ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ ᠲᠤᠭᠠᠳᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠪᠢᠴᠢᠭ
ᠨᠡᠶᠢᠲᠡᠯᠡᠭᠰᠡᠨ ᠴᠠᠭ᠄
2021/4/29
   ᠨᠢᠭᠡ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ ᠲᠤᠭᠠᠳᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠭᠤᠤᠯᠳᠠᠯᠭ᠎ᠠ ᠨᠢ ᠶᠡᠭᠤ ᠪᠤᠢ︖     ︵ᠨᠢᠭᠡ︶ ᠳᠡᠮᠵᠢᠬᠦ ᠡᠲᠡᠭᠡᠳ᠄ ᠳᠠᠩᠰᠠᠯᠠᠵᠤ ᠺᠡᠷᠲᠯᠠᠭᠰᠠᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ᠂ ᠡᠷᠦᠬᠡ ᠪᠠᠷ ᠨᠢᠭᠡᠴᠢ ᠪᠣᠯᠭᠠᠨ ᠵᠢᠭᠡᠯᠡᠯᠭᠡ ᠲᠠᠯᠪᠢᠨ᠎ᠠ᠃ ᠵᠠᠬ᠎ᠠ ᠶᠢᠨ ᠡᠷᠤᠭᠡ ᠠᠮᠠᠷᠬᠠᠨ ᠶᠠᠳᠠᠭᠤᠷᠠᠬᠤ ᠡᠷᠦᠬᠡ ᠶᠢ ᠡᠭᠦᠨ ᠢᠶᠠᠷ ᠪᠠᠷᠢᠮᠵᠢᠶ᠎ᠠ ᠪᠤᠯᠭᠠᠨ ᠬᠡᠷᠡᠭᠵᠢᠭᠦᠯᠵᠦ ᠪᠤᠯᠤᠨ᠎ᠠ᠃     ︵ᠬᠤᠶᠠᠷ︶ ᠵᠢᠭᠡᠯᠡᠯᠭᠡ ᠶᠢᠨ ᠵᠣᠭᠤᠰ ᠤᠨ ᠲᠤᠭ᠎ᠠ᠄ ᠵᠠᠷᠴᠢᠮ ᠳᠡᠭᠡᠷ᠎ᠡ ᠪᠠᠨ 5 ᠲᠦᠮᠡᠨ ᠲᠥᠭᠦᠷᠢᠭ ︵ᠪᠠᠭᠲᠠᠨ᠎ᠠ︶ ᠠᠴᠠ ᠳᠣᠷᠣᠭᠰᠢ ᠪᠠᠶᠢᠵᠤ᠂ ᠣᠨᠴᠠ ᠵᠠᠷᠢᠮ ᠦᠨᠡᠨᠬᠦ ᠬᠡᠷᠡᠭᠴᠡᠭᠡ ᠲᠠᠢ ᠮᠥᠷᠲᠡᠭᠡᠨ ᠵᠢᠭᠡᠯᠡᠯᠭᠡ ᠪᠠᠨ ᠪᠤᠴᠠᠭᠠᠬᠤ ᠴᠢᠳᠠᠪᠤᠷᠢ ᠲᠠᠢ ᠬᠦᠮᠤᠰ ᠲᠤ ᠵᠢᠭᠡᠯᠡᠯᠭᠡ ᠨᠡᠮᠡᠬᠦ ᠳᠡᠮᠵᠢᠯᠭᠡ ᠦᠵᠡᠭᠦᠯᠵᠦ ᠪᠣᠯᠤᠨ᠎ᠠ᠃ ᠵᠢᠭᠡᠯᠡᠯᠭᠡ ᠶᠢ ᠨᠡᠮᠡᠭᠰᠡᠨ ᠤ ᠳᠠᠷᠠᠭ᠎ᠠ᠂ ᠳ᠋ᠠᠩ ᠡᠷᠦᠬᠡ ᠶᠢᠨ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ ᠲᠤᠭᠠᠳᠤ ᠢᠲᠡᠭᠡᠮᠵᠢᠲᠦ ᠵᠢᠭᠡᠯᠡᠯᠭᠡ ᠶᠢ 10 ᠲᠦᠮᠡᠨ ᠲᠥᠭᠦᠷᠢᠭ ᠠᠴᠠ ᠬᠡᠳᠤᠷᠡᠭᠦᠯᠬᠦ ᠥᠬᠡᠶ᠂ ᠡᠭᠦᠨ ᠳᠤ 5 ᠲᠦᠮᠡᠨ ᠲᠥᠭᠦᠷᠢᠭ ᠢ ᠬᠡᠳᠤᠷᠡᠭᠰᠡᠨ ᠬᠡᠰᠡᠭ ᠤᠨ ᠵᠢᠭᠡᠯᠡᠯᠭᠡ ᠳᠤ ᠳᠠᠮ ᠬᠦᠦ ᠥᠭᠬᠦ ᠥᠬᠡᠶ᠂ ᠮᠦᠨᠴᠤ ᠲᠦᠭᠰᠢᠭᠦᠷᠢ ᠶᠢ ᠨᠥᠬᠦᠪᠥᠷᠢᠯᠡᠬᠦ ᠬᠡᠪᠴᠢᠶᠡᠨ ᠳᠤ ᠣᠷᠣᠭᠤᠯᠬᠤ ᠥᠬᠡᠶ᠃     ︵ᠭᠤᠷᠪᠠ︶ ᠵᠢᠭᠡᠯᠡᠯᠭᠡ ᠶᠢᠨ ᠬᠤᠭᠤᠴᠠᠭ᠎ᠠ ᠬᠢᠵᠠᠭᠠᠷ᠄ 3 ᠵᠢᠯ ᠤᠨ ᠬᠤᠭᠤᠴᠠᠭ᠎ᠠ ︵ᠪᠠᠭᠲᠠᠨ᠎ᠠ︶ ᠳᠣᠲᠣᠷ᠎ᠠ     ︵ᠳᠥᠷᠪᠡ︶ ᠵᠢᠭᠡᠯᠡᠯᠭᠡ ᠶᠢᠨ ᠬᠦᠦ ᠨᠣᠷᠮ᠎ᠠ᠄ ᠪᠠᠩᠬᠢ ᠶᠢᠨ ᠪᠠᠶᠢᠭᠤᠯᠤᠮᠵᠢ ᠶᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠨᠣᠷᠮ᠎ᠠ ︵LPR︶ ᠪᠠᠷ ᠵᠢᠭᠡᠯᠡᠯᠭᠡ ᠲᠠᠯᠪᠢᠬᠤ ᠶᠢ ᠵᠣᠷᠢᠭᠵᠢᠭᠤᠯᠵᠤ᠂ ᠵᠢᠭᠡᠯᠡᠯᠭᠡ ᠶᠢᠨ ᠬᠦᠦ ᠨᠣᠷᠮ᠎ᠠ ᠶᠢ ᠵᠢᠭᠡᠯᠡᠯᠭᠡ ᠠᠪᠬᠤ ᠡᠷᠦᠬᠡ ᠶᠢᠨ ᠢᠲᠡᠭᠡᠮᠵᠢ ᠶᠢ ᠦᠨᠡᠯᠡᠨ ᠲᠤᠭᠳᠠᠭᠰᠠᠨ ᠳᠡᠰ  ᠂ ᠵᠢᠭᠡᠯᠡᠯᠭᠡ ᠪᠤᠴᠠᠭᠠᠬᠤ ᠴᠢᠳᠠᠪᠤᠷᠢ᠂ ᠵᠢᠭᠡᠯᠡᠯᠭᠡ ᠶᠢᠨ ᠥᠪᠡᠷ ᠤᠨ ᠥᠷᠲᠡᠭ ᠵᠡᠷᠭᠡ ᠬᠦᠴᠦᠨ ᠵᠦᠶᠯ ᠢ ᠦᠨᠳᠦᠰᠦᠯᠡᠨ ᠵᠣᠬᠢᠰᠲᠠᠶ ᠬᠡᠯᠪᠡᠯᠵᠡᠭᠦᠯᠵᠦ ᠪᠣᠯᠤᠨ᠎ᠠ᠂ 1 ᠵᠢᠯ ᠤᠨ ᠬᠤᠭᠤᠴᠠᠭ᠎ᠠ ︵1 ᠵᠢᠯ ᠢ ᠪᠠᠭᠲᠠᠭᠠᠨ᠎ᠠ ︶ ᠠᠴᠠ ᠳᠣᠷᠣᠭᠰᠢᠬᠢ ᠵᠢᠭᠡᠯᠡᠯᠭᠡ ᠶᠢᠨ ᠬᠦᠦ ᠨᠣᠷᠮ᠎ᠠ ᠶᠢ 1 ᠵᠢᠯ ᠤᠨ ᠬᠤᠭᠤᠴᠠᠭ᠎ᠠ ᠶᠢᠨ LPR ᠠᠴᠠ ᠬᠡᠳᠤᠷᠡᠭᠦᠯᠬᠦ ᠦᠭᠡᠶ᠂ 1 ᠵᠢᠯ   ᠠᠴᠠ 3 ᠵᠢᠯ ᠤᠨ ᠬᠤᠭᠤᠴᠠᠭ᠎ᠠ ︵ᠪᠠᠭᠲᠠᠨ᠎ᠠ︶ ᠲᠠᠢ ᠵᠢᠭᠡᠯᠡᠯᠭᠡ ᠶᠢᠨ ᠬᠦᠦ ᠨᠣᠷᠮ᠎ᠠ ᠶᠢ 5 ᠵᠢᠯ ᠤᠨ ᠬᠤᠭᠤᠴᠠᠭ᠎ᠠ ᠠᠴᠠ ᠳᠡᠭᠡᠭᠰᠢ LPR ᠠᠴᠠ ᠬᠡᠳᠤᠷᠡᠭᠦᠯᠬᠦ ᠦᠭᠡᠶ᠃ ᠵᠢᠭᠡᠯᠡᠯᠭᠡ ᠶᠢᠨ ᠬᠦᠦ ᠨᠣᠷᠮ᠎ᠠ ᠶᠢ ᠵᠢᠭᠡᠯᠡᠯᠭᠡ ᠶᠢᠨ ᠭᠡᠷ᠎ᠡ ᠶᠢᠨ ᠬᠤᠭᠤᠴᠠᠭᠠᠨ ᠳᠤ ᠬᠤᠪᠢᠷᠠᠭᠤᠯᠬᠤ ᠦᠭᠡᠶ ᠪᠠᠶᠢᠬᠤ ᠶᠢ ᠪᠠᠲᠤᠯᠠᠨ᠎ᠠ᠃    ︵ᠲᠠᠪᠤ︶ ᠳᠠᠭᠠᠭᠠᠯᠲᠠ ᠬᠢᠬᠦ ᠠᠷᠭ᠎ᠠ ᠮᠠᠶ᠋ᠢᠭ᠄ ᠳᠠᠭᠠᠭᠠᠯᠲᠠ ᠠᠪᠬᠤ ᠦᠭᠡᠢ᠂ ᠪᠠᠷᠢᠴᠠᠭ᠎ᠠ ᠠᠪᠬᠤ ᠦᠭᠡᠢ᠃    ︵ᠵᠢᠷᠭᠤᠭ᠎ᠠ︶ ᠳᠠᠮ ᠬᠦᠦ ᠮᠦᠩᠭᠦ ᠥᠭᠬᠦ ᠠᠷᠭ᠎ᠠ ᠮᠠᠶ᠋ᠢᠭ᠄ ᠡᠳ᠋ ᠵᠠᠰᠠᠭ ᠤᠨ ᠪᠡᠯᠡ ᠮᠥᠩᠭᠦ ᠠᠴᠠ ᠵᠢᠭᠡᠯᠡᠯᠭᠡ  ᠳᠤ ᠵᠣᠬᠢᠰᠲᠠᠶ ᠳᠠᠮ ᠬᠦᠦ ᠮᠦᠩᠭᠦ ᠦᠭᠭᠦᠨ᠎ᠡ ︵5 ᠲᠦᠮᠡᠨ ᠲᠥᠭᠦᠷᠢᠭ ᠠᠴᠠ ᠳᠣᠷᠣᠭᠰᠢ 5 ᠲᠦᠮᠡᠨ ᠲᠥᠭᠦᠷᠢᠭ ᠪᠠᠭᠲᠠᠨ᠎ᠠ︶᠂ ᠰᠢᠯᠵᠢᠯᠲᠡ ᠶᠢᠨ ᠬᠤᠭᠤᠴᠠᠭᠠᠨ ᠤ ᠲᠥᠷᠥ ᠶᠢᠨ ᠪᠣᠳᠣᠯᠭ᠎ᠠ ᠶᠢᠨ ᠡᠷᠴᠢᠮ ᠢ ᠶᠡᠷᠦᠩᠬᠡᠶ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃    ︵ᠳᠣᠯᠤᠭ᠎ᠠ︶ ᠲᠦᠭᠰᠢᠭᠦᠷᠢ ᠶᠢᠨ ᠨᠥᠬᠦᠪᠥᠷᠢ ᠶᠢᠨ ᠲᠣᠭᠲᠠᠴᠠ᠄ ᠨᠢᠭᠡᠨᠳᠡ ᠶᠠᠳᠠᠭᠤ ᠶᠢ ᠲᠡᠳᠬᠦᠬᠦ ᠪᠠᠭ᠎ᠠ ᠲᠤᠭᠠᠳᠤ ᠢᠲᠡᠭᠡᠮᠵᠢᠲᠦ ᠵᠢᠭᠡᠯᠡᠯᠭᠡ ᠶᠢᠨ ᠲᠦᠭᠰᠢᠭᠦᠷᠢ ᠶᠢᠨ ᠨᠥᠬᠦᠪᠥᠷᠢ ᠮᠥᠩᠭᠦ ᠪᠠᠶᠢᠭᠤᠯᠤᠭᠰᠠᠨ ᠬᠤᠰᠢᠭᠤ ᠰᠢᠶᠠᠨ ᠪᠤᠯ ᠣᠳᠣ ᠶᠢᠨ ᠬᠡᠷᠡᠭᠵᠢᠭᠦᠯᠵᠦ ᠪᠠᠶᠢᠭ᠎ᠠ ᠲᠣᠭᠲᠠᠴᠠ ᠶᠢᠨ ᠦᠨᠳᠦᠰᠦᠨ ᠳᠡᠭᠡᠨ ᠲᠣᠭᠲᠠᠭᠤᠨ ᠪᠠᠶᠢᠯᠭᠠᠬᠤ ᠶᠢ ᠪᠠᠳᠤᠯᠠᠨ᠎ᠠ᠂ ᠪᠤᠰᠤᠳ ᠭᠠᠵᠠᠷ ᠣᠷᠣᠨ ᠤ ᠬᠢᠨ ᠵᠣᠬᠢᠰᠲᠠᠶ ᠠᠷᠭ᠎ᠠ ᠮᠠᠶ᠋ᠢᠭ ᠢᠶᠠᠷ ᠲᠠᠮᠵᠢᠨ ᠵᠢᠭᠡᠯᠡᠯᠭᠡ ᠶᠢᠨ ᠲᠦᠭᠰᠢᠭᠦᠷᠢ ᠶᠢ ᠬᠤᠪᠢᠶᠠᠨ ᠡᠭᠦᠷᠭᠡᠯᠡᠬᠦ ᠶᠢ ᠵᠣᠷᠢᠭᠵᠢᠭᠤᠯᠤᠨ᠎ᠠ᠃    ︵ᠨᠠᠶᠮᠠ︶ ᠵᠢᠭᠡᠯᠡᠯᠭᠡ ᠶᠢᠨ ᠬᠡᠷᠡᠭᠴᠡᠭᠡ᠄ ᠡᠷᠦᠬᠡ ᠵᠢᠭᠡᠯᠡᠵᠦ᠂ ᠡᠷᠦᠬᠡ ᠬᠡᠷᠡᠭᠡᠯᠡᠬᠦ᠂ ᠡᠷᠦᠬᠡ ᠪᠤᠴᠠᠭᠠᠬᠤ ᠶᠢ ᠪᠠᠷᠢᠮᠲᠠᠯᠠᠨ᠂ ᠵᠢᠭᠡᠯᠡᠯᠭᠡ ᠠᠪᠤᠭᠰᠠᠨ ᠡᠷᠦᠬᠡ ᠶᠢᠨ ᠦᠶᠯᠡᠳᠪᠦᠷᠢᠯᠡᠯ ᠢᠶᠠᠨ ᠬᠥᠭᠵᠢᠭᠦᠯᠬᠦ ᠪᠠ ᠡᠵᠡᠩᠨᠡᠯᠲᠡ ᠬᠢᠬᠦ ᠳᠤ ᠣᠨᠣᠪᠴᠢᠲᠠᠶ ᠭᠡᠷᠡᠭᠯᠡᠨ᠎ᠡ᠂ ᠤᠷᠤᠭᠯᠠᠬᠤ᠂ ᠭᠡᠷ ᠪᠠᠷᠢᠬᠤ᠂ ᠡᠳ᠋ ᠤᠨ ᠶᠠᠪᠤᠳᠠᠯ ᠶᠢᠨ ᠬᠠᠮᠢᠶᠠᠷᠤᠯᠳᠠ᠂ ᠭᠡᠷ ᠤᠨ ᠬᠡᠷᠡᠭᠰᠡᠯ ᠬᠤᠳᠠᠯᠳᠤᠨ ᠠᠪᠬᠤ ᠵᠡᠷᠭᠡ ᠦᠶᠯᠡᠳᠪᠦᠷᠢᠯᠡᠯ ᠤᠨ ᠪᠤᠰᠤ ᠴᠢᠨᠠᠷᠲᠠᠶ ᠵᠠᠷᠤᠯᠭ᠎ᠠ ᠳᠤ ᠬᠡᠷᠡᠭᠯᠡᠵᠦ ᠪᠣᠯᠬᠤ ᠦᠭᠡᠶ᠂ ᠪᠠᠰᠠ ᠬᠤᠪᠢ ᠣᠷᠣᠵᠤ ᠠᠰᠢᠭ ᠬᠤᠪᠢᠶᠠᠬᠤ᠂ ᠰᠢᠯᠵᠢᠭᠦᠯᠦᠨ ᠵᠢᠭᠡᠯᠡᠭᠦᠯᠬᠦ᠂  ᠭᠦᠢᠴᠡᠳᠭᠡᠯ ᠲᠤᠭ᠎ᠠ ᠰᠤᠯᠢᠬᠤ ᠵᠡᠷᠭᠡ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠪᠤᠶᠤ ᠪᠤᠰᠤᠳ ᠵᠣᠬᠢᠶᠠᠨ ᠪᠠᠶᠢᠭᠤᠯᠤᠯᠲᠠ ᠳᠤ ᠲᠤᠰᠢᠶᠠᠨ ᠦᠭᠴᠦ ᠬᠡᠷᠡᠭᠯᠡᠭᠦᠯᠵᠦ ᠪᠣᠯᠬᠤ ᠦᠭᠡᠶ᠃    ︵ᠶᠢᠰᠦ︶ ᠵᠢᠭᠡᠯᠡᠯᠭᠡ ᠠᠪᠬᠤ ᠨᠥᠬᠦᠴᠡᠯ᠄ ᠵᠢᠭᠡᠯᠡᠯᠭᠡ ᠭᠤᠶᠤᠴᠢᠯᠠᠭᠴᠢ ᠡᠷᠬᠡᠪᠰᠢ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠨ ᠰᠠᠬᠢᠵᠤ᠂ ᠦᠨᠡᠨᠴᠢ ᠢᠲᠡᠭᠡᠮᠵᠢᠲᠡᠶ᠂  ᠤᠨᠴᠠ ᠶᠡᠭᠡ ᠢᠲᠡᠭᠡᠮᠵᠢ ᠪᠠᠨ ᠠᠯᠳᠠᠭᠰᠠᠨ ᠲᠡᠮᠳᠡᠭᠯᠡᠯ ᠦᠭᠡᠶ ᠮᠥᠷᠲᠡᠭᠡᠨ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠪᠠᠶᠢᠬᠤ ᠬᠡᠷᠡᠭᠲᠡᠶ︔ ᠡᠷᠬᠡᠪᠰᠢ ᠪᠠᠩᠬᠢ ᠶᠢᠨ ᠦᠨᠡᠯᠡᠨ ᠲᠤᠭᠳᠠᠭᠰᠠᠨ ᠲᠡᠰ ᠤᠯᠭᠤᠭᠰᠠᠨ ᠢᠲᠡᠭᠡᠮᠵᠢ ᠪᠠᠷ ᠲᠠᠮᠵᠢᠨ᠂ ᠵᠢᠭᠡᠯᠡᠯᠭᠡ ᠠᠪᠬᠤ ᠬᠦᠰᠡᠯ ᠱᠠᠭᠠᠷᠳᠠᠯᠭ᠎ᠠ ᠲᠠᠢ᠂ ᠴᠢᠬᠤᠯᠠ ᠪᠦᠭᠦᠢ ᠬᠥᠳᠡᠯᠮᠦᠷᠢ ᠦᠢᠯᠡᠳᠪᠦᠷᠢᠯᠡᠯ ᠤᠨ ᠤᠷ᠎ᠠ ᠴᠢᠳᠠᠪᠤᠷᠢ ᠪᠠ ᠵᠢᠭᠡᠯᠡᠯᠭᠡ ᠪᠠᠨ ᠪᠤᠴᠠᠭᠠᠵᠦ ᠲᠡᠶᠢᠯᠬᠦ ᠴᠢᠳᠠᠪᠤᠷᠢ ᠲᠠᠢ ᠪᠠᠶᠢᠬᠤ ᠬᠡᠷᠡᠭᠲᠡᠢ︔ ᠵᠢᠭᠡᠯᠡᠯᠭᠡ ᠶᠢᠨ ᠪᠡᠯᠡ ᠮᠥᠩᠭᠦ ᠪᠠᠨ ᠡᠷᠬᠡᠪᠰᠢ ᠬᠠᠤᠯᠢ  ᠲᠣᠭᠲᠠᠭᠠᠯ ᠳᠤ ᠨᠡᠶᠢᠴᠡᠭᠰᠡᠨ ᠠᠵᠤ ᠦᠢᠯᠡᠰ ᠪᠣᠯᠤᠨ ᠲᠥᠷᠥᠯ ᠵᠦᠢᠯ ᠳᠤ ᠬᠡᠷᠡᠭᠯᠡᠬᠦ ᠬᠡᠷᠡᠭᠲᠡᠶ᠂ ᠵᠢᠴᠢ ᠵᠠᠬ᠎ᠠ ᠳᠡᠯᠭᠡᠭᠦᠷ ᠤᠨ ᠢᠷᠡᠭᠡᠳᠤᠢ ᠰᠠᠶᠢᠨ ᠪᠠᠶᠢᠬᠤ ᠬᠡᠷᠡᠭᠲᠡᠶ︔ ᠵᠢᠭᠡᠯᠡᠯᠭᠡ  ᠠᠪᠬᠤ ᠭᠦᠮᠤᠰ ᠤᠨ ᠨᠠᠰᠤ ᠵᠢᠯ ᠵᠠᠷᠴᠢᠮ ᠳᠡᠭᠡᠷ᠎ᠡ ᠪᠠᠨ ᠪᠦᠬᠦᠯᠢ 18 ᠨᠠᠰᠤ ︵ᠪᠠᠭᠲᠠᠨ᠎ᠠ︶ — 65 ᠨᠠᠰᠤ ︵ᠪᠠᠭᠲᠠᠨ᠎ᠠ︶  ᠶᠢᠨ ᠬᠤᠭᠤᠷᠣᠨᠳᠣ ᠪᠠᠶᠢᠬᠤ ᠬᠡᠷᠡᠭᠲᠡᠶ᠃   ︵ᠠᠷᠪᠠ︶ ᠬᠡᠷᠡᠭᠵᠢᠭᠦᠯᠬᠦ ᠴᠠᠭ᠄ ᠪᠢᠴᠢᠭ ᠮᠠᠲ᠋ᠧᠷᠢᠶᠠᠯ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ 2025 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号