| 10 ᠰᠠᠷ᠎ᠠ ᠶᠢᠨ 12 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠱᠣᠸ ᠶᠠᠨ ᠵᠢᠶᠦ᠋ᠨ | ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ 37 ᠳ᠋ᠤᠭᠠᠷ ᠤᠳᠠᠭ᠎ᠠ ᠶᠢᠨ | ᠪᠠᠶᠢᠩᠭᠤ ᠶᠢᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠢ ᠡᠷᠭᠢᠯᠡᠨ ᠬᠢᠵᠦ᠂ ᠰᠢ ᠶᠢᠨ ᠫᠢᠩ ᠶᠡᠷᠦᠩᠬᠡᠢ | ᠱᠦᠵᠢ ᠶᠢᠨ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠢᠨ | ᠳᠣᠯᠣᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠤᠯᠤᠰ | ᠲᠥᠷᠥ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | | | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠠᠲᠤ ᠵᠡᠷᠭᠡ | ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠦ᠋ ᠴᠢᠩ ᠬᠠᠢ᠂ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠲᠡᠷᠢᠭᠦᠯᠡᠭᠴᠢ ᠯᠢᠦ ᠶᠦᠩ ᠪᠣᠯᠣᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠯ᠎ᠡ ᠳᠡᠳ᠋ ᠡᠷᠬᠢᠯᠡᠭᠴᠢ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ | ᠳᠡᠳ᠋ ᠬᠤᠰᠢᠭᠤᠨ ᠳᠠᠷᠤᠭ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠡᠯ᠎ᠡ ᠳᠡᠳ᠋ ᠲᠡᠷᠢᠭᠦᠯᠡᠭᠴᠢ ᠵᠢᠴᠢ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠪᠠ᠃ | | | ᠱᠤᠤ ᠶᠠᠨ ᠵᠢᠶᠦ᠋ᠨ ᠵᠢᠭᠠᠪᠣᠷᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠣᠳᠣᠬᠠᠨ ᠤ ᠨᠠᠷᠢᠨ ᠪᠤᠳᠤᠯᠢᠶᠠᠨᠲᠠᠢ ᠬᠦᠨᠳᠦ ᠨᠣᠴᠢᠲᠠᠢ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠢ ᠭᠦᠢᠴᠡᠳ | ᠲᠠᠨᠢᠵᠤ᠂ ︽ᠭᠠᠳᠠᠨ᠎ᠠ ᠡᠴᠠᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠰᠡᠷᠭᠦᠬᠦ ᠶᠢ | ᠰᠡᠷᠭᠡᠶᠢᠯᠡᠬᠦ︾ ᠶᠡᠷᠦᠩᠬᠡᠢ ᠠᠷᠭ᠎ᠠ ᠪᠣᠳᠣᠯᠭ᠎ᠠ ᠪᠠ ︽ᠬᠥᠳᠡᠯᠦᠩᠭᠦᠢ ᠪᠠᠷ ᠲᠡᠭ ᠪᠣᠯᠭᠠᠬᠤ︾ ᠶᠡᠷᠦᠩᠬᠡᠢ ᠴᠢᠭᠯᠡᠯᠲᠡ ᠶᠢ | ᠭᠤᠶᠢᠪᠢᠰᠢ ᠦᠭᠡᠢ ᠪᠠᠷᠢᠮᠲᠠᠯᠠᠵᠤ᠂ ᠮᠢᠨᠴᠦᠭᠦᠷᠡᠬᠦ ᠦᠵᠡᠯ ᠰᠠᠨᠠᠭ᠎ᠠ᠂ ᠲᠠᠶᠢᠨ ᠠᠴᠠ ᠬᠠᠯᠠᠰᠢᠷᠠᠬᠤ ᠪᠤᠳᠤᠯ᠂ ᠠᠵᠠ | ᠬᠠᠷᠠᠬᠤ ᠪᠤᠳᠤᠯ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠬᠢᠵᠢᠭ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ | ᠠᠵᠢᠯ ᠢ ᠴᠢᠩᠭ᠎ᠠ ᠨᠠᠷᠢᠨ ᠪᠣᠳᠠᠲᠠᠢ ᠠᠳᠬᠤᠬᠤ ᠬᠡᠷᠡᠭᠲᠡᠢ ᠭᠡᠪᠡ᠃ | ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠳᠠᠯᠳᠣᠭᠠᠴᠢᠨ | ᠤᠷᠢᠵᠤ ᠪᠡᠯᠡ ᠲᠠᠲᠠᠬᠤ ᠡᠷᠴᠢᠮ ᠢᠶᠠᠨ ᠴᠢᠩᠭᠠᠷᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠦᠷᠭᠦᠯᠵᠢᠯᠡᠨ ᠰᠢᠯᠢᠳᠡᠭᠵᠢᠭᠦᠯᠵᠦ᠂ ᠠᠵᠢᠯ ᠤᠨ ᠰᠤᠷᠲᠠᠯ ᠢᠶᠠᠨ ᠢᠳᠡᠪᠬᠢᠲᠡᠢ ᠬᠤᠪᠢᠷᠠᠭᠤᠯᠵᠤ᠂ ᠦᠢᠯᠡᠴᠢᠯᠡᠭᠡᠨ ᠤ | ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠬᠠᠷᠰᠢ | ᠰᠠᠭᠠᠳ ᠢ ᠠᠷᠢᠯᠭᠠᠵᠤ ᠥᠭᠬᠦ ᠬᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ︽ᠨᠢᠭᠡ ᠬᠥᠯᠭᠡ ᠰᠢᠲᠠᠷ᠎ᠠ︾ ᠶᠢᠨ | ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠡᠯ᠎ᠡ ᠱᠠᠲᠤᠨ ᠤ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ | ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠂ ᠪᠥᠬᠦ ᠬᠤᠰᠢᠭᠤᠨ ᠤ | ᠠᠷᠪᠠᠨ ᠶᠡᠭᠡ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠨᠢᠭᠡ ᠪᠦᠯᠦᠭ ᠰᠠᠶᠢᠨ ᠲᠥᠷᠥᠯ ᠵᠦᠢᠯ ᠢ | ᠲᠥᠯᠥᠪᠵᠢᠭᠦᠯᠵᠦ᠂ ᠭᠤᠶᠣᠴᠢᠯᠠᠨ ᠣᠯᠵᠤ᠂ ᠣᠷᠣᠭᠤᠯᠤᠨ ᠠᠪᠴᠢᠷᠠᠵᠤ ᠪᠣᠳᠠᠲᠠᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠬᠡᠷᠡᠭᠲᠡᠢ᠃ ᠴᠠᠭ ᠬᠤᠭᠤᠴᠠᠭ᠎ᠠ ᠵᠠᠩᠭᠢᠯᠠᠭ᠎ᠠ ᠶᠢᠨ ᠴᠡᠭ ᠢ ᠠᠩᠬᠠᠷᠴᠤ᠂ ᠲᠥᠷᠥᠯ ᠵᠦᠢᠯ ᠢ | ᠲᠦᠷᠭᠡᠨ ᠨᠠᠶᠢᠳᠠᠪᠤᠷᠢᠵᠢᠭᠤᠯᠬᠤ᠂ ᠲᠦᠷᠭᠡᠨ ᠠᠵᠢᠯ ᠡᠬᠢᠯᠡᠭᠦᠯᠬᠦ᠂ ᠲᠦᠷᠭᠡᠨ ᠪᠦᠲᠦᠭᠡᠨ ᠪᠠᠶᠢᠭᠤᠯᠬᠤ᠂ ᠲᠦᠷᠭᠡᠨ | ᠠᠰᠢᠭᠯᠠᠯᠲᠠ ᠳᠤ ᠣᠷᠣᠭᠤᠯᠬᠤ᠂ ᠲᠦᠷᠭᠡᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ᠴᠢᠨᠠᠷ ᠰᠠᠶᠢᠲᠠᠢ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠪᠠᠷ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ᠃ ᠠᠵᠠ ᠲᠣᠬᠢᠶᠠᠯ ᠢ ᠠᠮᠵᠢᠵᠤ᠂ ᠲᠦᠷᠦᠯ ᠵᠦᠢᠯ ᠲᠣᠭᠲᠠᠭᠠᠬᠤ ᠳᠤ ᠪᠡᠯᠡ ᠮᠥᠩᠭᠦ ᠭᠤᠶᠣᠴᠢᠯᠠᠨ | ᠣᠯᠬᠤ ᠤᠬᠠᠮᠰᠠᠷ ᠢᠶᠠᠨ ᠴᠢᠩᠭᠠᠳᠬᠠᠵᠤ᠂ ᠰᠠᠨᠠᠭᠠᠴᠢᠯᠠᠭ᠎ᠠ ᠲᠠᠢ ᠪᠠᠷ ᠳᠠᠭᠠᠷᠢᠯᠲᠠ ᠬᠢᠵᠦ᠂ ᠠᠷᠭ᠎ᠠ ᠪᠦᠬᠦᠨ ᠢ | ᠰᠦᠪᠡᠭᠴᠢᠯᠡᠨ ᠲᠦᠷᠦᠯ ᠵᠦᠢᠯ ᠤᠨ ᠪᠡᠯᠡ ᠮᠥᠩᠭᠦ ᠣᠯᠵᠤ᠂ ᠲᠦᠷᠦᠯ ᠵᠦᠢᠯ ᠤᠨ ᠬᠥᠮᠥᠷᠭᠡ ᠶᠢ ᠰᠠᠶᠢᠲᠤᠷ | ᠪᠠᠶᠢᠭᠤᠯᠵᠤ᠂ ᠬᠠᠨᠳᠤᠯᠭᠠᠲᠤ ᠴᠢᠨᠠᠷᠲᠠᠢ ᠪᠠᠷ ᠲᠦᠷᠦᠯ ᠵᠦᠢᠯ ᠲᠣᠭᠲᠠᠭᠠᠬᠤ᠂ ᠪᠡᠯᠡ ᠮᠥᠩᠭᠦ ᠣᠯᠬᠤ ᠶᠢ ᠠᠳᠬᠤᠬᠤ᠂ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠵᠣᠷᠢᠭᠲᠠᠢ ᠪᠠᠷ ᠲᠦᠯᠬᠢᠬᠡᠨ ᠤ ᠲᠦᠷᠦᠭᠦᠦ ᠳᠤ ᠵᠣᠭᠰᠣᠬᠤ ᠰᠥᠰᠥ | ᠵᠣᠷᠢᠭ᠂ ᠥᠷᠯᠥᠭᠡ ᠦᠳᠡᠰᠢ ᠶᠢ ᠲᠡᠮᠡᠴᠡᠬᠦ ᠡᠷᠴᠢ ᠵᠣᠷᠢᠭ᠂ ᠦᠨᠡᠨᠬᠦ ᠠᠳᠬᠤᠵᠤ ᠪᠣᠳᠠᠲᠠᠢ ᠠᠵᠢᠯᠯᠠᠬᠤ | ᠰᠤᠷᠲᠠᠯ ᠢᠶᠠᠷ ᠡᠯ᠎ᠡ ᠵᠦᠢᠯ ᠤᠨ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃ | | | ᠱᠣᠣ ᠶᠠᠨ ᠵᠢᠶᠦ᠋ᠨ ᠱᠠᠭᠠᠷᠳᠠᠭᠰᠠᠨ ᠨᠢ᠂ ︽ᠲᠠᠪᠤ ᠶᠢ ᠦᠨᠳᠦᠰᠦᠨ ᠠᠴᠠ ᠨᠢ ᠡᠬᠢᠯᠡᠬᠦ ᠠᠵᠢᠯ︾ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠥᠪᠡᠷᠲᠡᠭᠡᠨ ᠵᠠᠰᠠᠬᠤ | ᠣᠷᠣᠨ ᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠠᠰᠠᠭᠤᠳᠠᠯ ᠢ ᠲᠣᠳᠣᠷᠬᠠᠢ | ᠪᠥᠭᠡᠳ ᠣᠨᠣᠪᠴᠢᠲᠠᠶ ᠡᠷᠢᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠬᠡᠵᠦ᠂ ᠦᠨᠡᠨ ᠪᠣᠳᠠᠲᠠᠢ ᠠᠵᠢᠯ ᠤᠨ ᠦᠷ᠎ᠡ | ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃ ᠵᠥᠷᠢᠴᠡᠯ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ | ᠰᠢᠢᠳᠪᠦᠷᠢᠯᠡᠬᠦ ᠪᠠ ᠠᠷᠢᠯᠭᠠᠬᠤ ᠠᠵᠢᠯ ᠢ ᠭᠦᠨᠵᠡᠭᠡᠢ ᠥᠷᠨᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ | ᠬᠡᠷᠡᠭ ᠢ ᠢᠳᠡᠪᠬᠢᠲᠡᠢ ᠪᠦᠲᠦᠮᠵᠢᠲᠡᠢ ᠠᠷᠢᠯᠭᠠᠵᠤ᠂ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠯᠠᠨ ᠲᠦᠮᠡᠨ ᠤ ᠨᠡᠶᠢᠭᠡᠮ ᠤᠨ ᠠᠮᠤᠷ ᠲᠦᠪᠰᠢᠨ ᠤ ᠰᠡᠳᠬᠢᠯᠭᠡ | ᠪᠠ ᠠᠮᠤᠷ ᠲᠦᠪᠰᠢᠨ ᠤ ᠬᠠᠨᠤᠮᠵᠢ ᠶᠢᠨ ᠨᠤᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠶᠡᠭᠡ | ᠲᠠᠯ᠎ᠠ ᠶᠢᠨ ᠦᠷᠭᠦᠯᠵᠢᠯᠡᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃ | ᠬᠤᠷᠠᠯ ᠠᠴᠠ ᠪᠠᠰᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠥᠪᠥᠷ | ᠮᠣᠩᠭᠤᠯ ᠤᠨ ᠠᠵᠢᠯᠯᠠᠬᠤ ᠳᠤᠭᠤᠶᠢᠯᠠᠩ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠤᠨ | ᠬᠤᠳᠠᠯᠳᠤᠭᠠᠴᠢᠳ ᠤᠨ ᠡᠪᠯᠡᠯ ᠤᠨ ᠵᠣᠷᠢᠭ ᠰᠠᠨᠠᠭ᠎ᠠ ᠶᠢ ᠣᠯᠠᠯᠵᠢᠯᠠᠯᠪᠠ᠃ ︽ᠵᠠᠷᠤᠳ ᠬᠤᠰᠢᠭᠤᠨ ᠤ ᠨᠠᠮ ᠤᠨ | ᠬᠤᠷᠢᠶ᠎ᠠ᠂ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠦᠨᠳᠦᠰᠦᠨ ᠱᠠᠲᠤᠨ ᠤ ᠵᠠᠰᠠᠯᠲᠠ ᠶᠢᠨ | ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ | ᠲᠤᠬᠠᠢ ᠰᠠᠨᠠᠯ︾ ᠢ ᠬᠢᠨᠠᠨ ᠵᠥᠪᠯᠡᠪᠡ᠃ | | | | | |