10 ᠰᠠᠷ᠎ᠠ ᠶᠢᠨ 10 ᠤ ᠡᠳᠦᠷ᠂ ᠭᠠᠭ᠋ᠠᠶᠢᠳᠤ ᠪᠠᠯᠭᠠᠰᠤ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠠᠶᠢᠵᠢᠷᠠᠭᠤᠯᠬᠤ ᠠᠵᠢᠯ ᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠣᠷᠣᠭᠤᠯᠬᠤ︾ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠠᠵᠢᠯᠲᠠᠳ ᠬᠠᠷᠢᠶ᠎ᠠ ᠣᠷᠣᠨ ᠤ ᠪᠠᠨ | ᠬᠤᠳᠠᠯᠳᠤᠭᠠᠴᠢᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢᠨ ᠳᠡᠩᠰᠡᠯᠡᠨ ᠬᠠᠮᠢᠶᠠᠷᠬᠤ ᠳᠦᠷᠢᠮ︾ ᠤᠨ ᠤᠬᠠᠭᠤᠯᠭ᠎ᠠ ᠶᠢᠨ ᠳᠡᠪᠲᠡᠷ᠂ ︽ᠢᠳᠡᠭᠡᠨ ᠪᠠ ᠡᠮ ᠤᠨ | ᠵᠦᠢᠯ ᠤᠨ ᠠᠮᠤᠷ ᠲᠦᠪᠰᠢᠨ ᠢ ᠬᠥᠳᠡᠭᠡ ᠲᠣᠰᠬᠤᠨ ᠳᠤ ᠣᠷᠣᠭᠤᠯᠬᠤ︾᠂ ᠨᠡᠶᠢᠭᠡᠮ ᠤᠨ ᠳᠠᠭᠠᠳᠬᠠᠯ ᠤᠨ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠭᠤᠳᠠᠰᠤ ᠵᠢᠴᠢ ᠠᠵᠢᠯ ᠣᠯᠵᠤ ᠦᠢᠯᠡᠰ ᠴᠣᠭᠴᠠᠯᠠᠬᠤ᠂ | ᠬᠥᠳᠡᠯᠮᠦᠷᠢ ᠶᠢᠨ ᠪᠠᠲᠤᠯᠠᠭ᠎ᠠ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ | ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠭᠰᠠᠨ ᠪᠥᠭᠡᠳ ᠬᠤᠯᠪᠣᠭᠳᠠᠯ ᠪᠦᠬᠦᠢ ᠠᠰᠠᠭᠤᠳᠠᠯ ᠳᠤ ᠲᠤᠬᠠᠢ ᠶᠢᠨ | ᠲᠠᠯᠠᠪᠤᠷ ᠲᠤ ᠬᠠᠷᠢᠭᠤᠯᠲᠠ ᠦᠭᠪᠡ᠃ | | | |