤᠷᠢ ᠭᠠᠵᠠᠷ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ᠃ ᠠᠵᠤ ᠦᠶᠯᠡᠰ ᠢᠶᠠᠨ ᠲᠦᠪᠯᠡᠷᠡᠭᠦᠯᠬᠦ ᠬᠥᠭᠵᠢᠯᠲᠡ ᠶᠢᠨ ᠴᠢᠭᠯᠡᠯ ᠢ ᠪᠠᠷᠢᠮᠲᠠᠯᠠᠨ᠂ ᠠᠵᠤ ᠦᠶᠯᠡᠰ ᠤᠨ ᠰᠠᠭᠤᠷᠢ ᠳᠡᠭᠡᠳᠦ ᠲᠡᠰᠵᠢᠬᠦ᠂ ᠠᠵᠤ ᠦᠶᠯᠡᠰ ᠤᠨ ᠬᠡᠯᠬᠢᠶ᠎ᠡ ᠣᠳᠣᠬᠢᠴᠢᠯᠠᠬᠤ ᠶᠢ ᠲᠦᠷᠭᠡᠳᠬᠡᠨ᠎ᠡ᠃ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠤᠶᠢᠯᠡᠳᠪᠤᠷᠢᠯᠡᠵᠦ ᠪᠣᠯᠪᠠᠰᠤᠷᠠᠭᠤᠯᠵᠤ ᠭᠠᠷᠭᠠᠬᠤ ᠰᠠᠭᠤᠷᠢᠨ ᠭᠠᠵᠠᠷ ᠤᠨ ᠪᠠᠶᠢᠭᠤᠯᠤᠯᠲᠠ ᠶᠢ ᠬᠦᠴᠦᠲᠡᠢ ᠠᠳᠬᠤᠨ᠎ᠠ᠂ ᠰᠠᠢ ᠸᠠᠢ ᠯᠢᠶᠠᠩ ᠶᠤᠸᠠᠨ ᠲᠠᠷᠢᠶᠠᠯᠠᠩ ᠤᠨ ᠪᠦᠲᠦᠭᠡᠭᠳᠡᠬᠦᠨ ᠢ ᠦᠶᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠪᠦᠲᠦᠭᠡᠨ ᠪᠠᠶᠢᠭᠤᠯᠵᠤ᠂ ᠯᠢᠦᠢ ᠹᠧᠩ᠂ ᠵᠧᠩ ᠳ᠋ᠡ᠂ ᠶᠢᠨ ᠬᠥ᠋ ᠮᠥ ᠭᠧ᠂ ᠴᠢᠦ ᠹᠧᠩ ᠲᠠᠷᠢᠶᠠᠯᠠᠩ ᠤᠨ ᠠᠷᠠᠯᠵᠢᠶ᠎ᠠ ᠵᠡᠷᠭᠡ ᠡᠯᠳᠡᠪ ᠠᠮᠤ ᠪᠤᠷᠴᠠᠭ ᠤᠨ ᠦᠶᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠤᠨ ᠦᠶᠯᠡᠳᠪᠦᠷᠢᠯᠡᠯ ᠢᠶᠠᠨ ᠦᠷᠭᠡᠳᠭᠡᠵᠦ᠂ ᠴᠢᠨᠠᠷ ᠢ ᠲᠡᠭᠡᠭᠰᠢᠯᠡᠭᠦᠯᠵᠦ᠂ ᠪᠠᠩ ᠵᠢᠶᠧ᠂ ᠬᠠᠢ ᠳ᠋ᠢ ᠯᠤᠤ᠂ ᠬᠤᠩ ᠹᠠ ᠢᠳᠡᠭᠡᠨ ᠵᠡᠷᠭᠡ ᠠᠯᠠᠰᠢᠨ ᠦᠬᠡᠷ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠤᠨ ᠦᠶᠯᠡᠳᠪᠦᠷᠢᠯᠡᠵᠦ ᠡᠳ᠋ᠰᠢᠭᠦᠯᠬᠦ ᠴᠢᠳᠠᠪᠤᠷᠢ ᠪᠠᠨ ᠳᠡᠭᠡᠭᠰᠢᠯᠡᠬᠦᠯᠬᠦ ᠶᠢ ᠠᠬᠢᠭᠤᠯᠣᠨ᠎ᠠ᠂ ᠲᠡᠵᠢᠭᠡᠬᠦ᠂ ᠪᠣᠷᠳᠣᠬᠤ᠂ ᠨᠢᠳᠤᠯᠬᠤ᠂ ᠪᠣᠯᠪᠠᠰᠤᠷᠠᠭᠤᠯᠬᠤ᠂ ᠪᠤᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠠᠯᠠᠰᠢᠨ ᠦᠬᠡᠷ ᠤᠨ ᠪᠦᠬᠦ ᠠᠵᠤ ᠦᠢᠯᠡᠰ ᠤᠨ ᠬᠡᠯᠬᠢᠶ᠎ᠡ ᠪᠦᠷᠢᠯᠳᠦᠬᠦ ᠶᠢ ᠠᠬᠢᠭᠤᠯᠵᠤ ᠂ ᠥᠪᠥᠷ ᠮᠣᠩᠭᠤᠯ ᠤᠨ ᠵᠡᠭᠦᠨ ᠬᠡᠰᠡᠭ ᠤᠨ ᠡᠷᠳᠡᠨᠢ ᠰᠢᠰᠢ᠂ ᠡᠯᠳᠡᠪ ᠠᠮᠤ ᠪᠤᠷᠴᠠᠭ᠂ ᠦᠬᠡᠷ ᠬᠤᠨᠢᠨ ᠮᠢᠬᠠᠨ ᠤ ᠪᠦᠲᠦᠭᠡᠭᠳᠡᠬᠦᠨ ᠬᠠᠩᠭᠠᠬᠤ ᠴᠢᠬᠤᠯᠠ ᠰᠠᠭᠤᠷᠢᠨ ᠭᠠᠵᠠᠷ ᠢ ᠴᠣᠭᠴᠠᠯᠠᠬᠤ ᠪᠠᠷ ᠴᠢᠷᠮᠠᠶᠢᠨ᠎ᠠ᠃ ᠣᠳᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠠᠶᠢᠭᠤᠯᠤᠯᠲᠠ ᠶᠢ ᠬᠦᠴᠦᠲᠡᠶ ᠠᠳᠬᠤᠨ᠎ᠠ᠂ ᠴᠥᠯᠡᠷᠬᠡᠭ ᠭᠠᠵᠠᠷ᠂ ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ ᠰᠠᠭᠤᠭᠰᠠᠨ ᠭᠠᠵᠠᠷ᠂ ᠠᠭᠤᠷᠬᠠᠶ ᠶᠢᠨ ᠣᠷᠣᠨ ᠤ ᠰᠢᠷᠣᠶ ᠣᠪᠣᠭᠠᠯᠠᠭᠰᠠᠨ ᠲᠠᠯᠠᠪᠠᠶ ᠶᠢ ᠭᠦᠢᠴᠡᠳ ᠠᠰᠢᠭᠯᠠᠨ ᠭᠡᠷᠡᠯ ᠴᠠᠬᠢᠯᠭᠠᠨ ᠤ ᠥᠷᠲᠡᠭᠡ ᠪᠣᠯᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠮᠢᠩ ᠶᠠᠩ ᠪᠦᠯᠦᠭᠯᠡᠯ ᠤᠨ ᠣᠳᠣ ᠦᠶ᠎ᠡ ᠶᠢᠨ ᠡᠨᠧᠷᠭᠢ ᠶᠢᠨ  ᠭᠠᠯ ᠭᠡᠷᠡᠯ ᠰᠠᠯᠬᠢ ᠶᠢ ᠬᠠᠳᠠᠭᠠᠯᠠᠵᠤ ᠰᠤᠳᠤᠯᠬᠤ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠲᠦᠷᠤᠭᠦᠤ ᠪᠦᠯᠦᠭ ᠤᠨ ᠲᠦᠷᠦᠯ ᠵᠦᠢᠯ ᠢ ᠬᠢᠨᠠᠨ ᠵᠦᠪᠰᠢᠶᠡᠷᠡᠭᠦᠯᠬᠦ ᠶᠢᠨ ᠬᠠᠮᠲᠤ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠵᠠᠬᠠᠨᠠᠭᠤᠷ  ᠤᠨ ︽ᠡᠨᠧᠷᠬᠢ ᠴᠠᠬᠢᠯᠭᠠᠨ ᠲᠤᠤᠷ ᠲᠠᠭᠠᠭᠠᠴᠠ ᠨᠦᠭᠡᠴᠡ︾ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ  ᠶᠢ ᠠᠬᠢᠭᠤᠯᠵᠤ᠂ ᠤᠯᠤᠰ ᠤᠨ ᠴᠠᠬᠢᠯᠭᠠᠨ ᠤ ᠪᠡᠯᠡ ᠤᠷᠤᠭᠤᠯᠤᠭᠰᠠᠨ 50 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ᠂ ᠱᠧᠨ ᠨᠸᠡᠭ ᠪᠦᠯᠦᠭᠯᠡᠯ ᠤᠨ 30 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ᠂ ᠵᠠᠬᠠᠨᠠᠭᠤᠷ ᠤᠨ ᠣᠯᠠᠨ ᠡᠨᠧᠷᠭᠢ ᠬᠠᠷᠢᠯᠴᠠᠨ ᠨᠦᠬᠦᠪᠤᠷᠢᠯᠡᠬᠦ ᠵᠢᠱᠢᠶ᠎ᠡ ᠦᠵᠡᠭᠦᠯᠬᠦ ᠢᠨᠵᠧᠨᠧᠷᠢᠩ ᠤᠨ ᠨᠢᠭᠡᠳᠦᠭᠡᠷ ᠬᠤᠭᠤᠴᠠᠭᠠᠨ ᠤ 5 ᠲᠦᠮᠡᠨ ᠺᠢᠯᠣᠸᠠᠲ ᠤᠨ ᠭᠡᠷᠡᠯ ᠴᠠᠬᠢᠯᠭᠠᠨ ᠤ ᠲᠥᠷᠥᠯ ᠵᠦᠢᠯ ᠢ ᠪᠠᠶᠢᠭᠤᠯᠤᠨ ᠲᠣᠣᠷ ᠨᠡᠶᠢᠯᠡᠭᠦᠯᠬᠦ ᠶᠢ ᠬᠦᠴᠦᠯᠡᠨ ᠠᠬᠢᠭᠤᠯᠵᠤ᠂ ᠲᠦᠩᠯᠢᠶᠣᠤ ᠬᠤᠲᠠ ᠶᠢᠨ ᠣᠳᠣ ᠦᠶ᠎ᠡ ᠶᠢᠨ ᠡᠨᠧᠷᠭᠢ ᠶᠢᠨ ᠵᠢᠱᠢᠶ᠎ᠡ ᠦᠵᠡᠬᠦᠯᠬᠦ ᠭᠤᠣᠯᠯᠠᠭᠴᠢ ᠣᠷᠣᠨ ᠢ ᠬᠦᠴᠦᠯᠡᠨ ᠴᠣᠭᠴᠠᠯᠠᠨ᠎ᠠ᠃ ᠪᠣᠬᠢᠷᠲᠤᠯ ᠥᠬᠡᠶ ᠲᠡᠭᠡᠳᠦ ᠰᠢᠨ᠎ᠡ ᠮᠡᠷᠭᠡᠵᠢᠯ ᠤᠨ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠴᠢᠩᠭ᠎ᠠ ᠠᠳᠬᠤᠨ᠎ᠠ᠂ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠠᠵᠤ ᠦᠶᠯᠡᠰ ᠤᠨ ᠳᠡᠭᠡᠳᠦ ᠲᠠᠰ ᠤᠨ ᠵᠢᠱᠢᠶ᠎ᠡ ᠦᠵᠡᠭᠦᠯᠬᠦ ᠪᠠᠷᠢᠮᠵᠢᠶ᠎ᠠ ᠶᠢ ᠲᠤᠭᠳᠠᠭᠠᠵᠦ᠂ ᠺᠠᠩ ᠨᠠᠶ ᠡᠯ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠲᠥᠷᠥᠯ ᠵᠦᠶᠯ ᠤᠨ ᠦᠶᠯᠡᠳᠪᠦᠷᠢᠯᠡᠯ ᠢᠶᠠᠨ ᠰᠡᠷᠭᠦᠭᠡᠬᠦ ᠶᠢ ᠬᠦᠴᠦᠯᠡᠨ ᠠᠬᠢᠭᠤᠯᠵᠤ᠂ ᠷᠦᠢ ᠪᠠᠩ ᠵᠢᠯ ᠳᠤ 1 ᠲᠦᠮᠡᠨ ᠲᠣᠨ ᠡᠪᠡᠰᠦᠨ ᠬᠦᠴᠢᠯ ᠦᠶᠯᠡᠳᠪᠦᠷᠢᠯᠡᠬᠦ ᠲᠥᠷᠥᠯ ᠵᠦᠶᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ᠂ ᠴᠧᠩ ᠷᠦᠨ ᠤ ᠵᠢᠯ ᠳᠤ 5 ᠲᠦᠮᠡᠨ ᠲᠣᠨ ᠬᠠᠶᠠᠭᠳᠠᠮᠠᠯ ᠡᠷᠦᠳᠡᠰᠦ ᠶᠢᠨ ᠲᠣᠰᠣ ᠦᠶᠯᠡᠳᠪᠦᠷᠢᠯᠡᠬᠦ ᠳᠠᠬᠢᠨ ᠠᠰᠢᠭᠯᠠᠬᠤ ᠲᠥᠷᠥᠯ ᠵᠦᠶᠯ ᠤᠨ ᠠᠰᠢᠭᠯᠠᠯᠲᠠ ᠳᠤ ᠣᠷᠣᠬᠤ ᠶᠢ ᠪᠠᠲᠤᠯᠠᠵᠤ᠂ ᠰᠧ ᠡᠯ ᠪᠠᠩ ᠬᠦᠷᠡᠩ ᠨᠡᠭᠦᠷᠡᠰᠦ ᠶᠢ ᠴᠡᠪᠡᠷ ᠪᠦᠲᠦᠮᠵᠢᠲᠡᠶ ᠪᠠᠷ ᠶᠡᠷᠦᠩᠬᠡᠶᠢᠯᠡᠨ ᠠᠰᠢᠭᠯᠠᠬᠤ ᠣᠯᠠᠨ ᠡᠨᠧᠷᠬᠢ ᠬᠠᠷᠢᠯᠴᠠᠨ ᠨᠥᠬᠦᠪᠥᠷᠢᠯᠡᠬᠦ ᠭᠤᠤᠯᠳᠠᠯᠭ᠎ᠠ ᠲᠠᠢ ᠵᠢᠱᠢᠶ᠎ᠡ ᠦᠵᠡᠭᠦᠯᠬᠦ ᠲᠥᠷᠥᠯ ᠵᠦᠶᠯ ᠤᠨ ᠨᠠᠶᠢᠳᠠᠪᠤᠷᠢᠵᠢᠭᠤᠯᠤᠯᠲᠠ  ᠶᠢ ᠠᠬᠢᠭᠤᠯᠵᠤ᠂ ᠪᠥᠬᠦ ᠣᠷᠣᠨ ᠤ ᠲᠡᠷᠢᠭᠦᠨ ᠤ ᠰᠢᠨ᠎ᠡ ᠬᠡᠯᠪᠡᠷᠢ ᠶᠢᠨ ᠨᠡᠭᠦᠷᠡᠰᠦ ᠬᠢᠮᠢ ᠶᠢᠨ ᠠᠵᠤ ᠦᠶᠯᠡᠳᠪᠦᠷᠢ  ᠶᠢᠨ ᠳᠡᠭᠡᠳᠦ ᠲᠠᠰ ᠤᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠣᠨ᠎ᠠ᠃ ᠪᠣᠬᠢᠷᠲᠤᠯ ᠥᠬᠡᠶ ᠳᠡᠭᠡᠲᠦ ᠳᠡᠰ ᠤᠨ ᠨᠡᠭᠦᠷᠡᠰᠦ ᠴᠠᠬᠢᠯᠭᠠᠨ ᠬᠦᠩᠭᠡᠨᠴᠠᠭᠠᠨ ᠤ ᠠᠵᠤ ᠦᠢᠯᠡᠰ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠴᠢᠩᠭ᠎ᠠ  ᠠᠳᠬᠤᠨ᠎ᠠ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ ᠂ ᠨᠡᠭᠦᠷᠡᠰᠤ ᠴᠠᠬᠢᠯᠭᠠᠨ ᠬᠦᠩᠭᠡᠨᠴᠠᠭᠠᠨ ᠤ ᠠᠵᠦ ᠤᠶᠢᠯᠡᠰ ᠤᠨ ᠪᠣᠬᠢᠷᠲᠤᠯ ᠦᠭᠡᠢ᠂ ᠳᠡᠭᠡᠳᠦ ᠲᠡᠰ ᠤᠨ᠂ ᠪᠠᠭ᠎ᠠ ᠬᠤᠷᠣᠭᠳᠠᠯ ᠲᠠᠢ᠂ ᠥᠨᠳᠥᠷ ᠪᠦᠲᠦᠮᠵᠢᠲᠡᠢ ᠬᠥᠭᠵᠢᠯᠲᠡ ᠶᠢ ᠠᠬᠢᠭᠤᠯᠵᠦ ᠬᠦᠩᠭᠡᠨᠴᠠᠭᠠᠨ ᠢ ᠨᠠᠷᠢᠯᠢᠭ ᠪᠤᠯᠪᠠᠰᠤᠷᠠᠭᠤᠯᠬᠤ ᠲᠦᠪᠰᠢᠨ ᠢᠶᠠᠨ ᠲᠡᠭᠡᠭᠰᠢᠯᠡᠭᠦᠯᠤᠨ᠎ᠡ  ᠃ ᠴᠣᠤ ᠶᠢᠨ ᠬᠦᠩᠭᠡᠨᠴᠠᠭᠠᠨ ᠴᠢᠯᠠᠭᠤ᠂ ᠶᠤᠸᠠᠨ ᠳ᠋ᠦᠩ ᠬᠦᠩᠭᠡᠨᠴᠠᠭᠠᠨ ᠤ ᠬᠡᠯᠪᠡᠷᠢ ᠶᠢᠨ ᠮᠠᠲ᠋ᠧᠷᠢᠶᠠᠯ ᠵᠡᠷᠭᠡ ᠲᠡᠭᠡᠳᠦ ᠲᠡᠰ ᠤᠨ ᠬᠦᠩᠭᠡᠨᠴᠠᠭᠠᠨ ᠤ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠵᠠᠬᠠᠨᠠᠭᠤᠷ ᠤᠨ ᠬᠦᠩᠭᠡᠨᠴᠠᠭᠠᠨ ᠤ ᠬᠤᠶᠠᠳᠤᠭᠠᠷ ᠬᠤᠭᠤᠴᠠᠭᠠᠨ ᠤ ᠴᠠᠬᠢᠯᠭᠠᠨ ᠵᠠᠳᠠᠯᠤᠯ ᠤᠨ ᠬᠦᠩᠭᠡᠨᠴᠠᠭᠠᠨ ᠤ ᠲᠥᠷᠥᠯ ᠵᠦᠢᠯ ᠤᠨ ᠪᠠᠷᠢᠯᠭ᠎ᠠ ᠡᠬᠢᠯᠡᠭᠦᠯᠬᠦ ᠶᠢ ᠠᠬᠢᠭᠤᠯᠵᠤ᠂ ᠵᠡᠭᠦᠨ ᠬᠤᠶᠢᠲᠤ ᠶᠢᠨ ᠦᠢᠯᠡᠳᠬᠦ ᠦᠢᠯᠡᠰ ᠲᠤ ᠦᠢᠯᠡᠴᠢᠯᠡᠬᠦ ᠢᠵᠢ ᠪᠦᠷᠢᠳᠦᠭᠰᠡᠨ ᠬᠦᠩᠭᠡᠨᠴᠠᠭᠠᠨ ᠤ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠣᠨ᠎ᠠ᠃ ᠲᠠᠯ᠎ᠠ ᠨᠤᠳᠤᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠴᠢᠩᠭ᠎ᠠ ᠠᠳᠬᠤᠨ᠎ᠠ᠂ ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠬᠦ ᠶᠢ ᠠᠬᠢᠭᠤᠯᠵᠤ᠂ ᠮᠤᠳᠣ ᠤᠰᠤᠨ ᠴᠥᠭᠦᠷᠥᠮ ᠤᠨ ᠠᠮᠢ ᠠᠬᠤᠢ ᠶᠢᠨ ᠵᠢᠭᠤᠯᠴᠢᠯᠠᠯ ᠤᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠦᠯᠦᠪᠵᠢᠭᠦᠯᠵᠦ᠂ ᠠᠷᠤ ᠬᠥᠨᠳᠡᠯᠡᠨ ᠤ ᠵᠠᠭᠤᠨ ᠲᠦᠮᠡᠨ ᠮᠦ ᠨᠤᠲᠤᠭ ᠪᠡᠯᠴᠢᠭᠡᠷ ᠢ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠪᠣᠯᠭᠠᠨ ᠪᠠᠶᠢᠭᠤᠯᠬᠤ ᠪᠠᠷ ᠴᠢᠷᠮᠠᠶᠢᠨ᠎ᠠ︔ ᠪᠠᠬ᠎ᠠ ᠬᠡᠭᠡᠷᠡᠯᠡᠬᠦ ᠷᠠᠯᠢ ᠤᠷᠤᠯᠳᠤᠭᠠᠨ᠂ ᠵᠠᠷᠤᠳ ᠤᠨ ᠲᠠᠯ᠎ᠠ ᠨᠤᠲᠤᠭ ᠤᠨ ᠨᠠᠭᠠᠳᠤᠮ ᠵᠡᠷᠭᠡ ᠳᠥᠷᠪᠡᠨ ᠤᠯᠠᠷᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠥᠷᠨᠢᠭᠦᠯᠵᠦ᠂ ᠬᠦᠳᠡᠭᠡ ᠲᠤᠰᠬᠤᠨ ᠤ ᠬᠤᠨᠤᠭ ᠪᠠᠭᠤᠴᠠ᠂ ᠲᠠᠯ᠎ᠠ ᠶᠢᠨ ᠠᠶᠢᠯ ᠪᠡ ᠡᠷᠡᠭᠦᠯᠵᠢᠬᠦᠯᠵᠦ ᠪᠡᠶ᠎ᠡ ᠠᠰᠠᠷᠠᠬᠤ ᠰᠠᠭᠤᠷᠢᠨ ᠭᠠᠵᠠᠷ ᠢ ᠪᠤᠶᠢᠵᠢᠭᠤᠯᠵᠦ᠂ ᠲᠦᠩᠯᠢᠶᠣᠤ ᠬᠤᠲᠠ ᠶᠢᠨ ᠪᠣᠬᠢᠷᠲᠤᠯ ᠦᠭᠡᠢ ᠠᠮᠢ ᠠᠬᠤᠶ  ᠰᠣᠶᠣᠯ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠬᠦᠴᠦᠯᠡᠨ ᠪᠠᠶᠢᠭᠤᠯᠤᠨ᠎ᠠ᠃     ︽ᠭᠤᠷᠪᠠᠨ ᠲᠠᠪᠴᠠᠩ︾ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ᠃ ᠰᠢᠨᠵᠢᠯᠡᠭᠡ ᠮᠡᠷᠭᠡᠵᠢᠯ ᠪᠠᠷ ᠰᠢᠨ᠎ᠡ ᠶᠢ ᠡᠭᠦᠳᠬᠦ᠂ ᠮᠥᠩᠭᠦᠨ ᠭᠦᠶᠯᠭᠡᠭᠡᠨ ᠤ ᠦᠶᠯᠡᠴᠢᠯᠡᠭᠡ᠂  ᠲᠣᠭᠤᠷᠢᠭ ᠤᠨ ᠲᠤᠯᠭᠠᠭᠤᠷᠢᠯᠠᠬᠤ ᠦᠶᠯᠡᠳᠦᠯ ᠢ ᠲᠠᠰᠤᠷᠠᠯᠲᠠ ᠥᠬᠡᠶ ᠴᠢᠩᠭᠠᠳᠬᠠᠵᠤ᠂ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠰᠢᠨᠵᠢᠯᠡᠭᠡ ᠮᠡᠷᠭᠡᠵᠢᠯ ᠪᠠᠷ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠂ ︽ᠰᠢᠨᠵᠢᠯᠡᠭᠡ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠵᠤ᠂ ᠬᠤᠪᠣᠷ ᠦᠩᠭᠡᠲᠦ ᠣᠯᠠᠨ ᠲᠡᠮᠦᠷᠯᠢᠭ ᠤᠨ ᠰᠤᠳᠤᠯᠭᠠᠨ ᠤ ᠲᠥᠪ ᠵᠢᠴᠢ ᠠᠺᠠᠳᠧᠮᠢᠴᠢ ᠶᠢᠨ ᠠᠵᠢᠯ ᠤᠨ ᠥᠷᠲᠡᠭᠡ ᠪᠣᠯᠤᠨ ᠠᠬᠠᠯᠠᠭᠴᠢ ᠳ᠋ᠣᠺᠲ᠋ᠣᠷ ᠤᠨ ᠰᠤᠳᠤᠯᠭᠠᠨ ᠤ ᠰᠠᠭᠤᠷᠢᠨ ᠭᠠᠵᠠᠷ ᠤᠨ ᠪᠠᠶᠢᠭᠤᠯᠤᠯᠲᠠ ᠶᠢ ᠠᠬᠢᠭᠤᠯᠤᠨ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠭᠤᠶᠣᠴᠢᠯᠠᠯ ᠮᠡᠳᠡᠭᠦᠯᠬᠦ ᠠᠵᠢᠯ ᠢ ᠵᠤᠷᠢᠭᠵᠢᠭᠤᠯᠤᠨ᠎ᠠ᠃ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠪᠣᠳᠠᠲᠠᠶ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠣᠬᠢᠷᠲᠤᠯ ᠥᠬᠡᠶ ᠦᠶᠯᠡᠳᠪᠦᠷᠢᠯᠡᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂ ᠲᠠᠷᠢᠶᠠᠯᠠᠩ ᠮᠠᠯ ᠠᠵᠦ ᠠᠬᠤᠢ ᠶᠢᠨ ᠰᠢᠨᠵᠢᠯᠡᠭᠡ ᠮᠡᠷᠭᠡᠵᠢᠯ ᠤᠨ ᠦᠷ᠎ᠡ ᠪᠦᠳᠤᠮᠵᠢ ᠢ ᠬᠤᠪᠢᠷᠠᠭᠠᠬᠤ ᠪᠡ ᠲᠡᠯᠭᠡᠷᠡᠭᠦᠯᠤᠨ ᠭᠡᠷᠡᠭᠯᠡᠬᠦ ᠶᠢ ᠠᠬᠢᠭᠤᠯᠵᠦ᠂ ᠲᠠᠷᠢᠮᠠᠯ ᠤᠨ ᠰᠠᠶᠢᠨ ᠦᠷ᠎ᠡ ᠶᠢᠨ ᠨᠣᠷᠮ᠎ᠠ ᠶᠢ 100 % ᠬᠦᠷᠭᠡᠵᠦ᠂ ᠮᠠᠯ ᠵᠢᠭᠦᠷᠲᠡᠨ ᠢ ᠰᠠᠶᠢᠨ ᠡᠭᠦᠯᠳᠡᠷ ᠤᠨ ᠨᠣᠷᠮ᠎ᠠ ᠶᠢ 98 % ᠪᠣᠯᠲᠠᠯ᠎ᠠ ᠳᠡᠭᠡᠭᠰᠢᠯᠡᠭᠦᠯᠵᠦ᠂ ᠠᠯᠠᠰᠢᠨ ᠦᠬᠡᠷ ᠰᠠᠭᠠᠯᠢ ᠶᠢᠨ ᠦᠨᠢᠶ᠎ᠡ ᠶᠢ ᠰᠢᠯᠢᠳᠡᠭ ᠢᠴᠡᠭᠡᠯ ᠦᠷ᠎ᠡ ᠢᠶᠠᠷ ᠬᠡᠭᠡᠯᠳᠤᠭᠦᠯᠭᠡ ᠬᠢᠬᠦ ᠶᠢ ᠪᠡᠶᠡᠯᠡᠭᠦᠯᠦᠨ᠎ᠡ᠃ ︽ᠭᠤᠷᠪᠠᠨ ᠣᠷᠣᠨ︾ ᠤ ᠴᠢᠳᠠᠪᠤᠷᠢᠲᠠᠨ ᠪᠠ ᠰᠢᠨᠵᠢᠯᠡᠭᠡ ᠮᠡᠷᠭᠡᠵᠢᠯ ᠤᠨ ᠣᠨᠴᠠ ᠲᠤᠮᠢᠯᠠᠭᠴᠢ ᠶᠢᠨ ᠦᠶᠯᠡᠳᠦᠯ ᠢ ᠪᠠᠳᠠᠷᠠᠭᠤᠯᠵᠤ᠂ ᠮᠠᠯᠴᠢᠨ ᠲᠠᠷᠢᠶᠠᠴᠢᠨ ᠤ ᠰᠢᠨᠵᠢᠯᠡᠭᠡ ᠮᠡᠷᠭᠡᠵᠢᠯ ᠤᠨ ᠪᠣᠯᠪᠠᠰᠤᠷᠠᠯ ᠢ ᠰᠠᠶᠢᠲᠤᠷ ᠠᠳᠬᠤᠵᠤ᠂ ᠲᠠᠷᠢᠶᠠᠴᠢᠨ ᠮᠠᠯᠴᠢᠳ ᠤᠨ ᠳᠠᠭᠠᠭᠤᠯᠤᠭᠴᠢ ᠶᠢ ᠭᠤᠣᠯᠳᠠᠯᠭ᠎ᠠ ᠲᠠᠢ ᠪᠣᠶᠢᠵᠢᠭᠤᠯᠬᠤ ᠪᠠ ᠲᠡᠳᠭᠦᠵᠦ᠂ ᠬᠥᠳᠡᠭᠡ ᠲᠣᠰᠬᠤᠨ ᠤ ᠠᠵᠤ ᠦᠶᠯᠡᠰ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ ᠲᠣᠰᠬᠠᠢ ᠮᠡᠷᠭᠡᠵᠢᠯ ᠤᠨ ᠴᠢᠳᠠᠪᠤᠷᠢᠲᠠᠨ ᠢ 100 ᠤᠷᠢᠨ ᠣᠷᠣᠭᠤᠯᠵᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠮᠥᠩᠭᠦᠨ ᠭᠦᠢᠯᠭᠡᠭᠡᠨ ᠤ ᠲᠠᠪᠴᠠᠩ ᠤᠨ ᠪᠠᠶᠢᠭᠤᠯᠣᠯᠲᠠ ᠶᠢ ᠴᠢᠩᠭᠠᠳᠬᠠᠨ᠎ᠠ᠂ ︽ᠮᠥᠩᠭᠦᠨ ᠭᠦᠢᠯᠭᠡᠭᠡᠨ ᠬᠦᠭᠵᠢᠪᠡᠯ᠂ ᠠᠵᠤ ᠠᠬᠤᠢ ᠬᠦᠭᠵᠢᠬᠦ᠂ ᠮᠥᠩᠭᠦᠨ ᠭᠦᠢᠯᠭᠡᠭᠡᠨ ᠬᠦᠴᠦᠷᠭᠡᠭᠵᠢᠪᠡᠯ᠂ ᠠᠵᠤ ᠠᠬᠤᠢ ᠬᠦᠴᠦᠷᠬᠡᠭᠵᠢᠬᠦ︾ ᠬᠥᠭᠵᠢᠯᠲᠡ ᠶᠢᠨ ᠤᠶᠢᠯᠠᠭᠠᠭᠳᠠᠬᠤᠨ ᠢ ᠪᠠᠷᠢᠮᠲᠠᠯᠠᠵᠤ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠵᠠᠷᠤᠳ ᠬᠤᠰᠢᠭᠤᠨ ᠤ ᠰᠠᠯᠪᠤᠷᠢ ᠪᠠᠩᠬᠢ ᠶᠢ ᠪᠠᠶᠢᠭᠤᠯᠵᠤ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶᠠᠨ ᠤ ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠵᠠᠰᠠᠭ ᠮᠥᠩᠭᠦᠨ ᠭᠦᠢᠯᠭᠡᠭᠡ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠠᠪᠴᠠᠩ ᠪᠠᠶᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠤᠨ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢ ᠴᠢᠩᠭᠠᠷᠠᠭᠤᠯᠵᠤ᠂ ᠪᠦᠬᠦ ᠵᠢᠯ ᠤᠨ ᠵᠢᠭᠡᠯᠡᠯᠭᠡ ᠲᠠᠯᠪᠢᠬᠤ ᠬᠡᠮᠵᠢᠶ᠎ᠡ ᠶᠢ 10 % ᠠᠴᠠ ᠳᠡᠭᠡᠭᠰᠢ ᠴᠡᠪᠡᠷ ᠨᠡᠮᠡᠭᠳᠡᠭᠦᠯᠵᠦ᠂ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ ᠲᠡᠮᠵᠢᠨ᠎ᠠ᠃ ᠲᠠᠷᠢᠶᠠᠴᠢᠳ ᠲᠤ ᠠᠰᠢᠭ ᠬᠦᠷᠲᠡᠭᠡᠬᠦ ᠢᠲᠡᠭᠡᠮᠵᠢᠲᠦ ᠵᠢᠭᠡᠯᠡᠯᠭᠡ᠂ ᠠᠯᠠᠰᠢᠨ ᠦᠬᠡᠷ ᠤᠨ ︽ᠳᠠᠭᠠᠳᠬᠠᠯ ᠵᠢᠭᠡᠯᠡᠯᠭᠡ︾ ᠶᠢ ᠢᠳᠡᠪᠬᠢᠲᠡᠶ ᠳᠡᠯᠭᠡᠷᠡᠭᠦᠯᠵᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠠᠷᠢᠶᠠᠯᠠᠩ ᠤᠨ ᠳᠠᠭᠠᠳᠬᠠᠯ  ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠣᠯᠠᠨ ᠵᠤᠶᠢᠯ  ᠤᠨ ᠪᠠᠯᠠ ᠮᠥᠩᠭᠦ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠨ᠎ᠠ᠃ ᠲᠣᠭᠤᠷᠢᠭ ᠤᠨ ᠲᠠᠪᠴᠠᠩ ᠤᠨ ᠪᠠᠶᠢᠭᠤᠯᠣᠯᠲᠠ ᠶᠢ ᠴᠢᠩᠭᠠᠳᠬᠠᠨ᠎ᠠ᠂ ᠭᠤᠷᠪᠠᠨ ᠠᠵᠤ ᠦᠶᠯᠡᠳᠪᠦᠷᠢ ᠶᠢᠨ ᠲᠣᠭᠤᠷᠢᠭ ᠢ ᠨᠡᠶᠢᠯᠡᠭᠦᠯᠬᠦ ᠶᠢ ᠲᠦᠷᠭᠡᠳᠬᠡᠵᠦ᠂ ᠲᠣᠭᠤᠷᠢᠭ ᠤᠨ ︽ᠣᠷᠣᠨ ᠪᠦᠰᠡ ᠶᠢᠨ ᠦᠨᠡᠯᠡᠯᠲᠡ︾ ᠶᠢᠨ ᠠᠵᠢᠯ ᠢ ᠪᠡᠶᠡᠯᠡᠭᠦᠯᠦᠨ᠎ᠡ᠂ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠲᠣᠭᠤᠷᠢᠭ ᠤᠨ ᠤᠰᠤ ᠬᠠᠩᠭᠠᠬᠤ ᠦᠢᠯᠡᠳᠪᠦᠷᠢ᠂ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ᠂ ᠥᠳᠬᠡᠨ ᠲᠠᠪᠤᠰᠤᠨ ᠤᠰᠤ ᠰᠢᠢᠳᠪᠦᠷᠢᠯᠡᠬᠦ ᠦᠢᠯᠡᠳᠪᠦᠷᠢ᠂ ᠲᠣᠭᠤᠰᠤ ᠦᠨᠡᠰᠦ  ᠶᠢᠨ ᠲᠠᠯᠠᠪᠠᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠠᠶᠢᠭᠤᠯᠤᠨ ᠲᠠᠭᠤᠰᠬᠠᠵᠦ᠂ ᠯᠦᠪᠸᠢ ᠶᠢᠨ ᠠᠵᠤ ᠦᠶᠯᠡᠳᠪᠦᠷᠢ ᠶᠢᠨ ᠢᠳᠡᠭᠡᠨ ᠪᠣᠯᠪᠠᠰᠤᠷᠠᠭᠤᠯᠬᠤ ᠲᠣᠭᠤᠷᠢᠭ ᠤᠨ ᠠᠭᠤᠷ ᠬᠠᠩᠭᠠᠬᠤ ᠬᠤᠭᠤᠯᠠᠢ ᠲᠣᠣᠷ ᠤᠨ ᠢᠨᠵᠧᠨᠧᠷᠢᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠮᠤᠳᠣ ᠤᠰᠤᠨ ᠴᠥᠭᠦᠷᠥᠮ ᠤᠨ ᠤᠰᠤ ᠬᠠᠩᠭᠠᠬᠤ ᠬᠤᠭᠤᠯᠠᠢ ᠱᠤᠭᠤᠮ ᠤᠨ ᠪᠠᠶᠢᠭᠤᠯᠤᠯᠲᠠ ᠶᠢᠨ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠵᠦ᠂ ᠰᠢᠯᠢᠳᠡᠭ ᠠᠵᠦ ᠤᠶᠢᠯᠡᠰ ᠤᠨ ᠲᠦᠷᠤᠯ ᠵᠤᠶᠢᠯ ᠲᠤᠭᠤᠷᠢᠭ ᠲᠤ ᠲᠦᠪᠯᠡᠷᠡᠬᠦ᠂ ᠲᠤᠭᠤᠷᠢᠭ ᠤᠨ ᠡᠷᠴᠢᠮᠵᠢᠯ ᠬᠦᠭᠵᠢᠬᠦ ᠶᠢ ᠠᠬᠢᠭᠤᠯᠵᠦ ᠂ ᠵᠠᠷᠤᠳ ᠠᠵᠤ ᠦᠶᠯᠡᠳᠪᠦᠷᠢ ᠶᠢᠨ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠡᠰ ᠤᠨ ᠲᠣᠭᠤᠷᠢᠭ ᠪᠣᠯᠭᠠᠨ ᠲᠡᠰ ᠳᠡᠪᠰᠢᠭᠦᠯᠬᠦ ᠶᠢ ᠬᠦᠴᠦᠯᠡᠨ ᠠᠬᠢᠭᠤᠯᠣᠨ᠎ᠠ᠃    ᠠᠵᠤ ᠠᠬᠤᠶᠢᠯᠠᠯ ᠤᠨ ᠲᠥᠷᠥᠯ ᠵᠦᠢᠯ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠲᠥᠷᠥᠯ ᠵᠦᠶᠯ ᠢᠶᠠᠷ ᠳᠠᠶᠢᠴᠢᠯᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠪᠥᠬᠦ ᠬᠦᠴᠦᠨ ᠢᠶᠠᠷ ᠢᠶᠠᠨ ᠨᠡᠮᠡᠭᠳᠡᠯ ᠢ ᠲᠣᠭᠲᠠᠪᠤᠷᠢᠵᠢᠭᠤᠯᠵᠤ᠂ ᠬᠡᠮᠵᠢᠶ᠎ᠡ ᠪᠠᠨ ᠥᠷᠭᠡᠳᠬᠡᠵᠦ᠂ ᠶᠠᠰᠤ ᠴᠢᠨᠠᠷ ᠢᠶᠠᠨ ᠳᠡᠭᠡᠭᠰᠢᠯᠡᠭᠦᠯᠦᠨ᠎ᠡ᠃ ᠴᠢᠬᠤᠯᠠ ᠶᠡᠭᠡ ᠲᠥᠷᠥᠯ ᠵᠦᠶᠯ ᠢ ᠲᠥᠰᠦᠪᠯᠡᠨ ᠨᠥᠭᠡᠴᠡᠯᠡᠬᠦ ᠶᠢ  ᠴᠢᠩᠭᠠᠳᠬᠠᠨ᠎ᠠ᠂ ᠤᠯᠤᠰ ᠪᠠ ᠣᠷᠣᠨ ᠤ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ᠂ ᠲᠥᠷᠥ ᠶᠢᠨ ᠪᠣᠳᠣᠯᠭ᠎ᠠ ᠶᠢᠨ ᠬᠠᠨᠳᠣᠰᠢ᠂ ᠪᠠᠯᠠ ᠣᠷᠣᠭᠤᠯᠤᠯᠲᠠ  ᠶᠢᠨ ᠬᠠᠨᠳᠤᠰᠢ ᠶᠢ ᠤᠨᠤᠪᠴᠢᠳᠠᠢ ᠡᠵᠡᠮᠳᠡᠨ᠂ ᠨᠢᠭᠡ ᠪᠦᠯᠦᠭ ᠠᠵᠤ ᠦᠶᠯᠡᠰ ᠤᠨ ᠬᠥᠭᠵᠢᠯᠲᠡ᠂ ᠰᠠᠭᠤᠷᠢ ᠪᠡᠯᠡᠳᠬᠡᠮᠵᠢ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠨᠡᠶᠢᠭᠡᠮ ᠤᠨ ᠠᠵᠢᠯ ᠦᠶᠯᠡᠰ ᠤᠨ ᠬᠦᠷᠢᠶ᠎ᠡ ᠴᠠᠷ᠎ᠠ  ᠳᠠᠬᠢ ᠰᠢᠨ᠎ᠡ ᠲᠥᠷᠥᠯ ᠵᠦᠶᠯ᠂ ᠲᠣᠮᠣ ᠲᠥᠷᠥᠯ ᠵᠦᠶᠯ ᠢ ᠲᠥᠯᠥᠪᠵᠢᠭᠦᠯᠵᠦ᠂ ᠨᠠᠩ ᠣᠯᠠᠨ ᠲᠥᠷᠥᠯ ᠵᠦᠶᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠪᠠᠯᠠ ᠣᠷᠣᠭᠤᠯᠤᠯᠲᠠ  ᠶᠢᠨ ᠲᠥᠯᠥᠪᠯᠡᠭᠡ ᠳᠤ ᠣᠷᠣᠭᠤᠯᠬᠤ ᠪᠠᠷ ᠴᠢᠷᠮᠠᠶᠢᠨ᠎ᠠ᠃ ᠭᠤᠤᠯᠳᠠᠯᠭ᠎ᠠ ᠲᠠᠢ ᠲᠥᠷᠥᠯ ᠵᠦᠶᠯ ᠢ ᠣᠷᠣᠭᠤᠯᠤᠨ ᠠᠪᠴᠢᠷᠠᠵᠤ ᠪᠦᠲᠦᠭᠡᠨ ᠪᠠᠶᠢᠭᠤᠯᠬᠤ ᠶᠢ ᠴᠢᠩᠭᠠᠳᠬᠠᠨ᠎ᠠ᠂ ᠲᠥᠷᠥᠯ ᠵᠦᠶᠯ ᠢ ᠶᠡᠬᠡᠪᠡᠷ ᠠᠳᠬᠤᠬᠤ᠂ ᠲᠣᠮᠣ ᠲᠥᠷᠥᠯ ᠵᠦᠶᠯ ᠢ ᠠᠳᠬᠤᠬᠤ ᠶᠢ ᠪᠠᠷᠢᠮᠲᠠᠯᠠᠵᠤ᠂ 40 ᠭᠤᠤᠯᠳᠠᠯᠭ᠎ᠠ ᠲᠠᠢ ᠲᠥᠷᠥᠯ ᠵᠦᠶᠯ ᠢ ᠬᠡᠷᠡᠭᠵᠢᠭᠦᠯᠵᠦ᠂ ᠲᠤᠯᠭᠠᠭᠤᠷᠢᠯᠠᠬᠤ ᠦᠶᠯᠡᠳᠦᠯ ᠴᠢᠩᠭ᠎ᠠ᠂ ᠳᠠᠶᠢᠴᠢᠯᠠᠬᠤ ᠦᠶᠯᠡᠳᠦᠯ ᠶᠡᠭᠡ ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 40.18 ᠳ᠋ᠦᠩᠰᠢᠭᠤᠷ ᠲᠥᠭᠦᠷᠢᠭ ᠪᠡᠶᠡᠯᠡᠭᠦᠯᠬᠦ ᠶᠢ ᠪᠠᠲᠤᠯᠠᠨ᠎ᠠ᠃ ᠲᠠᠪᠤᠨ ᠶᠡᠭᠡ ᠠᠵᠤ ᠦᠶᠯᠡᠰ ᠤᠨ ᠰᠦᠷᠦᠭᠵᠢᠯ ᠢ ᠪᠠᠶᠢᠭᠤᠯᠬᠤ ᠶᠢᠨ ᠲᠣᠭᠤᠷᠢᠨ ᠳᠤ᠂ ᠨᠠᠩ ᠣᠯᠠᠨ ᠲᠥᠷᠥ ᠶᠢᠨ ᠪᠣᠳᠣᠯᠭ᠎ᠠ ᠶᠢᠨ ᠵᠣᠷᠢᠭᠵᠢᠭᠤᠯᠣᠯ ᠤᠨ ᠲᠥᠷᠥᠯ ᠵᠦᠶᠯ ᠪᠠ ᠲᠤᠯᠭᠠᠭᠤᠷᠢ ᠠᠵᠤ ᠦᠶᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠲᠥᠷᠥᠯ ᠵᠦᠶᠯ  ᠢ ᠤᠷᠢᠵᠤ᠂ 30 ᠠᠴᠠ ᠳᠡᠭᠡᠭᠰᠢᠬᠢ ᠣᠷᠣᠭᠤᠯᠤᠨ ᠠᠪᠴᠢᠷᠠᠵᠦ᠂ 32 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ ᠮᠥᠩᠭᠦ ᠪᠤᠳᠠᠳᠠᠶᠢᠵᠢᠭᠤᠯᠬᠤ ᠪᠠᠷ ᠴᠢᠷᠮᠠᠶᠢᠵᠦ᠂ ᠪᠥᠬᠦ ᠠᠵᠤ ᠦᠶᠯᠡᠰ ᠤᠨ ᠬᠡᠯᠬᠢᠶ᠎ᠡ ᠶᠢ ᠪᠣᠶᠢᠵᠢᠭᠤᠯᠬᠤ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠭᠤᠤᠯᠳᠠᠯᠭ᠎ᠠ ᠲᠠᠢ ᠠᠵᠦ ᠤᠶᠢᠯᠡᠰ ᠢ ᠪᠣᠶᠢᠵᠢᠭᠤᠯᠵᠤ ᠪᠠᠶᠢᠭᠤᠯᠬᠤ ᠶᠢ ᠴᠢᠩᠭᠠᠳᠬᠠᠨ᠎ᠠ᠂ ᠳᠤᠮᠳᠠ ᠵᠢᠵᠢᠭ ᠠᠵᠤ ᠠᠬᠤᠶᠢᠯᠠᠯ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠵᠣᠷᠢᠭᠵᠢᠭᠤᠯᠤᠨ ᠳᠡᠮᠵᠢᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ ᠬᠦᠮᠤᠵᠢᠭᠦᠯᠤᠨ ᠪᠤᠵᠠᠭᠠᠶᠢᠷᠠᠭᠤᠯᠵᠤ᠂ ᠮᠧᠩ ᠳ᠋ᠦᠩ ᠰᠢᠶᠧ ᠾᠧ᠂ ᠱᠧᠨ ᠨᠧᠩ ᠰᠠᠯᠬᠢᠨ ᠴᠠᠬᠢᠯᠭᠠᠨ᠂ ᠵᠥᠩ ᠰᠢᠨ ᠳ᠋ᠡ ᠴᠠᠬᠢᠯᠭᠠᠨ ᠬᠦᠴᠦᠨ ᠤ ᠲᠥᠬᠦᠭᠡᠷᠦᠮᠵᠢ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ  ᠤᠨ ᠲᠠᠰ  ᠲᠡᠪᠰᠢᠬᠦ ᠠᠵᠢᠯ ᠢ ᠵᠢᠯᠣᠭᠤᠳᠤᠨ ᠰᠠᠶᠢᠲᠤᠷ ᠬᠢᠨ᠎ᠠ᠃ ᠰᠢᠨ᠎ᠡ ᠴᠠᠭ ᠦᠶ᠎ᠡ ᠶᠢᠨ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠶᠢᠯᠠᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠨᠡᠩ ᠶᠡᠭᠡ ᠦᠢᠯᠡᠳᠦᠯ ᠦᠵᠡᠭᠦᠯᠵᠤ᠂ ᠨᠡᠩ ᠶᠡᠭᠡ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃     ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠨ᠎ᠡ᠃ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ ᠲᠠᠷᠢᠶᠠᠯᠠᠬᠤ ᠣᠷᠣᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠶ ᠴᠢᠨᠠᠷ ᠰᠠᠶᠢᠲᠠᠶ ᠥᠨᠳᠥᠷ ᠦᠷ᠎ᠡ   ᠠᠰᠢᠭ ᠲᠠᠢ᠂ ᠮᠠᠯᠵᠢᠬᠤ ᠲᠠᠷᠢᠶᠠᠯᠠᠬᠤ ᠣᠷᠣᠨ ᠣᠷᠣᠰᠢᠨ ᠰᠠᠭᠤᠵᠦ᠂ ᠦᠢᠯᠡᠰ ᠪᠤᠰᠬᠠᠬᠤ ᠳᠤ ᠲᠣᠬᠢᠷᠠᠮᠵᠢᠲᠠᠶ᠂ ᠮᠠᠯᠴᠢᠨ ᠲᠠᠷᠢᠶᠠᠴᠢᠨ ᠪᠠᠶᠠᠨ ᠴᠢᠨᠡᠭᠡᠯᠢᠭ ᠪᠤᠯᠬᠤ  ᠶᠢ ᠠᠬᠢᠭᠤᠯᠤᠨ᠎ᠠ᠃     ᠶᠠᠳᠠᠭᠤ ᠠᠴᠠ ᠠᠩᠭᠢᠵᠢᠷᠠᠭᠤᠯᠣᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠨ᠎ᠡ᠃ ᠲᠥᠪ ᠤᠨ ︽ᠳᠥᠷᠪᠡ ᠶᠢ ᠰᠠᠯᠭᠠᠬᠤ ᠥᠬᠡᠶ︾ ᠱᠠᠭᠠᠷᠳᠠᠯᠭ᠎ᠠ ᠪᠠ 5 ᠵᠢᠯ ᠤᠨ ᠰᠢᠯᠵᠢᠯᠲᠡ ᠶᠢᠨ ᠬᠤᠭᠤᠴᠠᠭᠠᠨ ᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠭᠤᠨ ᠪᠠᠶᠢᠯᠭᠠᠵᠤ᠂ ᠡᠬᠢ ᠪᠠᠶᠠᠯᠢᠭ ᠢ ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠳᠡᠮᠵᠢᠵᠦ ᠪᠠᠶᠢᠭᠰᠠᠨ ᠠᠴᠠ ᠠᠯᠬᠤᠮ ᠠᠯᠬᠤᠮ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠲᠡᠶᠢᠰᠢ ᠲᠣᠭᠲᠠᠭᠤᠨ ᠢᠶᠠᠷ ᠰᠢᠯᠵᠢᠭᠦᠯᠦᠨ᠎ᠡ᠃ ᠣᠲᠣ ᠶᠢᠨ ᠪᠠᠶᠢᠭ᠎ᠠ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠵᠦᠶᠯ ᠳᠠᠷᠠᠭᠠᠯᠠᠨ ᠲᠦᠷᠥᠯ ᠬᠤᠪᠢᠶᠠᠨ ᠰᠢᠯᠢᠳᠡᠭᠵᠢᠭᠦᠯᠦᠨ ᠳᠣᠭᠢᠷᠠᠭᠤᠯᠵᠤ᠂ ᠶᠠᠳᠠᠭᠤ ᠶᠢ ᠲᠡᠳᠬᠦᠬᠦ ᠲᠥᠷᠥᠯ ᠵᠦᠶᠯ ᠤᠨ ᠪᠠᠯᠠ ᠮᠥᠩᠭᠦ ᠡᠳ᠋ ᠬᠥᠷᠥᠩᠭᠡ  ᠶᠢᠨ ᠬᠠᠮᠢᠶᠠᠷᠤᠯᠲᠠ ᠪᠠᠨ ᠴᠢᠩᠭᠠᠳᠬᠠᠨ᠂ ᠠᠮᠠᠷᠬᠠᠨ ᠳᠠᠬᠢᠨ ᠶᠠᠳᠠᠭᠤᠷᠠᠬᠤ ᠬᠥᠮᠦᠨ ᠠᠮᠠ ᠶᠢ ᠪᠠᠶᠢᠩᠭᠤ ᠬᠢᠨᠠᠨ ᠬᠡᠮᠵᠢᠵᠦ᠂ ᠦᠷᠭᠦᠯᠵᠢᠯᠡᠨ ᠤᠨᠤᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠶᠯ ᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠠᠵᠤ ᠦᠶᠯᠡᠰ ᠤᠨ ᠲᠠᠰ ᠳᠡᠪᠰᠢᠬᠦ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠣᠯᠤᠨ ᠳᠣᠣᠷ᠎ᠠ ᠤᠷᠤᠯᠭ᠎ᠠ ᠲᠠᠢ ᠬᠥᠮᠦᠰ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠪᠠᠲᠤᠯᠠᠨ᠎ᠠ᠃     ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ᠃ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ᠂ ᠨᠠᠷᠠᠲᠤ ᠲᠡᠮᠳᠡᠭᠲᠦ ᠪᠠᠷ ᠲᠠᠷᠢᠶᠠᠯᠠᠩ ᠮᠠᠯ ᠠᠵᠤ ᠠᠬᠤᠶ ᠶᠢ ᠬᠦᠴᠦᠷᠬᠡᠭᠵᠢᠭᠦᠯᠬᠦ᠂ ᠰᠢᠨᠵᠢᠯᠡᠭᠡ ᠮᠡᠷᠭᠡᠵᠢᠯ ᠢᠶᠠᠷ ᠮᠠᠯᠴᠢᠨ ᠲᠠᠷᠢᠶᠠᠴᠢᠨ ᠢ ᠪᠠᠶᠠᠵᠢᠭᠤᠯᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠠᠵᠤ ᠦᠶᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠨᠢᠭᠡ ᠬᠤᠶᠠᠷ ᠭᠤᠷᠪᠠᠳᠤᠭᠠᠷ ᠠᠵᠤ ᠦᠶᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠬᠦ ᠶᠢ ᠳᠠᠶᠢᠴᠢᠯᠠᠨ᠎ᠠ᠃ ᠤᠰᠤ ᠠᠷᠪᠢᠯᠠᠬᠤ ᠥᠨᠳᠥᠷ ᠦᠷ᠎ᠡ ᠠᠰᠢᠭᠲᠤ ᠲᠠᠷᠢᠮᠠᠯ ᠤᠨ ᠦᠢᠯᠡᠰ ᠢ ᠬᠦᠭᠵᠢᠭᠦᠯᠦᠨ᠎ᠡ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠵᠤ᠂ ᠤᠰᠤᠨ ᠤ ᠬᠡᠮᠵᠢᠶ᠎ᠡ ᠪᠠᠷ ᠬᠥᠭᠵᠢᠭᠦᠯᠬᠦ︾ ᠶᠢ ᠪᠠᠷᠢᠮᠲᠠᠯᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 5 ᠲᠦᠮᠡᠨ ᠮᠦ ᠪᠦᠲᠦᠭᠡᠨ ᠪᠠᠶᠢᠭᠤᠯᠵᠤ᠂ 1 ᠲᠦᠮᠡᠨ ᠮᠦ ᠬᠤᠵᠢᠷᠯᠢᠭ ᠭᠠᠵᠠᠷ ᠢ ᠰᠠᠶᠢᠵᠢᠷᠠᠭᠤᠯᠣᠨ᠎ᠠ᠃ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ︽ᠠᠵᠤ ᠠᠬᠤᠶᠢᠯᠠᠯ + ᠰᠠᠭᠤᠷᠢᠨ ᠭᠠᠵᠠᠷ + ᠲᠠᠷᠢᠶᠠᠯᠠᠬᠤ ᠡᠷᠦᠬᠡ + ᠪᠠᠷᠢᠮᠵᠢᠶ᠎ᠠ︾ ᠶᠢᠨ ᠵᠠᠭᠪᠤᠷ ᠢ ᠠᠪᠴᠤ᠂ ᠨᠣᠭᠤᠭᠠᠨ ᠪᠤᠷᠴᠠᠭ᠂ ᠨᠠᠷᠢᠮᠤ᠂ ᠨᠡᠷᠡᠨ ᠬᠤᠸᠠᠷ᠂ ᠰᠢᠰᠢ ᠵᠡᠷᠭᠡ ᠠᠵᠦ ᠠᠬᠤᠢ ᠶᠢᠨ ᠲᠠᠷᠢᠮᠠᠯ ᠤᠨ ᠲᠠᠯᠠᠪᠠᠶ ᠶᠢ ᠦᠷᠭᠡᠳᠭᠡᠨ᠎ᠡ︔ ︽ᠠᠵᠤ ᠠᠬᠤᠶᠢᠯᠠᠯ + ᠰᠠᠭᠤᠷᠢᠨ ᠭᠠᠵᠠᠷ᠂ ᠬᠦᠷᠢᠶ᠎ᠡ ᠬᠠᠰᠢᠶ᠎ᠠ + ᠡᠮ ᠤᠨ ᠮᠠᠲ᠋ᠧᠷᠢᠶᠠᠯ︾ ᠤᠨ ᠵᠠᠭᠪᠤᠷ ᠢ ᠶᠡᠬᠡᠪᠡᠷ ᠳᠡᠯᠭᠡᠷᠡᠭᠦᠯᠵᠦ᠂ ᠰᠢᠷ᠎ᠠ ᠪᠠᠪᠤ᠂ ᠴᠢᠨ᠋ᠸ᠎ᠠ ᠶᠢᠨ ᠬᠠᠯᠳᠠᠷ᠂ ᠱᠦᠭᠦᠷᠭᠡᠨ᠎ᠡ ᠵᠡᠷᠭᠡ ᠬᠢᠲᠠᠳ ᠡᠮ ᠤᠨ ᠮᠠᠲ᠋ᠧᠷᠢᠶᠠᠯ ᠤᠨ ᠳᠠᠷᠢᠬᠤ ᠲᠠᠯᠠᠪᠠᠶ ᠶᠢ ᠦᠷᠭᠦᠯᠵᠢᠯᠡᠨ ᠦᠷᠭᠡᠳᠭᠡᠵᠦ᠂ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠦᠨ ᠳᠣᠭᠢᠷᠠᠭᠤᠯᠵᠤ᠂ ᠲᠠᠷᠢᠶᠠᠯᠠᠩ ᠤᠨ ᠭᠠᠷᠤᠯᠲᠠ ᠦᠷ᠎ᠡ ᠠᠰᠢᠭ ᠨᠡᠮᠡᠭᠳᠡᠬᠦ ᠶᠢ ᠠᠬᠢᠭᠤᠯᠣᠨ᠎ᠠ᠃ ᠵᠣᠬᠢᠬᠤ ᠬᠡᠪᠴᠢᠶᠡᠨ ᠤ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠦᠨ᠎ᠡ᠂ ︽ᠬᠤᠨᠢ ᠶᠢ ᠪᠠᠭᠠᠰᠬᠠᠵᠤ ᠦᠬᠡᠷ ᠢ ᠨᠡᠮᠡᠭᠳᠡᠬᠦᠯᠬᠦ᠂ ᠦᠬᠡᠷ ᠢ ᠨᠡᠮᠡᠭᠳᠡᠬᠦᠯᠵᠦ ᠮᠠᠯ ᠠᠵᠦ ᠠᠬᠤᠢ ᠶᠢ ᠬᠦᠭᠵᠢᠬᠦᠯᠬᠦ᠂ ᠴᠢᠨᠠᠷ ᠢ ᠨᠢ ᠰᠠᠶᠢᠵᠢᠷᠠᠭᠤᠯᠵᠦ ᠦᠷ᠎ᠡ ᠠᠰᠢᠭ ᠢ ᠨᠢ ᠨᠡᠮᠡᠭᠳᠡᠬᠦᠯᠬᠦ︾ ᠬᠦᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠤᠶᠢᠪᠢᠰᠢ ᠦᠭᠡᠢ ᠨᠠᠶᠢᠲᠠᠪᠣᠷᠢᠵᠢᠭᠤᠯᠵᠤ᠂ ᠦᠬᠡᠷ ᠤᠨ ᠠᠵᠤ ᠦᠶᠯᠡᠰ ᠢ ᠬᠥᠳᠡᠭᠡ  ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠯᠠᠬᠤ ᠠᠵᠤ ᠦᠶᠯᠡᠰ ᠪᠣᠯᠭᠠᠵᠤ᠂ ᠠᠮᠢ ᠠᠬᠤᠶ ᠶᠢᠨ ᠬᠡᠯᠪᠡᠷᠢ᠂ ᠦᠷ᠎ᠡ ᠠᠰᠢᠭᠲᠤ ᠬᠡᠯᠪᠡᠷᠢ ᠶᠢᠨ ᠣᠳᠣ ᠦᠶ᠎ᠡ ᠶᠢᠨ ᠮᠠᠯ ᠠᠵᠤ ᠠᠬᠤᠶ ᠶᠢᠨ ᠬᠥᠭᠵᠢᠯᠲᠡ ᠶᠢᠨ ᠵᠠᠭᠪᠤᠷ ᠢ ᠳᠡᠯᠭᠡᠷᠡᠭᠦᠯᠵᠦ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠂ ᠬᠥᠮᠦᠨ ᠮᠠᠯ ᠢ ᠰᠠᠯᠭᠠᠬᠤ᠂ ᠶᠠᠰᠤ ᠴᠢᠨᠠᠷ ᠲᠡᠭᠡᠭᠰᠢᠯᠡᠵᠦ ᠦᠷ᠎ᠡ ᠠᠰᠢᠭ ᠨᠡᠮᠡᠭᠳᠡᠬᠦ ᠶᠢ ᠠᠬᠢᠭᠤᠯᠣᠨ᠎ᠠ᠂ ᠣᠳᠣ ᠦᠶ᠎ᠡ ᠶᠢᠨ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ᠂ ᠬᠡᠪᠴᠢᠶᠡᠵᠢᠭᠰᠡᠨ ᠲᠡᠵᠢᠭᠡᠪᠦᠷᠢ ᠶᠢᠨ ᠲᠤᠰᠬᠠᠶ ᠬᠤᠷᠰᠢᠶ᠎ᠠ᠂ ᠲᠡᠵᠢᠭᠡᠪᠦᠷᠢ ᠶᠢᠨ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠢ ᠪᠣᠶᠢᠵᠢᠭᠤᠯᠵᠤ᠂ ᠠᠯᠠᠰᠢᠨ ᠦᠬᠡᠷ ᠲᠡᠵᠢᠭᠡᠬᠦ ᠪᠣᠷᠳᠣᠬᠤ ᠰᠠᠭᠤᠷᠢᠨ ᠭᠠᠵᠠᠷ ᠪᠠᠶᠢᠭᠤᠯᠵᠤ᠂ ᠠᠯᠠᠰᠢᠨ ᠦᠬᠡᠷ ᠪᠤᠷᠳᠤᠬᠤ ᠤᠶᠢᠯᠡᠰ ᠦᠭᠡᠢ ᠪᠠᠶᠢᠬᠤ ᠳᠣᠲᠠᠭᠳᠠᠯ ᠢᠶᠠᠨ ᠨᠥᠬᠦᠪᠥᠷᠢᠯᠡᠨ᠎ᠡ︔ ᠮᠢᠬ᠎ᠠ ᠰᠦ ᠬᠤᠣᠰ ᠬᠡᠷᠡᠭᠯᠡᠭᠡᠨ ᠤ ᠡᠭᠦᠯᠳᠡᠷ ᠢᠶᠠᠷ ᠭᠤᠣᠯ ᠪᠣᠯᠭᠠᠭᠰᠠᠨ ᠰᠠᠶᠢᠨ ᠡᠭᠦᠯᠳᠡᠷᠵᠢᠭᠦᠯᠬᠦ ᠠᠬᠢᠴᠠ ᠶᠢ ᠲᠦᠷᠭᠡᠳᠭᠡᠵᠦ︔ ᠬᠠᠰᠢᠶ᠎ᠠ ᠰᠠᠷᠠᠪᠴᠢ᠂ ᠵᠣᠭᠤᠷᠢ ᠳᠠᠲᠠᠭᠠᠯ᠂ ᠮᠠᠯ ᠠᠵᠤ ᠠᠬᠤᠶ ᠶᠢᠨ ᠮᠠᠰᠢᠨ ᠮᠧᠬᠠᠨᠢᠭ ᠭᠤᠤᠯ ᠪᠣᠯᠭᠠᠭᠰᠠᠨ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠪᠡᠯᠡᠳᠬᠡᠮᠵᠢ ᠶᠢ ᠪᠠᠷᠢᠮᠵᠢᠶᠠᠵᠢᠭᠤᠯᠵᠦ ᠪᠦᠲᠦᠭᠡᠨ ᠪᠠᠶᠢᠭᠤᠯᠬᠤ ᠶᠢ ᠠᠬᠢᠭᠤᠯᠵᠤ᠂ ᠦᠬᠡᠷ ᠤᠨ ᠠᠵᠤ ᠦᠶᠯᠡᠰ ᠢᠶᠠᠷ ᠲᠠᠭᠠᠭᠤᠯᠤᠭᠴᠢ ᠪᠣᠯᠭᠠᠭᠰᠠᠨ ᠣᠳᠣ ᠦᠶ᠎ᠡ ᠶᠢᠨ ᠮᠠᠯ ᠠᠵᠤ ᠠᠬᠤᠶ ᠶᠢ ᠬᠦᠭᠵᠢᠭᠦᠯᠵᠦ᠂ ᠪᠦᠬᠦ ᠬᠤᠰᠢᠭᠤᠨ ᠤ ᠦᠬᠡᠷ ᠤᠨ ᠲᠤᠭ᠎ᠠ ᠶᠢ 60 ᠲᠦᠮᠡ ᠠᠴᠠ ᠳᠡᠭᠡᠭᠰᠢ ᠪᠤᠯᠭᠠᠵᠦ᠂ ᠲᠦᠩᠯᠢᠶᠣᠤ ᠬᠤᠲᠠ ᠶᠢᠨ ᠲᠠᠯ᠎ᠠ ᠨᠤᠲᠤᠭ ᠤᠨ ᠠᠯᠠᠰᠢᠨ ᠦᠬᠡᠷ ᠤᠨ ᠭᠤᠤᠯ ᠣᠷᠣᠨ ᠪᠠ ᠲᠦᠩᠯᠢᠶᠣᠤ ᠶᠢᠨ ᠬᠤᠶᠢᠲᠤ ᠬᠡᠰᠡᠭ ᠤᠨ ᠣᠲᠣ ᠦᠶ᠎ᠡ ᠶᠢᠨ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠤᠨ᠎ᠠ᠃ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠬᠦᠭᠵᠢᠭᠦᠯᠦᠨ᠎ᠡ᠂  ︽ᠨᠢᠭᠡ ᠰᠢᠶᠠᠩ ᠳᠤ ᠨᠢᠭᠡ ᠠᠵᠤ ᠦᠢᠯᠡᠰ ᠲᠠᠢ᠂ ᠨᠢᠭᠡ ᠲᠣᠰᠬᠤᠨ ᠳᠤ ᠨᠢᠭᠡ ᠨᠡᠷᠡᠲᠦ ᠲᠡᠮᠳᠡᠭ ᠲᠠᠢ︾ ᠪᠠᠶᠢᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠲᠠᠷᠢᠶᠠᠯᠠᠬᠤ ᠳᠤ ᠲᠣᠬᠢᠷᠠᠮᠵᠢᠲᠠᠢ ᠪᠣᠯ ᠲᠠᠷᠢᠶᠠᠯᠠᠩ ᠢ ᠬᠥᠭᠵᠢᠭᠦᠯᠵᠦ᠂ ᠮᠠᠯᠵᠢᠬᠤ ᠳᠤ ᠲᠣᠬᠢᠷᠠᠮᠵᠢᠲᠠᠢ ᠪᠣᠯ ᠮᠠᠯ ᠠᠵᠤ ᠠᠬᠤᠢ ᠶᠢ ᠬᠥᠭᠵᠢᠭᠦᠯᠵᠦ᠂ ᠵᠤᠭᠠᠴᠠᠬᠤ ᠳᠤ ᠲᠣᠬᠢᠷᠠᠮᠵᠢᠲᠠᠢ ᠪᠣᠯ  ᠵᠢᠭᠤᠯᠴᠢᠯᠠᠯ ᠢ ᠡᠷᠬᠢᠯᠡᠵᠦ᠂ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠪᠣᠯᠤᠨ ᠬᠦᠷᠢᠶ᠎ᠡ ᠬᠠᠰᠢᠶᠠᠨ ᠤ ᠠᠵᠤ ᠠᠬᠤᠢ  ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠵᠤ ᠦᠶᠯᠡᠰ ᠢᠶᠠᠷ ᠲᠡᠳᠬᠦᠨ ᠳᠡᠮᠵᠢᠬᠦ ᠪᠠ ᠨᠡᠶᠢᠲᠡ ᠶᠢᠨ ᠠᠰᠠᠷᠠᠮᠵᠢ  ᠶᠢᠨ ᠴᠢᠨᠠᠷᠲᠠᠶ ᠦᠶᠯᠡᠳᠪᠦᠷᠢᠯᠡᠯ ᠠᠮᠢᠳᠤᠷᠠᠯ ᠤᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ 39 ᠬᠡᠷᠡᠭᠵᠢᠭᠦᠯᠵᠦ᠂ ᠠᠯᠠᠰᠢᠨ ᠦᠬᠡᠷ ᠰᠠᠭᠠᠯᠢ ᠶᠢᠨ ᠦᠨᠢᠶ᠎ᠡ᠂ ᠡᠯᠳᠡᠪ ᠠᠮᠤ ᠪᠤᠷᠴᠠᠭ᠂ ᠰᠤᠪᠤᠳᠯᠢᠭ ᠲᠣᠰᠣᠨ ᠬᠦᠶᠯᠡᠰᠦ᠂ ᠬᠢᠲᠠᠳ ᠡᠮ ᠤᠨ ᠮᠠᠲ᠋ᠧᠷᠢᠶᠠᠯ᠂ ᠭᠤᠸᠠ ᠵᠢᠮᠢᠰ ᠬᠥᠬᠡ ᠨᠣᠭᠤᠭ᠎ᠠ ᠵᠡᠷᠭᠡ ᠬᠥᠳᠡᠭᠡ ᠲᠣᠰᠬᠤᠨ ᠤ ᠣᠨᠴᠠᠯᠢᠭᠲᠤ ᠠᠵᠤ ᠦᠶᠯᠡᠰ ᠢ ᠬᠥᠭᠵᠢᠭᠦᠯᠬᠦ ᠶᠢ ᠵᠣᠷᠢᠭᠵᠢᠭᠤᠯᠵᠤ᠂ ᠨᠢᠭᠡ ᠪᠦᠯᠦᠭ ᠴᠠᠭᠠᠨ ᠢᠳᠡᠭᠡᠨ ᠦᠶᠯᠡᠳᠪᠦᠷᠢᠯᠡᠬᠦ ᠲᠤᠰᠬᠠᠶ ᠭᠠᠴᠠᠭ᠎ᠠ ᠲᠣᠰᠬᠤᠨ ᠢ ᠲᠥᠯᠥᠪᠵᠢᠭᠦᠯᠦᠨ ᠪᠠᠶᠢᠭᠤᠯᠵᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠵᠦ᠂ ᠮᠠᠯᠴᠢᠨ ᠲᠠᠷᠢᠶᠠᠴᠢᠨ ᠤ ᠤᠷᠤᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠦᠷᠭᠡᠳᠭᠡᠨ᠎ᠡ᠃ ᠨᠡᠷᠡᠲᠦ ᠲᠡᠮᠳᠡᠭᠲᠦ ᠲᠠᠷᠢᠶᠠᠯᠠᠩ ᠮᠠᠯ ᠠᠵᠤ ᠠᠬᠤᠶ ᠶᠢ ᠬᠦᠭᠵᠢᠭᠦᠯᠦᠨ᠎ᠡ᠂ ᠲᠠᠷᠢᠶᠠᠯᠠᠩ ᠮᠠᠯ  ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠥᠬᠦ ᠶᠠᠪᠤᠴᠠ ᠳᠤ ᠶᠠᠰᠤ ᠴᠢᠨᠠᠷ ᠢ ᠡᠵᠡᠮᠳᠡᠬᠦ ᠪᠠᠷᠢᠮᠵᠢᠶ᠎ᠠ ᠶᠢᠨ ᠰᠢᠰᠲ᠋ᠧᠮ ᠪᠠ ᠠᠮᠤᠷ ᠲᠦᠪᠰᠢᠨ ᠢ ᠮᠥᠷᠳᠡᠨ ᠤᠬᠤᠴᠢᠯᠠᠬᠤ ᠰᠢᠰᠲ᠋ᠧᠮ ᠢ ᠲᠡᠭᠦᠯᠳᠡᠷᠵᠢᠭᠦᠯᠦᠨ᠂ ︽ᠭᠤᠷᠪᠠᠨ ᠪᠦᠲᠦᠭᠡᠭᠳᠡᠬᠦᠨ ᠨᠢᠭᠡ ᠰᠢᠨᠵᠢ ᠲᠡᠮᠳᠡᠭ︾ ᠤᠨ ᠭᠡᠷᠡᠴᠢᠯᠡᠯ ᠢ ᠴᠢᠩᠭᠠᠳᠬᠠᠵᠤ᠂ ᠨᠢᠭᠡ ᠪᠦᠯᠦᠭ ᠵᠠᠬ᠎ᠠ ᠳᠡᠯᠭᠡᠭᠦᠷ ᠲᠤ ᠢᠯᠡ ᠳᠠᠪᠠᠭᠤᠯᠢᠭ ᠲᠠᠢ᠂ ᠥᠷᠢᠰᠦᠯᠳᠦᠬᠦ ᠬᠦᠴᠦᠨ ᠢᠶᠠᠷ ᠴᠢᠩᠭ᠎ᠠ ᠭᠠᠷᠤᠯᠲᠠ ᠶᠢᠨ ᠣᠷᠣᠨ ᠤ ᠨᠡᠷᠡᠲᠦ ᠲᠡᠮᠳᠡᠭᠲᠦ᠂ ᠠᠵᠤ ᠠᠬᠤᠶᠢᠯᠠᠯ ᠤᠨ ᠨᠡᠷᠡᠲᠦ ᠲᠡᠮᠳᠡᠭᠲᠦ ᠪᠠ ᠪᠦᠲᠦᠭᠡᠭᠳᠡᠬᠦᠨ ᠤ ᠨᠡᠷᠡᠲᠦ ᠲᠡᠮᠳᠡᠭᠲᠦ ᠶᠢ ᠪᠣᠶᠢᠵᠢᠭᠤᠯᠤᠨ᠂ ᠵᠠᠷᠤᠳ ᠨᠣᠭᠤᠭᠠᠨ ᠪᠤᠷᠴᠠᠭ᠂ ᠵᠠᠷᠤᠳ ᠨᠡᠷᠡᠨ ᠬᠤᠸᠠᠷ᠂ ᠵᠠᠷᠤᠳ ᠰᠢᠰᠢ ᠪᠠ ᠵᠠᠷᠤᠳ ᠲᠠᠯ᠎ᠠ ᠨᠤᠲᠤᠭ ᠤᠨ ᠦᠬᠡᠷ᠂ ᠵᠠᠷᠤᠳ ᠲᠠᠯ᠎ᠠ ᠨᠤᠲᠤᠭ ᠤᠨ ᠬᠤᠨᠢ᠂ ᠵᠠᠷᠤᠳ ᠤᠨ ᠰᠠᠨᠠᠭ᠎ᠠ ᠠᠮᠤᠷ ᠦᠬᠡᠷ ᠬᠤᠨᠢᠨ ᠮᠢᠬ᠎ᠠ ᠵᠡᠷᠭᠡ ᠨᠡᠷᠡᠲᠦ ᠲᠡᠮᠳᠡᠭᠲᠦ ᠶᠢᠨ ᠠᠯᠳᠠᠷ ᠪᠠ ᠨᠥᠯᠥᠭᠡᠯᠡᠬᠦ ᠬᠦᠴᠦᠨ ᠢ ᠥᠷᠭᠡᠳᠬᠡᠵᠦ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠨᠡᠷᠡᠲᠦ ᠲᠡᠮᠳᠡᠭᠲᠦ ᠶᠢᠨ ᠨᠥᠯᠥᠭᠡᠯᠡᠯ ᠪᠠ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃    ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ  ᠰᠠᠶᠢᠵᠢᠷᠠᠭᠤᠯᠬᠤ ᠠᠵᠢᠯᠯᠠᠭ᠎ᠠ ᠶᠢ ᠠᠬᠢᠭᠤᠯᠵᠤ᠂ 5 ᠰᠤᠮᠤ ᠰᠢᠶᠠᠩ ᠪᠠᠯᠭᠠᠰᠤᠨ ᠤ ᠲᠦᠯᠦᠪᠵᠢᠭᠦᠯᠭᠡ ᠪᠠ 50 ᠭᠠᠴᠠᠭ᠎ᠠ ᠲᠣᠰᠬᠤᠨ  ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠪᠠᠭᠠᠰᠤ ᠢᠯᠭᠠᠳᠠᠰᠤ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠭᠦᠨᠵᠡᠭᠡᠢ ᠬᠡᠷᠡᠭᠵᠢᠭᠦᠯᠵᠦ᠂ 9100 ᠡᠷᠦᠬᠡ ᠶᠢᠨ ᠵᠣᠷᠯᠣᠩ᠂ 20 ᠨᠡᠶᠢᠲᠡ  ᠶᠢᠨ ᠵᠣᠷᠯᠣᠩ ᠢ ᠥᠭᠡᠷᠡᠴᠢᠯᠡᠨ ᠵᠠᠰᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ᠂ ᠪᠣᠬᠢᠷ ᠤᠰᠤ ᠶᠢ ᠰᠢᠶᠳᠪᠦᠷᠢᠯᠡᠬᠦ ᠶᠢ ᠠᠬᠢᠭᠤᠯᠵᠤ᠂ 10 ᠪᠠᠷᠢᠮᠵᠢᠶᠠᠵᠢᠭᠰᠠᠨ ᠬᠤᠭ ᠨᠣᠪᠰᠢ ᠰᠢᠶᠳᠪᠦᠷᠢᠯᠡᠬᠦ ᠥᠷᠲᠡᠭᠡ᠂10 ᠲᠦᠷᠭᠡᠨ ᠠᠭᠤᠷᠰᠢᠭᠤᠯᠬᠤ ᠬᠦᠳᠡᠷᠵᠢᠭᠦᠯᠬᠦ ᠵᠤᠤᠬ᠎ᠠ ᠶᠢ ᠪᠠᠶᠢᠭᠤᠯᠵᠤ᠂197 ᠬᠤᠭ ᠨᠣᠪᠰᠢ ᠪᠤᠯᠠᠬᠤ ᠲᠠᠯᠠᠪᠠᠶ ᠶᠢᠨ ᠪᠠᠷᠢᠮᠵᠢᠶᠠᠵᠢᠭᠰᠠᠨ ᠨᠡᠪᠴᠢᠵᠦ ᠭᠤᠭᠤᠵᠢᠬᠤ ᠶᠢ ᠰᠡᠷᠭᠡᠶᠢᠯᠡᠬᠦ ᠥᠭᠡᠷᠡᠴᠢᠯᠡᠯᠲᠡ ᠶᠢ ᠪᠡᠶᠡᠯᠡᠭᠦᠯᠵᠦ᠂ 2 ᠪᠣᠬᠢᠷ ᠤᠰᠤ ᠰᠢᠶᠳᠪᠦᠷᠢᠯᠡᠬᠦ ᠪᠡᠯᠡᠳᠬᠡᠮᠵᠢ᠂ 2.9 ᠺᠢᠯᠣᠮᠧᠲᠷ ᠪᠣᠬᠢᠷ ᠤᠰᠤᠨ ᠤ ᠬᠤᠭᠤᠯᠠᠶ ᠲᠣᠤᠷ ᠢ ᠰᠢᠨ᠎ᠡ ᠪᠠᠷ ᠪᠠᠶᠢᠭᠤᠯᠣᠨ᠎ᠠ᠃ ᠤᠤᠭᠤᠬᠤ ᠤᠰᠤᠨ ᠤ ᠠᠮᠤᠷ ᠲᠦᠪᠰᠢᠨ ᠢ ᠪᠠᠲᠤᠳᠬᠠᠨ ᠳᠡᠭᠡᠭᠰᠢᠯᠡᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 71 ᠬᠠᠭᠤᠴᠢᠨ ᠬᠤᠭᠤᠯᠠᠢ ᠲᠣᠣᠷ ᠢ ᠵᠠᠰᠠᠨ ᠰᠢᠨᠡᠳᠬᠡᠨ᠎ᠡ᠃ ᠤᠯᠤᠰ ᠤᠨ ᠣᠶ ᠰᠢᠭᠤᠶᠢᠳᠦ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠶᠢ ᠠᠬᠢᠭᠤᠯᠵᠤ᠂ 5 ᠭᠤᠤᠯᠳᠠᠯᠭ᠎ᠠ ᠲᠠᠢ ᠭᠠᠴᠠᠭ᠎ᠠ ᠲᠣᠰᠬᠤᠨ ᠢ ᠨᠣᠭᠤᠭᠠᠷᠠᠭᠤᠯᠤᠨ᠂ ᠬᠥᠳᠡᠭᠡ ᠲᠣᠰᠬᠤᠨ ᠤ ᠵᠠᠰᠠᠯᠲᠠ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠣᠶᠣᠨᠯᠢᠭ ᠷᠠᠳᠢᠣ᠋ ᠲᠧᠯᠸᠢᠰ︾ ᠥᠷᠭᠡᠨ ᠪᠦᠰᠡᠲᠦ ᠰᠦᠯᠵᠢᠶ᠎ᠡ ᠪᠦᠷᠬᠦᠬᠦᠯᠬᠦ ᠪᠠ ᠦᠶᠯᠡᠴᠢᠯᠡᠭᠡᠨ ᠤ ᠢᠨᠵᠧᠨᠧᠷᠢᠩ ᠢ ᠬᠡᠷᠡᠭᠵᠢᠭᠦᠯᠵᠦ᠂ ᠰᠢᠨ᠎ᠡ ᠴᠠᠭ ᠦᠶ᠎ᠡ  ᠶᠢᠨ ᠪᠣᠯᠪᠠᠰᠤᠨ ᠤ ᠦᠶᠯᠡᠳᠦᠯᠭᠡ ᠶᠢᠨ ᠲᠥᠪ ᠤᠨ ᠦᠶᠯᠡᠳᠦᠯ ᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠴᠢᠩᠭᠠᠳᠬᠠᠵᠤ᠂ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠬᠡᠷ ᠪᠦᠯᠢ ᠵᠡᠷᠭᠡ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠪᠣᠯᠪᠠᠰᠤᠨ ᠤ ᠰᠢᠨ᠎ᠡ ᠳᠦᠷᠰᠦ ᠪᠠᠶᠢᠳᠠᠯ ᠢ ᠪᠥᠬᠦ ᠲᠠᠯ᠎ᠠ ᠪᠠᠷ ᠢᠯᠡᠷᠡᠭᠦᠯᠦᠨ᠎ᠡ᠃    ︵ᠭᠤᠷᠪᠠ︶ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢᠨ ᠠᠬᠢᠴᠠ ᠶᠢ ᠲᠦᠷᠭᠡᠳᠬᠡᠵᠦ᠂ ᠠᠮᠢ ᠠᠬᠤᠶᠢᠯᠢᠭ ᠣᠷᠣᠰᠢᠨ ᠰᠠᠭᠤᠵᠤ ᠦᠢᠯᠡᠰ ᠪᠣᠰᠬᠠᠬᠤ ᠳᠤ ᠲᠣᠬᠢᠷᠠᠮᠵᠢᠲᠠᠢ ᠬᠤᠲᠠ ᠬᠥᠳᠡᠭᠡ  ᠶᠢ ᠪᠠᠶᠢᠭᠤᠯᠤᠨ᠎ᠠ᠃ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠠᠬᠤ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ  ᠶᠢ ᠪᠠᠷᠢᠮᠲᠠᠯᠠᠨ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠤᠲᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ᠂ ᠬᠤᠲᠠ ᠬᠦᠳᠡᠭᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠪᠠᠯᠭᠠᠰᠤ ᠶᠢᠨ ᠬᠥᠭᠵᠢᠯᠲᠡ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ᠃     ᠠᠵᠤ ᠦᠶᠯᠡᠰ ᠪᠠ ᠬᠤᠲᠠ ᠶᠢᠨ ᠠᠭᠤᠰᠤᠯᠴᠠᠨ ᠬᠥᠭᠵᠢᠬᠦ ᠶᠢ ᠴᠢᠩᠭᠠᠳᠬᠠᠨ᠎ᠠ᠃  ᠭᠠᠵᠠᠷ ᠤᠷᠤᠨ ᠤ ᠲᠠᠪᠠᠭᠤᠯᠢᠭ ᠪᠡ ᠵᠠᠮ ᠬᠠᠷᠢᠯᠴᠠᠭᠠᠨ ᠤ ᠲᠠᠪᠠᠭᠤᠯᠢᠭ ᠢᠶᠠᠨ ᠭᠦᠢᠴᠡᠳ ᠪᠠᠳᠠᠷᠠᠭᠤᠯᠵᠦ᠂ ᠪᠠᠷᠠᠭ᠎ᠠ ᠶᠢᠨ ᠭᠦᠢᠯᠭᠡᠭᠡᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠥᠪᠥᠷ ᠮᠤᠩᠭᠤᠯ ᠤᠨ ᠵᠡᠭᠦᠨ ᠬᠡᠰᠡᠭ ᠢ ᠨᠦᠯᠤᠭᠡᠯᠡᠭᠰᠡᠨ᠂ ᠵᠡᠭᠦᠨ ᠬᠤᠶᠢᠲᠤ ᠣᠷᠣᠨ ᠲᠠᠢ ᠬᠤᠯᠪᠣᠭᠰᠠᠨ᠂ ᠤᠷᠤᠰ ᠮᠤᠩᠭᠤᠯ ᠲᠠᠢ ᠬᠤᠯᠪᠤᠨ ᠨᠡᠪᠳᠡᠷᠡᠭᠰᠡᠨ ᠪᠠᠷᠠᠭ᠎ᠠ ᠶᠢᠨ ᠭᠦᠢᠯᠭᠡᠭᠡᠨ ᠤ ᠠᠵᠤ ᠦᠢᠯᠡᠰ ᠤᠨ ᠪᠠᠶᠢᠷᠢ ᠲᠣᠭᠲᠠᠭᠠᠯᠲᠠ ᠶᠣᠰᠣᠭᠠᠷ᠂ ᠪᠠᠷᠠᠭ᠎ᠠ ᠶᠢᠨ ᠭᠦᠢᠯᠭᠡᠭᠡᠨ ᠤ ᠳᠠᠭᠠᠭᠠᠴᠠ ᠶᠢᠨ ᠴᠢᠳᠠᠪᠤᠷᠢ  ᠶᠢ ᠳᠡᠭᠡᠭᠰᠢᠯᠡᠭᠦᠯᠬᠦ ᠪᠠᠷ ᠵᠠᠩᠭᠢᠯᠠᠭ᠎ᠠ ᠪᠣᠯᠭᠠᠨ᠂ ᠶᠡᠷᠦᠩᠬᠡᠶᠢᠯᠡᠭᠰᠡᠨ ᠪᠠᠷᠠᠭ᠎ᠠ ᠶᠢᠨ ᠭᠦᠢᠯᠭᠡᠭᠡᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠦᠵᠢᠳᠡᠪᠠ᠂ ᠲᠢᠶᠧ ᠱᠧᠩ 2 ᠴᠢᠩᠭᠡᠯᠢᠭ ᠤᠨ ᠪᠠᠷᠠᠭ᠎ᠠ ᠶᠢᠨ ᠭᠦᠢᠯᠭᠡᠭᠡᠨ ᠤ ᠲᠥᠷᠥᠯ ᠵᠦᠢᠯ ᠤᠨ ᠪᠠᠷᠢᠯᠭ᠎ᠠ ᠡᠬᠢᠯᠡᠬᠦ ᠶᠢ ᠠᠬᠢᠭᠤᠯᠵᠤ᠂ ᠨᠡᠭᠦᠷᠡᠰᠦ᠂ ᠬᠥᠩᠭᠡᠨ ᠴᠠᠭᠠᠨ ᠤ ᠦᠢᠯᠡᠳᠬᠦᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠭᠠᠳᠠᠭᠰᠢ ᠭᠠᠷᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠣᠷᠣᠨ ᠪᠦᠰᠡ ᠶᠢᠨ ᠴᠢᠨᠠᠷᠲᠠᠢ ᠪᠠᠷᠠᠭ᠎ᠠ ᠶᠢᠨ ᠭᠦᠢᠯᠭᠡᠭᠡᠨ ᠤ ᠲᠥᠪ ᠪᠠᠶᠢᠭᠤᠯᠤᠨ᠎ᠠ᠃ ᠬᠤᠲᠠ ᠬᠥᠳᠡᠭᠡ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠢ ᠠᠮᠢᠯᠠᠭᠤᠯᠵᠤ᠂ ᠬᠤᠩ ᠶᠧ ᠶᠢᠨ ᠵᠢᠶᠧ ᠲᠥᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ  ᠠᠬᠢᠭᠤᠯᠵᠤ᠂ ᠪᠠᠷᠠᠭᠤᠨ ᠶᠠᠪᠠᠭᠠᠨ ᠵᠡᠭᠡᠯᠢ ᠲᠠᠢ ᠬᠤᠯᠪᠣᠨ ᠨᠡᠪᠲᠡᠷᠡᠭᠦᠯᠵᠦ᠂ ᠬᠤᠲᠠ ᠪᠠᠯᠭᠠᠰᠤᠨ ᠤ ᠭᠤᠣᠯ ᠬᠤᠳᠠᠯᠳᠤᠭᠠᠨ ᠤ ᠲᠣᠭᠤᠷᠢᠭ ᠢ ᠪᠠᠶᠢᠭᠤᠯᠤᠨ᠎ᠠ᠃ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠰᠦᠯᠵᠢᠶ᠎ᠡ ᠪᠠᠷ ᠪᠣᠷᠣᠯᠠᠭᠤᠯᠬᠤ ᠪᠠ ︽ᠲᠣᠰᠬᠤᠨ  ᠠᠴᠠ ᠭᠠᠷᠴᠤ ᠬᠤᠲᠠ ᠳᠤ ᠣᠷᠣᠭᠤᠯᠬᠤ︾ ᠢᠨᠵᠧᠨᠧᠷᠢᠩ ᠢ ᠠᠬᠢᠭᠤᠯᠵᠤ᠂ ᠤᠯᠠᠮᠵᠢᠯᠠᠯᠲᠤ ᠠᠵᠤ ᠠᠬᠤᠶᠢᠯᠠᠯ ᠪᠠ ᠬᠤᠪᠢ ᠶᠢᠨ ᠡᠵᠡᠩᠨᠡᠯᠲᠡ ᠶᠢᠨ ᠡᠷᠦᠬᠡ ᠶᠢᠨ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷᠬᠢ ᠶᠢ ᠣᠷᠭᠠᠨᠢᠭ ᠢᠶᠠᠷ ᠤᠶᠠᠯᠳᠤᠭᠤᠯᠤᠨ ᠡᠵᠡᠩᠨᠡᠨ ᠪᠣᠷᠣᠯᠠᠭᠤᠯᠬᠤ ᠶᠢ ᠵᠣᠷᠢᠭᠵᠢᠭᠤᠯᠤᠨ᠂ ᠬᠤᠲᠠ ᠬᠥᠳᠡᠭᠡ ᠶᠢᠨ ᠡᠯᠧᠺᠲᠷᠣᠨ ᠬᠤᠳᠠᠯᠳᠤᠭᠠᠨ ᠤ ᠦᠶᠯᠡᠴᠢᠯᠡᠭᠡᠨ ᠤ ᠲᠣᠤᠷ ᠴᠡᠭ ᠪᠠ ᠳᠣᠭᠢᠷᠠᠭᠤᠯᠤᠨ ᠬᠦᠷᠭᠡᠬᠦ ᠲᠣᠤᠷ ᠰᠦᠯᠵᠢᠶ᠎ᠡ  ᠶᠢᠨ ᠪᠠᠶᠢᠭᠤᠯᠤᠯᠲᠠ ᠶᠢ ᠴᠢᠩᠭᠠᠳᠬᠠᠵᠤ᠂ ︽ ᠰᠦᠯᠵᠢᠶᠡᠨ ᠤ ᠠᠵᠤ ᠠᠬᠤᠶ︾ ᠶᠢ ᠢᠳᠡᠪᠬᠢᠲᠡᠶ ᠬᠥᠭᠵᠢᠭᠦᠯᠦᠨ᠂ ︽ᠠᠵᠤ ᠦᠶᠯᠡᠳᠪᠦᠷᠢ ᠶᠢᠨ ᠦᠶᠯᠡᠳᠬᠦᠨ ᠢ ᠬᠥᠳᠡᠭᠡ ᠳᠤ ᠬᠦᠷᠭᠡᠬᠦ᠂ ᠲᠠᠷᠢᠶᠠᠯᠠᠩ ᠤᠨ ᠪᠦᠲᠦᠭᠡᠭᠳᠡᠬᠦᠨ ᠢ ᠬᠤᠲᠠ ᠣᠷᠣᠭᠤᠯᠬᠤ︾ ᠬᠤᠤᠰ ᠴᠢᠭᠯᠡᠯ ᠤᠨ ᠭᠦᠢᠯᠭᠡᠭᠡᠨ ᠢ ᠲᠦᠷᠭᠡᠳᠬᠡᠨ᠎ᠡ᠃ ᠲᠣᠭᠠᠴᠢᠯᠠᠭᠰᠠᠨ ᠠᠵᠤ ᠠᠬᠤᠢ ᠶᠢ ᠰᠦᠪᠡᠭᠴᠢᠯᠡᠨ ᠬᠥᠭᠵᠢᠭᠦᠯᠵᠦ᠂ ᠲᠣᠮᠣ ᠳ᠋ᠠᠶᠢᠲ᠋ᠠ ᠶᠢᠨ ᠬᠠᠮᠢᠶᠠᠷᠤᠯᠲᠠ ᠦᠢᠯᠡᠴᠢᠯᠡᠭᠡᠨ ᠤ ᠲᠥᠪ ᠢ ᠪᠠᠶᠢᠭᠤᠯᠵᠤ᠂ ᠵᠠᠬᠠᠨᠠᠭᠤᠷ ᠤᠨ ᠨᠡᠭᠦᠷᠡᠰᠦᠨ ᠤ ᠦᠢᠯᠡᠰ ᠤᠨ ᠲᠣᠭᠠᠴᠢᠯᠠᠭᠰᠠᠨ ᠥᠭᠡᠷᠡᠴᠢᠯᠡᠯᠲᠡ ᠶᠢᠨ ᠲᠤᠷᠰᠢᠯᠭ᠎ᠠ ᠶᠢ ᠢᠳᠡᠪᠬᠢᠲᠡᠢ ᠳᠡᠯᠭᠡᠷᠡᠭᠦᠯᠦᠨ᠂ ᠲᠣᠭᠠᠴᠢᠯᠠᠭᠰᠠᠨ ᠠᠵᠤ ᠠᠬᠤᠢ ᠪᠠ ᠪᠣᠳᠠᠲᠤ ᠴᠣᠭᠴᠠ ᠶᠢᠨ ᠠᠵᠤ ᠠᠬᠤᠢ ᠶᠢᠨ ᠠᠭᠤᠰᠤᠯᠴᠠᠯ ᠢ ᠠᠬᠢᠭᠤᠯᠵᠤ᠂ ᠲᠣᠭᠠᠴᠢᠯᠠᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠳᠠᠶᠢᠴᠢᠯᠠᠨ᠎ᠠ᠃ 5 G ᠰᠦᠯᠵᠢᠶᠡᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ 5 G ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠵᠤ᠂ ᠣᠶᠣᠨᠯᠢᠭ ᠲᠣᠭᠤᠷᠢᠭ᠂ ᠣᠶᠣᠨᠯᠢᠭ ᠵᠠᠮ ᠬᠠᠷᠢᠯᠴᠠᠭ᠎ᠠ᠂ ᠣᠶᠣᠨᠯᠢᠭ ᠣᠷᠴᠢᠨ ᠲᠣᠭᠤᠷᠢᠨ ᠤ ᠬᠠᠮᠠᠭᠠᠯᠠᠯᠲᠠ ᠶᠢ ᠰᠦᠪᠡᠭᠴᠢᠯᠡᠨ ᠬᠥᠭᠵᠢᠭᠦᠯᠵᠦ᠂ ᠲᠣᠭᠠᠴᠢᠯᠠᠭᠰᠠᠨ ᠬᠡᠷᠡᠭᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃     ᠬᠤᠲᠠ ᠶᠢᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ ᠯᠦᠪᠸᠢ ᠭᠤᠣᠯ ᠤᠨ ᠶᠡᠭᠡ ᠬᠥᠭᠦᠷᠭᠡ ᠶᠢᠨ ᠪᠠᠶᠢᠭᠤᠯᠤᠯᠳᠠ ᠶᠢ ᠠᠬᠢᠭᠤᠯᠵᠤ᠂ ᠪᠠᠶᠢᠭᠤᠯᠵᠤ ᠳᠠᠭᠤᠰᠬᠠᠭᠠᠳ ᠠᠰᠢᠭᠯᠠᠬᠤ ᠪᠠᠷ  ᠴᠢᠷᠮᠠᠶᠢᠨ᠎ᠠ᠃ 6 ᠬᠠᠭᠤᠴᠢᠨ ᠰᠠᠭᠤᠭᠠᠯᠢ ᠲᠣᠭᠤᠷᠢᠭ ᠢ ᠦᠭᠡᠷᠡᠴᠢᠯᠡᠬᠦ ᠶᠢ ᠬᠡᠷᠡᠭᠵᠢᠭᠦᠯᠵᠦ᠂ 2.65 ᠲᠦᠮᠡᠨ ᠲᠡᠭᠰᠢ ᠳᠥᠷᠪᠡᠯᠵᠢᠨ ᠮᠧᠲᠷ ᠤᠳᠤ ᠪᠠᠶᠢᠭ᠎ᠠ ᠪᠠᠷᠢᠯᠭ᠎ᠠ ᠳᠤ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠭᠤᠣᠯ ᠬᠤᠲᠠ ᠲᠣᠭᠤᠷᠢᠭ ᠲᠤ ᠢᠵᠢ ᠪᠦᠷᠢᠳᠦᠭᠰᠡᠨ ᠢᠯᠴᠢ ᠬᠠᠩᠭᠠᠬᠤ ᠲᠥᠬᠦᠭᠡᠷᠦᠮᠵᠢ ᠶᠢᠨ ᠢᠨᠵᠧᠨᠧᠷᠢᠩ ᠢ ᠬᠡᠷᠡᠭᠵᠢᠭᠦᠯᠵᠦ᠂ 3 ᠢᠯᠴᠢ ᠬᠠᠩᠭᠠᠬᠤ ᠭᠦᠸᠧᠯᠦ ᠶᠢ  ᠦᠭᠡᠷᠡᠴᠢᠯᠡᠨ ᠵᠠᠰᠠᠵᠦ᠂ 5 ᠲᠦᠮᠡᠨ ᠮᠧᠲᠷ ᠢᠯᠴᠢ ᠬᠠᠩᠭᠠᠬᠤ ᠲᠣᠣᠷ ᠬᠤᠭᠤᠯᠠᠢ ᠶᠢ ᠦᠭᠡᠷᠡᠴᠢᠯᠡᠨ᠎ᠡ᠂ ᠰᠢᠨ᠎ᠡ ᠢᠯᠴᠢ ᠬᠠᠩᠭᠠᠬᠤ ᠴᠡᠭ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠨᠡᠭᠦᠷᠡᠰᠦ ᠬᠠᠳᠠᠭᠠᠯᠠᠬᠤ ᠪᠢᠲᠡᠭᠦᠮᠵᠢᠲᠦ ᠬᠥᠮᠥᠷᠭᠡ ᠶᠢ ᠪᠠᠷᠢᠯᠭ᠎ᠠ ᠡᠬᠢᠯᠡᠭᠦᠯᠬᠦ ᠶᠢ ᠬᠦᠴᠦᠯᠡᠨ ᠠᠬᠢᠭᠤᠯᠤᠨ᠎ᠠ᠃ ᠤᠰᠤ ᠬᠠᠩᠭᠠᠬᠤ ᠬᠤᠭᠤᠯᠠᠢ ᠲᠣᠣᠷ ᠢ ᠰᠢᠨᠡᠳᠬᠡᠬᠦ ᠲᠥᠷᠥᠯ ᠵᠦᠢᠯ ᠢ ᠬᠡᠷᠡᠭᠵᠢᠭᠦᠯᠵᠦ᠂ 65.47 ᠺᠢᠯᠤᠮᠧᠲᠷ ᠤᠰᠤ ᠳᠠᠮᠵᠢᠭᠤᠯᠬᠤ ᠬᠤᠭᠤᠯᠠᠢ ᠲᠣᠣᠷ ᠢ ᠰᠢᠨᠡᠳᠬᠡᠨ᠎ᠡ᠃ ᠯᠦᠪᠸᠢ ᠪᠠᠯᠭᠠᠰᠤᠨ ᠳᠤ ᠲᠦᠪᠯᠡᠷᠡᠭᠰᠡᠨ ᠤᠤᠭᠤᠬᠤ ᠤᠰᠤᠨ ᠤ ᠰᠤᠷᠪᠤᠯᠵᠢ ᠶᠢᠨ ᠪᠠᠶᠢᠭᠤᠯᠤᠯᠲᠠ ᠵᠢᠴᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ 1 ᠤᠰᠤᠨ ᠤ ᠦᠢᠯᠡᠳᠪᠦᠷᠢ ᠂ 30 ᠬᠤᠳᠳᠤᠭ ᠰᠢᠨ᠎ᠡ ᠪᠠᠷ ᠮᠠᠯᠲᠠᠨ᠎ᠠ᠃  ᠪᠤᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢ ᠥᠭᠡᠷᠡᠴᠢᠯᠡᠬᠦ ᠲᠥᠷᠥᠯ ᠵᠦᠢᠯ ᠢ ᠬᠡᠷᠡᠭᠵᠢᠭᠦᠯᠵᠦ᠂ 5.5 ᠺᠢᠯᠣᠮᠧᠲᠷ ᠪᠤᠬᠢᠷ ᠤᠰᠤᠨ ᠤ ᠭᠤᠣᠯ ᠬᠤᠭᠤᠯᠠᠢ᠂ 7.7 ᠺᠢᠯᠤᠮᠧᠲᠷ ᠪᠤᠵᠠᠷ ᠤᠰᠤᠨ ᠤ ᠬᠤᠭᠤᠯᠠᠢ ᠶᠢ ᠥᠭᠡᠷᠡᠴᠢᠯᠡᠨ᠎ᠡ᠃ ᠭᠡᠷ ᠬᠦᠷᠦᠩᠭᠡ ᠶᠢᠨ ᠬᠦᠷᠢᠶ᠎ᠡ ᠴᠠᠷ᠎ᠠ ᠳᠠᠬᠢ ︽ᠭᠤᠷᠪᠠᠨ ᠬᠦᠴᠢᠷᠳᠡᠯ︾ ᠤᠨ ᠠᠰᠠᠭᠤᠳᠠᠯ ᠢ ᠦᠷᠬᠦᠯᠵᠢᠯᠡᠨ ᠰᠢᠢᠳᠪᠦᠷᠢᠯᠡᠵᠦ᠂ ᠭᠡᠷ ᠬᠦᠷᠦᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠠᠬᠢᠭᠤᠯᠵᠤ᠂ ᠬᠤᠲᠠ ᠶᠢᠨ ᠶᠠᠪᠤᠳᠠᠯ ᠤᠨ ᠵᠠᠮ ᠬᠠᠷᠢᠯᠴᠠᠭ᠎ᠠ ᠶᠢᠨ ᠥᠭᠡᠷᠡᠴᠢᠯᠡᠯᠲᠡ᠂ ᠨᠡᠶᠢᠲᠡ ᠶᠢᠨ ᠵᠣᠷᠯᠣᠩ᠂ ᠠᠪᠴᠢᠮᠠᠯ ᠬᠡᠯᠪᠡᠷᠢ  ᠶᠢᠨ ᠬᠤᠭ ᠨᠣᠪᠰᠢ ᠲᠡᠭᠡᠭᠡᠪᠦᠷᠢᠯᠡᠬᠦ ᠥᠷᠲᠡᠭᠡ ᠵᠡᠷᠭᠡ ᠶᠢᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠬᠤᠲᠠ ᠪᠠᠯᠭᠠᠰᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠳᠤ ᠰᠢᠨ᠎ᠡ ᠦᠷ᠎ᠡ ᠪᠦᠲᠦᠮᠵᠢ ᠤᠯᠬᠤ ᠪᠠᠷ ᠴᠢᠷᠮᠠᠶᠢᠨ᠎ᠠ᠃ ᠬᠤᠲᠠ ᠬᠥᠳᠡᠭᠡ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ  ᠤᠨ ᠪᠠᠶᠢᠭᠤᠯᠣᠯᠲᠠ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠠᠳᠠᠯ ᠠᠬᠤᠶ ᠶᠢᠨ ᠬᠠᠮᠢᠶᠠᠷᠤᠯᠲᠠ ᠬᠢᠬᠦ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠬᠠᠮᠢᠶᠠᠷᠤᠯᠲᠠ ᠬᠠᠶᠠᠭᠰᠠᠨ ᠵᠢᠵᠢᠭ ᠲᠣᠭᠤᠷᠢᠭ ᠤᠨ ᠠᠳᠠᠯ ᠠᠬᠤᠶ ᠶᠢᠨ ᠦᠶᠯᠡᠴᠢᠯᠡᠭᠡᠨ ᠦᠭᠡᠢ ᠬᠦᠴᠢᠷ ᠠᠰᠠᠭᠤᠳᠠᠯ ᠢ ᠰᠢᠶᠳᠪᠦᠷᠢᠯᠡᠨ᠂ ᠣᠯᠠᠨ ᠲᠦᠮᠡᠨ ᠤ ᠠᠮᠤᠷ ᠲᠠᠶᠢᠪᠣᠩ ᠠᠵᠤ ᠲᠦᠷᠦᠭᠦ ᠭᠦᠶᠴᠡᠳᠬᠡᠯ ᠲᠤᠭ᠎ᠠ ᠶᠢ ᠳᠡᠭᠡᠭᠰᠢᠯᠡᠭᠦᠯᠦᠨ᠎ᠡ᠃     ᠬᠤᠲᠠ ᠬᠥᠳᠡᠭᠡ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠰ ᠤᠨ ︽ᠳᠥᠷᠪᠡᠨ ᠰᠠᠶᠢᠨᠳᠠᠢ ᠬᠥᠳᠡᠭᠡ ᠲᠣᠰᠬᠤᠨ ᠤ ᠵᠠᠮ︾   ᠤᠨ ᠵᠢᠱᠢᠶ᠎ᠡ ᠦᠵᠡᠭᠦᠯᠬᠦ ᠰᠢᠶᠠᠨ ᠤ ᠠᠵᠢᠯ ᠢ ᠪᠥᠬᠦ ᠲᠠᠯ᠎ᠠ ᠪᠠᠷ ᠪᠠᠬᠢᠵᠢᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠬᠢᠭᠡᠳ ᠠᠵᠤ ᠦᠶᠯᠡᠰ ᠤᠨ ᠬᠥᠭᠵᠢᠯᠲᠡ ᠂ ᠵᠢᠭᠤᠯᠴᠢᠯᠠᠯ ᠨᠡᠭᠡᠭᠡᠨ ᠬᠥᠭᠵᠢᠭᠦᠯᠬᠦ᠂ ᠵᠢᠱᠢᠶ᠎ᠡ ᠦᠵᠡᠭᠦᠯᠤᠭ᠍ᠰᠡᠨ ᠬᠥᠳᠡᠭᠡ ᠲᠣᠰᠬᠤᠨ ᠲᠠᠢ ᠠᠭᠤᠰᠣᠯᠴᠠᠭᠤᠯᠥᠨ ᠨᠢᠭᠡ ᠴᠣᠭᠴᠠᠵᠢᠭᠤᠯᠬᠤ ᠪᠥᠲᠥᠭᠡᠨ ᠪᠠᠶᠢᠭᠤᠯᠬᠤ ᠲᠤᠷᠰᠢᠯᠲᠠ ᠶᠢᠨ ᠴᠡᠭ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠠᠰᠣᠵᠤ ᠨᠡᠶᠢᠯᠡᠭᠦᠯᠦᠭᠰᠡᠨ ᠪᠠᠶᠢᠭᠤᠯᠣᠯᠲᠠᠲᠤ ᠲᠣᠰᠬᠤᠨ ᠤ ᠵᠠᠮ ᠢ ᠰᠢᠨᠡᠪᠡᠷ 2.2 ᠺᠢᠯᠣᠮᠧᠲᠷ ᠵᠠᠰᠠᠵᠤ᠂ 42 ᠺᠢᠯᠣᠮᠧᠲᠷ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠵᠤ᠂ ︽ᠳᠥᠷᠪᠡᠨ ᠰᠠᠶᠢᠨᠳᠠᠢ ᠬᠥᠳᠡᠭᠡ ᠲᠣᠰᠬᠤᠨ︾   ᠤ ᠵᠢᠱᠢᠶ᠎ᠡ ᠦᠵᠡᠭᠦᠯᠬᠦ ᠵᠠᠮ ᠢ 153 ᠺᠢᠯᠣᠮᠧᠲᠷ ᠲᠠᠰ ᠳᠡᠪᠰᠢᠭᠦᠯᠵᠦ᠂ 5 ᠪᠠᠶᠢᠭᠠᠯᠢᠯᠢᠭ ᠲᠣᠰᠬᠤᠨ ᠳᠤ ᠱᠤᠶᠢᠨᠢ ᠵᠠᠮ ᠨᠡᠪᠲᠡᠷᠡᠭᠦᠯᠦᠨ᠎ᠡ᠃ ᠬᠤᠲᠠ ᠬᠥᠳᠡᠭᠡ ᠶᠢᠨ ᠨᠡᠶᠢᠲᠡ ᠶᠢᠨ ᠮᠠᠰᠢᠨ ᠲᠡᠷᠭᠡ  ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠯᠠᠪᠳᠠᠭᠤᠨ ᠠᠬᠢᠭᠤᠯᠵᠤ᠂ ᠬᠤᠰᠢᠭᠤ ᠪᠠᠯᠭᠠᠰᠤ ᠲᠣᠰᠬᠤᠨ ᠭᠤᠷᠪᠠᠨ ᠱᠠᠲᠤᠨ ᠤ ᠥᠷᠲᠡᠭᠡ ᠴᠡᠭ ᠤᠨ ᠰᠢᠰᠲ᠋ᠧᠮ ᠶᠢ ᠪᠠᠶᠢᠭᠤᠯᠵᠤ᠂ ᠣᠯᠠᠨ ᠡᠰᠢᠵᠢᠭᠰᠡᠨ ᠠᠶᠠᠨᠴᠢᠳ ᠤᠨ ᠲᠡᠭᠡᠭᠡᠪᠦᠷᠢ ᠶᠢᠨ ᠦᠶᠯᠡᠴᠢᠯᠡᠭᠡ ᠶᠢ ᠵᠢᠷᠤᠮᠵᠢᠭᠤᠯᠤᠨ᠂ ᠣᠯᠠᠨ ᠲᠦᠮᠡᠨ ᠤ ᠲᠦᠭᠦᠮ ᠲᠥᠳᠡ ᠶᠠᠪᠤᠵᠤ ᠰᠠᠭᠤᠬᠤ ᠪᠠ ᠥᠪᠡᠷᠮᠢᠴᠡ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠨ᠎ᠠ᠃ ᠠᠭᠤᠯᠠᠨ ᠦᠶᠡᠷ ᠲᠤ ᠢᠳᠡᠭᠳᠡᠭᠰᠡᠨ ᠭᠤᠤ ᠭᠠᠩᠭ᠎ᠠ  ᠶᠢ ᠵᠠᠰᠠᠬᠤ᠂ ᠰᠢᠶᠠᠩᠱᠠᠨ ᠭᠤᠤ ᠶᠢ ᠵᠠᠰᠠᠬᠤ ᠪᠠ ᠬᠤᠶᠢᠲᠤ ᠬᠡᠰᠡᠭ ᠤᠨ ᠠᠭᠤᠯᠠᠷᠬᠠᠭ ᠣᠷᠣᠨ ᠤ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ᠂ ᠯᠦᠪᠸᠢ ᠭᠤᠣᠯ ᠤᠨ ᠯᠦᠪᠸᠢ ᠪᠠᠯᠭᠠᠰᠤ ᠶᠢᠨ ᠬᠡᠰᠡᠭ ᠢ ᠤᠷᠲᠤᠳᠬᠠᠨ ᠵᠠᠰᠠᠬᠤ ᠢᠨᠵᠧᠨᠧᠷᠢᠩ ᠢ ᠲᠥᠯᠥᠪᠯᠡᠨ ᠠᠬᠢᠭᠤᠯᠵᠤ᠂ ᠬᠤᠩᠬᠠᠲᠤ ᠠᠭᠤᠯᠠ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠢᠨᠵᠧᠨᠧᠷᠢᠩ ᠢ ᠪᠡᠶᠡᠯᠡᠭᠦᠯᠵᠦ᠂ ᠤᠯᠠᠭᠠᠨᠬᠠᠳᠠ ᠤᠰᠤᠨ ᠴᠥᠭᠦᠷᠥᠮ᠂ ᠪᠠᠶᠠᠨᠲᠠᠯ᠎ᠠ ᠭᠤᠣᠯ ᠤᠨ ᠰᠠᠪᠠ ᠭᠠᠵᠠᠷ ᠤᠨ ᠬᠥᠷᠥᠰᠥ ᠰᠢᠷᠣᠢ ᠶᠢ ᠬᠠᠮᠠᠭᠠᠯᠠᠬᠤ᠂ ᠴᠤᠤᠯ ᠭᠤᠣᠯ ᠤᠨ ᠤᠰᠤ ᠶᠢ ᠯᠢᠶᠣᠤᠾᠧ ᠭᠤᠣᠯ ᠳᠤ ᠲᠠᠲᠠᠵᠤ ᠣᠷᠣᠭᠤᠯᠬᠤ ᠢᠨᠵᠧᠨᠧᠷᠢᠩ ᠤᠨ ᠵᠠᠷᠤᠳ ᠬᠤᠰᠢᠭᠤᠨ ᠤ ᠰᠠᠯᠪᠤᠷᠢ ᠱᠤᠭᠤᠮ ᠤᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠦᠶᠡᠷ ᠢ ᠰᠡᠷᠭᠡᠶᠢᠯᠡᠬᠦ ᠴᠢᠳᠠᠪᠤᠷᠢ ᠪᠠ ᠠᠵᠤ ᠦᠢᠯᠡᠳᠪᠦᠷᠢ ᠶᠢᠨ ᠤᠰᠤ ᠬᠠᠩᠭᠠᠬᠤ ᠴᠢᠳᠠᠪᠤᠷᠢ ᠪᠠᠨ ᠪᠦᠲᠦᠮᠵᠢᠲᠡᠶ ᠳᠡᠭᠡᠭᠰᠢᠯᠡᠭᠦᠯᠦᠨ᠎ᠡ᠃     ︵ᠳᠥᠷᠪᠡ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠨ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠬᠠᠮᠲᠤ ᠣᠷᠣᠰᠢᠬᠤ ᠶᠢ ᠠᠬᠢᠭᠤᠯᠵᠤ᠂ ᠲᠦᠩᠯᠢᠶᠣᠤ ᠶᠢᠨ ᠬᠤᠶᠢᠲᠤ ᠬᠡᠰᠡᠭ ᠤᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ᠃    ᠣᠶ ᠰᠢᠭᠤᠶ ᠨᠤᠲᠤᠭ ᠪᠡᠯᠴᠢᠭᠡᠷ ᠢ ᠬᠠᠣᠯᠢ ᠪᠠᠷ ᠬᠠᠮᠠᠭᠠᠯᠠᠨ᠎ᠠ᠃ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠬᠦ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠤᠢ ᠶᠢᠨ ᠠᠬᠠᠯᠠᠭᠴᠢ ᠶᠢᠨ ᠳᠦᠷᠢᠮ᠂ ᠡᠪᠡᠰᠦᠨ ᠤ ᠠᠬᠠᠯᠠᠭᠴᠢ ᠶᠢᠨ ᠲᠦᠷᠢᠮ ᠢ ᠬᠡᠷᠡᠭᠵᠢᠭᠦᠯᠵᠦ᠂ ︽ᠠᠮᠢ ᠠᠬᠤᠶ ᠶᠢ ᠬᠠᠮᠠᠭᠠᠯᠠᠬᠤ᠂ ᠮᠠᠯ ᠪᠡᠯᠴᠢᠭᠡᠷᠯᠡᠭᠦᠯᠬᠦ ᠶᠢ ᠴᠠᠭᠠᠵᠠᠯᠠᠵᠤ ᠬᠠᠰᠢᠶᠠᠯᠠᠨ ᠲᠡᠵᠢᠭᠡᠬᠦ᠂ ᠬᠠᠰᠢᠶᠠᠯᠠᠨ ᠲᠡᠵᠢᠭᠡᠬᠦ ᠪᠣᠶᠤ ᠬᠠᠭᠠᠰ ᠬᠠᠰᠢᠶᠠᠯᠠᠨ ᠲᠡᠵᠢᠭᠡᠬᠦ᠂ ᠤᠯᠠᠷᠢᠯ ᠤᠨ ᠴᠢᠨᠠᠷᠲᠠᠶ ᠪᠡᠯᠴᠢᠭᠡᠷᠯᠡᠭᠦᠯᠬᠦ ᠶᠢ ᠴᠠᠭᠠᠵᠠᠯᠠᠬᠤ᠂ ᠪᠣᠭ ᠮᠠᠯ ᠢ ᠪᠦᠬᠦ ᠵᠢᠯ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ᠂ ᠮᠠᠯᠵᠢᠬᠤ ᠶᠢ ᠴᠠᠭᠠᠵᠠᠯᠠᠵᠤ ᠲᠡᠵᠢᠭᠡᠬᠦ ᠶᠢ ᠥᠯᠥ ᠴᠠᠭᠠᠵᠠᠯᠠᠬᠤ︾ ᠵᠡᠷᠭᠡ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠠᠶᠢᠲᠠᠪᠣᠷᠢᠵᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠡᠪᠡᠰᠦ ᠮᠠᠯ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ ᠭᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠣᠷᠣᠨ ᠳᠤ ᠪᠥᠬᠦ ᠵᠢᠯ ᠪᠥᠬᠦ ᠣᠷᠣᠨ ᠪᠦᠰᠡ ᠳᠤ ᠬᠠᠰᠢᠶᠠᠯᠠᠨ ᠲᠡᠵᠢᠭᠡᠬᠦ ᠬᠠᠮᠢᠶᠠᠷᠤᠯᠲᠠ ᠶᠢ ᠬᠡᠷᠡᠭᠵᠢᠭᠦᠯᠵᠦ᠂ ᠡᠪᠡᠰᠦ ᠮᠠᠯ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ︽ᠳᠥᠷᠪᠡᠨ ᠱᠠᠲᠤᠨ ᠤ ᠡᠪᠡᠰᠦ ᠮᠠᠯ ᠢ ᠲᠡᠩᠴᠡᠭᠦᠷᠢ ᠲᠠᠢ ᠪᠠᠶᠢᠯᠭᠠᠬᠤ︾ ᠬᠠᠮᠢᠶᠠᠷᠤᠯᠲᠠ ᠶᠢ ᠬᠡᠷᠡᠭᠵᠢᠭᠦᠯᠦᠨ᠎ᠡ᠂ ᠨᠡᠶᠢᠲᠡ ᠶᠢᠨ ᠠᠰᠠᠷᠠᠮᠵᠢ ᠶᠢᠨ ᠣᠢ ᠳᠤ ᠬᠠᠷᠢᠭᠤᠴᠠᠯᠭ᠎ᠠ ᠶᠢᠨ ᠣᠷᠣᠨ ᠤ ᠬᠠᠮᠢᠶᠠᠷᠤᠯᠲᠠ ᠶᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠱᠠᠩᠨᠠᠯ ᠨᠥᠬᠦᠪᠥᠷᠢ  ᠶᠢᠨ ᠪᠡᠯᠡ ᠮᠥᠩᠭᠦ᠂ ᠨᠡᠶᠢᠲᠡ ᠶᠢᠨ ᠠᠰᠠᠷᠠᠮᠵᠢ ᠶᠢᠨ ᠣᠶ ᠶᠢᠨ ᠨᠥᠬᠦᠪᠥᠷᠢ ᠶᠢᠨ ᠪᠠᠯᠠ ᠮᠥᠩᠭᠦ ᠦᠭᠬᠦ ᠶᠢ ᠠᠮᠢ ᠠᠬᠤᠶ ᠶᠢᠨ ᠬᠠᠮᠠᠭᠠᠯᠠᠯᠲᠠ ᠶᠢᠨ ᠬᠠᠷᠢᠭᠤᠴᠠᠯᠭ᠎ᠠ ᠪᠠᠨ ᠭᠦᠶᠴᠡᠳᠬᠡᠬᠦ ᠡᠰᠡᠬᠦ ᠲᠠᠢ ᠬᠤᠯᠪᠣᠭᠳᠠᠭᠤᠯᠬᠤ ᠲᠣᠭᠲᠠᠴᠠ ᠶᠢ ᠬᠡᠷᠡᠭᠵᠢᠭᠦᠯᠤᠨ᠎ᠡ᠂ ᠪᠡᠯᠴᠢᠭᠡᠷᠯᠡᠭᠦᠯᠬᠦ ᠶᠢ  ᠴᠠᠭᠠᠵᠠᠯᠠᠬᠤ ᠣᠷᠣᠨ ᠳᠤ ᠮᠠᠯᠵᠢᠬᠤ ᠶᠢ ᠴᠠᠭᠠᠵᠠᠯᠠᠵᠤ ᠳᠡᠶᠢᠯᠬᠦ᠂ ᠡᠪᠡᠰᠦ ᠮᠠᠯ ᠤᠨ ᠲᠡᠩᠴᠡᠭᠦᠷᠢ ᠶᠢᠨ ᠣᠷᠣᠨ ᠳᠤ ᠲᠡᠩᠴᠡᠭᠦᠷᠢ ᠶᠢ ᠪᠠᠲᠣᠯᠠᠵᠤ ᠳᠡᠶᠢᠯᠬᠦ᠂ ᠨᠡᠶᠢᠲᠡ ᠶᠢᠨ ᠠᠰᠠᠷᠠᠮᠵᠢ ᠶᠢᠨ ᠣᠢ ᠰᠢᠭᠤᠶ ᠶᠢ ᠰᠠᠶᠢᠲᠤᠷ ᠬᠠᠮᠢᠶᠠᠷᠤᠨ ᠬᠠᠮᠠᠭᠠᠯᠠᠬᠤ ᠶᠢ ᠭᠦᠢᠴᠡᠳᠭᠡᠨ᠎ᠡ᠂  ᠠᠮᠢ ᠠᠬᠤᠢ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠺᠠᠳ᠋ᠷ ᠤᠯᠠᠨ ᠲᠦᠮᠡᠨ ᠤ ᠠᠮᠢ ᠠᠬᠤᠢ ᠶᠢᠨ ᠬᠠᠮᠠᠭᠠᠯᠠᠯᠲᠠ ᠶᠢᠨ ᠤᠬᠠᠮᠰᠠᠷ ᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢ ᠮᠡᠳᠡᠬᠦ ᠨᠤᠷᠮ᠎ᠠ᠂ ᠲᠦᠷᠢᠮ ᠢ ᠬᠡᠷᠡᠭᠵᠢᠭᠦᠯᠬᠦ ᠨᠤᠷᠮ᠎ᠠ ᠶᠢ ᠳᠡᠭᠡᠭᠰᠢᠯᠡᠭᠦᠯᠦᠨ᠎ᠡ᠃ ᠰᠤᠮᠤ ᠪᠠᠯᠭᠠᠰᠤ ᠲᠠᠯᠠᠪᠠᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠦᠢᠯᠡᠳᠦᠯ ᠢ ᠪᠠᠳᠠᠷᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠬᠠᠤᠯᠢ ᠲᠣᠭᠲᠠᠭᠠᠯ ᠢ ᠵᠦᠷᠢᠴᠡᠵᠦ ᠪᠠᠶᠢᠭᠤᠯᠤᠭᠰᠠᠨ ᠫᠧᠩ ᠰᠠᠷᠠᠪᠴᠢ᠂  ᠮᠠᠯ ᠤᠨ ᠲᠤᠪᠤ ᠶᠢ ᠨᠤᠷᠠᠭᠠᠨ ᠴᠡᠪᠡᠷᠯᠡᠨ᠎ᠡ᠂ ᠬᠤᠯᠠᠭᠠᠶᠢᠯᠠᠨ ᠮᠠᠯᠵᠢᠬᠤ ᠳᠤᠷ᠎ᠠ  ᠪᠠᠷ ᠮᠠᠯᠵᠢᠬᠤ᠂ ᠳᠠᠭᠠᠭᠠᠴᠠ ᠬᠡᠲᠦᠷᠡᠭᠦᠯᠦᠨ ᠮᠠᠯᠵᠢᠬᠤ᠂ ᠭᠠᠳᠠᠨᠠᠬᠢ ᠮᠠᠯ ᠢ ᠣᠷᠣᠭᠤᠯᠬᠤ᠂ ᠳᠤᠷ᠎ᠠ ᠪᠠᠷ ᠮᠠᠯᠲᠠᠬᠤ᠂ ᠲᠠᠪᠡ ᠪᠠᠷ ᠣᠭᠲᠣᠯᠬᠤ ᠵᠡᠷᠭᠡ ᠬᠠᠤᠯᠢ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠣᠢ ᠰᠢᠭᠤᠢ ᠨᠤᠲᠤᠭ ᠪᠡᠯᠴᠢᠭᠡᠷ ᠢ ᠡᠪᠳᠡᠭᠰᠡᠨ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃ ᠲᠡᠵᠢᠭᠡᠬᠦ ᠶᠢᠨ ᠲᠥᠯᠥᠭᠡ ᠲᠠᠷᠢᠬᠤ᠂ ᠲᠠᠷᠢᠵᠤ ᠲᠡᠵᠢᠭᠡᠬᠦ ᠶᠢ ᠤᠶᠠᠯᠳᠤᠭᠤᠯᠬᠤ ᠶᠢ ᠪᠠᠷᠢᠮᠲᠠᠯᠠᠨ᠂ ᠡᠪᠡᠰᠦ ᠪᠠᠷ ᠮᠠᠯ ᠢ ᠲᠣᠭᠲᠠᠭᠠᠵᠤ᠂ ᠡᠪᠡᠰᠦ ᠨᠡᠮᠡᠭᠳᠡᠪᠡᠯ ᠮᠠᠯ ᠢ ᠨᠡᠮᠡᠭᠳᠡᠭᠦᠯᠵᠦ᠂ ᠡᠪᠡᠰᠦ ᠪᠣᠷᠳᠤᠭ᠎ᠠ ᠲᠠᠷᠢᠬᠤ ᠲᠠᠯᠠᠪᠠᠢ ᠪᠠᠨ ᠥᠷᠭᠡᠳᠬᠡᠨ᠂ ᠮᠠᠭᠤᠳᠠᠭᠰᠠᠨ ᠨᠤᠲᠤᠭ ᠪᠡᠯᠴᠢᠭᠡᠷ ᠢ ᠰᠠᠶᠢᠵᠢᠷᠠᠭᠤᠯᠬᠤ᠂ ᠲᠠᠷᠢᠮᠠᠯ ᠤᠨ ᠡᠰᠢ ᠰᠦᠷᠡᠯ ᠢ ᠪᠣᠷᠳᠤᠭ᠎ᠠ ᠪᠣᠯᠭᠠᠬᠤ ᠡᠷᠴᠢᠮ ᠢᠶᠠᠨ ᠨᠡᠮᠡᠭᠳᠡᠭᠦᠯᠵᠦ᠂  ᠡᠪᠡᠰᠦ ᠪᠣᠷᠳᠣᠭᠠᠨ ᠤ ᠢᠷᠡᠯᠲᠡ ᠶᠢ ᠥᠷᠭᠡᠳᠬᠡᠨ᠂ ᠪᠠᠶᠢᠭᠠᠯᠢ ᠶᠢᠨ ᠨᠤᠲᠤᠭ ᠪᠡᠯᠴᠢᠭᠡᠷ ᠤᠨ ᠳᠠᠷᠤᠯᠲᠠ ᠶᠢ ᠬᠥᠩᠭᠡᠷᠡᠭᠦᠯᠦᠨ᠎ᠡ᠃ ᠦᠷᠬᠦᠯᠵᠢᠯᠡᠨ ᠲᠠᠷᠢᠶᠠᠴᠢᠨ ᠮᠠᠯᠴᠢᠳ ᠢ ᠪᠠᠭᠠᠰᠬᠠᠬᠤ᠂ ᠲᠠᠷᠢᠶᠠᠴᠢᠨ ᠮᠠᠯᠴᠢᠳ ᠢ ᠪᠠᠶᠠᠵᠢᠭᠤᠯᠬᠤ᠂ ᠲᠠᠷᠢᠶᠠᠯᠠᠬᠤ ᠮᠠᠯᠵᠢᠬᠤ ᠡᠷᠦᠬᠡ ᠶᠢᠨ ᠡᠷᠦᠬᠡ ᠬᠤᠯᠪᠣᠭᠠᠯᠠᠨ ᠡᠵᠡᠩᠨᠡᠬᠦ ᠶᠢ ᠳᠡᠮᠵᠢᠵᠦ᠂ ᠬᠠᠳᠤᠯᠠᠩ ᠪᠡᠯᠴᠢᠭᠡᠷ ᠢ ᠵᠦᠢ ᠵᠣᠬᠢᠰᠲᠠᠶ ᠡᠷᠭᠢᠯᠳᠦᠭᠦᠯᠬᠦ ᠶᠢ ᠠᠬᠢᠭᠤᠯᠤᠨ᠂ ᠲᠠᠷᠢᠶᠠᠴᠢᠨ ᠮᠠᠯᠴᠢᠳ ᠢ ᠰᠢᠯᠵᠢᠭᠦᠯᠦᠨ ᠠᠵᠢᠯ ᠣᠯᠭᠤᠬᠤ ᠶᠢ ᠲᠦᠯᠬᠢᠨ ᠠᠬᠢᠭᠤᠯᠵᠤ᠂ ᠵᠢᠯ ᠳᠤ 400 ᠡᠷᠦᠬᠡ 1000 ᠬᠦᠮᠦᠰ ᠢ ᠰᠢᠯᠵᠢᠭᠦᠯᠦᠨ ᠬᠤᠲᠠ ᠳᠤ ᠤᠷᠤᠭᠤᠯᠵᠦ ᠠᠵᠢᠯᠯᠠᠬᠤ ᠶᠢ ᠪᠡᠶᠡᠯᠡᠭᠦᠯᠵᠦ᠂ ᠲᠠᠯ᠎ᠠ ᠨᠤᠲᠤᠭ ᠲᠤ ᠨᠤᠭᠤᠭᠠᠨ ᠢ ᠨᠡᠮᠡᠭᠳᠡᠭᠦᠯᠵᠦ᠂ ᠲᠠᠷᠢᠶᠠᠴᠢᠨ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠬᠠᠷᠠᠯᠲᠠ ᠶᠢ ᠪᠡᠶᠡᠯᠡᠭᠦᠯᠦᠨ᠎ᠡ᠃    ᠠᠮᠢ ᠠᠬᠤᠢ ᠶᠢ ᠵᠠᠰᠠᠨ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠠᠭᠤᠯᠠ ᠤᠰᠤ ᠣᠢ ᠲᠠᠷᠢᠶ᠎ᠠ ᠨᠠᠭᠤᠷ ᠡᠪᠡᠰᠤ ᠡᠯᠡᠰᠦ ᠶᠢ ᠶᠡᠷᠦᠩᠬᠡᠶᠢᠯᠡᠨ ᠵᠠᠰᠠᠬᠤ ᠶᠢ ᠪᠠᠷᠢᠮᠲᠠᠯᠠᠵᠤ᠂ ᠭᠡᠷᠴᠢᠯᠠᠭᠤ ᠰᠤᠮᠤ ᠶᠢᠨ ᠵᠤᠰᠠᠯᠠᠩ ᠳᠤ ᠡᠭᠡᠯᠵᠢᠯᠡᠨ ᠮᠠᠯᠵᠢᠬᠤ ᠰᠡᠯᠭᠦᠨ ᠮᠠᠯᠵᠢᠬᠤ ᠶᠢ ᠰᠡᠷᠭᠦᠭᠡᠬᠦ᠂ ᠬᠠᠨ ᠠᠭᠤᠯᠠ ᠶᠢᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠣᠢ ᠰᠢᠭᠤᠶ ᠨᠤᠲᠤᠭ ᠪᠡᠯᠴᠢᠭᠡᠷ ᠪᠡ ᠠᠷᠤ ᠬᠥᠨᠳᠡᠯᠡᠨ ᠤ ᠵᠠᠭᠤᠨ ᠲᠦᠮᠡᠨ ᠮᠦ ᠪᠠᠶᠢᠭᠠᠯᠢ ᠶᠢᠨ ᠨᠤᠲᠤᠭ ᠪᠡᠯᠴᠢᠭᠡᠷ ᠢ ᠪᠢᠲᠡᠭᠦᠮᠵᠢᠯᠡᠨ ᠴᠠᠭᠠᠵᠠᠯᠠᠵᠤ ᠬᠠᠮᠠᠭᠠᠯᠠᠭᠰᠠᠨ ᠣᠷᠣᠨ ᠢ ᠲᠥᠪᠯᠡᠷᠡᠨ ᠵᠠᠯᠭᠠᠵᠦ ᠬᠠᠮᠠᠭᠠᠯᠠᠵᠦ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠴᠢᠳᠠᠮᠵᠢ  ᠶᠢ ᠳᠡᠭᠡᠭᠰᠢᠯᠡᠭᠦᠯᠵᠦ᠂ ᠲᠦᠩᠯᠢᠶᠣᠤ ᠶᠢᠨ ᠬᠤᠶᠢᠲᠤ ᠬᠡᠰᠡᠭ ᠤᠨ 380 ᠲᠦᠮᠡᠨ ᠮᠦ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠭᠰᠡᠨ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠬᠤ ᠪᠠᠷ ᠬᠦᠴᠤᠯᠡᠨ ᠴᠢᠷᠮᠠᠶᠢᠨ᠎ᠠ᠃ ᠡᠯᠡᠰᠤᠷᠬᠡᠭᠵᠢᠵᠦ ᠮᠠᠭᠤᠵᠢᠷᠠᠭᠰᠠᠨ ᠨᠤᠳᠤᠭ ᠪᠡᠯᠴᠢᠭᠡᠷ ᠢ ᠵᠠᠰᠠᠬᠤ ᠲᠦᠯᠤᠪᠯᠡᠭᠡ ᠲᠤᠭᠳᠠᠭᠠᠵᠦ᠂ ᠭᠤᠣᠯᠳᠠᠯᠭ᠎ᠠ ᠲᠠᠢ ᠣᠷᠣᠨ ᠭᠠᠵᠠᠷ ᠤᠨ 200 ᠲᠦᠮᠡᠨ ᠮᠦ ᠡᠯᠡᠰᠦᠷᠬᠡᠭᠵᠢᠨ ᠮᠠᠭᠤᠵᠢᠷᠠᠭᠰᠠᠨ ᠨᠤᠲᠤᠭ ᠪᠡᠯᠴᠢᠭᠡᠷ ᠢ ᠵᠠᠰᠠᠬᠤ ᠶᠢ ᠠᠬᠢᠭᠤᠯᠵᠤ᠂ ᠲᠦᠩᠯᠢᠶᠣᠤ ᠶᠢᠨ ᠬᠤᠶᠢᠲᠣ ᠬᠡᠰᠡᠭ ᠤᠨ ᠡᠯᠡᠰᠦᠷᠬᠡᠭ ᠣᠷᠣᠨ ᠤ ᠠᠮᠢ ᠠᠬᠤᠶ ᠶᠢ ᠶᠡᠷᠦᠩᠬᠡᠶᠢᠯᠡᠨ ᠵᠠᠰᠠᠭᠰᠠᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ ᠦᠯᠵᠡᠶᠢᠮᠦ᠋ᠷᠡᠨ ᠭᠤᠤᠯ᠂ ᠠᠷᠤ ᠬᠥᠨᠳᠡᠯᠡᠨ ᠭᠤᠤᠯ᠂ ᠦᠪᠦᠷ ᠬᠦᠨᠳᠡᠯᠡᠨ ᠭᠤᠣᠯ᠂ ᠪᠠᠶᠠᠨᠲᠠᠯ᠎ᠠ ᠭᠤᠤᠯ᠂ ᠪᠠᠶᠠᠨᠵᠢᠷᠣᠬᠡ ᠭᠤᠤᠯ᠂  ᠱᠧᠩ ᠯᠢ ᠭᠤᠤᠯ ᠵᠡᠷᠭᠡ ᠭᠤᠤᠯᠳᠠᠯᠭ᠎ᠠ ᠲᠠᠢ ᠰᠠᠪᠠ ᠭᠠᠵᠠᠷ ᠤᠨ ᠠᠮᠢ ᠠᠬᠤᠶ ᠶᠢ 100 ᠲᠦᠮᠡᠨ ᠮᠥ ᠵᠠᠰᠠᠵᠤ᠂ ᠲᠦᠩᠯᠢᠶᠣᠤ ᠶᠢᠨ ᠬᠤᠶᠢᠲᠤ ᠬᠡᠰᠡᠭ ᠤᠨ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠭᠰᠠᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ ᠪᠥᠬᠦ ᠬᠦᠷᠢᠶ᠎ᠡ ᠬᠡᠪᠴᠢᠶᠡᠨ ᠳᠤ ᠠᠭᠤᠯᠠ ᠠᠭᠤᠷᠬᠠᠶ ᠶᠢ ᠰᠡᠷᠭᠦᠭᠡᠨ ᠵᠠᠰᠠᠬᠤ ᠶᠢ ᠠᠬᠢᠭᠤᠯᠵᠤ᠂ ᠪᠣᠬᠢᠷᠲᠤᠯ ᠥᠬᠡᠶ ᠠᠭᠤᠷᠬᠠᠶ ᠪᠠᠶᠢᠭᠤᠯᠬᠤ ᠶᠢ ᠲᠦᠷᠭᠡᠳᠬᠡᠨ᠂ ᠨᠤᠲᠤᠭ ᠪᠡᠯᠴᠢᠭᠡᠷ ᠳᠡᠭᠡᠷ᠎ᠡ ᠳᠤᠷ᠎ᠠ ᠪᠠᠷ ᠢᠶᠠᠨ ᠮᠠᠯᠲᠠᠬᠤ ᠶᠢ ᠴᠠᠭᠠᠵᠠᠯᠠᠵᠤ᠂ ᠬᠡᠷᠬᠢᠪᠡᠴᠦ ᠦᠨᠳᠦᠰᠦᠨ ᠨᠤᠲᠤᠭ ᠪᠡᠯᠴᠢᠭᠡᠷ ᠲᠡᠭᠡᠷ᠎ᠡ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠰᠠᠯᠬᠢᠨ ᠴᠠᠬᠢᠯᠭᠠᠨ ᠬᠡᠷᠡᠯ ᠴᠠᠬᠢᠯᠭᠠᠨ ᠤ ᠲᠥᠷᠥᠯ ᠵᠦᠶᠯ ᠢ ᠰᠢᠨ᠎ᠡ ᠪᠠᠷ ᠪᠠᠶᠢᠭᠤᠯᠬᠤ ᠥᠬᠡᠶ᠂ ᠬᠡᠪᠴᠢᠶ᠎ᠡ ᠪᠠᠭ᠎ᠠ᠂ ᠬᠢᠷᠢ ᠲᠥᠪᠰᠢᠨ ᠳᠣᠤᠷ᠎ᠠ ᠠᠭᠤᠷᠬᠠᠶ ᠶᠢ ᠡᠮᠬᠢ ᠵᠢᠷᠤᠮ ᠲᠠᠢ ᠪᠠᠷ ᠬᠠᠭᠠᠵᠤ ᠂ ᠪᠣᠬᠢᠷᠲᠤᠯ ᠥᠬᠡᠶ ᠠᠭᠤᠷᠬᠠᠶ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ ᠠᠷᠠᠳ ᠣᠯᠠᠨ ᠤ ᠬᠠᠤᠯᠢ ᠶᠣᠰᠣᠨ ᠤ ᠣᠷᠣᠰᠢᠭᠤᠯᠭ᠎ᠠ ᠶᠢᠨ ᠡᠷᠬᠡ ᠠᠰᠢᠭ ᠢ ᠬᠠᠮᠠᠭᠠᠯᠠᠬᠤ ᠪᠡ ᠡᠬᠢ ᠪᠠᠶᠠᠯᠢᠭ ᠣᠷᠴᠢᠨ ᠲᠣᠭᠤᠷᠢᠨ ᠢ ᠬᠠᠮᠠᠭᠠᠯᠠᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠰᠤᠮᠤ ᠪᠠᠯᠭᠠᠰᠤ ᠭᠠᠴᠠᠭ᠎ᠠ ᠲᠣᠰᠬᠤᠨ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠣᠷᠣᠰᠢᠭᠤᠯᠭ᠎ᠠ ᠶᠢᠨ ᠪᠡᠯᠡᠳᠬᠡᠮᠵᠢ ᠶᠢ ᠪᠦᠳᠤᠭᠡᠨ ᠪᠠᠶᠢᠭᠤᠯᠬᠤ ᠶᠢ ᠠᠬᠢᠭᠤᠯᠵᠤ᠂ ᠲᠣᠭᠲᠠᠭᠠᠯ ᠠᠴᠠ ᠵᠥᠷᠢᠴᠡᠨ ᠪᠤᠰᠬᠠᠭᠰᠠᠨ ᠣᠩᠭᠤᠨ ᠢ ᠲᠤᠰᠬᠠᠶ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃    ᠪᠣᠬᠢᠷᠲᠤᠯ ᠢ ᠰᠡᠷᠭᠡᠶᠢᠯᠡᠨ ᠵᠠᠰᠠᠬᠤ ᠰᠢᠪᠳᠣᠯᠣᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠲᠥᠪ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠵᠦ᠂ ᠬᠤᠷᠣᠭᠳᠠᠯ ᠤᠨ ᠶᠡᠷᠦᠩᠬᠡᠶ ᠬᠡᠮᠵᠢᠶ᠎ᠡ ᠪᠠ ᠡᠷᠴᠢᠮ ︽ᠬᠤᠶᠠᠷ ᠢ ᠡᠵᠡᠮᠳᠡᠬᠦ︾ ᠶᠢ ᠦᠷᠭᠦᠯᠵᠢᠯᠡᠨ ᠴᠢᠩᠭᠠᠷᠠᠭᠤᠯᠵᠤ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠲᠡᠭᠡᠭᠰᠢᠯᠡᠬᠦ ᠶᠢ ᠠᠬᠢᠭᠤᠯᠤᠨ᠎ᠠ᠃ ᠬᠥᠬᠡ ᠣᠭᠲᠠᠷᠭᠤᠶ ᠶᠢ ᠬᠠᠮᠠᠭᠠᠯᠠᠬᠤ ᠳᠠᠶᠢᠯᠠᠯᠳᠤᠭᠠᠨ ᠢ ᠤᠨᠤᠴᠢᠲᠠᠢ ᠰᠠᠶᠢᠲᠤᠷ ᠬᠢᠵᠦ᠂ ᠬᠤᠶᠢᠲᠤ ᠬᠡᠰᠡᠭ ᠤᠨ ᠭᠠᠵᠠᠷ ᠣᠷᠣᠨ ᠤ ᠣᠲᠤᠭ᠎ᠠ ᠤᠨᠢᠶᠠᠷ ᠳᠤᠷ᠎ᠠ ᠪᠠᠷ ᠭᠠᠳᠠᠭᠰᠢᠯᠠᠭᠤᠯᠬᠤ ᠪᠠ ᠰᠤᠯᠠ ᠨᠡᠭᠦᠷᠡᠰᠦᠨ ᠤ ᠲᠠᠯᠠᠪᠠᠶ ᠶᠢ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠭᠤᠤᠯ ᠬᠤᠲᠠ ᠶᠢᠨ ᠲᠣᠭᠤᠷᠢᠭ ᠲᠤ ᠨᠡᠭᠦᠷᠡᠰᠦ ᠰᠢᠲᠠᠭᠠᠬᠤ ᠦᠵᠡᠭᠳᠡᠯ ᠢ ᠵᠠᠰᠠᠬᠤ ᠠᠵᠢᠯ ᠢ ᠠᠬᠢᠭᠤᠯᠵᠤ᠂ ᠠᠭᠠᠷ ᠮᠠᠨᠳᠠᠯ ᠢ ᠪᠤᠬᠢᠷᠳᠤᠭᠤᠯᠬᠤ ᠠᠰᠠᠭᠤᠳᠠᠯ ᠢ ᠬᠠᠮᠲᠤᠷᠠᠨ ᠰᠡᠷᠭᠡᠶᠢᠯᠡᠵᠦ ᠴᠢᠩᠭ᠎ᠠ ᠵᠠᠰᠠᠨ᠎ᠠ᠃ ᠴᠡᠩᠭᠡᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠣᠨᠣᠴᠢᠲᠠᠢ ᠰᠠᠶᠢᠲᠤᠷ ᠬᠢᠵᠦ᠂ ︽ᠭᠤᠣᠯ ᠮᠥᠷᠡᠨ ᠨᠠᠭᠤᠷ ᠴᠥᠭᠦᠷᠥᠮ ᠤᠨ ᠠᠬᠠᠯᠠᠭᠴᠢ ᠶᠢᠨ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠰᠠᠮᠠᠭᠤᠷᠠᠯ ᠢ ᠴᠡᠪᠡᠷᠯᠡᠬᠦ︾ ᠲᠤᠰᠬᠠᠢ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠭᠤᠣᠯ ᠮᠥᠷᠡᠨ ᠲᠠᠢ ᠬᠤᠯᠪᠣᠭᠳᠠᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠰᠤᠨ ᠤ ᠠᠮᠢ ᠠᠬᠤᠢ ᠣᠷᠴᠢᠨ ᠲᠣᠭᠤᠷᠢᠨ ᠢ ᠲᠠᠰᠤᠷᠠᠯᠳᠠ ᠦᠭᠡᠢ ᠰᠠᠶᠢᠵᠢᠷᠠᠭᠤᠯᠣᠨ᠎ᠠ᠃ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠤᠨᠤᠴᠢᠲᠠᠢ ᠰᠠᠶᠢᠲᠤᠷ ᠬᠢᠵᠦ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠶᠢ ᠴᠢᠩᠭᠠᠳᠬᠠᠨ᠂ ᠲᠠᠷᠢᠶᠠᠨ ᠡᠮ᠂ ᠬᠢᠮᠢ ᠶᠢᠨ ᠪᠣᠷᠲᠣᠭᠤᠷ᠂ ᠲᠠᠷᠢᠶᠠᠯᠠᠩ ᠳᠤ ᠬᠡᠷᠡᠭᠯᠡᠬᠦ ᠨᠢᠮᠭᠡᠨ ᠰᠦᠯᠢᠶᠣᠣ ᠬᠡᠷᠡᠭᠯᠡᠬᠦ ᠶᠢ ᠵᠢᠯᠤᠭᠤᠳᠬᠤ ᠪᠠᠨ ᠴᠢᠩᠭᠠᠳᠬᠠᠵᠤ᠂ ᠬᠥᠷᠥᠰᠥ ᠰᠢᠷᠣᠶ ᠶᠢᠨ ᠣᠷᠴᠢᠨ ᠲᠣᠭᠤᠷᠢᠨ  ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃     ᠠᠮᠢ ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠨᠠᠶᠢᠳᠠᠪᠤᠷᠢᠵᠢᠭᠤᠯᠤᠨ᠂ ︽ᠭᠤᠷᠪᠠᠨ ᠣᠷᠣᠨ ᠭᠤᠷᠪᠠᠨ ᠱᠤᠭᠤᠮ︾ ᠤᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠨᠥᠬᠦᠪᠥᠷᠢ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠠᠮᠢ ᠠᠬᠤᠶ ᠶᠢᠨ ᠣᠷᠴᠢᠨ ᠲᠣᠭᠤᠷᠢᠨ ᠤ ᠵᠥᠪᠰᠢᠶᠡᠷᠡᠨ ᠣᠷᠣᠭᠤᠯᠬᠤ ᠨᠠᠷᠢᠨ ᠲᠠᠩᠰᠠ ᠶᠢ ᠲᠣᠭᠲᠠᠭᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠪᠠ ᠠᠮᠢ ᠠᠬᠤᠶ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ ᠬᠠᠮᠤᠭ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠤᠰᠤᠨ ᠤ ᠡᠬᠢ ᠰᠣᠷᠪᠣᠯᠵᠢ ᠶᠢ ᠠᠰᠢᠭᠯᠠᠬᠤ ᠶᠡᠷᠦᠩᠬᠡᠢ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠤᠰᠤ ᠠᠷᠪᠢᠯᠠᠬᠤ ᠬᠡᠯᠪᠡᠷᠢ  ᠶᠢᠨ ᠨᠡᠶᠢᠭᠡᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠤᠩᠭᠡ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢ ᠨᠠᠰᠤᠨ ᠲᠤᠷᠰᠢᠳᠠ ᠨᠡᠬᠡᠮᠵᠢᠯᠡᠬᠦ ᠵᠡᠷᠭᠡ ᠲᠦᠷᠢᠮ ᠢ ᠨᠠᠶᠢᠳᠠᠪᠤᠷᠢᠵᠢᠭᠤᠯᠵᠤ᠂ ᠲᠦᠷᠢᠮ ᠤᠨ ᠬᠢᠵᠠᠭᠠᠷᠯᠠᠬᠤ ᠦᠶᠯᠡᠳᠦᠯ ᠢ ᠴᠢᠩᠭᠠᠳᠬᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠳᠦᠷᠢᠮᠵᠢᠯᠲᠡ ᠂ ᠵᠢᠷᠤᠮᠵᠢᠯᠲᠠ ᠪᠠ ᠰᠢᠨᠵᠢᠯᠡᠬᠦ ᠤᠬᠠᠭᠠᠨᠴᠢᠯᠠᠯᠲᠠ ᠶᠢ ᠠᠬᠢᠭᠤᠯᠤᠨ᠎ᠠ᠃      ︵ᠲᠠᠪᠤ︶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠭᠠᠳᠠᠭᠰᠢ ᠨᠡᠭᠡᠭᠡᠯᠳᠡ ᠬᠢᠬᠦ ᠶᠢ ᠠᠬᠢᠭᠤᠯᠵᠤ᠂ ᠰᠢᠨ᠎ᠡ ᠬᠥᠭᠵᠢᠯᠲᠡ ᠶᠢᠨ ᠲᠤᠭᠲᠠᠴᠠ ᠳᠤ ᠠᠭᠤᠰᠤᠨ ᠦᠢᠯᠡᠴᠢᠯᠡᠨ᠎ᠡ᠃ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ ᠬᠦᠴᠦᠨ ᠢᠶᠠᠨ ᠨᠡᠮᠡᠭᠳᠡᠭᠦᠯᠬᠦ ᠶᠢ ᠪᠠᠷᠢᠮᠲᠠᠯᠠᠵᠤ᠂ ᠬᠠᠮᠤᠭ ᠤᠨ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠢᠶᠠᠷ ᠠᠮᠢᠵᠢᠷᠠᠯ ᠤᠨ ᠬᠦᠴᠦᠨ ᠢᠶᠠᠨ ᠬᠥᠭᠵᠢᠭᠡᠨ᠎ᠡ᠃ ᠬᠤᠣᠰ ᠣᠷᠴᠢᠯ ᠤᠨ ᠰᠢᠨ᠎ᠡ ᠬᠥᠭᠵᠢᠯᠲᠡ ᠶᠢᠨ ᠲᠤᠭᠲᠠᠴᠠ ᠶᠢ ᠲᠦᠷᠭᠡᠳᠬᠡᠨ ᠪᠠᠶᠢᠭᠤᠯᠬᠤ ᠳᠤᠮᠳᠠ ᠰᠢᠨ᠎ᠡ ᠳᠠᠪᠠᠭᠤᠯᠢᠭ ᠢᠶᠠᠨ ᠨᠡᠮᠡᠭᠳᠡᠭᠦᠯᠤᠨ᠎ᠡ᠃      ᠨᠡᠩ ᠶᠡᠭᠡ ᠡᠷᠴᠢᠮ ᠢᠶᠠᠷ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ︽ᠲᠠᠯᠪᠢᠬᠤ ᠬᠠᠮᠢᠶᠠᠷᠬᠤ ᠤᠶᠢᠯᠡᠴᠢᠯᠡᠬᠦ︾ ᠦᠭᠡᠷᠡᠴᠢᠯᠡᠯᠳᠡ ᠶᠢ ᠭᠦᠨᠵᠡᠭᠡᠢ ᠠᠬᠢᠭᠤᠯᠵᠦ᠂ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ᠂ ᠬᠠᠩᠭᠠᠨ ᠪᠣᠷᠣᠯᠠᠭᠤᠯᠬᠤ ᠬᠤᠷᠰᠢᠶ᠎ᠠ᠂ ᠲᠠᠷᠢᠶᠠᠯᠠᠩ ᠤᠨ ᠤᠰᠤᠨ ᠤ ᠦᠨ᠎ᠡ᠂ ᠤᠯᠤᠰ ᠤᠨ ᠥᠮᠴᠢᠯᠡᠯ ᠤᠨ ᠡᠬᠢ ᠪᠠᠶᠠᠯᠢᠭ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠥᠭᠡᠷᠡᠴᠢᠯᠡᠯᠲᠡ  ᠶᠢ ᠨᠢᠭᠡᠳᠤᠯᠳᠠᠢ ᠲᠦᠯᠤᠪᠯᠡᠨ ᠠᠬᠢᠭᠤᠯᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠤᠨ ᠪᠠᠶᠢᠭᠤᠯᠤᠮᠵᠢ᠂ ᠡᠮ ᠡᠮᠨᠡᠯᠭᠡ ᠡᠷᠡᠭᠦᠯ ᠬᠠᠮᠠᠭᠠᠯᠠᠯ᠂ ᠡᠮ ᠡᠮᠨᠡᠯᠭᠡ ᠶᠢᠨ ᠪᠠᠲᠤᠯᠠᠭ᠎ᠠ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢ ᠪᠤᠲᠠᠲᠠᠶᠢᠵᠢᠭᠤᠯᠤᠨ ᠦᠷ᠎ᠡ ᠪᠦᠲᠦᠮᠵᠢ ᠭᠠᠷᠬᠤ ᠶᠢ ᠠᠬᠢᠭᠤᠯᠤᠨ᠎ᠠ᠃ ᠡᠷᠬᠡ ᠬᠠᠷᠢᠭᠤᠴᠠᠯᠭ᠎ᠠ  ᠶᠢᠨ ᠨᠠᠷᠢᠨ ᠳᠠᠩᠰᠠ ᠶᠢᠨ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠤᠯᠤᠰ ᠤᠨ ᠦᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠢ ᠶᠢᠨ ᠥᠭᠡᠷᠡᠴᠢᠯᠡᠯᠲᠡ ᠶᠢ ᠪᠣᠳᠠᠲᠠᠢ ᠨᠠᠷᠢᠯᠢᠭ ᠬᠢᠵᠦ᠂ ᠰᠤᠮᠤ ᠪᠠᠯᠭᠠᠰᠤ ᠪᠠ ᠠᠵᠢᠯ ᠦᠢᠯᠡᠰ  ᠤᠨ ᠨᠢᠭᠡᠴᠡ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠠᠵᠢᠯ ᠤᠨ ᠦᠷ᠎ᠡ ᠪᠦᠲᠦᠮᠵᠢ ᠪᠠ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠴᠢᠳᠠᠪᠤᠷᠢᠲᠠᠨ ᠤ ᠲᠤᠭᠳᠠᠴᠠ᠂ ᠨᠡᠶᠢᠭᠡᠮ ᠤᠨ ᠵᠠᠰᠠᠯᠲᠠ ᠵᠡᠷᠭᠡ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠵᠦᠢᠯᠡᠰ ᠢ ᠦᠷᠭᠦᠯᠵᠢᠯᠡᠨ ᠠᠬᠢᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠭᠤᠤᠯ ᠪᠣᠯᠭᠠᠭᠰᠠᠨ ᠨᠡᠶᠢᠭᠡᠮ ᠤᠨ ᠬᠦᠷᠢᠶᠡᠨ ᠳᠠᠬᠢ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠤᠨ᠎ᠡ᠃      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠨᠠᠩ ᠶᠡᠭᠡ ᠡᠷᠴᠢᠮ ᠢᠶᠠᠷ ᠰᠢᠯᠢᠳᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠲᠤᠰᠬᠠᠢ ᠲᠤᠭᠤᠷᠢᠨ ᠪᠠᠶᠢᠴᠠᠭᠠᠵᠦ ᠬᠠᠷᠢᠭᠤ ᠲᠤᠰᠬᠠᠭᠰᠠᠨ ᠰᠠᠨᠠᠯ ᠢ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠷᠪᠠᠨ ᠵᠢᠯ ᠤᠨ ᠠᠵᠢᠯᠯᠠᠭᠠᠨ ᠤ ᠬᠠᠷᠠᠯᠲᠠ ᠶᠢᠨ ᠲᠣᠭᠤᠷᠢᠨ ᠳᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠣᠨ ᠤ ᠠᠵᠢᠯᠯᠠᠭ᠎ᠠ ᠶᠢ ᠶᠡᠭᠡ ᠪᠠᠷ  ᠦᠷᠨᠢᠭᠦᠯᠦᠨ᠎ᠡ᠃ ᠳᠤᠮᠳᠠ ᠵᠢᠵᠢᠭ ᠠᠵᠤ ᠠᠬᠤᠶᠢᠯᠠᠯ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠦᠭᠡᠷᠡᠴᠢᠯᠡᠯᠳᠡ ᠬᠢᠬᠦ ᠠᠷᠭ᠎ᠠ ᠪᠠᠷ ᠠᠵᠤ ᠠᠬᠤᠶᠢᠯᠠᠯ ᠤᠨ ᠤᠶᠢᠯᠡᠳᠪᠤᠷᠢᠯᠡᠯ ᠡᠵᠡᠩᠨᠡᠯᠳᠡ  ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠡᠷᠬᠡ ᠲᠡᠭᠰᠢ ᠪᠠᠷ ᠦᠷᠢᠰᠤᠯᠳᠤᠬᠦ ᠵᠠᠬ᠎ᠠ ᠲᠡᠯᠭᠡᠭᠦᠷ ᠤᠨ ᠤᠷᠴᠢᠨ ᠲᠤᠭᠤᠷᠢᠨ ᠢ ᠡᠷᠡᠰ ᠬᠠᠮᠠᠭᠠᠯᠠᠨ᠎ᠠ᠃ ᠠᠵᠤ ᠠᠬᠤᠶᠢᠯᠠᠯ ᠪᠡ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠡᠯ᠎ᠡ ᠲᠥᠷᠥᠯ ᠤᠨ ᠲᠦᠭᠵᠢᠷᠡᠯ᠂ ᠡᠪᠡᠷᠰᠢᠶᠡᠯ᠂ ᠬᠦᠴᠢᠷ ᠲᠦᠪᠡᠭ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠰᠢᠭᠤ ᠪᠠᠯᠭᠠᠰᠤ ᠲᠣᠰᠬᠤᠨ ᠭᠤᠷᠪᠠᠨ ᠱᠠᠲᠤᠨ ᠤ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂  ︽ᠨᠢᠭᠡ ᠰᠦᠯᠵᠢᠶ᠎ᠡ ᠪᠠᠷ ᠪᠦᠬᠦᠨ ᠢ ᠭᠦᠶᠴᠡᠳᠬᠡᠬᠦ︾ ᠶᠢ ᠦᠷᠭᠦᠯᠵᠢᠯᠡᠨ ᠠᠬᠢᠭᠤᠯᠵᠤ᠂  ︽ᠨᠢᠭᠡ ᠯᠡ ᠤᠳᠠᠭ᠎ᠠ ᠭᠦᠶᠦᠬᠦ  ︾ ᠶᠢ ᠬᠡᠪ ᠤᠨ ᠪᠤᠯᠭᠠᠨ᠎ᠠ᠃ ︽ᠬᠤᠶᠠᠷ ᠢ ᠲᠠᠰᠢᠷᠠᠮ ᠢᠶᠠᠷ ᠰᠤᠭᠤᠴᠢᠵᠤ ᠨᠢᠭᠡ ᠶᠢ ᠢᠯᠡ ᠪᠣᠯᠭᠠᠬᠤ  ︾ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ︽ᠰᠠᠶᠢᠨ ᠮᠠᠭᠤ ᠦᠨᠡᠯᠡᠯᠳᠡ︾ ᠶᠢᠨ ᠲᠦᠷᠢᠮ ᠢ ᠭᠦᠢᠴᠡᠳ ᠠᠰᠢᠭᠯᠠᠵᠦ᠂ ᠪᠦᠬᠦ ᠨᠡᠶᠢᠭᠡᠮ ᠤᠨ ᠦᠨᠡᠨᠴᠢ ᠢᠲᠡᠭᠡᠮᠵᠢ ᠶᠢᠨ ᠰᠢᠰᠲ᠋ᠧᠮ ᠢ ᠪᠦᠷᠢᠨᠰᠢᠭᠦᠯᠵᠦ᠂᠂ ᠠᠵᠤ ᠠᠬᠤᠶᠢᠯᠠᠯ ᠪᠠ ᠣᠯᠠᠨ ᠲᠦᠮᠡᠨ ᠤ ᠥᠪᠡᠷᠮᠢᠴᠡ᠂ ᠣᠯᠠᠨ ᠡᠰᠢᠵᠢᠭᠰᠡᠨ ᠠᠵᠢᠯ ᠤᠨ ᠱᠠᠭᠠᠷᠳᠠᠯᠭ᠎ᠠ ᠶᠢ ᠬᠠᠩᠭᠠᠨ᠎ᠠ᠃      ᠰᠣᠯᠢᠯᠴᠠᠭ᠎ᠠ ᠬᠠᠮᠲᠤᠷᠠᠯᠴᠠᠭ᠎ᠠ ᠪᠠᠨ ᠨᠡᠩ ᠶᠡᠭᠡ ᠡᠷᠴᠢᠮ ᠢᠶᠠᠷ ᠭᠦᠨᠵᠡᠭᠡᠶᠢᠷᠡᠭᠦᠯᠦᠨ᠎ᠡ᠃ ᠬᠤᠪᠧᠶ ᠶᠢᠨ ᠳ᠋ᠠ ᠶᠧ ᠯᠤᠭ᠎ᠠ ᠨᠥᠬᠦᠷᠰᠡᠭ ᠬᠤᠲᠠ ᠶᠢᠨ ᠠᠵᠤ ᠠᠬᠤᠶ ᠠᠷᠠᠯᠵᠢᠶ᠎ᠠ᠂ ᠰᠣᠶᠣᠯ ᠵᠢᠭᠤᠯᠴᠢᠯᠠᠯ ᠤᠨ ᠬᠦᠷᠢᠶᠡᠨ ᠳᠠᠬᠢ ᠪᠣᠳᠠᠲᠠᠶ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠷᠣᠨ ᠪᠦᠰᠡ ᠶᠢᠨ  ᠵᠤᠬᠢᠴᠠᠨ ᠬᠦᠭᠵᠢᠬᠦ ᠪᠠᠶᠢᠯᠳᠤᠬᠤ ᠪᠣᠳᠣᠯᠭ᠎ᠠ ᠳᠤ ᠢᠳᠡᠪᠬᠢᠲᠡᠶ ᠠᠭᠤᠰᠤᠯᠴᠠᠨ᠎ᠠ᠃ ᠮᠦᠭᠳᠡᠨ᠂ ᠴᠠᠩᠴᠦ᠋ᠨ ᠵᠡᠷᠭᠡ ᠬᠤᠳᠠ ᠶᠢᠨ ᠨᠥᠯᠥᠭᠡᠯᠡᠯ ᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠦᠩᠭᠡᠨᠴᠠᠭᠠᠨ ᠤ ᠳᠡᠭᠡᠳᠦ ᠲᠡᠰ ᠤᠨ ᠲᠣᠨᠣᠭᠯᠠᠯ ᠦᠢᠯᠡᠳᠬᠦ᠂ ᠤᠳᠤ ᠦᠶ᠎ᠡ ᠶᠢᠨ ᠡᠨᠧᠷᠭᠢ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ᠂ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ‌ᠠᠬᠢᠭᠤᠯᠵᠤ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠳᠤ ᠭᠦᠨᠵᠡᠭᠡᠢ ᠠᠭᠤᠰᠤᠯᠴᠠᠨ᠎ᠠ᠃ ᠤᠮᠠᠷᠠᠰᠢ ᠨᠡᠭᠡᠭᠡᠯᠲᠡ ᠬᠢᠬᠦ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠵᠡᠭᠦᠨ ᠦᠵᠦᠮᠦᠴᠢᠨ ᠬᠤᠰᠢᠭᠤᠨ ᠤ ᠵᠡᠭᠦᠨ ᠬᠠᠲᠠᠪᠴᠢ ᠬᠢᠯᠢ ᠶᠢᠨ ᠪᠣᠭᠤᠮᠲᠠ ᠯᠤᠭ᠎ᠠ ᠶᠢᠨ ᠬᠠᠮᠵᠢᠯᠴᠠᠭ᠎ᠠ ᠶᠢ ᠠᠬᠢᠭᠤᠯᠵᠤ᠂ ᠮᠣᠩᠭᠤᠯ ᠤᠯᠤᠰ ᠯᠤᠭ᠎ᠠ ᠶᠢᠨ ᠠᠵᠤ ᠠᠬᠤᠶ ᠠᠷᠠᠯᠵᠢᠶᠠᠨ ᠤ ᠶᠠᠪᠤᠯᠴᠠᠭ᠎ᠠ᠂  ᠬᠦᠮᠦᠨ ᠰᠣᠶᠣᠯ ᠤᠨ ᠰᠣᠯᠢᠯᠴᠠᠭ᠎ᠠ ᠶᠢ ᠠᠬᠢᠭᠤᠯᠵᠤ᠂ ᠭᠠᠳᠠᠭᠠᠳᠦ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠵᠤ ᠂ ᠥᠨᠳᠥᠷ ᠲᠦᠪᠰᠢᠨ ᠪᠥᠬᠦᠶ ᠨᠡᠭᠡᠭᠡᠯᠲᠡ ᠪᠠᠷ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃      ︵ᠵᠢᠷᠭᠤᠭ᠎ᠠ︶ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢ ᠴᠢᠩᠭᠠᠳᠬᠠᠵᠤ᠂ ᠠᠷᠠᠳ ᠲᠦᠮᠡᠨ  ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ᠃ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠠᠷᠠᠳ ᠤᠨ ᠲᠦᠯᠤᠭᠡᠯᠡᠭᠴᠢᠳ ᠤᠨ ᠬᠢᠨᠠᠨ ᠲᠤᠭᠳᠠᠭᠰᠠᠨ ᠠᠷᠠᠳ ᠤᠨ ᠠᠮᠢᠳᠤᠷᠠᠯ ᠤᠨ ᠪᠤᠳᠠᠳᠠᠢ ᠶᠠᠪᠤᠳᠠᠯ ᠢ ᠰᠠᠶᠢᠳᠤᠷ ᠬᠢᠵᠦ᠂  ᠠᠷᠠᠳ ᠤᠨ ᠦᠨᠳᠤᠰᠤᠨ ᠠᠮᠢᠳᠤᠷᠠᠯ ᠢ ᠪᠠᠳᠤᠯᠠᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠵᠤᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃     ᠠᠵᠢᠯ ᠤᠯᠭᠤᠵᠦ ᠦᠢᠯᠡᠰ ᠪᠤᠰᠬᠠᠬᠤ ᠠᠵᠢᠯ ᠢ ᠴᠢᠩᠭᠠᠳᠬᠠᠨ᠎ᠠ᠃ ᠠᠵᠢᠯ ᠤᠯᠭᠤᠬᠤ ᠶᠢ ᠲᠣᠭᠲᠠᠪᠤᠷᠢᠵᠢᠭᠤᠯᠤᠨ ᠣᠷᠣᠯᠭ᠎ᠠ ᠨᠡᠮᠡᠭᠳᠡᠭᠦᠯᠬᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠵᠢᠯ ᠤᠯᠭᠤᠵᠦ ᠦᠢᠯᠡᠰ  ᠪᠤᠰᠬᠠᠬᠤ ᠳᠤ ᠰᠢᠯᠢᠳᠡᠭ ᠦᠢᠯᠡᠴᠢᠯᠡᠭᠡ ᠬᠠᠩᠭᠠᠬᠤ ᠪᠠᠨ ᠴᠢᠩᠭᠠᠳᠬᠠᠨ᠂ ᠭᠤᠣᠯᠳᠠᠯᠭ᠎ᠠ ᠲᠠᠢ ᠬᠦᠮᠤᠰ ᠲᠤ ᠠᠵᠢᠯ ᠤᠯᠭᠤᠵᠦ ᠦᠢᠯᠡᠰ ᠪᠤᠰᠬᠠᠬᠤ ᠶᠢ ᠵᠢᠯᠣᠭᠤᠳᠬᠤ ᠠᠵᠢᠯ ᠢ ᠰᠠᠶᠢᠲᠤᠷ ᠬᠢᠵᠦ᠂ ᠪᠠᠭ᠎ᠠ ᠲᠣᠭᠠᠨ ᠤ ᠳᠠᠭᠠᠭᠠᠯᠳᠠᠳᠤ ᠵᠢᠭᠡᠯᠡᠯᠭᠡ ᠲᠠᠯᠪᠢᠬᠤ ᠡᠷᠴᠢᠮ ᠢᠶᠠᠨ ᠴᠢᠩᠭᠠᠷᠠᠭᠤᠯᠤᠨ᠂ ᠬᠤᠲᠠ ᠪᠠᠯᠭᠠᠰᠤᠨ ᠤ 1350 ᠬᠥᠮᠦᠨ ᠳᠤ ᠰᠢᠨ᠎ᠡ ᠪᠠᠷ ᠠᠵᠢᠯ ᠣᠯᠭᠤᠬᠤ ᠶᠢ ᠪᠡᠶᠡᠯᠡᠭᠦᠯᠵᠦ᠂ 1000 ᠬᠥᠮᠦᠨ ᠳᠤ ᠮᠡᠷᠭᠡᠵᠢᠯ ᠤᠨ ᠪᠣᠯᠪᠠᠰᠤᠷᠠᠭᠤᠯᠤᠯ ᠬᠦᠷᠲᠡᠭᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠶᠢ ᠳᠡᠮᠵᠢᠵᠦ᠂ ᠪᠦᠬᠦ ᠬᠡᠷ ᠢᠶᠠᠷ ᠢᠶᠠᠨ ᠭᠠᠳᠠᠭᠰᠢ ᠭᠠᠷᠴᠤ ᠬᠦᠴᠦ ᠶᠠᠪᠤᠬᠤ ᠶᠢ ᠵᠣᠷᠢᠭᠵᠢᠭᠤᠯᠵᠤ᠂ 4.6 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠤᠯᠭᠤᠵᠤ᠂ 10 ᠳ᠋ᠦᠩᠰᠢᠭᠤᠷ ᠲᠥᠭᠦᠷᠢᠭ ᠠᠴᠠ ᠳᠡᠭᠡᠭᠰᠢ ᠤᠷᠤᠯᠭ᠎ᠠ ᠡᠭᠦᠳᠤᠨ᠎ᠡ᠃      ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠦᠬᠦ ᠠᠷᠠᠳ ᠢ ᠳᠠᠭᠠᠳᠬᠠᠯ ᠳᠤ ᠤᠷᠤᠭᠤᠯᠵᠤ ᠳᠠᠩᠰᠠᠯᠠᠬᠤ ᠲᠥᠯᠥᠪᠯᠡᠭᠡ ᠶᠢ ᠠᠬᠢᠭᠤᠯᠵᠤ᠂  ᠲᠠᠭᠠᠳᠬᠠᠯ ᠳᠤ ᠤᠷᠤᠪᠠᠯ ᠵᠤᠬᠢᠬᠤ ᠪᠦᠬᠦᠨ ᠢ ᠲᠠᠭᠠᠳᠬᠠᠯ ᠳᠤ ᠤᠷᠤᠬᠤ ᠶᠢ ᠠᠬᠢᠭᠤᠯᠤᠨ᠎ᠠ᠃ ᠡᠮᠴᠢᠯᠡᠭᠡᠨ ᠤ ᠳᠠᠭᠠᠳᠬᠠᠯ ᠤᠨ ᠲᠦᠯᠦᠪᠦᠷᠢ ᠶᠢᠨ ᠠᠷᠭ᠎ᠠ ᠮᠠᠶ᠋ᠢᠭ  ᠤᠨ ᠥᠭᠡᠷᠡᠴᠢᠯᠡᠯᠲᠡ ᠶᠢ ᠠᠬᠢᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠠᠵᠢᠯ ᠢ ᠴᠢᠩᠭᠠᠳᠬᠠᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠬᠤᠲᠠ ᠬᠥᠳᠡᠭᠡ  ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠪᠠ ᠠᠪᠤᠷᠠᠨ ᠲᠤᠰᠠᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠣᠨᠴᠠ ᠬᠦᠴᠢᠷᠳᠡᠯᠲᠡᠶ ᠬᠥᠮᠦᠰ ᠤᠨ ᠦᠨᠳᠦᠰᠦᠨ ᠵᠦᠶᠯ ᠢ ᠪᠠᠳᠤᠯᠠᠨ᠎ᠠ᠃ ᠣᠷᠣᠰᠢᠭᠤᠯᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠷᠣᠰᠢᠭᠤᠯᠭ᠎ᠠ ᠶᠢᠨ ᠭᠠᠵᠠᠷ ᠢ ᠥᠷᠭᠡᠳᠬᠡᠨ ᠪᠠᠶᠢᠭᠤᠯᠬᠤ ᠲᠥᠷᠥᠯ ᠵᠦᠢᠯ ᠢ ᠪᠡᠶᠡᠯᠡᠭᠦᠯᠦᠨ᠎ᠡ᠃ ᠴᠡᠷᠢᠭ ᠤᠨ ᠠᠯᠪᠠᠨ ᠠᠴᠠ ᠪᠠᠭᠤᠭᠰᠠᠳ ᠤᠨ ᠬᠠᠮᠢᠶᠠᠷᠤᠯᠳᠠ ᠶᠢᠨ ᠠᠵᠢᠯ ᠢ ᠴᠢᠩᠭᠠᠳᠬᠠᠵᠤ᠂ ᠴᠡᠷᠢᠭ ᠤᠨ ᠠᠯᠪᠠᠨ ᠠᠴᠠ ᠪᠠᠭᠤᠭᠰᠠᠳ ᠲᠤ ᠦᠢᠯᠡᠴᠢᠯᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠠᠶᠢᠨ ᠲᠤᠷᠠᠴᠤᠳ ᠤᠨ ᠦᠶᠯᠡᠴᠢᠯᠡᠭᠡ᠂ ᠨᠢᠭᠦᠯᠡᠰᠦᠩᠭᠦᠶ ᠦᠶᠯᠡᠰ ᠤᠨ ᠬᠥᠭᠵᠢᠯᠲᠡ ᠶᠢ ᠳᠡᠮᠵᠢᠵᠦ᠂ ᠡᠮᠡᠭᠲᠡᠶᠢᠴᠦᠳ᠂ ᠬᠡᠦᠬᠡᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃       ᠰᠤᠷᠭᠠᠨ ᠬᠥᠮᠦᠵᠢᠯ ᠪᠡᠶ᠎ᠡ ᠲᠠᠮᠢᠷ ᠤᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠰᠤᠷᠬᠤ ᠨᠠᠰᠤᠨ  ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠬᠦᠭᠵᠢᠭᠦᠯᠬᠦ ᠶᠢ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠪᠠᠷᠢᠮᠵᠢᠶ᠎ᠠ ᠳᠤ ᠬᠦᠷᠭᠡᠬᠦ ᠠᠵᠢᠯ ᠢ ᠡᠬᠢᠯᠡᠭᠦᠯᠦᠨ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ᠂ ᠥᠪᠡᠷᠮᠢᠴᠡ ᠣᠨᠴᠠᠯᠢᠭ ᠲᠠᠢ᠂ ᠤᠯᠠᠨ ᠶᠠᠩᠵᠤᠴᠢᠯᠠᠭᠰᠠᠨ ᠬᠥᠭᠵᠢᠯᠲᠡ ᠶᠢ ᠠᠬᠢᠭᠤᠯᠵᠤ᠂ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠭᠤᠷᠪᠠᠨ ᠲᠦᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠯᠠᠪᠳᠠᠭᠤᠨ ᠢᠶᠠᠷ ᠠᠬᠢᠭᠤᠯᠬᠤ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠨ᠎ᠠ᠃ ᠦᠨᠳᠦᠰᠦᠨ ᠱᠠᠲᠤᠨ ᠤ 2 ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ᠂  ᠪᠠᠭᠰᠢ ᠶᠢᠨ ᠲᠦᠷ ᠰᠠᠭᠤᠬᠤ ᠭᠡᠷ 3 ᠪᠠ ᠬᠤᠰᠢᠭᠤᠨ ᠤ ᠰᠢᠭᠤᠳ ᠬᠠᠷᠢᠶ᠎ᠠ ᠰᠤᠷᠭᠠᠭᠤᠯᠢ ᠶᠢᠨ 2 ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠲᠠᠭᠤᠰᠬᠠᠵᠤ ᠲᠤᠰᠢᠶᠠᠨ ᠬᠡᠷᠡᠭᠯᠡᠭᠦᠯᠬᠦ ᠶᠢ ᠠᠬᠢᠭᠤᠯᠵᠤ᠂ ᠠᠯᠢᠪᠠ ᠵᠢᠭᠠᠨ ᠰᠤᠷᠭᠠᠬᠤ ᠴᠡᠭ᠂ ᠬᠡᠦᠬᠡᠳ ᠤᠨ ᠴᠡᠴᠡᠷᠯᠢᠭ ᠤᠨ ᠵᠣᠷᠯᠣᠩ ᠢ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠦᠨ᠎ᠡ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ 13 ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠷᠳᠣᠨ ᠢ ᠠᠰᠢᠭᠯᠠᠯᠲᠠ ᠳᠤ ᠣᠷᠣᠭᠤᠯᠤᠨ᠂ ᠪᠦᠬᠦ ᠠᠷᠠᠳ ᠤᠨ ᠪᠡᠶ᠎ᠡ ᠲᠠᠮᠢᠷ  ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠯᠠᠪᠳᠠᠭᠤᠨ ᠪᠠᠲᠤᠲᠠᠢ ᠥᠷᠨᠢᠭᠦᠯᠦᠨ᠎ᠡ᠃      ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠤᠶᠢᠯᠡᠰ ᠤᠨ ᠪᠠᠶᠢᠭᠤᠯᠤᠯᠳᠠ ᠶᠢ ᠠᠬᠢᠭᠤᠯᠤᠨ᠎ᠠ᠃ ᠣᠯᠠᠨ ᠨᠡᠶᠢᠲᠡ  ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢ ᠪᠦᠷᠢᠨᠰᠢᠭᠦᠯᠵᠦ᠂ ᠣᠯᠠᠨ ᠨᠡᠶᠢᠲᠡ  ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠬᠦᠨᠳᠦ ᠶᠡᠭᠡ ᠬᠠᠯᠳᠠᠪᠤᠷᠢᠲᠤ ᠡᠪᠡᠳᠴᠢᠨ ᠪᠣᠯᠤᠨ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠨᠡᠮᠡᠭᠳᠡᠭᠦᠯᠵᠦ᠂ ᠬᠦᠨᠳᠦ ᠶᠡᠭᠡ ᠡᠪᠡᠳᠴᠢᠨ ᠡᠮᠭᠡᠭ ᠢ ᠡᠵᠡᠮᠳᠡᠬᠦ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠵᠢᠯ ᠢ ᠴᠢᠩᠭᠠᠷᠠᠭᠤᠯᠤᠨ᠎ᠠ᠃ ᠡᠬᠡ ᠨᠢᠯᠬ᠎ᠠ ᠶᠢᠨ ᠡᠷᠡᠭᠦᠯ ᠮᠡᠨᠳᠦ ᠶᠢ ᠠᠬᠢᠭᠤᠯᠬᠤ ᠪᠠ ᠡᠬᠡ ᠨᠢᠯᠬ᠎ᠠ ᠶᠢᠨ ᠠᠮᠤᠷ ᠲᠦᠪᠰᠢᠨ ᠤ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠡᠬᠡ ᠨᠢᠯᠬ᠎ᠠ ᠶᠢᠨ ᠡᠷᠡᠭᠦᠯ ᠮᠡᠨᠳᠦ ᠶᠢᠨ ᠦᠶᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠡᠷᠡᠭᠦᠯ ᠮᠡᠨᠳᠦ ᠬᠤᠰᠢᠭᠤ ᠶᠢ ᠪᠥᠲᠥᠭᠡᠨ ᠪᠠᠶᠢᠭᠤᠯᠬᠤ ᠪᠠᠨ ᠴᠢᠩᠭᠠᠳᠬᠠᠵᠤ᠂ ᠤᠯᠤᠰ ᠤᠨ ᠲᠠᠰ ᠤᠨ ᠠᠷᠢᠭᠤᠨ ᠴᠡᠪᠡᠷ ᠬᠤᠲᠠ ᠪᠠᠯᠭᠠᠰᠤ ᠶᠢ ᠴᠢᠷᠮᠠᠶᠢᠨ ᠡᠭᠦᠳᠦᠨ ᠪᠠᠶᠢᠭᠤᠯᠤᠨ᠎ᠠ ᠃ ᠦᠨᠳᠤᠰᠤᠨ ᠱᠠᠳᠤᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠵᠢᠷᠤᠮᠵᠢᠭᠰᠠᠨ ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠵᠤ᠂ ᠣᠨᠴᠠᠯᠢᠭᠲᠤ ᠣᠨᠣᠰᠢᠯᠠᠨ ᠡᠮᠨᠡᠬᠦ ᠰᠠᠯᠠᠭ᠎ᠠ ᠲᠠᠰᠤᠭ ᠤᠨ ᠪᠠᠶᠢᠭᠤᠯᠤᠯᠲᠠ ᠶᠢ ᠠᠬᠢᠭᠤᠯᠤᠨ᠎ᠠ᠃ ᠨᠠᠰᠤᠲᠠᠨ ᠢ  ᠨᠠᠶᠢᠲᠠᠨ ᠠᠰᠠᠷᠠᠭᠤᠯᠬᠤ ᠬᠡᠦᠬᠡᠳ ᠰᠠᠭᠠᠲᠠᠭᠤᠯᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠨᠠᠰᠤᠲᠠᠨ ᠢ ᠨᠠᠶᠢᠲᠠᠨ ᠠᠰᠠᠷᠠᠭᠤᠯᠬᠤ ᠬᠡᠦᠬᠡᠳ ᠰᠠᠭᠠᠲᠠᠭᠤᠯᠬᠤ ᠦᠶᠯᠡᠰ ᠤᠨ ᠡᠷᠡᠭᠦᠯ  ᠢᠶᠠᠷ ᠬᠥᠭᠵᠢᠬᠦ ᠶᠢ ᠠᠬᠢᠭᠤᠯᠤᠨ᠎ᠠ᠃     ᠰᠣᠶᠣᠯ ᠤᠨ ᠵᠥᠭᠡᠯᠡᠨ ᠪᠣᠳᠠᠲᠤ ᠬᠦᠴᠦᠨ ᠢᠶᠠᠨ ᠬᠦᠴᠦᠯᠡᠨ ᠳᠡᠭᠡᠭᠰᠢᠯᠡᠭᠦᠯᠦᠨ᠎ᠡ᠃ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠰᠢᠷᠢᠰ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠤᠳᠬ᠎ᠠ ᠵᠣᠬᠢᠶᠠᠯ ᠤᠷᠠᠯᠢᠭ ᠤᠨ ᠰᠣᠳᠣᠨ ᠪᠦᠲᠦᠭᠡᠯ ᠪᠦᠲᠦᠭᠡᠬᠦ ᠶᠢ ᠴᠢᠩᠭᠠᠳᠬᠠᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 100 ᠲᠠᠯᠠᠪᠤᠷ ᠵᠣᠬᠢᠶᠠᠨ ᠪᠠᠶᠢᠭᠤᠯᠤᠨ᠎ᠠ᠃ ᠡᠮᠦᠨ᠎ᠡ ᠪᠤᠯᠠᠭᠲᠤ ᠶᠢᠨ ᠡᠷᠲᠡᠨ ᠤ ᠪᠠᠭᠤᠷᠢ ᠶᠢ ᠬᠠᠮᠠᠭᠠᠯᠠᠬᠤ᠂ ᠪᠤᠷᠤ ᠬᠡᠷᠡᠮ ᠤᠨ ᠪᠠᠭᠤᠷᠢ ᠶᠢ ᠪᠠᠬᠢᠯᠡᠨ ᠵᠠᠰᠠᠬᠤ᠂ ᠵᠢᠢ ᠱᠠᠨ ᠶᠡᠭᠡ ᠪᠠᠭᠰᠢ ᠶᠢᠨ ᠣᠩᠭᠤᠨ ᠢ ᠬᠠᠮᠠᠭᠠᠯᠠᠬᠤ ᠲᠥᠯᠥᠪᠵᠢᠭᠦᠯᠪᠡ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠵᠦ᠂ ᠤᠯᠠᠭᠠᠨᠮᠥ᠋ᠴᠢᠷ ᠤᠨ ᠲᠤᠬᠠᠶᠢᠯᠠᠭᠰᠠᠨ ᠠᠵᠢᠯ ᠮᠡᠷᠭᠡᠵᠢᠯ ᠤᠨ ᠬᠡᠷᠡᠭᠯᠡᠬᠦ ᠭᠡᠷ ᠪᠠᠶᠢᠰᠢᠩ ᠢ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠴᠢᠩᠭᠠᠳᠬᠠᠵᠤ᠂ ᠨᠢᠭᠡ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠤᠨ ᠥᠷᠲᠡᠭᠡ᠂ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠣᠯᠭᠤᠯᠲᠠ  ᠶᠢᠨ ᠦᠶᠯᠡᠳᠬᠡᠯ ᠤᠨ ᠭᠠᠵᠠᠷ᠂ ᠪᠣᠳᠠᠰ ᠤᠨ ᠪᠤᠰᠤ ᠰᠣᠶᠣᠯ ᠤᠨ ᠥᠪ ᠤᠨ ᠮᠠᠰᠲ᠋ᠧᠷ ︵ ᠶᠡᠭᠡ ᠪᠠᠭᠰᠢ︶ ᠤᠨ ᠠᠵᠢᠯᠯᠠᠬᠤ ᠲᠠᠰᠤᠭ ᠢ ᠨᠡᠷᠡᠶᠢᠳᠴᠦ᠂ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠶᠯ ᠦᠵᠡᠮᠵᠢ ᠶᠢᠨ ᠣᠷᠣᠨ ᠳᠤ ᠤᠷᠤᠬᠤ ᠶᠢ ᠠᠬᠢᠭᠤᠯᠤᠨ᠎ᠠ᠃     ︵ᠳᠣᠯᠤᠭ᠎ᠠ︶  ᠬᠦᠭᠵᠢᠭᠦᠯᠬᠦ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠬᠦ ᠶᠢ ᠪᠠᠷᠢᠮᠲᠠᠯᠠᠵᠤ᠂ ᠨᠠᠩ ᠥᠨᠳᠥᠷ ᠲᠦᠪᠰᠢᠨ ᠲᠠᠢ ᠠᠮᠤᠭᠤᠯᠠᠩ ᠵᠠᠷᠤᠳ ᠢ ᠪᠥᠲᠥᠭᠡᠨ ᠪᠠᠶᠢᠭᠤᠯᠤᠨ᠎ᠠ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠰᠡᠷᠭᠡᠶᠢᠯᠡᠨ ᠠᠷᠢᠯᠭᠠᠵᠤ ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠬᠢᠷᠢ ᠬᠡᠮᠵᠢᠶ᠎ᠡ ᠲᠠᠢ ᠠᠮᠤᠷ ᠲᠦᠪᠰᠢᠨ ᠰᠠᠶᠢᠨ ᠪᠠᠶᠢᠳᠠᠯ ᠢ ᠪᠤᠢ ᠪᠤᠯᠭᠠᠵᠦ᠂ ᠠᠷᠠᠳ ᠲᠦᠮᠡᠨ ᠨᠡᠩ ᠵᠣᠯ ᠵᠢᠷᠭᠠᠯ ᠲᠠᠢ᠂ ᠨᠡᠶᠢᠭᠡᠮ ᠢ ᠨᠡᠩ ᠠᠮᠤᠷ ᠠᠮᠤᠭᠤᠯᠠᠩ ᠪᠣᠯᠭᠠᠨ᠎ᠠ᠃    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠰᠠᠶᠢᠲᠤᠷ ᠠᠳᠬᠤᠨ᠎ᠠ᠃  ︽ᠭᠠᠳᠠᠨ᠎ᠠ ᠠᠴᠠ ᠬᠠᠯᠳᠠᠪᠤᠷᠢᠯᠠᠨ ᠤᠷᠤᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠡᠭᠦᠰᠬᠦ ᠶᠢ ᠰᠡᠷᠭᠡᠶᠢᠯᠡᠬᠦ  ︾ ᠪᠤᠳᠠᠳᠠᠢ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠣᠷᠣᠨ ᠱᠠᠳᠦ ᠬᠤᠪᠢᠶᠠᠨ ᠣᠨᠣᠴᠠᠲᠠᠢ ᠰᠡᠷᠭᠡᠶᠢᠯᠡᠨ ᠡᠵᠡᠮᠳᠡᠬᠦ ᠪᠠ ᠲᠣᠣᠷᠵᠢᠭᠤᠯᠤᠨ ᠬᠠᠮᠢᠶᠠᠷᠬᠤ ᠶᠢ ᠴᠢᠩᠭᠠᠳᠬᠠᠵᠤ᠂  ︽ᠲᠦᠷᠪᠡᠨ ᠲᠠᠯ᠎ᠠ ᠶᠢᠨ ᠬᠠᠷᠢᠭᠤᠴᠠᠯᠭ᠎ᠠ  ︾ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠬᠠᠮᠵᠢᠯᠴᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠭᠰᠡᠨ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠴᠤᠭᠴᠠᠯᠠᠨ᠎ᠠ᠃ ᠪᠠᠶᠢᠩᠭᠤᠵᠢᠬᠰᠠᠨ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠪᠠ ᠵᠠᠷᠢᠮ ᠪᠠᠴᠢᠮ ᠪᠠᠶᠢᠳᠠᠯ  ᠢ ᠠᠷᠭᠠᠴᠠᠭᠠᠨ ᠰᠢᠢᠳᠪᠦᠷᠢᠯᠡᠬᠦ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠤᠯᠠᠨ ᠴᠡᠭ ᠠᠴᠠ ᠬᠦᠨᠳᠡᠬᠦ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠵᠢᠯᠳᠠᠨ ᠢ ᠴᠢᠩᠭ᠎ᠠ ᠬᠠᠮᠢᠶᠠᠷᠬᠤ᠂ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠪᠠ ᠬᠦᠢᠳᠡᠨ ᠬᠡᠯᠬᠢᠶᠡᠲᠦ ᠪᠠᠷᠠᠭᠠᠨ  ᠤ ᠭᠦᠢᠯᠭᠡᠭᠡ ᠶᠢᠨ ᠬᠢᠵᠢᠭ ᠤᠨ ᠪᠠᠶᠢᠴᠠᠭᠠᠯᠲᠠ ᠬᠢᠬᠦ ᠠᠵᠢᠯ ᠢ ᠴᠢᠩᠭᠠᠳᠬᠠᠵᠤ᠂ ᠡᠳ᠋ ᠪᠣᠳᠠᠰ᠂ ᠮᠡᠷᠭᠡᠵᠢᠯ ᠤᠨ ᠨᠥᠭᠡᠴᠡ ᠶᠢ ᠴᠢᠩᠭᠠᠳᠬᠠᠵᠤ᠂  ︽ᠪᠠᠶᠢᠴᠠᠭᠠᠪᠠᠯ ᠵᠤᠬᠢᠬᠤ ᠪᠦᠬᠦᠨ ᠢ ᠪᠠᠶᠢᠴᠠᠭᠠᠬᠤ  ︾ᠪᠠ ᠲᠠᠷᠢᠯᠭ᠎ᠠ ᠬᠢᠬᠦ ᠠᠵᠢᠯ  ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ᠎ᠡ᠃     ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠥᠷᠢ ᠰᠢᠷᠢ ᠪᠠᠨ ᠠᠷᠢᠯᠭᠠᠬᠤ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠨᠡᠮᠡᠭᠲᠡᠬᠦ ᠶᠢ ᠡᠷᠡᠰ ᠬᠤᠷᠢᠭᠯᠠᠵᠤ᠂ ᠦᠯᠡᠳᠡᠭᠡᠯ ᠦᠷᠢ ᠰᠢᠷᠢ ᠪᠠᠨ ᠲᠣᠬᠢᠲᠠᠶ ᠠᠷᠢᠯᠭᠠᠨ᠎ᠠ᠃ ᠲᠠᠪᠴᠠᠩ ᠤᠨ ᠺᠣᠮᠫᠠᠨᠢ ᠶᠢᠨ ᠵᠠᠬ᠎ᠠ ᠳᠡᠯᠭᠡᠭᠦᠷᠴᠢᠯᠡᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠪᠦᠷᠢᠨᠰᠢᠬᠦᠯᠤᠨ᠎ᠡ᠃ ᠮᠥᠩᠭᠦᠨ ᠭᠦᠢᠯᠭᠡᠭᠡᠨ  ᠤ ᠠᠮᠢ ᠠᠬᠤᠢ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠣᠷᠣᠨ ᠪᠦᠰᠡ ᠶᠢᠨ ᠮᠥᠩᠭᠦᠨ ᠭᠦᠢᠯᠭᠡᠭᠡᠨ ᠤ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ  ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂  ᠠᠶᠤᠯᠬᠦᠢ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ  ᠤᠨ ᠠᠵᠢᠯᠯᠠᠭ᠎ᠠ ᠶᠢ ᠲᠦᠯᠬᠢᠨ ᠠᠬᠢᠭᠤᠯᠵᠤ᠂ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠨ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠴᠢᠩᠭᠠᠳᠬᠠᠨ᠂ ᠬᠦᠨᠳᠦ ᠣᠨᠴᠠ ᠶᠡᠭᠡ ᠠᠶᠤᠯ ᠲᠦᠭᠰᠢᠭᠦᠷᠢ ᠪᠣᠯᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠨ᠎ᠡ᠃ ᠦᠶᠯᠡᠳᠬᠦᠨ ᠤ ᠶᠠᠰᠤ ᠴᠢᠨᠠᠷ ᠪᠠ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠤᠨ᠂ ᠢᠳᠡᠭᠡᠨ᠂ ᠡᠮ ᠤᠨ ᠵᠦᠶᠯ ᠪᠠ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠨ᠎ᠠ᠃     ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠢ ᠬᠠᠮᠠᠭᠠᠯᠠᠨ᠎ᠠ᠃ ᠬᠤᠳᠠ ᠶᠢᠨ ᠬᠡᠪᠴᠢᠶᠡᠨ ᠳᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠵᠦ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠪᠤᠢ ᠪᠤᠯᠭᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠵᠤ᠂ ᠰᠢᠨ᠎ᠡ ᠨᠢᠭᠡ ᠡᠭᠡᠯᠵᠢ ᠶᠢᠨ ᠬᠤᠤᠷᠲᠤ ᠡᠳ᠋ ᠢ ᠴᠠᠭᠠᠵᠠᠯᠠᠬᠤ ᠠᠷᠠᠳ ᠤᠨ ᠳᠠᠶᠢᠨ ᠢ ᠰᠠᠶᠢᠲᠤᠷ ᠬᠢᠵᠦ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠲᠡᠭᠡᠭᠰᠢᠯᠡᠭᠦᠯᠤᠨ᠎ᠡ᠃ ᠵᠠᠬᠢᠳᠠᠯ ᠰᠤᠷᠪᠤᠯᠵᠢᠯᠠᠭ᠎ᠠ  ᠶᠢᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠲᠣᠭᠤᠷᠢᠨ ᠪᠠᠶᠢᠴᠠᠭᠠᠵᠤ ᠴᠠᠭᠳᠠᠨ ᠪᠠᠶᠢᠴᠠᠭᠠᠵᠤ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠴᠠᠭ ᠲᠤᠬᠠᠢ ᠳᠤᠨᠢ ᠰᠢᠢᠳᠪᠦᠷᠢᠯᠡᠨ ᠲᠠᠭᠤᠰᠬᠠᠨ᠎ᠠ᠂ ᠲᠠᠬᠢᠨ ᠲᠠᠪᠲᠠᠨ ᠰᠤᠷᠪᠤᠯᠵᠢᠯᠠᠬᠤ ᠦᠵᠡᠭᠳᠡᠯ ᠢ ᠭᠤᠤᠯᠯᠠᠨ ᠵᠠᠰᠠᠵᠤ᠂ ᠵᠠᠬᠢᠳᠠᠯ ᠰᠤᠷᠪᠤᠯᠵᠢᠯᠠᠭ᠎ᠠ  ᠶᠢᠨ ᠳᠠᠷᠤᠭᠳᠠᠮᠠᠯ ᠬᠡᠷᠡᠭ ᠢ ᠠᠷᠢᠯᠭᠠᠬᠤ ᠲᠤᠰᠬᠠᠢ ᠠᠵᠢᠯᠯᠠᠭ᠎ᠠ ᠦᠷᠨᠢᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ ᠶᠢᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠣᠯᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢ ᠦᠷᠬᠦᠯᠵᠢᠯᠡᠨ ᠴᠢᠩᠭᠠᠳᠬᠠᠨ᠎ᠠ᠃     ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ  ︾ ᠢ ᠡᠷᠡᠰ ᠲᠤᠤᠱᠯᠠᠭᠤᠯᠤᠨ ᠬᠡᠷᠡᠭᠵᠢᠭᠦᠯᠵᠦ᠂ ︽ᠠᠷᠪᠠᠨ ᠬᠤᠶᠠᠷ ᠲᠤ ᠤᠷᠤᠭᠤᠯᠬᠤ︾ ᠠᠵᠢᠯᠯᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂  ︽ᠲᠠᠪᠤ ᠶᠢ ᠮᠡᠳᠡᠷᠡᠬᠦ︾ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠤᠯ ᠦᠨᠳᠤᠰᠤᠳᠡᠨ ᠤ ᠪᠦᠯᠬᠦᠮᠳᠡᠯ ᠤᠨ ︽ᠦᠨᠳᠤᠰᠤ︾᠂ ᠦᠨᠳᠤᠰᠤᠳᠡᠨ ᠨᠦᠭᠦᠳ ᠡᠶ᠎ᠡ ᠵᠤᠬᠢᠴᠠᠯ ᠲᠠᠢ ᠪᠠᠶᠢᠬᠤ ᠶᠢᠨ ︽ᠠᠮᠢᠨ ᠰᠦᠨᠡᠰᠤ︾ ᠮᠦᠨ ᠭᠡᠰᠡᠨ ᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ ᠵᠢᠷᠦᠬᠡᠨ ᠳᠤ ᠬᠠᠳᠠᠩᠰᠢᠭᠤᠯᠤᠨ᠎ᠠ᠃ ᠱᠠᠰᠢᠨ ᠰᠤᠷᠲᠠᠬᠤᠨ ᠤ ᠠᠵᠢᠯ ᠤᠨ ᠲᠤᠬᠠᠶ ᠨᠠᠮ ᠤᠨ ᠦᠨᠳᠦᠰᠦᠨ ᠴᠢᠭᠯᠡᠯᠲᠡ  ᠶᠢ ᠪᠦᠬᠦ ᠲᠠᠯ᠎ᠠ ᠪᠠᠷ ᠲᠤᠤᠱᠯᠠᠭᠤᠯᠵᠤ᠂ ᠡᠯ᠎ᠡ ᠲᠦᠷᠦᠯ ᠤᠨ ᠬᠠᠭᠠᠴᠠᠭᠤᠯᠬᠤ ᠡᠪᠳᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠎ᠠ᠃     ︵ᠨᠠᠶᠮᠠ︶ ᠤᠯᠤᠰ ᠲᠥᠷᠥ ᠶᠢ ᠡᠷᠬᠢᠮᠯᠡᠵᠦ ᠵᠣᠷᠢᠭᠲᠠᠶ ᠪᠠᠷ ᠡᠭᠦᠷᠭᠡᠯᠡᠨ ᠨᠠᠶᠢᠳᠠᠪᠤᠷᠢᠵᠢᠭᠤᠯᠬᠤ ᠶᠢ ᠠᠳᠬᠤᠬᠤ  ᠶᠢ  ᠪᠠᠷᠢᠮᠳᠠᠯᠠᠵᠦ  ᠂ ᠦᠨᠳᠤᠷ ᠦᠷ᠎ᠡ ᠪᠦᠳᠤᠮᠵᠢᠳᠠᠢ ᠤᠶᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠤᠷᠳᠤᠨ ᠢ ᠪᠠᠶᠢᠭᠤᠯᠤᠨ᠎ᠠ᠃ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠥᠷᠢᠰᠥᠯᠳᠦᠭᠡᠨ ᠤ ᠡᠮᠦᠨ᠎ᠡ᠂ ᠵᠠᠰᠠᠭ ᠤᠨ ᠣᠷᠳᠣᠨ ᠤ ᠵᠠᠰᠠᠯᠲᠠ ᠶᠢᠨ ᠦᠷ᠎ᠡ ᠪᠦᠲᠦᠮᠵᠢ ᠪᠠᠨ ᠲᠦᠷᠭᠡᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠦᠨ᠂ ᠪᠥᠬᠦ ᠰᠡᠳᠬᠢᠯ ᠪᠥᠬᠦ ᠬᠦᠴᠦᠨ ᠢᠶᠠᠷ ᠢᠶᠠᠨ ᠠᠷᠠᠳ ᠲᠦᠮᠡᠨ ᠳᠤ ᠦᠶᠯᠡᠴᠢᠯᠡᠵᠦ᠂ ᠠᠷᠠᠳ ᠲᠦᠮᠡᠨ ᠢ ᠰᠡᠳᠬᠢᠯ ᠬᠠᠨᠤᠮᠵᠢᠲᠠᠶ ᠪᠤᠯᠭᠠᠨ᠎ᠠ᠃     ᠤᠯᠤᠰ ᠲᠥᠷᠥ ᠶᠢᠨ ᠪᠠᠶᠢᠭᠤᠯᠤᠯᠲᠠ ᠪᠠᠨ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠳᠤᠯᠤᠨ ᠰᠤᠷᠤᠯᠴᠠᠵᠤ᠂ ᠨᠠᠮ ᠤᠨ ᠲᠡᠤᠬᠡ ᠶᠢ ᠰᠤᠷᠤᠯᠴᠠᠬᠤ ᠠᠵᠢᠯ ᠢ ᠰᠠᠶᠢᠳᠤᠷ  ᠦᠷᠨᠢᠭᠦᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠭᠦᠯᠦᠨ᠎ᠡ᠃ ᠤᠯᠤᠰ ᠲᠥᠷᠥ ᠶᠢᠨ ᠰᠠᠬᠢᠯᠭ᠎ᠠ ᠪᠠᠲᠤ ᠪᠣᠯᠤᠨ ᠤᠯᠤᠰ ᠲᠥᠷᠥ ᠶᠢᠨ ᠶᠣᠰᠣ ᠲᠦᠷᠢᠮ ᠢ ᠴᠢᠩᠳᠠᠯᠠᠵᠤ᠂ ᠢᠮᠠᠭᠳᠠ ᠦᠵᠡᠯ ᠰᠠᠨᠠᠭ᠎ᠠ ᠤᠯᠤᠰ ᠲᠦᠷᠤ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ   ᠲᠠᠢ ᠲᠡᠭᠡᠳᠦ ᠬᠡᠮᠵᠢᠶ᠎ᠠ ᠪᠠᠷ ᠨᠢᠭᠡᠳᠤᠯᠳᠠᠢ ᠪᠠᠶᠢᠵᠦ᠂  ︽ᠳᠥᠷᠪᠡᠨ ᠤᠬᠠᠮᠰᠠᠷ︾ ᠢᠶᠠᠨ ᠨᠡᠮᠡᠭᠳᠡᠭᠦᠯᠵᠦ᠂  ︽ᠳᠥᠷᠪᠡᠨ ᠢᠲᠡᠭᠡᠯ︾  ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢ ᠵᠠᠰᠠᠭ ᠤᠨ ᠣᠷᠳᠣᠨ ᠤ ᠠᠵᠢᠯ ᠤᠨ ᠪᠥᠬᠦ ᠶᠠᠪᠤᠴᠠ ᠳᠤ ᠲᠤᠤᠱᠯᠠᠭᠤᠯᠤᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ᠂  ᠬᠤᠰᠢᠭᠤᠨ ᠤ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠲᠤᠤᠱᠯᠠᠭᠤᠯᠵᠤ᠂ ᠵᠠᠰᠠᠭ ᠤᠨ ᠵᠠᠷᠯᠢᠭ ᠰᠠᠭᠠᠳ ᠥᠬᠡᠶ ᠶᠠᠪᠤᠭᠳᠠᠬᠤ᠂ ᠵᠠᠷᠯᠢᠭ ᠴᠠᠭᠠᠵᠠ ᠶᠢ ᠳᠠᠭᠠᠬᠤ ᠶᠢ ᠦᠨᠡᠨ ᠬᠦ ᠪᠠᠲᠤᠯᠠᠨ᠎ᠠ᠃     ᠬᠠᠤᠯᠢ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠦᠶᠯᠡᠳᠦᠯᠭᠡᠵᠢᠭᠦᠯᠵᠦ᠂  ᠬᠠᠦᠯᠢ ᠪᠠᠷ ᠵᠠᠰᠠᠭᠰᠠᠨ ᠵᠠᠰᠠᠭ ᠤᠨ ᠣᠷᠳᠣᠨ  ᠤ ᠪᠠᠶᠢᠭᠤᠯᠤᠯᠲᠠ ᠶᠢ ᠦᠷᠬᠦᠯᠵᠢᠯᠡᠨ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠲᠦᠷᠢᠮ︾ ᠪᠠ ︽ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠶᠢᠨ ᠲᠦᠷ ᠬᠡᠷᠡᠭᠵᠢᠭᠦᠯᠬᠦ ᠲᠦᠷᠢᠮ︾ ᠢ ᠲᠤᠤᠱᠯᠠᠭᠤᠯᠤᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠠᠦᠯᠢ ᠪᠠᠷ ᠵᠠᠰᠠᠭᠰᠠᠨ ᠵᠠᠰᠠᠭ ᠤᠨ ᠣᠷᠳᠣᠨ ᠢ ᠪᠠᠶᠢᠭᠤᠯᠬᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠨ᠎ᠠ᠃ ᠬᠠᠤᠯᠢ ᠪᠠᠷ ᠵᠠᠰᠠᠭᠰᠠᠨ ᠨᠡᠶᠢᠭᠡᠮ ᠤᠨ ᠪᠠᠶᠢᠭᠤᠯᠤᠯᠲᠠ ᠶᠢ ᠴᠢᠩᠭᠠᠳᠬᠠᠨ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠡᠬᠢᠯᠡᠭᠦᠯᠵᠦ᠂ ︽ᠬᠡᠨ ᠬᠠᠤᠯᠢ ᠬᠡᠷᠡᠭᠵᠢᠭᠦᠯᠪᠡᠯ᠂ ᠲᠡᠷᠡ ᠬᠠᠤᠯᠢ ᠲᠦᠭᠡᠮᠡᠯᠵᠢᠭᠦᠯᠬᠦ︾ ᠬᠠᠷᠢᠭᠤᠴᠠᠯᠭ᠎ᠠ   ᠶᠢ ᠴᠢᠩᠭ᠎ᠠ ᠨᠠᠶᠢᠳᠠᠪᠤᠷᠢᠵᠢᠭᠤᠯᠤᠨ᠂ ᠠᠷᠠᠳ ᠨᠡᠶᠢᠲᠡ ᠪᠠᠷ ᠢᠶᠠᠨ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ  ᠶᠢ ᠰᠠᠬᠢᠭᠰᠠᠨ᠂ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠶᠡᠭᠡ ᠪᠠᠷ ᠪᠤᠢ ᠪᠣᠯᠭᠠᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠲᠦᠷᠢᠮ  ᠢ ᠵᠢᠷᠤᠮᠵᠢᠭᠤᠯᠤᠨ ᠲᠡᠭᠦᠯᠳᠡᠷᠵᠢᠭᠦᠯᠵᠦ᠂ ᠣᠯᠠᠨ ᠲᠦᠮᠡᠨ ᠪᠠ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠭᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠣᠳᠣᠯᠲᠠ ᠬᠢᠨᠠᠯᠲᠠ ᠲᠠᠯᠪᠢᠬᠤ ᠶᠢ ᠳᠠᠮᠵᠢᠵᠤ᠂ ᠠᠷᠠᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠭᠦᠢᠴᠡᠳᠬᠡᠬᠦ ᠴᠢᠨᠠᠷ ᠴᠢᠨᠰᠠᠭ᠎ᠠ   ᠪᠠᠨ ᠲᠡᠭᠡᠭᠰᠢᠯᠡᠭᠦᠯᠦᠨ᠎ᠡ᠃     ᠠᠷᠢᠭᠤᠨ ᠴᠢᠬᠡᠴᠢ   ᠶᠢᠨ ᠪᠠᠶᠢᠭᠤᠯᠤᠯᠲᠠ ᠶᠢ ᠴᠢᠩᠭᠠᠳᠬᠠᠨ᠎ᠠ᠃  ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ︽ᠨᠢᠭᠡ ᠪᠠᠶᠢᠷᠢ ᠬᠤᠶᠠᠷ ᠬᠠᠷᠢᠭᠤᠴᠠᠯᠭ᠎ᠠ︾ ᠶᠢ ᠬᠢᠨᠠᠮᠠᠭᠠᠢ ᠭᠦᠢᠴᠡᠳᠭᠡᠵᠦ᠂᠂ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠠᠷᠢᠭᠤᠨ ᠴᠢᠬᠡᠴᠢ ᠶᠢᠨ ᠪᠠᠶᠢᠭᠤᠯᠤᠯᠲᠠ ᠪᠠ ᠢᠯᠵᠢᠷᠡᠯ ᠢ ᠡᠰᠡᠷᠭᠦᠴᠡᠬᠦ ᠠᠵᠢᠯ ᠢ ᠭᠦᠨᠵᠡᠭᠡᠶ ᠠᠬᠢᠭᠤᠯᠵᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠴᠢᠬᠤᠯᠠ ᠰᠠᠯᠠᠭ᠎ᠠ ᠮᠥᠴᠢᠷ᠂ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠢᠭᠤᠨ ᠴᠢᠬᠡᠴᠢ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠂ ᠠᠷᠠᠳ  ᠤᠨ ᠠᠭᠠᠷ ᠤᠨ ᠰᠡᠷᠭᠡᠶᠢᠯᠡᠯᠳᠡ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠲᠤᠰᠬᠠᠢ ᠵᠠᠰᠠᠬᠤ ᠠᠵᠢᠯ ᠢ ᠦᠷᠬᠦᠯᠵᠢᠯᠡᠨ ᠦᠷᠨᠢᠭᠦᠯᠵᠦ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠢᠯᠵᠢᠷᠡᠯ ᠤᠨ ᠠᠰᠠᠭᠤᠳᠠᠯ  ᠢ ᠭᠤᠤᠯᠳᠠᠯᠭ᠎ᠠ ᠲᠠᠢ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠪᠣᠶ ᠪᠣᠯᠭᠠᠨ᠎ᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠨᠡᠶᠢᠭᠡᠮ ᠳᠠᠶᠠᠭᠠᠷ ᠲᠤ ᠪᠦᠷᠢᠯᠭᠡᠨ ᠰᠦᠶᠳᠬᠡᠬᠦ ᠨᠢ ᠢᠴᠢᠭᠦᠷᠢᠲᠡᠶ᠂ ᠠᠷᠪᠢᠯᠠᠨ ᠭᠠᠮᠨᠠᠬᠤ ᠨᠢ ᠢᠷᠠᠭᠤ ᠠᠯᠳᠠᠷᠲᠠᠶ ᠪᠠᠶᠢᠬᠤ ᠠᠭᠤᠷ ᠠᠮᠢᠰᠬᠤᠯ ᠢ ᠪᠣᠶ ᠪᠣᠯᠭᠠᠨ᠎ᠠ᠃      ᠤᠪᠤᠷ ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠨ᠎ᠠ᠃  ᠨᠠᠶᠢᠳᠠᠪᠤᠷᠢᠵᠢᠭᠤᠯᠬᠤ ᠶᠢ ᠠᠳᠬᠤᠬᠤ ᠶᠢ ᠵᠠᠰᠠᠭ ᠤᠨ ᠤᠷᠳᠤᠨ ᠤ ᠠᠵᠢᠯ ᠤᠨ ᠠᠮᠢᠨ ᠰᠤᠳᠠᠰᠤ ᠪᠤᠯᠭᠠᠬᠤ ᠶᠢ ᠪᠠᠷᠢᠮᠳᠠᠯᠠᠨ᠂ ᠡᠯ᠎ᠡ ᠱᠠᠳᠤᠨ ᠤ ᠺᠠᠳ᠋ᠷ ᠢ ᠵᠤᠷᠢᠭᠵᠢᠭᠤᠯᠤᠨ ᠠᠵᠢᠯ ᠳᠠᠭᠠᠨ ᠦᠨᠡᠨᠴᠢ ᠵᠤᠷᠢᠭᠳᠠᠢ ᠪᠠᠷ ᠡᠭᠦᠷᠭᠡᠯᠡᠵᠦ᠂ ᠬᠢᠬᠦ ᠶᠣᠰᠣᠲᠠᠢ ᠠᠵᠢᠯ ᠢ ᠡᠷᠬᠡᠪᠰᠢ ᠬᠢᠬᠦ ᠬᠡᠷᠡᠭᠲᠡᠢ᠂ ᠬᠡᠷᠬᠢᠪᠡᠴᠦ ᠤᠳᠠᠭᠠᠰᠢᠷᠠᠭᠤᠯᠵᠦ ᠪᠣᠯᠬᠤ ᠦᠭᠡᠢ︔ ᠬᠢᠵᠦ ᠲᠡᠶᠢᠯᠬᠦ ᠶᠠᠪᠤᠳᠠᠯ ᠢ ᠣᠳᠣ ᠪᠠᠷ ᠢᠶᠠᠨ ᠬᠢᠬᠦ ᠬᠡᠷᠡᠭᠲᠡᠶ᠂ ᠬᠡᠷᠬᠢᠪᠡᠴᠤ ᠬᠤᠶᠢᠰᠢᠯᠠᠭᠤᠯᠵᠦ ᠪᠣᠯᠬᠤ ᠦᠭᠡᠢ︔ ᠬᠦᠴᠢᠷ ᠠᠵᠢᠯ ᠢ ᠠᠷᠭ᠎ᠠ ᠪᠦᠬᠦᠨ ᠢ ᠰᠦᠪᠡᠭᠴᠢᠯᠡᠨ ᠬᠢᠬᠦ ᠬᠡᠷᠡᠭᠲᠡᠶ᠂ ᠶᠠᠭᠠᠬᠢᠭᠰᠠᠨ ᠴᠤ ᠵᠠᠶᠢᠯᠠᠵᠤ ᠪᠣᠯᠬᠤ ᠦᠭᠡᠢ︔ ᠵᠣᠬᠢᠴᠠᠭᠤᠯᠬᠤ ᠴᠢᠬᠤᠯᠠᠲᠠᠢ ᠠᠵᠢᠯ ᠢ ᠬᠦᠴᠦ ᠪᠠᠨ ᠬᠠᠮᠲᠤᠳᠬᠠᠨ ᠬᠢᠬᠦ ᠬᠡᠷᠡᠭᠲᠡᠢ᠂ ᠶᠠᠭᠠᠬᠢᠭᠰᠠᠨ ᠴᠤ ᠨᠠᠰᠢ ᠴᠠᠰᠢ ᠲᠦᠯᠬᠢᠨ ᠰᠢᠯᠵᠢᠭᠦᠯᠵᠦ ᠪᠣᠯᠬᠤ ᠦᠭᠡᠢ᠂ ᠠᠵᠢᠯ ᠪᠦᠬᠦᠨ ᠢ ᠪᠣᠳᠠᠲᠠᠢ ᠬᠢᠵᠤ᠂ ᠨᠠᠷᠢᠨ ᠬᠢᠵᠦ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ ᠦᠢᠯᠡᠰ ᠪᠤᠰᠬᠠᠭᠰᠠᠨ ᠪᠣᠳᠠᠲᠤ ᠠᠮᠵᠢᠯᠲᠠ   ᠪᠠᠷ ᠢᠶᠠᠨ ᠠᠷᠠᠳ ᠤᠯᠠᠨ ᠤ ᠵᠥᠪᠰᠢᠶᠡᠷᠡᠯ ᠪᠠ ᠬᠦᠷᠢᠶᠡᠯᠡᠯ ᠢ ᠣᠯᠵᠤ᠂ ᠪᠦᠬᠦ ᠵᠢᠯ ᠤᠨ ᠠᠵᠢᠯ ᠡᠭᠦᠷᠭᠡ ᠪᠠᠨ ᠤᠷᠤᠭᠰᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃     ᠲᠥᠯᠥᠭᠡᠯᠡᠭᠴᠢᠳ ᠡ︕ ᠰᠢᠨ᠎ᠡ ᠬᠠᠷᠠᠯᠲᠠ ᠪᠠᠨ ᠨᠢᠭᠡᠨᠲᠡ ᠲᠣᠭᠲᠠᠭᠠᠵᠤ᠂ ᠰᠢᠨ᠎ᠡ ᠵᠢᠷᠤᠭ ᠲᠥᠰᠦᠪ ᠢ ᠨᠢᠭᠡᠨᠲᠡ ᠵᠢᠷᠤᠭᠯᠠᠵᠤ᠂ ᠰᠢᠨ᠎ᠡ ᠠᠶᠠᠨ ᠵᠠᠮ ᠢᠶᠠᠨ ᠨᠢᠭᠡᠨᠲᠡ ᠡᠬᠢᠯᠡᠭᠦᠯᠪᠡ᠃ ᠪᠢᠳᠡ ᠬᠤᠲᠠ ᠶᠢᠨ ᠨᠠᠮ ᠤᠨ ᠬᠤᠷᠢᠶ᠎ᠠ ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂  ᠵᠤᠷᠢᠭ ᠢᠶᠠᠨ ᠡᠷᠡᠴᠢᠯᠡᠨ ᠤᠷᠤᠭᠰᠢᠯᠠᠨ ᠳᠡᠪᠰᠢᠵᠦ᠂ ᠦᠨᠡᠨ ᠠᠳᠬᠤᠵᠦ ᠪᠣᠳᠠᠲᠠᠶ ᠠᠵᠢᠯᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠪᠠᠲᠤᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠵᠦ᠂ ᠵᠠᠷᠤᠳ ᠬᠤᠰᠢᠭᠤᠨ ᠤ ᠴᠢᠨᠠᠷ ᠰᠠᠶᠢᠲᠠᠶ ᠬᠥᠭᠵᠢᠯᠲᠡ  ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号