ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠨᠦᠯᠤᠭᠡᠯᠡᠭᠰᠡᠨ ᠠᠰᠠᠭᠤᠳᠡᠯ ᠢ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠬᠤ ᠠᠷᠭ᠎ᠠ ᠮᠠᠶ᠋ᠢᠭ ᠵᠡᠷᠭᠡ ᠮᠡᠳᠡᠭᠡ ᠵᠠᠩᠭᠢ ᠶᠢ ᠨᠡᠶᠢᠲᠡᠯᠡᠬᠦ ᠲᠤᠬᠠᠶ ᠮᠡᠳᠡᠭᠡ
ᠨᠡᠶᠢᠲᠡᠯᠡᠭᠰᠡᠨ ᠴᠠᠭ᠄
2021/4/7
ᠪᠦᠬᠦ ᠬᠤᠰᠢᠭᠤᠨ ᠤ ᠥᠷᠭᠡᠨ ᠣᠯᠠᠨ ᠲᠦᠮᠡᠨ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ᠄    ᠮᠠᠨ ᠤ ᠬᠤᠰᠢᠭᠤᠨ ᠤ ᠬᠤᠳᠤᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠬᠤᠳᠤᠯᠳᠤᠭ᠎ᠠ ᠡᠵᠡᠩᠨᠡᠬᠦ ᠣᠷᠴᠢᠨ ᠨᠥᠬᠦᠴᠡᠯ ᠢ ᠨᠦᠯᠤᠭᠡᠯᠡᠬᠦ ᠠᠰᠠᠭᠤᠳᠠᠯ ᠢ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠵᠠᠬ᠎ᠠ ᠳᠡᠯᠭᠡᠭᠦᠷ ᠤᠨ ᠭᠤᠤᠯ ᠴᠣᠭᠴᠠ ᠪᠠ ᠣᠯᠠᠨ ᠲᠦᠮᠡᠨ ᠤ ᠬᠤᠳᠤᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠲᠠᠯ᠎ᠠ ᠪᠠᠷ ᠬᠢ ᠬᠤᠯᠪᠣᠭᠳᠠᠯ ᠪᠥᠬᠦᠶ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠬᠦ ᠶᠢ ᠴᠠᠭ ᠲᠤᠬᠠᠶ ᠳᠤᠨᠢ ᠭᠥᠯᠢᠶᠡᠨ ᠠᠪᠴᠤ ᠰᠢᠶᠳᠪᠦᠷᠢᠯᠡᠬᠦ ᠶᠢᠨ ᠲᠥᠯᠥᠭᠡ ᠂ 《ᠬᠤᠳᠤᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ 》 ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠣᠲᠣ ᠮᠠᠨ ᠤ ᠬᠤᠰᠢᠭᠤᠨ ᠤ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠬᠦᠷᠢᠶ᠎ᠡ ᠬᠡᠪᠴᠢᠶ᠎ᠡ ᠵᠢᠴᠢ ᠢᠯᠡᠴᠢᠯᠡᠨ ᠵᠠᠭᠠᠯᠳᠤᠬᠤ ᠶᠢ ᠬᠦᠯᠢᠶᠡᠨ ᠠᠪᠬᠤ ᠠᠷᠭ᠎ᠠ ᠵᠠᠮ ᠵᠡᠷᠭᠡ ᠮᠡᠳᠡᠭᠡ ᠵᠠᠩᠭᠢ ᠶᠢ ᠨᠡᠶᠢᠭᠡᠮ ᠳᠤ ᠨᠡᠶᠢᠲᠡᠯᠡᠪᠡ᠃    ᠨᠢᠭᠡ᠂ ᠵᠠᠭᠠᠯᠳᠤᠵᠤ ᠢᠯᠡᠴᠢᠯᠡᠨ ᠮᠡᠳᠡᠭᠦᠯᠬᠦ ᠬᠡᠪᠴᠢᠶ᠎ᠡ    ᠮᠠᠨ ᠤ ᠬᠤᠰᠢᠭᠤᠨ ᠤ ᠬᠠᠷᠢᠶ᠎ᠠ ᠣᠷᠣᠨ ᠤ ᠵᠠᠰᠠᠭ ᠵᠠᠬᠢᠷᠭᠠᠨ ᠤ ᠪᠠᠶᠢᠭᠤᠯᠭ᠎ᠠ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠬᠢ ᠲᠠᠢ ᠠᠵᠢᠯ ᠦᠢᠯᠡᠰ ᠤᠨ ᠨᠢᠭᠡᠴᠡ᠂ ᠣᠯᠠᠨ ᠨᠡᠶᠢᠲᠡ ᠶᠢᠨ ᠦᠢᠯᠡᠴᠢᠯᠡᠭᠡᠨ  ᠤ ᠨᠢᠭᠡᠴᠡ᠂ ᠬᠤᠳᠠᠯᠳᠤᠭᠠᠨ ᠤ ᠨᠡᠶᠢᠭᠡᠮᠯᠢᠭ᠂ ᠤᠯᠤᠰ ᠠᠴᠠ ᠦᠮᠴᠢᠯᠡᠯᠳᠤ ᠠᠵᠤ ᠠᠬᠤᠶᠢᠯᠠᠯ ᠵᠢᠴᠢ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠵᠦ ᠪᠠᠶᠢᠭᠤᠯᠤᠭᠰᠠᠨ ᠲᠥᠷᠥᠯ ᠵᠦᠢᠯ ᠤᠨ ᠺᠣᠮᠫᠠᠨᠢ ᠵᠡᠷᠭᠡ ᠬᠡᠷᠪᠡ ᠳᠣᠣᠷᠠᠬᠢ ᠠᠰᠠᠭᠤᠳᠠᠯ ᠤᠨ ᠨᠢᠭᠡ ᠣᠷᠣᠰᠢᠵᠤ ᠪᠠᠶᠢᠪᠡᠯ᠂ ᠰᠤᠷᠪᠤᠯᠵᠢᠯᠠᠭ᠎ᠠ ᠬᠢᠬᠦ᠂ ᠤᠲᠠᠰᠤ ᠢᠷᠡᠭᠦᠯᠬᠦ᠂ ᠰᠢᠤᠳᠡᠨ ᠬᠠᠶᠢᠷᠴᠠᠭ ᠵᠡᠷᠭᠡ ᠠᠷᠭ᠎ᠠ ᠬᠡᠯᠪᠡᠷᠢ ᠪᠠᠷ ᠳᠠᠮᠵᠢᠨ ᠢᠯᠡᠴᠢᠯᠡᠨ ᠮᠡᠳᠡᠭᠦᠯᠵᠦ ᠪᠣᠯᠤᠨ᠎ᠠ᠃    ⒈ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠦᠶᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠯᠤᠭ᠎ᠠ ᠨᠢᠭᠲᠠ ᠬᠤᠯᠪᠣᠭ᠎ᠠ ᠲᠠᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠦᠶ᠎ᠡ  ᠳᠤ᠂ ᠲᠣᠭᠲᠠᠭᠠᠯ ᠶᠣᠰᠣᠭᠠᠷ ᠵᠠᠬ᠎ᠠ ᠳᠡᠯᠭᠡᠭᠦᠷ ᠤᠨ ᠭᠤᠤᠯ ᠴᠣᠭᠴᠠ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠰᠠᠨᠠᠯ ᠢ ᠰᠣᠨᠣᠰᠤᠭᠰᠠᠨ ᠥᠬᠡᠶ ᠪᠠᠶᠢᠳᠡᠯ᠃    ⒉ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠲᠣᠭᠲᠠᠭᠠᠬᠤ ᠪᠤᠶᠤ ᠬᠡᠷᠡᠭᠵᠢᠭᠦᠯᠬᠦ ᠳᠡᠭᠡᠨ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠬᠠᠤᠯᠢ ᠶᠣᠰᠣᠭᠠᠷ ᠡᠷᠬᠡ ᠲᠡᠭᠰᠢ ᠬᠠᠨᠳᠤᠭᠰᠠᠨ ᠦᠭᠡᠢ ᠪᠠᠶᠢᠳᠡᠯ᠃    ⒊ ᠵᠠᠰᠠᠭ ᠵᠠᠬᠢᠷᠭᠠᠨ ᠤ ᠵᠥᠪᠰᠢᠶᠡᠷᠡᠯ ᠢ ᠬᠡᠯᠪᠡᠷᠢ ᠶᠢ ᠨᠢ ᠥᠭᠡᠷᠡᠲᠦᠭᠦᠯᠦᠨ ᠲᠣᠭᠲᠠᠭᠠᠬᠤ ᠪᠤᠶᠤ ᠬᠡᠷᠡᠭᠵᠢᠭᠦᠯᠬᠦ ᠂ ᠨᠢᠭᠡᠨᠲᠡ ᠬᠦᠴᠦᠨ ᠦᠬᠡᠢ ᠪᠣᠯᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠢ ᠦᠷᠭᠦᠯᠵᠢᠯᠡᠨ ᠬᠡᠷᠡᠭᠵᠢᠭᠦᠯᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠡᠷᠡᠭᠵᠢᠭᠦᠯᠬᠦ᠂ ᠡᠰᠡᠬᠦᠯ᠎ᠡ ᠠᠵᠢᠯ ᠳᠦᠷᠦᠯ ᠤᠨ ᠨᠡᠶᠢᠭᠡᠮᠯᠢᠭ ᠬᠤᠳᠠᠯᠳᠤᠭᠠᠴᠢᠳ  ᠤᠨ ᠡᠪᠯᠡᠯ ᠳᠤ ᠴᠢᠭᠯᠡᠭᠦᠯᠤᠨ᠂ ᠨᠢᠭᠡᠨᠲᠡ ᠬᠦᠴᠦᠨ ᠦᠬᠡᠢ ᠪᠣᠯᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠢ ᠵᠣᠬᠢᠶᠠᠨ ᠪᠠᠶᠢᠭᠤᠯᠵᠤ ᠬᠡᠷᠡᠭᠵᠢᠬᠦᠯᠤᠭ᠍ᠰᠡᠨ ᠪᠠᠶᠢᠳᠡᠯ᠃    ⒋ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢ ᠵᠢᠭᠠᠨ ᠲᠤᠬᠳᠠᠭᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠵᠢᠭᠠᠨ ᠲᠤᠬᠳᠠᠭᠠᠬᠤ᠂ ᠡᠰᠡᠬᠦᠯ᠎ᠡ ᠬᠠᠤᠯᠢ ᠠᠴᠠ ᠵᠥᠷᠢᠴᠡᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠠᠯᠪᠠᠳᠠᠵᠤ ᠪᠠᠶᠢᠭᠠᠳ ᠵᠠᠭᠤᠴᠢᠯᠠᠬᠤ ᠦᠢᠯᠡᠴᠢᠯᠡᠭᠡ ᠬᠦᠯᠢᠶᠡᠨ ᠠᠪᠤᠭᠤᠯᠤᠭᠰᠠᠨ ᠪᠠᠶᠢᠳᠡᠯ᠃    ⒌ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ᠂ ᠠᠵᠤ ᠠᠬᠤᠶᠢᠯᠠᠯ ᠲᠠᠢ ᠬᠤᠯᠪᠣᠭᠳᠠᠬᠤ ᠵᠠᠰᠠᠭ ᠵᠠᠬᠢᠷᠭ᠎ᠠ ᠠᠵᠢᠯ ᠦᠶᠯᠡᠰ ᠤᠨ ᠴᠢᠨᠠᠷᠲᠠᠶ ᠰᠦᠶᠳᠬᠡᠯ ᠬᠤᠷᠢᠶᠠᠬᠤ᠂ ᠠᠵᠤ ᠠᠬᠤᠶᠢᠯᠠᠯ ᠲᠠᠢ ᠬᠤᠯᠪᠣᠭᠳᠠᠬᠤ ᠪᠠᠲᠤᠯᠠᠭ᠎ᠠ ᠶᠢᠨ ᠮᠥᠩᠭᠦ ᠵᠠᠷᠭᠡ ᠶᠢ ᠬᠠᠤᠯᠢ ᠶᠢ ᠵᠥᠷᠢᠴᠡᠨ ᠲᠤᠬᠳᠠᠭᠠᠬᠰᠡᠨ ᠪᠤᠶᠤ ᠭᠠᠷᠴᠠᠭ ᠤᠨ ᠨᠠᠷᠢᠨ ᠲᠠᠩᠰᠡ  ᠠᠴᠠ ᠭᠠᠳᠠᠨ᠎ᠠ ᠬᠡᠷᠡᠭᠵᠢᠭᠦᠯᠦᠭᠰᠡᠨ ᠪᠠᠶᠢᠳᠡᠯ᠃    ⒍ ᠲᠣᠭᠲᠠᠭᠠᠯ ᠢᠶᠠᠷ ᠠᠵᠤ ᠠᠬᠤᠶᠢᠯᠠᠯ ᠡᠷᠭᠢᠯᠡᠨ ᠪᠠᠶᠢᠭᠤᠯᠬᠤ᠂ ᠬᠦᠴᠦᠨ ᠥᠬᠡᠶ ᠪᠣᠯᠭᠠᠬᠤ ᠪᠠ ᠪᠠᠷᠢᠯᠭ᠎ᠠ  ᠶᠢᠨ ᠠᠵᠢᠯ ᠤᠨ ᠲᠥᠷᠥᠯ ᠵᠦᠶᠯ ᠢ ᠬᠢᠨᠠᠨ ᠵᠥᠪᠰᠢᠶᠡᠷᠡᠬᠦ᠂ ᠭᠠᠶᠢᠯᠢ ᠲᠠᠩᠰᠠᠯᠠᠬᠤ᠂ ᠥᠯᠥ ᠬᠥᠳᠡᠯᠬᠦ ᠬᠥᠷᠥᠩᠭᠡ ᠲᠠᠩᠰᠠᠯᠠᠬᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠵᠠᠷᠭᠡ ᠶᠢ ᠬᠢᠨᠠᠨ ᠵᠥᠪᠰᠢᠶᠡᠷᠡᠬᠦ ᠲᠠᠯ᠎ᠠ ᠪᠠᠷ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠯᠬᠤᠮ ᠲᠠᠷᠠᠭ᠎ᠠ ᠶᠢ ᠳᠥᠭᠦᠮᠴᠢᠯᠡᠵᠦ᠂ ᠭᠤᠶᠤᠴᠢᠯᠠᠬᠤ ᠮᠠᠲ᠋ᠧᠷᠢᠶᠠᠯ ᠢ ᠪᠠᠭᠠᠰᠬᠠᠵᠤ ᠂ ᠭᠦᠶᠴᠡᠳᠬᠡᠬᠦ ᠴᠠᠭ ᠢ ᠪᠣᠭᠤᠨᠢᠰᠬᠠᠵᠤ᠂ ᠭᠦᠶᠴᠡᠳᠬᠡᠬᠦ ᠥᠪᠡᠷ ᠤᠨ ᠥᠷᠲᠡᠭ ᠢ ᠪᠠᠭᠤᠷᠠᠭᠤᠯᠤᠭᠰᠠᠨ ᠪᠠᠶᠢᠳᠡᠯ᠃    ⒎ᠬᠠᠤᠯᠢ ᠲᠣᠭᠲᠠᠭᠠᠯ ᠤᠨ ᠦᠨᠳᠦᠰᠦᠯᠡᠯ ᠦᠭᠡᠢ ᠪᠠᠷ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠡᠳ᠋ ᠤᠨ ᠬᠦᠴᠦᠨ᠂ ᠪᠣᠳᠠᠰ ᠤᠨ ᠬᠦᠴᠦᠨ ᠪᠤᠶᠤ ᠬᠥᠮᠦᠨ ᠤ ᠬᠦᠴᠦᠨ ᠬᠠᠩᠭᠠᠯᠭᠠᠬᠤ ᠪᠠᠷ ᠱᠠᠭᠠᠷᠳᠠᠭᠰᠠᠨ ᠪᠠᠶᠢᠳᠡᠯ᠃    ⒏ ᠬᠠᠤᠯᠢ ᠲᠣᠭᠲᠠᠭᠠᠯ ᠪᠠ ᠲᠤᠰᠢᠶᠠᠯ ᠬᠠᠷᠢᠭᠤᠴᠠᠯᠭ᠎ᠠ ᠪᠠᠷ ᠢᠶᠠᠨ ᠤᠰᠤ ᠬᠠᠩᠭᠠᠬᠤ᠂ ᠴᠠᠬᠢᠯᠭᠠᠨ ᠬᠠᠩᠭᠠᠬᠤ᠂ ᠬᠡᠢ ᠬᠠᠩᠭᠠᠬᠤ᠂ ᠢᠯᠴᠢ ᠬᠠᠩᠭᠠᠬᠤ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠮᠥᠩᠭᠦᠨ ᠭᠦᠢᠯᠭᠡᠭᠡ ᠵᠡᠷᠭᠡ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠠᠶᠢᠳᠡᠯ᠃    ⒐ᠪᠤᠰᠤᠳ‌ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠭᠰᠡᠨ ᠥᠬᠡᠶ ᠪᠤᠶᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠨᠦᠯᠤᠭᠡᠯᠡᠭᠰᠡᠨ ᠪᠠᠶᠢᠳᠠᠯ᠃    ᠬᠤᠶᠠᠷ᠂ ᠬᠦᠯᠢᠶᠡᠨ ᠠᠪᠴᠤ ᠰᠢᠶᠳᠪᠦᠷᠢᠯᠡᠬᠦ ᠦᠭᠡᠢ ᠪᠠᠶᠢᠳᠠᠯ    ⒈ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠬᠤᠭᠤᠷᠣᠨᠳᠣᠬᠢ ᠢᠷᠭᠡᠨ ᠤ ᠬᠡᠷᠡᠭ ᠤᠨ ᠵᠢᠭᠤᠷᠠᠯᠳᠤᠭᠠᠨ ᠳᠤ ᠲᠣᠭᠠᠴᠠᠭᠳᠠᠬᠤ ᠵᠤᠶᠢᠯ᠃    ⒉ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠭᠤᠯᠤᠮᠵᠢ᠂ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠵᠡᠷᠭᠡ ᠨᠢᠭᠡᠴᠢ ᠨᠢᠭᠡᠨᠲᠡ ᠬᠡᠷᠡᠭ ᠪᠣᠯᠭᠠᠨ ᠳᠠᠩᠰᠠᠯᠠᠵᠤ᠂ ᠬᠠᠷᠠᠬᠠᠨ ᠬᠡᠷᠡᠭ ᠢ ᠰᠢᠢᠳᠪᠤᠷᠢᠯᠡᠵᠤ ᠳᠠᠭᠤᠰᠬᠠᠭᠠᠳᠤᠢ ᠪᠤᠶᠤ ᠨᠢᠭᠡᠨᠲᠡ ᠰᠢᠢᠳᠪᠦᠷᠢᠯᠡᠬᠦ ᠲᠣᠭᠲᠠᠭᠠᠯ ᠭᠠᠷᠭᠠᠭᠰᠠᠨ ᠪᠠᠶᠢᠳᠡᠯ᠃    ⒊ᠨᠡᠷ᠎ᠡ ᠪᠤᠷᠤᠭᠤᠯᠠᠵᠤ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠪᠠᠶᠢᠳᠡᠯ᠃    ⒋ ᠰᠢᠨ᠎ᠡ ᠭᠡᠷᠡᠴᠢ ᠪᠠᠷᠢᠮᠲᠠ ᠦᠭᠡᠢ ᠪᠠᠷ ᠳᠠᠬᠢᠨ ᠳᠠᠪᠲᠠᠨ ᠵᠠᠭᠠᠯᠳᠤᠵᠤ ᠢᠯᠡᠴᠢᠯᠡᠨ ᠮᠡᠳᠡᠭᠦᠯᠬᠦ ᠪᠠᠶᠢᠳᠡᠯ᠃    ⒌ ᠪᠣᠳᠠᠲᠠᠶ ᠵᠠᠭᠠᠯᠳᠤᠬᠤ ᠡᠲᠡᠭᠡᠳ᠂ ᠭᠤᠶᠤᠴᠢᠯᠠᠯ᠂ ᠪᠣᠳᠠᠲᠤ ᠬᠡᠷᠡᠭ᠂ ᠤᠴᠢᠷ ᠰᠢᠯᠲᠠᠭᠠᠨ ᠪᠠ ᠬᠤᠯᠪᠣᠭᠳᠠᠯ ᠪᠦᠬᠦᠢ ᠭᠡᠷᠡᠴᠢ ᠪᠠᠷᠢᠮᠲᠠ ᠦᠭᠡᠶ ᠪᠠᠶᠢᠳᠡᠯ᠃    ⒍ ᠬᠤᠳᠤᠯᠳᠤᠭ᠎ᠠ ᠡᠵᠡᠩᠨᠡᠬᠦ ᠣᠷᠴᠢᠨ ᠨᠥᠬᠦᠴᠡᠯ ᠳᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶᠡᠨ ᠳᠤ ᠬᠠᠷᠢᠶᠠᠯᠠᠭᠳᠠᠬᠤ ᠥᠬᠡᠶ ᠪᠠᠶᠢᠳᠡᠯ᠃    ᠭᠤᠷᠪᠠ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ    12345 ( 12345 ᠰᠦᠯᠵᠢᠶᠡᠨ ᠳᠡᠭᠡᠷᠡᠬᠢ ᠲᠠᠪᠴᠠᠩ᠂ 24 ᠴᠠᠭ ᠢᠶᠠᠷ ᠬᠦᠯᠢᠶᠡᠨ ᠠᠪᠴᠤ ᠰᠢᠶᠳᠪᠦᠷᠢᠯᠡᠬᠦ᠂ ᠪᠦᠬᠦ ᠵᠢᠯ ᠳᠤ ᠠᠮᠠᠷᠠᠬᠤ ᠦᠭᠡᠢ )    ᠢᠮᠧᠯ᠄ tlsysb @ 126. com    ᠤᠳᠠᠰᠤ᠄ 04757222847  ︵ᠬᠤᠰᠢᠭᠤᠨ ᠵᠠᠰᠠᠭ ᠤᠨ ᠣᠷᠳᠣᠨ ᠤ ᠠᠯᠪᠠᠨ ᠬᠡᠷ᠂ ᠬᠡᠪ ᠤᠨ ᠠᠵᠢᠯᠯᠠᠬᠤ ᠴᠠᠭ ᠲᠤ ᠭᠥᠯᠢᠶᠡᠨ ᠠᠪᠴᠤ ᠰᠢᠶᠳᠪᠦᠷᠢᠯᠡᠨ᠎ᠡ︶᠂ 0475 - 7668667 ( ᠬᠤᠰᠢᠭᠤᠨ ᠤ ᠵᠠᠰᠠᠭ  ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ᠂ ᠬᠡᠪ ᠤᠨ ᠠᠵᠢᠯᠯᠠᠬᠤ ᠴᠠᠭ ᠲᠤ ᠭᠥᠯᠢᠶᠡᠨ ᠠᠪᠴᠤ ᠰᠢᠶᠳᠪᠦᠷᠢᠯᠡᠨ᠎ᠡ )    ᠡᠭᠦᠨ᠎ᠡ ᠮᠡᠳᠡᠭᠳᠡᠪᠡ    2021 ᠣᠨ ᠤ 3 ᠰᠠᠷ᠎ᠠ ᠶᠢᠨ 16 ᠤ ᠡᠳᠦᠷ  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号