10 ᠰᠠᠷ᠎ᠠ ᠶᠢᠨ 12 ᠤᠨ ᠡᠳᠦᠷ᠂ ᠭᠠᠭ᠋ᠠᠶᠢᠳᠤ ᠪᠠᠯᠭᠠᠰᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ | ᠬᠢᠪᠡ᠃ ᠬᠤᠷᠠᠯ ᠠᠴᠠ᠂ ᠬᠢᠵᠢᠭ ᠢ ᠰᠡᠷᠭᠡᠶᠢᠯᠡᠨ ᠡᠵᠡᠮᠳᠡᠬᠦ ︽ᠲᠠᠪᠦ ᠨᠢᠭᠡ ᠶᠢ ᠲᠠᠭᠠᠭᠠᠴᠢᠯᠠᠬᠤ︾ ᠳᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠬᠤ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠲᠤᠰᠬᠠᠢ ᠬᠥᠮᠥᠨ | ᠲᠣᠭᠲᠠᠭᠠᠨ ᠭᠤᠣᠯᠳᠠᠯᠭ᠎ᠠ ᠲᠠᠢ ᠬᠥᠮᠥᠰ ᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠵᠦ᠂ ᠲᠤᠭ᠎ᠠ ᠪᠦᠷᠢᠳᠬᠡᠯ | ᠲᠤᠳᠤᠷᠬᠠᠢ᠂ ᠬᠠᠷᠢᠭᠤᠴᠠᠯᠭ᠎ᠠ ᠲᠣᠳᠣᠷᠬᠠᠢ᠂ ᠠᠷᠭ᠎ᠠ ᠬᠡᠮᠵᠢᠶ᠎ᠡ ᠪᠣᠳᠠᠲᠠᠢ ᠪᠠᠶᠢᠬᠤ ᠬᠡᠷᠡᠭᠲᠡᠢ᠃ ᠣᠶ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ | ᠴᠢᠩᠭᠠᠷᠠᠭᠤᠯᠵᠤ᠂ ᠨᠠᠮᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ | ᠤᠬᠠᠭᠤᠯᠭ᠎ᠠ ᠬᠥᠮᠦᠵᠢᠯ ᠢ ᠴᠢᠩᠭᠠᠷᠠᠭᠤᠯᠤᠨ᠂ ᠡᠯ᠎ᠡ ᠲᠥᠷᠥᠯ ᠤᠨ ᠭᠠᠯ ᠤᠨ ᠭᠠᠮᠰᠢᠭ ᠤᠨ ᠳᠠᠯᠳᠠ ᠬᠡᠮ ᠢ ᠡᠷᠡᠰ | ᠬᠤᠷᠢᠭᠯᠠᠬᠤ ᠬᠡᠷᠡᠭᠲᠡᠢ᠃ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ | ᠲᠠᠨᠢᠯᠲᠠ ᠪᠠᠨ ᠭᠦᠨᠵᠡᠭᠡᠶᠢᠷᠡᠭᠦᠯᠵᠦ᠂ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ | ᠠᠵᠢᠯ ᠢ ᠨᠠᠷᠢᠨ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ | ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠡᠭᠦᠳᠬᠦ ᠬᠡᠷᠡᠭᠲᠡᠢ ᠭᠡᠵᠦ | ᠴᠢᠩᠭᠠᠳᠬᠠᠪᠠ᠃ | | | |