ᠵᠠᠷᠤᠳ ᠬᠤᠰᠢᠭᠤ ᠳᠡᠯᠡᠬᠡᠢ ᠶᠢᠨ ᠠᠮᠤ ᠪᠤᠳᠠᠭᠠᠨ ᠤ ᠡᠳᠦᠷ ᠪᠠ ᠪᠥᠬᠦ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/10/18
      ᠡᠨᠡ ᠵᠢᠯ ᠤᠨ 10 ᠰᠠᠷ᠎ᠠ ᠶᠢᠨ 16  ᠤ ᠡᠳᠦᠷ ᠪᠣᠯ 42 ᠳ᠋ᠤᠭᠠᠷ ᠳᠡᠯᠡᠬᠡᠢ ᠶᠢᠨ ᠠᠮᠤ ᠪᠤᠳᠠᠭᠠᠨ ᠤ ᠡᠳᠦᠷ ᠪᠣᠯᠣᠨ᠎ᠠ᠂ 10 ᠰᠠᠷ᠎ᠠ ᠶᠢᠨ 10 ᠠᠴᠠ 16  ᠤ ᠡᠳᠦᠷ ᠪᠣᠯ ᠪᠦᠬᠦ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠪᠣᠯᠣᠨ᠎ᠠ᠃ ᠪᠥᠬᠦ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ︽ᠠᠮᠤ ᠪᠤᠳᠠᠭᠠᠨ ᠤ ᠬᠠᠩᠭᠠᠯᠭ᠎ᠠ ᠶᠢ ᠪᠠᠲᠤᠯᠠᠵᠤ ᠳᠤᠮᠳᠠᠳᠤ ᠤᠯᠤᠰ ᠤᠨ ᠪᠤᠳᠠᠭᠠᠨ ᠠᠶᠠᠭ᠎ᠠ ᠶᠢ ᠪᠠᠬᠢᠵᠢᠭᠦᠯᠦᠶ᠎ᠡ︾ ᠭᠡᠬᠦ ᠭᠤᠣᠯ ᠰᠡᠳᠦᠪ ᠤᠨ ᠲᠣᠭᠤᠷᠢᠨ ᠳᠤ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨᠠᠬᠢ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠰᠦᠯᠵᠢᠶᠡᠨ ᠭᠠᠳᠠᠨ᠎ᠠ ᠶᠢᠨ ᠠᠵᠢᠯᠯᠠᠭ᠎ᠠ ᠶᠢᠨ ᠠᠬᠤᠢ ᠲᠠᠯᠠᠪᠠᠢ ᠳᠤ᠂ ᠠᠵᠢᠯᠲᠠᠳ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠪᠠᠷ ᠳᠠᠮᠵᠢᠭᠤᠯᠵᠤ᠂ ᠰᠠᠭᠤᠭᠠᠯᠢ ᠠᠷᠠᠳ ᠲᠤ ᠠᠮᠤ ᠪᠤᠳᠠᠭᠠᠨ ᠤ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠵᠤ᠂ ᠥᠷᠭᠡᠨ ᠤᠯᠠᠨ ᠰᠠᠭᠤᠭᠠᠯᠢ ᠠᠷᠠᠳ ᠢ ᠤᠷᠢᠶᠠᠯᠠᠨ ᠠᠮᠤ ᠪᠤᠳᠠᠭᠠᠨ ᠤ ᠠᠮᠤᠷ ᠲᠦᠪᠰᠢᠨ ᠢ ᠠᠩᠬᠠᠷᠴᠤ᠂ ᠠᠮᠤ ᠪᠤᠳᠠᠭ᠎ᠠ ᠶᠢ ᠬᠠᠶᠢᠷᠠᠯᠠᠵᠤ ᠠᠮᠤ ᠪᠤᠳᠠᠭ᠎ᠠ ᠶᠢ ᠠᠷᠪᠢᠯᠠᠬᠤ ᠤᠬᠠᠮᠰᠠᠷ ᠢ ᠪᠤᠢ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠢᠳᠡᠭᠡᠨ ᠤᠮᠳᠠᠭᠠᠨ ᠢᠶᠠᠨ ᠲᠤᠬᠢᠷᠠᠭᠤᠯᠵᠦ᠂ ᠵᠦᠢ ᠵᠣᠬᠢᠰᠲᠠᠢ ᠢᠳᠡᠵᠦ ᠤᠤᠭᠤᠬᠤ ᠶᠢ ᠰᠠᠨᠠᠭᠠᠴᠢᠯᠠᠵᠤ᠂ ︽ᠫᠢᠯᠠ ᠬᠤᠭᠤᠰᠤᠨ ᠪᠤᠯᠭᠠᠬᠤ︾ ᠠᠵᠢᠯᠯᠠᠭ᠎ᠠ ᠶᠢ ᠢᠳᠡᠪᠬᠢᠲᠡᠢ ᠦᠢᠯᠡᠳᠦᠯᠭᠡᠵᠢᠭᠦᠯᠵᠦ᠂ ︽ᠢᠳᠡᠭᠡᠨ ᠤᠮᠳᠠᠭᠠᠨ ᠤ ᠲᠠᠯ᠎ᠠ ᠪᠠᠷ ᠬᠢ ᠪᠦᠷᠢᠯᠭᠡᠬᠦ︾ ᠶᠢ ᠬᠤᠷᠢᠭᠯᠠᠬᠤ ᠬᠡᠷᠡᠭᠲᠡᠢ ᠭᠡᠪᠡ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 600 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ ᠤ ᠠᠰᠠᠭᠤᠨ ᠯᠠᠪᠯᠠᠬᠤ ᠶᠢ 30 ᠭᠠᠷᠤᠢ ᠤᠳᠠᠭ᠎ᠠ ᠭᠥᠯᠢᠶᠡᠨ ᠠᠪᠤᠪᠠ᠃      
微信图片_20221018104209.jpg  
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号