ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠣ ᠶᠠᠨ ᠵᠢᠶᠦ᠋ᠨ ᠪᠠᠶᠢᠴᠠᠭᠠᠬᠤ ᠪᠦᠯᠬᠦᠮ ᠳᠠᠭᠠᠭᠤᠯᠤᠨ ᠯᠦᠪᠸᠢ ᠠᠵᠤ ᠦᠢᠯᠡᠰ ᠤᠨ ᠲᠤᠭᠤᠷᠢᠭ ᠲᠤ ᠭᠦᠨᠵᠡᠭᠡᠶᠢᠷᠡᠨ ᠠᠷᠠᠯᠵᠢᠶᠠᠴᠢᠨ ᠤᠷᠢᠵᠤ ᠪᠡᠯᠡ ᠲᠠᠳᠠᠭᠰᠠᠨ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/10/17
      10 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠣ ᠶᠠᠨ ᠵᠢᠶᠦ᠋ᠨ ᠪᠠᠶᠢᠴᠠᠭᠠᠬᠤ ᠪᠦᠯᠬᠦᠮ ᠳᠠᠭᠠᠭᠤᠯᠤᠨ ᠯᠦᠪᠸᠢ ᠠᠵᠤ ᠦᠢᠯᠡᠰ ᠤᠨ ᠲᠤᠭᠤᠷᠢᠭ ᠲᠤ ᠭᠦᠨᠵᠡᠭᠡᠶᠢᠷᠡᠨ ᠠᠷᠠᠯᠵᠢᠶᠠᠴᠢᠨ ᠤᠷᠢᠵᠤ ᠪᠡᠯᠡ ᠲᠠᠳᠠᠭᠰᠠᠨ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠪᠡ᠂ ᠵᠠᠷᠤᠳ ᠬᠤᠰᠢᠭᠤᠨ ᠤ ᠸᠧᠨ ᠡᠾᠦ᠋ᠢ ᠮᠢᠬᠠᠨ ᠤ ᠦᠢᠯᠡᠰ ᠤᠨ ᠬᠢᠵᠠᠭᠠᠷᠲᠤ ᠺᠣᠮᠫᠠᠨᠢ᠂ ᠶᠤᠸᠠᠨ ᠹᠧᠩ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ᠴᠧᠩ ᠷᠦᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠵᠢᠴᠢ ᠥᠪᠥᠷ ᠮᠣᠩᠭᠤᠯ ᠤᠨ ᠺᠠᠩ ᠨᠠᠢ ᠡᠯ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠪᠠᠷ ᠰᠤᠷᠪᠤᠯᠵᠢᠯᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠵᠢᠴᠢ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠯᠤᠭ᠎ᠠ ᠣᠷᠣᠰᠢᠵᠤ ᠪᠠᠶᠢᠬᠤ ᠬᠦᠴᠢᠷᠳᠡᠯ᠂ ᠬᠡᠷᠬᠢᠨ ᠬᠥᠭᠵᠢᠭᠦᠯᠬᠦ ᠵᠡᠷᠭᠡ ᠲᠠᠯ᠎ᠠ ᠪᠠᠷ ᠭᠦᠨᠵᠡᠭᠡᠢ ᠤᠶᠢᠯᠠᠭᠠᠯᠴᠠᠪᠠ᠃ ᠥᠪᠥᠷ ᠮᠣᠩᠭᠤᠯ ᠤᠨ ᠺᠠᠩ ᠨᠠᠢ ᠡᠯ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠲᠠᠢ ᠲᠦᠷᠦᠯ ᠵᠦᠢᠯ ᠢ ᠠᠬᠢᠭᠤᠯᠬᠤ ᠬᠤᠷᠠᠯ ᠬᠢᠵᠦ᠂ ᠺᠠᠩ ᠨᠠᠢ ᠡᠯ ᠤᠨ ᠲᠦᠷᠦᠯ ᠵᠦᠢᠯ ᠢ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠲᠦᠷᠭᠡᠨ ᠠᠬᠢᠭᠤᠯᠬᠤ ᠲᠠᠯ᠎ᠠ ᠪᠠᠷ ᠨᠠᠷᠢᠨ ᠨᠢᠭᠲᠠ ᠪᠠᠶᠢᠷᠢᠯᠠᠭᠤᠯᠪᠠ᠃ ᠳᠡᠳ᠋ ᠬᠤᠰᠢᠭᠤᠨ ᠳᠠᠷᠤᠭ᠎ᠠ ᠯᠢ ᠶᠦᠩ ᠬᠠᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃     
微信图片_20221017101911.jpg 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号