ᠣᠳᠣᠬᠠᠨ ᠳᠤ᠂ ᠴᠠᠬᠢᠯᠭᠠᠨ ᠬᠤᠯᠪᠣᠭ᠎ᠠ ᠰᠦᠯᠵᠢᠶ᠎ᠠ ᠪᠠᠷ ᠮᠡᠬᠡᠯᠡᠭᠰᠡᠨ ᠬᠡᠷᠡᠭ ᠣᠯᠠᠨ ᠡᠭᠦᠰᠴᠦ ᠪᠠᠶᠢᠨ᠎ᠠ᠂ ᠲᠠ | ᠪᠣᠯᠤᠨ ᠬᠡᠷ ᠤᠨ ᠬᠥᠮᠦᠰ ᠤᠨ ᠴᠢᠨᠢ ᠡᠳ᠋ ᠬᠥᠷᠥᠩᠭᠡ ᠠᠮᠤᠷ ᠲᠦᠪᠰᠢᠨ ᠢ ᠬᠠᠮᠠᠭᠠᠯᠠᠵᠤ᠂ ᠮᠡᠬᠡᠯᠡᠭᠳᠡᠬᠦ ᠠᠴᠠ | ᠰᠡᠷᠭᠡᠶᠢᠯᠡᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠤᠬᠠᠭᠤᠯᠬᠤ ᠬᠡᠯᠲᠡᠰ ᠪᠣᠯᠤᠨ ᠥᠪᠥᠷ ᠮᠣᠩᠭᠤᠯ ᠤᠨ ᠮᠡᠬᠡᠯᠡᠯ ᠢ ᠡᠰᠡᠷᠭᠦᠴᠡᠬᠦ ᠲᠥᠪ ᠠᠴᠠ ᠲᠠᠨ ᠢ ᠴᠠᠬᠢᠯᠭᠠᠨ | ᠬᠤᠯᠪᠣᠭ᠎ᠠ ᠰᠦᠯᠵᠢᠶ᠎ᠠ ᠪᠠᠷ ᠮᠡᠬᠡᠯᠡᠬᠦ ᠶᠢ ᠰᠡᠷᠭᠡᠶᠢᠯᠡᠬᠦ ᠮᠡᠳᠡᠯᠭᠡ ᠶᠢ ᠰᠤᠷᠤᠯᠴᠠᠨ ᠤᠯᠠᠮᠵᠢᠯᠠᠵᠤ᠂ ᠮᠡᠬᠡᠯᠡᠯ ᠢ | ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠥᠪᠡᠷ ᠤᠨ ︽ᠵᠣᠭᠤᠰᠣᠨ ᠴᠦᠩᠬᠦ︾ ᠪᠠᠨ ᠰᠠᠶᠢᠲᠤᠷ ᠰᠠᠬᠢᠨ | ᠬᠠᠮᠠᠭᠠᠯᠠᠭᠠᠷᠠᠢ ᠭᠡᠵᠦ ᠰᠠᠨᠠᠭᠤᠯᠵᠤ ᠪᠠᠶᠢᠨ᠎ᠠ᠃ | ᠨᠢᠭᠡ᠂ ᠴᠠᠬᠢᠯᠭᠠᠨ ᠬᠤᠯᠪᠣᠭ᠎ᠠ ᠰᠦᠯᠵᠢᠶ᠎ᠠ ᠪᠠᠷ ᠮᠡᠬᠡᠯᠡᠬᠦ ᠶᠢ ᠬᠡᠷᠬᠢᠨ ᠰᠡᠷᠭᠡᠶᠢᠯᠡᠬᠦ ᠪᠣᠶ︖ | 1. ︽ᠭᠤᠷᠪᠠᠨ ᠦᠭᠡᠢ ᠨᠢᠭᠡ ᠣᠯᠠᠨ︾ ᠢᠶᠠᠷ ᠮᠡᠬᠡᠯᠡᠬᠦ ᠶᠢ ᠰᠡᠷᠭᠡᠶᠢᠯᠡᠬᠦ —— ᠥᠯᠥ ᠮᠡᠳᠡᠬᠦ | ᠬᠤᠯᠪᠣᠭᠠᠰᠤ ᠶᠢ ᠲᠣᠪᠴᠢᠳᠠᠬᠤ ᠦᠭᠡᠶ᠂ ᠲᠠᠨᠢᠯ ᠪᠤᠰᠤ ᠤᠲᠠᠰᠤ ᠶᠢ ᠠᠮᠠᠷᠬᠠᠨ ᠢᠲᠡᠭᠡᠬᠦ ᠦᠭᠡᠶ᠂ ᠬᠤᠪᠢ ᠬᠥᠮᠦᠨ | ᠤ ᠮᠡᠳᠡᠭᠡ ᠵᠠᠩᠭᠢ ᠪᠠᠨ ᠵᠠᠳᠠᠷᠠᠭᠤᠯᠬᠤ ᠦᠭᠡᠶ᠂ ᠳᠠᠩᠰᠠ ᠰᠢᠯᠵᠢᠭᠦᠯᠤᠨ ᠵᠣᠭᠤᠰ ᠢᠯᠡᠭᠡᠬᠦ ᠳᠤ ᠪᠠᠨ ᠤᠯᠠᠨ ᠬᠢᠨᠠᠨ | ᠬᠠᠷᠭᠤᠭᠤᠯᠬᠤ ᠬᠡᠷᠡᠭᠲᠡᠶ᠃ | 2. ︽ᠠᠰᠢᠭ ᠲᠤ ᠰᠢᠨᠤᠬᠤ ᠦᠭᠡᠢ᠂ ᠠᠶᠤᠵᠦ ᠰᠦᠷᠳᠡᠬᠦ ᠦᠭᠡᠶ᠂ ᠠᠮᠠᠷᠬᠠᠨ ᠢᠲᠡᠭᠡᠬᠦ ᠦᠭᠡᠶ᠂ ᠳᠠᠩᠰᠠ | ᠰᠢᠯᠵᠢᠭᠦᠯᠵᠦ ᠵᠤᠭᠤᠰ ᠭᠤᠪᠢᠭᠤᠯᠬᠤ ᠦᠭᠡᠶ︾—— ᠦᠴᠤᠬᠡᠨ ᠠᠰᠢᠭ ᠲᠤ ᠰᠢᠨᠤᠬᠤ ᠦᠭᠡᠶ᠂ ᠠᠶᠤᠬᠤ | ᠪᠣᠳᠣᠯ ᠡᠭᠦᠰᠬᠦ ᠦᠭᠡᠶ᠂ ᠰᠦᠯᠵᠢᠶᠡᠨ ᠳᠡᠭᠡᠷᠡᠬᠢ ᠡᠯ᠎ᠡ ᠵᠦᠢᠯ ᠤᠨ ᠮᠡᠳᠡᠭᠡ ᠵᠠᠩᠭᠢ ᠶᠢ ᠠᠮᠠᠷᠬᠠᠨ ᠢᠲᠡᠭᠡᠬᠦ ᠦᠭᠡᠶ | ᠪᠠᠶᠢᠬᠤ ᠬᠡᠷᠡᠭᠳᠠᠢ᠃ | ᠬᠤᠶᠠᠷ᠂ ᠪᠠᠶᠢᠩᠭᠤ ᠲᠣᠬᠢᠶᠠᠯᠳᠤᠳᠠᠭ ᠴᠠᠬᠢᠯᠭᠠᠨ ᠬᠤᠯᠪᠣᠭ᠎ᠠ ᠰᠦᠯᠵᠢᠶ᠎ᠠ ᠪᠠᠷ ᠮᠡᠬᠡᠯᠡᠬᠦ ᠠᠷᠭ᠎ᠠ ᠪᠠᠷᠢᠯ ᠶᠠᠮᠠᠷ | ᠪᠣᠶ︖ | 1. ᠵᠢᠭᠡᠯᠡᠯᠭᠡ ᠲᠠᠯᠪᠢᠬᠤ ᠠᠷᠭ᠎ᠠ ᠪᠠᠷ ᠮᠡᠬᠡᠯᠡᠬᠦ᠃ ᠮᠡᠬᠡᠯᠡᠭᠴᠢ ᠠᠴᠠ ᠤᠲᠠᠰᠤ ᠢᠷᠡᠬᠦ ᠪᠤᠶᠤ QQ᠂ ᠸᠢᠴᠠᠲ | ᠢᠶᠠᠷ ᠲᠠᠮᠵᠢᠨ ᠶᠡᠭᠡ ᠲᠣᠭᠠᠨ ᠤ ᠵᠢᠭᠡᠯᠡᠯᠭᠡ ᠬᠠᠩᠭᠠᠬᠤ ᠪᠠᠨ ᠮᠡᠳᠡᠭᠳᠡᠨ᠎ᠡ᠂ ᠲᠠᠨ ᠢ ᠲᠡᠳᠡᠨ ᠤ ᠬᠠᠩᠭᠠᠭᠰᠠᠨ | ᠬᠤᠯᠪᠤᠭᠠᠰᠤ ᠳᠤ ᠭᠠᠷᠬᠤ ᠪᠤᠶᠤ ᠮᠡᠷᠭᠡᠨ ᠴᠤᠬᠤᠷ ᠢ ᠰᠢᠷᠪᠢᠬᠦ ᠪᠠᠷ ᠲᠠᠮᠵᠢᠨ APP ᠶᠢ ᠪᠠᠭᠤᠯᠭᠠᠵᠤ᠂ ᠵᠢᠴᠢ | ᠵᠢᠭᠡᠯᠡᠯᠭᠡ ᠠᠪᠬᠤ ᠳᠤ ᠬᠠᠩᠭᠠᠬᠤ ᠭᠡᠷᠡᠴᠢ ᠮᠠᠲ᠋ᠧᠷᠢᠶᠠᠯ ᠢᠶᠠᠨ ᠲᠠᠭᠯᠠᠭᠰᠠᠨ ᠤ ᠳᠠᠷᠠᠭ᠎ᠠ ᠲᠠᠨ ᠠᠴᠠ ᠵᠢᠭᠡᠯᠡᠯᠭᠡ ᠠᠪᠬᠤ | ᠳᠤ ᠭᠠᠷ ᠭᠦᠶᠴᠡᠳᠬᠡᠯ ᠬᠢᠬᠦ ᠰᠦᠶᠳᠬᠡᠯ ᠬᠤᠷᠢᠶᠠᠬᠤ᠂ ᠪᠡᠯᠡᠨ ᠵᠣᠭᠤᠰ ᠭᠠᠷᠭᠠᠵᠤ ᠠᠪᠬᠤ ᠰᠦᠶᠳᠬᠡᠯ ᠬᠤᠷᠢᠶᠠᠬᠤ | ᠵᠡᠷᠭᠡ ᠠᠷᠭ᠎ᠠ ᠪᠠᠷ ᠮᠡᠭᠡᠯᠡᠬᠦ ᠠᠵᠢᠯᠯᠠᠭ᠎ᠠ ᠶᠠᠪᠤᠭᠳᠠᠭᠤᠯᠳᠠᠭ᠃ | 2. ᠰᠦᠯᠵᠢᠶᠡᠨ ᠲᠡᠯᠭᠡᠭᠦᠷ ᠤᠨ ᠢᠳᠡᠭᠡᠮᠵᠢ ᠶᠢ ᠨᠡᠮᠡᠭᠳᠡᠭᠦᠯᠤᠨ ᠦᠳᠤᠭᠡᠨ ᠮᠡᠭᠡᠯᠡᠬᠦ᠃ ᠮᠡᠬᠡᠯᠡᠭᠴᠢ ᠠᠴᠠ | ᠢᠨᠲ᠋ᠧᠷ ᠰᠦᠯᠵᠢᠶ᠎ᠡ ( ᠲᠤᠬᠠᠶᠢᠯᠠᠪᠠᠯ 58 ᠢᠵᠢᠯᠢ ᠬᠤᠲᠠ᠂ ᠴᠤᠭᠯᠠᠭ᠎ᠠ ᠮᠠᠶᠢᠮᠠᠶ ᠶᠢᠨ ᠰᠦᠯᠵᠢᠶ᠎ᠡ ᠵᠡᠷᠭᠡ ᠲᠣᠮᠣ | ᠰᠦᠯᠵᠢᠶ᠎ᠡ ) ᠶᠢ ᠠᠰᠢᠭᠯᠠᠨ ︽ᠰᠦᠯᠵᠢᠶᠡᠨ ᠲᠡᠯᠭᠡᠭᠦᠷ ᠤᠨ ᠢᠳᠡᠭᠡᠮᠵᠢ ᠶᠢ ᠨᠡᠮᠡᠭᠳᠡᠭᠦᠯᠬᠦ︾ ᠵᠠᠷ ᠨᠡᠶᠢᠲᠡᠯᠡᠵᠦ᠂ | ᠭᠡᠳᠡᠷᠬᠦ ᠠᠰᠢᠭ ᠪᠤᠴᠠᠭᠠᠬᠤ᠂ ᠡᠭᠦᠷᠭᠡ ᠪᠠᠨ ᠪᠡᠶᠡᠯᠡᠭᠦᠯᠪᠡᠯ ᠬᠠᠷᠠᠮᠵᠢ ᠮᠥᠩᠭᠦ ᠦᠭᠬᠦ ᠵᠡᠷᠭᠡ ᠠᠷᠭ᠎ᠠ ᠪᠠᠷ ᠬᠦᠮᠤᠰ ᠢ | ᠬᠠᠭᠤᠷᠴᠤ ᠵᠣᠭᠤᠰ ᠲᠤᠰᠢᠶᠠᠯᠭᠠᠵᠤ᠂ ᠵᠣᠭᠤᠰ ᠮᠥᠩᠭᠦ ᠮᠡᠬᠡᠯᠡᠨ ᠠᠪᠤᠳᠠᠭ᠃ | 3. ᠪᠠᠯᠠ ᠤᠷᠤᠭᠤᠯᠤᠯᠳᠠ ᠬᠢᠯᠭᠡᠬᠦ ᠠᠷᠭ᠎ᠠ ᠪᠠᠷ ᠮᠡᠬᠡᠯᠡᠬᠦ᠃ ᠮᠡᠬᠡᠯᠡᠭᠴᠢ ᠠᠴᠠ ᠸᠢᠴᠠᠲ ᠤᠨ ᠴᠤᠭᠯᠠᠷᠠᠯ ᠳᠤ | ᠪᠠᠨ ᠪᠠᠯᠠ ᠣᠷᠣᠭᠤᠯᠤᠯᠲᠠ ᠶᠢᠨ ᠠᠰᠢᠭ ᠬᠤᠨᠵᠢᠪᠤᠷᠢ ᠶᠡᠬᠡᠲᠡᠶ ᠮᠡᠳᠡᠭᠡ ᠵᠠᠩᠭᠢ ᠨᠡᠶᠢᠲᠡᠯᠡᠵᠦ᠂ ᠬᠦᠮᠤᠰ ᠢ ᠥᠳᠥᠭᠡᠨ | ᠵᠣᠭᠤᠰ ᠮᠦᠷᠤᠶᠢᠴᠡᠬᠦ ᠰᠦᠯᠵᠢᠶ᠎ᠡ᠂ ᠬᠡᠢ ᠬᠤᠭᠤᠰᠤᠨ ᠰᠲ᠋ᠣᠺ ᠤᠨ ᠪᠠᠷᠠᠭᠠᠨ ᠤ ᠰᠦᠯᠵᠢᠶᠡᠨ ᠳᠡᠭᠡᠷ᠎ᠡ ᠪᠠᠯᠠ | ᠤᠷᠤᠭᠤᠯᠤᠯᠳᠠᠭ᠂ ᠲᠠ ᠬᠡᠷᠪᠡ ᠨᠥᠭᠦᠭᠡ ᠡᠲᠡᠭᠡᠳ ᠤᠨ ᠬᠠᠩᠭᠠᠭᠰᠠᠨ ᠪᠠᠩᠬᠢ ᠶᠢᠨ ᠺᠠᠷᠲ ᠲᠤ ᠵᠤᠭᠤᠰ | ᠰᠢᠯᠵᠢᠭᠦᠯᠤᠨ ᠦᠭᠪᠡᠯ ᠡᠬᠡ ᠮᠥᠩᠭᠦ ᠶᠢ ᠴᠦ ᠪᠤᠴᠠᠭᠠᠨ ᠠᠪᠴᠤ ᠲᠡᠶᠢᠯᠬᠦ ᠥᠬᠡᠶ ᠪᠤᠯᠳᠠᠭ᠃ | 4. ᠠᠪᠤᠭᠰᠠᠨ ᠪᠠᠷᠠᠭᠠᠨ ᠤ ᠵᠤᠭᠤᠰ ᠢ ᠪᠤᠴᠠᠭᠠᠬᠤ ᠠᠷᠭ᠎ᠠ ᠪᠠᠷ ᠮᠡᠬᠡᠯᠡᠬᠦ᠃ ᠮᠡᠬᠡᠯᠡᠭᠴᠢ ᠠᠴᠠ ᠲᠠᠪᠴᠠᠩ ᠤᠨ | ᠦᠶᠯᠡᠴᠢᠯᠡᠭᠴᠢ ᠪᠠᠷ ᠣᠪᠯᠠᠨ ︽ᠲᠠᠸᠠᠷ ᠤᠨ ᠶᠠᠰᠤ ᠴᠢᠨᠠᠷ ᠠᠰᠠᠭᠤᠳᠠᠯ ᠲᠠᠢ ᠠᠴᠠ ᠪᠤᠯᠵᠦ ᠵᠣᠭᠤᠰ ᠪᠤᠴᠠᠭᠠᠬᠤ︾ | ᠂ ᠲᠦᠷᠭᠡᠨ ᠬᠦᠷᠭᠡᠯᠲᠡ ᠶᠢᠨ ᠪᠠᠷᠠᠭ᠎ᠠ ᠶᠢ ᠭᠡᠭᠡᠭᠰᠡᠨ ᠪᠤᠶᠤ ᠡᠪᠳᠡᠵᠦ ᠬᠤᠬᠢᠷᠠᠭᠰᠠᠨ ᠵᠡᠷᠭᠡ ᠰᠢᠯᠳᠠᠭ ᠬᠡᠯᠡᠵᠦ ᠬᠦᠮᠤᠰ | ᠢ ᠮᠡᠬᠡᠯᠡᠭᠴᠢ ᠶᠢᠨ ᠬᠠᠩᠭᠠᠭᠰᠠᠨ ᠮᠡᠷᠭᠡᠨ ᠴᠤᠬᠤᠷ ᠢ ᠰᠢᠷᠪᠢᠭᠦᠯᠬᠦ᠂ ᠬᠤᠯᠪᠤᠭᠠᠰᠤ ᠶᠢ ᠲᠤᠪᠴᠢᠭᠤᠯᠬᠤ᠂ ᠪᠠᠩᠬᠢ ᠶᠢᠨ | ᠺᠠᠷᠲ ᠤᠨ ᠮᠡᠳᠡᠭᠡ ᠵᠠᠩᠭᠢ ᠶᠢ ᠤᠷᠤᠭᠤᠯᠬᠤ ᠵᠡᠷᠭᠡ ᠠᠷᠭ᠎ᠠ ᠪᠠᠷ ᠮᠡᠬᠡᠯᠡᠳᠡᠭ᠃ | 5. ︽ᠨᠡᠷᠡᠳᠤ ᠬᠦᠮᠤᠨ ᠢᠶᠠᠷ ᠤᠪᠯᠠᠨ︾ ᠮᠡᠬᠡᠯᠡᠬᠦ᠃ ᠮᠡᠬᠡᠯᠡᠭᠴᠢ ᠠᠴᠠ ᠠᠮᠵᠢᠯᠲᠠ ᠣᠯᠤᠭᠰᠠᠨ ᠬᠥᠮᠦᠨ ᠢᠶᠠᠷ | ᠣᠪᠯᠠᠵᠤ᠂ ᠣᠷᠤᠭ ᠢᠨᠠᠭ ᠤᠨ ᠰᠦᠯᠵᠢᠶ᠎ᠠ᠂ ᠰᠦᠯᠵᠢᠶ᠎ᠠ ᠪᠠ ᠨᠡᠶᠢᠭᠡᠮ ᠤᠨ ᠬᠠᠷᠢᠯᠴᠠᠭᠠᠨ ᠤ ᠪᠠᠭᠠᠵᠢ ᠶᠢ ᠠᠰᠢᠭᠯᠠᠨ | ᠮᠡᠬᠡᠯᠡᠬᠦ ᠡᠲᠡᠭᠡᠳ ᠢᠶᠠᠨ ᠡᠷᠢᠵᠦ᠂ ᠳᠠᠷᠠᠭ᠎ᠠ ᠨᠢ ᠢᠨᠠᠭᠯᠠᠬᠤ ᠨᠡᠷ᠎ᠡ ᠪᠠᠷ ᠲᠡᠭᠦᠨ ᠤ ᠢᠲᠡᠭᠡᠯ ᠢ ᠣᠯᠵᠤ᠂ ᠬᠦᠮᠤᠰ ᠢ | ᠥᠳᠥᠭᠡᠨ ᠮᠥᠷᠥᠶ ᠲᠠᠯᠪᠢᠬᠤ ᠰᠦᠯᠵᠢᠶ᠎ᠠ᠂ ᠵᠣᠭᠤᠰ ᠮᠦᠷᠦᠶᠢᠴᠡᠬᠦ APP᠂ ᠬᠤᠳᠠᠯ ᠬᠠᠭᠤᠷᠮᠠᠭ ᠰᠦᠯᠵᠢᠶ᠎ᠠ ᠳᠤ | ᠪᠠᠯᠠ ᠤᠷᠤᠭᠤᠯᠬᠤ ᠠᠵᠢᠯᠯᠠᠭ᠎ᠠ ᠬᠢᠯᠭᠡᠵᠦ ᠮᠡᠭᠡᠯᠡᠳᠡᠭ᠃ | 6. ︽ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠬᠤᠷᠢᠶᠠᠨ ᠤ ᠠᠵᠢᠯᠳᠠᠨ︾ ᠢᠶᠠᠷ ᠣᠪᠯᠠᠨ ᠮᠡᠬᠡᠯᠡᠬᠦ᠃ | ᠮᠡᠬᠡᠯᠡᠭᠴᠢ ᠬᠠᠤᠯᠢ ᠪᠤᠰᠤ ᠠᠷᠭ᠎ᠠ ᠵᠠᠮ ᠢᠶᠠᠷ ᠲᠠᠨ ᠤ ᠪᠡᠶ᠎ᠡ ᠶᠢᠨ ᠬᠢᠷᠢ ᠬᠡᠮ ᠤᠨ ᠮᠡᠳᠡᠭᠡ ᠵᠠᠩᠭᠢ ᠶᠢ ᠣᠯᠵᠤ᠂ | ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ᠂ ᠰᠢᠭᠦᠬᠦ ᠬᠤᠷᠢᠶᠠᠨ ᠤ ᠠᠵᠢᠯᠲᠠᠨ ᠢᠶᠠᠷ ᠣᠪᠯᠠᠨ ᠲᠠᠨ ᠳᠤ | ᠤᠲᠠᠰᠤᠳᠠᠵᠤ᠂ ᠵᠣᠭᠤᠰ ᠤᠬᠢᠶᠠᠭᠰᠠᠨ᠂ ᠬᠤᠤᠷ ᠫᠠᠨᠽᠠᠯᠠᠭᠰᠠᠨ ᠰᠡᠵᠢᠭᠯᠡᠯᠲᠡᠶ ᠭᠡᠬᠦ ᠰᠢᠯᠳᠠᠭ ᠵᠣᠬᠢᠶᠠᠵᠤ᠂ | ᠰᠦᠷᠳᠡᠭᠦᠯᠦᠨ ᠮᠡᠬᠡᠯᠡᠳᠡᠭ᠃ | ᠭᠤᠷᠪᠠ᠂ ᠴᠠᠬᠢᠯᠭᠠᠨ ᠬᠤᠯᠪᠣᠭ᠎ᠠ ᠰᠦᠯᠵᠢᠶ᠎ᠠ ᠪᠠᠷ ᠮᠡᠬᠡᠯᠡᠬᠦ ᠳᠤ ᠤᠴᠠᠷᠠᠪᠠᠯ ᠶᠠᠭᠠᠬᠢᠪᠠᠯ ᠵᠤᠬᠢᠬᠤ ᠪᠣᠶ︖ | 1. ᠮᠡᠬᠡᠯᠡᠬᠦ ᠶᠢ ᠰᠡᠷᠭᠡᠶᠢᠯᠡᠬᠦ ᠵᠥᠪᠯᠡᠯᠭᠡ ᠠᠪᠬᠤ ᠳᠤ 96110 ᠶᠢ ᠤᠲᠠᠰᠤᠳᠠᠭᠠᠷᠠᠶ᠂ ᠴᠠᠭᠳᠠᠭ᠎ᠠ ᠳᠤ | ᠮᠡᠳᠡᠭᠦᠯᠬᠦ ᠳᠤ 110 ᠶᠢ ᠤᠲᠠᠰᠤᠳᠠᠭᠠᠷᠠᠶ᠃ | 2. ᠮᠡᠬᠡᠯᠡᠭᠴᠢ ᠶᠢᠨ ᠲᠠᠩᠰᠠᠨ ᠨᠣᠮᠧᠷ᠂ ᠲᠠᠩᠰᠠᠨ ᠨᠣᠮᠧᠷ ᠤᠨ ᠣᠪᠣᠭ ᠨᠡᠷ᠎ᠡ᠂ ᠭᠤᠪᠢᠭᠤᠯᠤᠭᠰᠠᠨ ᠭᠡᠷᠡᠴᠢ | ᠪᠠᠷᠢᠮᠲᠠ ᠵᠡᠷᠭᠡ ᠮᠡᠳᠡᠭᠡ ᠵᠠᠩᠭᠢ ᠶᠢ ᠣᠨᠣᠪᠴᠢᠲᠠᠶ ᠲᠡᠮᠳᠡᠭᠯᠡᠵᠦ ᠲᠡᠷᠡ ᠳᠠᠷᠤᠶ ᠳᠤᠨᠢ 110 ᠶᠢ ᠤᠳᠠᠰᠤᠳᠠᠵᠦ | ᠴᠠᠭᠳᠠᠭ᠎ᠠ ᠳᠤ ᠮᠡᠳᠡᠭᠦᠯᠬᠦ ᠪᠤᠶᠤ ᠣᠶᠢᠷ᠎ᠠ ᠬᠠᠪᠢ ᠶᠢᠨ ᠲᠣᠮᠢᠯᠠᠭᠰᠠᠨ ᠰᠠᠯᠪᠤᠷᠢ ᠳᠤ ᠬᠦᠷᠴᠦ ᠬᠡᠷᠡᠭ ᠮᠡᠳᠡᠭᠦᠯᠬᠦ | ᠬᠡᠷᠡᠭᠲᠡᠶ᠃ |