ᠵᠠᠷᠤᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠦᠭᠦ ᠬᠤᠰᠢᠭᠤᠨ ᠤ ︽ᠬᠤᠶᠠᠷ ᠢ ᠬᠦᠩᠭᠡᠷᠡᠭᠦᠯᠬᠦ︾ ᠠᠵᠢᠯ ᠤᠨ ᠲᠣᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/10/18
    ᠪᠥᠬᠦ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠣᠷᠣᠭᠴᠢ ᠶᠢᠨ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠶᠢᠨ ᠲᠥᠯᠥᠭᠡ᠂ 10 ᠰᠠᠷ᠎ᠠ ᠶᠢᠨ 10  ᠠᠴᠠ 17 ᠤ ᠡᠳᠦᠷ ᠪᠣᠯᠲᠠᠯ᠎ᠠ᠂ ᠵᠠᠷᠤᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠴᠦᠨ ᠬᠤᠶ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠦᠯᠦᠭ ᠲᠥᠯᠥᠭᠡᠯᠡᠭᠴᠢ ᠪᠠᠷ ᠪᠦᠷᠢᠯᠳᠦᠭᠰᠡᠨ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ᠂ ᠪᠥᠬᠦ ᠬᠤᠰᠢᠭᠤᠨ ᠤ ︽ᠬᠤᠶᠠᠷ ᠢ ᠬᠥᠩᠭᠡᠷᠡᠭᠦᠯᠬᠦ︾ ᠠᠵᠢᠯ ᠤᠨ ᠲᠣᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃ 
35a397df91f52af478d43930e7cfd73.jpg
    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠤᠩᠬᠠᠲᠤ ᠠᠭᠤᠯᠠ ᠳᠣᠮᠳᠠᠲᠤ ᠰᠤᠷᠭᠠᠭᠤᠯᠢ᠂ ᠬᠤᠩᠬᠠᠲᠤ ᠠᠭᠤᠯᠠ ᠭᠤᠣᠯ ᠰᠤᠷᠭᠠᠭᠤᠯᠢ᠂ ᠪᠠᠶᠠᠨᠲᠠᠯ᠎ᠠ ᠰᠤᠷᠭᠠᠭᠤᠯᠢ᠂ ᠵᠠᠷᠤᠳ ᠳᠥᠷᠪᠡᠳᠦᠭᠡᠷ ᠳᠤᠮᠳᠠᠳᠤ ᠰᠤᠷᠭᠠᠭᠤᠯᠢ᠂ ᠯᠦᠪᠸᠢ ᠭᠤᠷᠪᠠᠳᠤᠭᠠᠷ ᠪᠠᠭ᠎ᠠ ᠰᠤᠷᠭᠠᠭᠤᠯᠢ᠂ ᠯᠦᠪᠸᠢ ᠬᠤᠶᠠᠳᠤᠭᠠᠷ ᠪᠠᠭ᠎ᠠ ᠰᠤᠷᠭᠠᠭᠤᠯᠢ ᠵᠡᠷᠭᠡ ᠭᠠᠵᠠᠷ ᠤᠳ ᠢᠶᠠᠷ ᠣᠴᠢᠪᠠ᠃ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠪᠢᠴᠢᠭ ᠮᠠᠲ᠋ᠧᠷᠢᠶᠠᠯ ᠪᠠᠶᠢᠴᠠᠭᠠᠨ ᠦᠵᠡᠬᠦ ᠪᠠ ᠰᠠᠭᠤᠳᠠᠯ ᠤᠨ ᠬᠤᠷᠠᠯ ᠬᠢᠬᠦ ᠵᠡᠷᠭᠡ ᠬᠡᠯᠪᠡᠷᠢ ᠪᠠᠷ ᠳᠠᠮᠵᠢᠨ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠣᠷᠴᠢᠨ ᠲᠣᠭᠤᠷᠢᠨ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ᠂ ᠰᠣᠷᠣᠭᠴᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡ᠂ ᠰᠣᠷᠣᠭᠴᠢ ᠶᠢᠨ ᠳᠠᠰᠬᠠᠯ ᠤᠨ ᠬᠠᠮᠢᠶᠠᠷᠤᠯᠲᠠ᠂ ᠵᠢᠭᠠᠨ ᠰᠤᠷᠭᠠᠯᠲᠠ ᠶᠢᠨ ᠡᠩᠨᠡᠭᠡ ᠶᠢᠨ ᠪᠠᠶᠢᠭᠤᠯᠤᠯᠲᠠ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠠᠴᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ︽ᠬᠤᠶᠠᠷ ᠢ ᠬᠦᠩᠭᠡᠷᠡᠭᠦᠩᠬᠦ︾ ᠲᠥᠷᠥ ᠶᠢᠨ ᠪᠣᠳᠣᠯᠭ᠎ᠠ ᠶᠢ ᠲᠦᠯᠬᠢᠨ ᠠᠬᠢᠭᠤᠯᠵᠤ ᠪᠠᠶᠢᠭ᠎ᠠ ᠪᠠᠶᠢᠳᠠᠯ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤᠮᠳᠠᠬᠢ ᠠᠵᠢᠯ ᠤᠨ ᠠᠷᠭ᠎ᠠ ᠬᠡᠮᠵᠢᠶ᠎ᠡ ᠵᠢᠴᠢ ᠭᠤᠣᠯ ᠦᠷ᠎ᠡ ᠪᠦᠲᠦᠮᠵᠢ ᠶᠢ ᠪᠥᠬᠦ ᠲᠠᠯ᠎ᠠ ᠪᠠᠷ ᠣᠶᠢᠯᠠᠭᠠᠭᠰᠠᠨ ᠪᠥᠭᠡᠳ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠳᠤ ᠰᠠᠨᠠᠯ ᠰᠠᠨᠠᠭᠤᠯᠭ᠎ᠠ ᠳᠣᠷᠠᠳᠪᠠ᠃
96ecabc42fa40db6de5c31cfc15eae1.jpg
    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ︽ᠬᠤᠶᠠᠷ ᠢ ᠬᠦᠩᠭᠡᠷᠡᠭᠦᠯᠬᠦ︾ ᠠᠵᠢᠯ ᠤᠨ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠨᠠᠶᠢᠳᠠᠪᠤᠷᠢᠵᠢᠭᠤᠯᠤᠨ᠂ ᠲᠥᠷᠥ ᠶᠢᠨ ᠪᠣᠳᠣᠯᠭ᠎ᠠ ᠶᠢ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠣᠨ ᠤ ︽ᠬᠤᠶᠠᠷ ᠢ ᠬᠦᠩᠭᠡᠷᠡᠭᠦᠯᠬᠦ︾ ᠠᠵᠢᠯ ᠤᠨ ᠴᠢᠬᠤᠯᠠ ᠴᠢᠨᠠᠷ ᠪᠠ ᠱᠠᠭᠠᠷᠳᠠᠯᠭᠠᠲᠤ ᠴᠢᠨᠠᠷ ᠢ ᠤᠯᠠᠮ ᠨᠢᠭᠡ ᠠᠯᠬᠤᠮ ᠲᠠᠨᠢᠵᠤ᠂ ᠵᠥᠪ ᠲᠠᠯ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ︽ᠬᠤᠶᠠᠷ ᠢ ᠬᠦᠩᠭᠡᠷᠡᠭᠦᠯᠬᠦ︾ ᠠᠵᠢᠯ ᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠭᠡᠷ ᠤᠨ ᠠᠬᠠᠮᠠᠳ᠂ ᠰᠤᠷᠭᠠᠭᠤᠯᠢ ᠵᠢᠴᠢ ᠨᠡᠶᠢᠭᠡᠮ ᠤᠨ ᠡᠯ᠎ᠡ ᠡᠲᠡᠭᠡᠳ ᠤᠨ ᠣᠶᠢᠯᠠᠭᠠᠯᠲᠠ ᠪᠠ ᠳᠡᠮᠵᠢᠯᠭᠡ ᠶᠢ ᠣᠯᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ︽ᠬᠤᠶᠠᠷ ᠢ ᠬᠦᠩᠭᠡᠷᠡᠭᠦᠯᠬᠦ︾ ᠠᠵᠢᠯ ᠤᠨ ᠨᠡᠶᠢᠯᠡᠮᠡᠯ ᠬᠦᠴᠦᠨ ᠢ ᠪᠦᠷᠢᠳᠦᠭᠦᠯᠬᠦ ᠬᠡᠷᠡᠭᠲᠡᠢ᠃ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠵᠢᠭᠠᠨ ᠰᠤᠷᠭᠠᠯᠲᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠪᠠ ᠬᠥᠮᠥᠨ ᠬᠥᠮᠥᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠪᠠᠭᠰᠢ ᠶᠢᠨ ᠬᠥᠭᠵᠢᠯᠲᠡ ᠶᠢ ᠴᠠᠭ ᠢᠮᠠᠭᠲᠠ ᠠᠩᠬᠠᠷᠴᠤ᠂ ᠪᠠᠭᠰᠢ ᠶᠢᠨ ᠠᠵᠢᠯ ᠤᠨ ᠵᠣᠯ ᠵᠢᠷᠭᠠᠯᠲᠤ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠬᠦ ᠶᠢ ᠠᠬᠢᠭᠤᠯᠬᠤ ᠬᠡᠷᠡᠭᠲᠡᠢ᠃ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠳᠠᠰᠬᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠤᠷᠤᠭᠴᠢᠳ ᠤᠨ ᠤᠯᠠᠨ ᠶᠠᠩᠵᠤ ᠶᠢᠨ ᠬᠡᠷᠡᠭᠴᠡᠭᠡ ᠶᠢ ᠬᠠᠩᠭᠠᠬᠤ ᠬᠡᠷᠡᠭᠲᠡᠢ᠃ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠢᠷᠤᠮᠵᠢᠭᠤᠯᠵᠤ᠂ ᠴᠢᠩᠭ᠎ᠠ ᠵᠠᠰᠠᠬᠤ ᠶᠢ ᠪᠠᠷᠢᠮᠲᠠᠯᠠᠨ᠂ ᠬᠠᠤᠯᠢ ᠲᠣᠭᠲᠠᠭᠠᠯ  ᠠᠴᠠ ᠵᠥᠷᠢᠴᠡᠨ ᠰᠤᠷᠭᠠᠭᠤᠯᠢ ᠡᠷᠭᠢᠯᠡᠬᠦ ᠦᠶᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠵᠦ᠂ ᠵᠢᠷᠣᠮᠵᠢᠭᠤᠯᠬᠤ ᠳᠤ ᠬᠥᠭᠵᠢᠯᠲᠡ ᠶᠢ ᠠᠬᠢᠭᠤᠯᠤᠨ᠂ ᠳᠡᠭᠡᠭᠰᠢᠯᠡᠯᠲᠡ ᠶᠢ ᠠᠬᠢᠭᠤᠯᠵᠤ᠂ ᠰᠤᠷᠤᠭᠴᠢᠳ ᠤᠨ ᠪᠥᠬᠦ ᠲᠠᠯ᠎ᠠ ᠪᠠᠷ ᠦᠰᠦᠨ ᠪᠣᠶᠢᠵᠢᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠮᠬᠢᠯᠡᠵᠦ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ᠂ ᠠᠷᠭ᠎ᠠ ᠰᠦᠪᠡᠭᠴᠢᠯᠡᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠡᠷᠬᠡ ᠠᠰᠠᠭᠤᠳᠠᠯ ᠢ ᠰᠢᠢᠳᠪᠦᠷᠢᠯᠡᠨ᠂ ᠳᠣᠲᠠᠭᠳᠠᠯ ᠢᠶᠠᠨ ᠨᠥᠬᠦᠪᠦᠷᠢᠯᠡᠵᠦ᠂ ᠰᠤᠷᠭᠠᠭᠤᠯᠢ ᠶᠢᠨ ᠰᠠᠭᠤᠷᠢ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠤᠨ᠂ ᠵᠢᠭᠠᠨ ᠰᠤᠳᠤᠯᠬᠤ ᠵᠢᠯᠣᠭᠤᠳᠤᠯᠭ᠎ᠠ ᠪᠠᠨ ᠴᠢᠩᠭᠠᠳᠬᠠᠵᠤ᠂ ᠬᠠᠮᠢᠶ᠎ᠠ ᠪᠦᠬᠦᠢ ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ︽ᠬᠤᠶᠠᠷ ᠢ ᠬᠦᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号