ᠵᠠᠷᠤᠳ ᠬᠤᠰᠢᠭᠤᠨ ᠤ ᠡᠮᠡᠭᠲᠡᠶᠢᠴᠦᠳ ᠤᠨ  ᠬᠦᠭᠵᠢᠭᠦᠯᠦᠯᠲᠡ ᠶᠢᠨ ᠲᠥᠯᠦᠪᠵᠢᠭᠦᠯᠭᠡ ︵2021- 2030 ᠣᠨ︶ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/10/18
       ᠡᠮᠡᠭᠲᠡᠶᠢᠴᠦᠳ ᠪᠣᠯ ᠬᠥᠮᠥᠨ ᠲᠥᠷᠥᠯᠬᠢᠲᠡᠨ ᠤ ᠪᠣᠯᠪᠠᠰᠤᠨ ᠤ ᠡᠭᠦᠳᠦᠨ ᠨᠡᠭᠡᠭᠡᠭᠴᠢ᠂ ᠨᠡᠶᠢᠭᠡᠮ ᠤᠨ ᠲᠠᠪᠰᠢᠯᠳᠠ ᠶᠢᠨ ᠠᠬᠢᠭᠤᠯᠤᠭᠴᠢ ᠮᠥᠨ᠂ ᠮᠠᠨ ᠤ ᠤᠯᠤᠰ ᠤᠨ ︽ᠬᠤᠣᠰ ᠵᠠᠭᠤᠨ ᠵᠢᠯ︾ ᠤᠨ  ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ ᠴᠢᠬᠤᠯᠠ ᠬᠦᠴᠦᠨ ᠮᠥᠨ᠃ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ ᠪᠦᠬᠦ ᠲᠠᠯ᠎ᠠ ᠶᠢᠨ ᠬᠦᠭᠵᠢᠭᠦᠯᠦᠯᠲᠡ ᠶᠢᠨ ᠬᠡᠮᠵᠢᠶ᠎ᠡ ᠪᠣᠯ ᠨᠡᠶᠢᠭᠡᠮ ᠤᠨ ᠪᠣᠯᠪᠠᠰᠤᠨ ᠤ ᠲᠡᠪᠰᠢᠯᠳᠠ ᠶᠢ ᠬᠡᠮᠵᠢᠬᠦ ᠴᠢᠬᠤᠯᠠ ᠪᠡᠯᠭᠡ ᠲᠡᠮᠳᠡᠭ ᠮᠥᠨ᠃    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠦᠴᠥᠷᠭᠡᠭᠯᠡᠯ ᠢ ᠡᠰᠡᠷᠭᠦᠴᠡᠬᠦ ᠬᠠᠤᠯᠢ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠦᠯᠢ ᠶᠢᠨ ᠬᠦᠴᠦᠷᠭᠡᠭᠯᠡᠯ ᠢ ᠡᠰᠡᠷᠭᠦᠴᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠲᠣᠭᠲᠠᠭᠠᠯ ᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠦᠭᠵᠢᠭᠦᠯᠦᠯᠲᠡ ᠶᠢᠨ ᠬᠥᠲᠥᠯᠪᠦᠷᠢ ︵2021 ︱ 2030 ᠣᠨ︶︾ ︽ᠲᠦᠩᠯᠢᠶᠣᠣ ᠬᠤᠲᠠ ᠶᠢᠨ ᠡᠮᠡᠭᠲᠡᠶᠢᠴᠦᠳ ᠤᠨ ᠬᠦᠭᠵᠢᠭᠦᠯᠦᠯᠲᠡ ᠶᠢᠨ ᠲᠥᠯᠦᠪᠵᠢᠭᠦᠯᠭᠡ ︵2021 ︱ 2030 ᠣᠨ︶︾ ᠪᠠ ︽ᠵᠠᠷᠤᠳ ᠬᠤᠰᠢᠭᠤᠨ ᠤ ᠤᠯᠤᠰ ᠠᠷᠠᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠶᠢᠨ ᠶᠡᠷᠦᠩᠬᠡᠢ ᠬᠠᠷᠠᠯᠲᠠ ᠪᠠ ᠱᠠᠭᠠᠷᠳᠠᠯᠭ᠎ᠠ ᠪᠠᠷ ᠯᠠᠪᠯᠠᠯᠲᠠ ᠪᠣᠯᠭᠠᠵᠤ᠂ ᠮᠠᠨ ᠤ ᠬᠤᠰᠢᠭᠤᠨ ᠤ ᠡᠮᠡᠭᠲᠡᠶᠢᠴᠦᠳ ᠤᠨ ᠬᠦᠭᠵᠢᠭᠦᠯᠦᠯᠲᠡ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠯᠦᠪᠵᠢᠭᠦᠯᠭᠡ ᠶᠢ ᠲᠣᠭᠲᠠᠭᠠᠪᠠ᠃    ᠨᠢᠭᠡ᠂ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠣᠯᠣᠨ ᠶᠡᠷᠦᠩᠬᠡᠢ ᠬᠠᠷᠠᠯᠲᠠ    ︵ᠨᠢᠭᠡ︶ ᠵᠢᠯᠤᠭᠤᠳᠬᠤ ᠦᠵᠡᠯ ᠰᠠᠨᠠᠭ᠎ᠠ᠃    ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠮᠠᠷᠺᠰ ᠤᠨ ᠦᠵᠡᠯ ᠤᠨ ᠡᠮᠡᠭᠲᠡᠶᠢᠴᠦᠳ ᠤᠨ ᠦᠵᠡᠯᠲᠡ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠡᠮᠡᠭᠲᠡᠶᠢᠴᠦᠳ ᠤᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠨᠠᠮ ᠤᠨ ᠡᠮᠡᠭᠲᠡᠶᠢᠴᠦᠳ ᠤᠨ ᠦᠢᠯᠡᠰ ᠲᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ ᠪᠦᠬᠦ ᠲᠠᠯ᠎ᠠ  ᠪᠠᠷ ᠬᠥᠭᠵᠢᠬᠦ  ᠶᠢ ᠠᠬᠢᠭᠤᠯᠬᠤ ᠳᠦᠷᠢᠮ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠮᠡᠭᠲᠡᠶᠢᠴᠦᠳ ᠤᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠬᠦᠢᠰᠦ ᠢᠯᠭᠠᠯ ᠡᠷᠬᠡ ᠲᠡᠭᠰᠢ ᠪᠠᠶᠢᠬᠤ ᠠᠬᠢᠴᠠ ᠶᠢ ᠠᠬᠢᠭᠤᠯᠵᠤ᠂ ᠡᠮᠡᠭᠲᠡᠶᠢᠴᠦᠳ ᠤᠨ ᠠᠵᠢᠯ ᠦᠢᠯᠡᠰ ᠤᠨ ᠬᠥᠭᠵᠢᠯᠲᠡ ᠶᠢᠨ ᠴᠢᠨᠠᠷ ᠴᠢᠨᠰᠠᠭ᠎ᠠ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠡᠮᠡᠭᠲᠡᠶᠢᠴᠦᠳ ᠢ ᠬᠥᠲᠥᠯᠥᠨ ᠳᠠᠭᠠᠭᠤᠯᠵᠤ ᠣᠳᠣᠬᠢᠴᠢᠯᠠᠭᠰᠠᠨ ᠵᠠᠷᠣᠳ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠳᠤ ︽ᠲᠥᠷᠦ ᠶᠢᠨ ᠬᠠᠭᠠᠰ ᠲᠣᠯᠭᠠᠭᠤᠷᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠬᠤᠰᠢᠭᠤᠨ ᠤ ᠡᠮᠡᠭᠲᠡᠶᠢᠴᠦᠳ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃    ︵ᠬᠤᠶᠠᠷ︶ ᠦᠨᠳᠦᠰᠦᠨ ᠵᠠᠷᠴᠢᠮ᠃    1. ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠃    2. ᠡᠮᠡᠭᠲᠡᠶᠢᠴᠦᠳ ᠤᠨ ᠠᠵᠢᠯ ᠦᠢᠯᠡᠰ ᠢ ᠠᠵᠤ ᠠᠬᠤᠢ ᠨᠡᠶᠢᠭᠡᠮ ᠯᠦᠭᠡ ᠵᠡᠷᠭᠡ ᠳᠤᠨᠢ ᠵᠣᠬᠢᠴᠠᠩᠭᠤᠢ ᠪᠠᠷ ᠬᠥᠭᠵᠢᠭᠦᠯᠬᠦ ᠶᠢ ᠪᠠᠷᠢᠮᠲᠠᠯᠠᠨ᠎ᠠ᠃    3. ᠡᠷᠡᠭᠲᠡᠢ ᠡᠮᠡᠭᠲᠡᠢ ᠬᠤᠶᠠᠷ ᠬᠦᠢᠰᠦᠲᠡᠨ ᠤ ᠡᠷᠬᠡ ᠲᠡᠭᠰᠢ ᠬᠥᠭᠵᠢᠯᠲᠡ ᠶᠢ ᠪᠠᠷᠢᠮᠲᠠᠯᠠᠨ᠎ᠠ᠃    4. ᠡᠮᠡᠭᠲᠡᠶᠢᠴᠦᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠨ᠎ᠠ᠃    5. ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠶᠢ ᠪᠠᠷᠢᠮᠲᠠᠯᠠᠨ᠎ᠠ᠃    6. ᠬᠠᠤᠯᠢ ᠶᠣᠰᠣᠭᠠᠷ ᠬᠠᠮᠠᠭᠠᠯᠠᠬᠤ ᠵᠠᠷᠴᠢᠮ ᠢ ᠪᠠᠷᠢᠮᠲᠠᠯᠠᠨ᠎ᠠ᠃    7. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠪᠠᠷᠢᠮᠲᠠᠯᠠᠨ᠎ᠠ᠃    ︵ᠭᠤᠷᠪᠠ︶ ᠶᠡᠷᠦᠩᠬᠡᠢ ᠬᠠᠷᠠᠯᠲᠠ᠃    ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ᠂ ᠡᠮᠡᠭᠲᠡᠶᠢᠴᠦᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠦᠷᠢᠮ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠮᠡᠭᠲᠡᠶᠢᠴᠦᠳ ᠤᠨ ︽ᠲᠥᠷᠦ ᠶᠢᠨ ᠬᠠᠭᠠᠰ ᠲᠣᠯᠭᠠᠭᠤᠷᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠶᠠᠷ ᠬᠦᠢᠰᠦᠲᠡᠨ ᠤ ᠡᠷᠬᠡ ᠲᠡᠭᠰᠢ ᠡᠶ᠎ᠡ ᠵᠣᠬᠢᠴᠠᠯ ᠲᠠᠢ ᠬᠥᠭᠵᠢᠯᠲᠡ᠂ ᠡᠮᠡᠭᠲᠡᠶᠢᠴᠦᠳ ᠤᠨ ᠠᠵᠤ ᠠᠬᠤᠢ ᠨᠡᠶᠢᠭᠡᠮ ᠯᠦᠭᠡ ᠵᠡᠷᠭᠡ ᠪᠠᠷ ᠵᠣᠬᠢᠴᠠᠩᠭᠤᠢ ᠪᠠᠷ ᠬᠥᠭᠵᠢᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃ ᠡᠮᠡᠭᠲᠡᠶᠢᠴᠦᠳ ᠡᠷᠬᠡ ᠲᠡᠭᠰᠢ ᠪᠠᠷ ᠪᠦᠬᠦ ᠲᠠᠯ᠎ᠠ ᠶᠢᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢᠨ ᠦᠢᠯᠡᠴᠢᠯᠡᠭᠡ ᠶᠢ ᠡᠳ᠋ᠯᠡᠵᠦ᠂ ᠡᠷᠡᠭᠦᠯ ᠮᠡᠨᠳᠦ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠡᠮᠡᠭᠲᠡᠶᠢᠴᠦᠳ ᠡᠷᠬᠡ ᠲᠡᠭᠰᠢ ᠪᠠᠷ ᠰᠤᠷᠭᠠᠨ ᠬᠥᠮᠦᠵᠢᠯ ᠬᠥᠷᠳᠡᠬᠦ ᠡᠷᠬᠡ ᠶᠢ ᠡᠳ᠋ᠯᠡᠵᠦ᠂ ᠬᠡᠪ ᠴᠢᠨᠠᠷ ᠪᠠ ᠴᠢᠳᠠᠪᠤᠷᠢ ᠢ  ᠨᠢ ᠦᠷᠭᠦᠯᠵᠢᠯᠡᠨ    ᠳᠡᠭᠡᠭᠰᠢᠯᠡᠭᠦᠯᠦᠨ᠎ᠡ᠃ ᠡᠮᠡᠭᠲᠡᠶᠢᠴᠦᠳ ᠡᠷᠬᠡ ᠲᠡᠭᠰᠢ ᠪᠠᠷ ᠠᠵᠤ ᠠᠬᠤᠢ ᠶᠢᠨ ᠡᠷᠬᠡ ᠠᠰᠢᠭ ᠢ ᠡᠳ᠋ᠯᠡᠵᠦ᠂ ᠠᠵᠤ ᠠᠬᠤᠢ ᠶᠢᠨ ᠪᠠᠶᠢᠷᠢ ᠰᠠᠭᠤᠷᠢ ᠢ ᠨᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠡᠮᠡᠭᠲᠡᠶᠢᠴᠦᠳ ᠤᠯᠤᠰ ᠲᠦᠷᠦ ᠶᠢᠨ ᠡᠷᠬᠡ ᠶᠢ ᠠᠳᠠᠯᠢ ᠲᠡᠭᠰᠢ ᠪᠠᠷ ᠡᠳ᠋ᠯᠡᠵᠦ᠂ ᠤᠯᠤᠰ ᠣᠷᠣᠨ ᠪᠠ ᠨᠡᠶᠢᠭᠡᠮ ᠤᠨ ᠬᠡᠷᠡᠭ ᠶᠠᠪᠤᠳᠠᠯ ᠤᠨ ᠬᠠᠮᠢᠶᠠᠷᠤᠯᠲᠠ ᠳᠤ ᠣᠷᠤᠯᠴᠠᠬᠤ ᠴᠢᠳᠠᠪᠤᠷᠢ ᠶᠢᠨ ᠬᠢᠷᠢ ᠬᠡᠮᠵᠢᠶ᠎ᠡ ᠶᠢ ᠨᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠡᠮᠡᠭᠲᠡᠶᠢᠴᠦᠳ ᠡᠷᠬᠡ ᠲᠡᠭᠰᠢ ᠪᠠᠷ ᠤᠯᠠᠨ ᠲᠡᠰ ᠳᠠᠪᠬᠤᠷᠭ᠎ᠠ ᠶᠢᠨ ᠦᠷᠭᠦᠯᠵᠢᠯᠡᠬᠦᠶᠢᠴᠡ ᠨᠡᠶᠢᠭᠡᠮ ᠤᠨ ᠪᠠᠲᠤᠯᠠᠭ᠎ᠠ ᠶᠢ ᠡᠳ᠋ᠯᠡᠵᠦ᠂ ᠬᠠᠷᠠᠭᠠᠯᠵᠠᠯ ᠤᠨ ᠲᠦᠪᠰᠢᠨ ᠢ ᠨᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠭᠡᠷ ᠪᠦᠯᠢ ᠶᠢᠨ ᠬᠥᠭᠵᠢᠯᠲᠡ ᠶᠢ ᠳᠡᠮᠵᠢᠬᠦ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠯᠪᠠᠰᠤᠨ ᠭᠡᠷ ᠪᠦᠯᠢ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠦᠨ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠨᠠᠩ ᠭᠦᠨ ᠬᠠᠳᠠᠩᠰᠢᠭᠤᠯᠵᠤ᠂ ᠡᠮᠡᠭᠲᠡᠶᠢᠴᠦᠳ ᠤᠨ ᠬᠦᠭᠵᠢᠭᠦᠯᠦᠯᠲᠡ ᠶᠢᠨ ᠣᠷᠴᠢᠨ ᠨᠥᠬᠦᠴᠡᠯ ᠢ ᠨᠠᠩ ᠰᠢᠯᠢᠳᠡᠭᠵᠢᠭᠦᠯᠦᠨ᠎ᠡ᠃ ᠬᠠᠤᠯᠢ ᠪᠠᠷ ᠵᠠᠰᠠᠬᠤ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠎ᠠ᠃ ᠡᠮᠡᠭᠲᠡᠶᠢᠴᠦᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠢᠯᠡᠳᠲᠡ ᠳᠡᠭᠡᠭᠰᠢᠯᠡᠭᠦᠯᠦᠨ᠎ᠡ᠃ᠬᠤᠶᠠᠷ᠂ ᠬᠥᠭᠵᠢᠯᠲᠡ ᠶᠢᠨ ᠬᠦᠷᠢᠶ᠎ᠡ ᠴᠠᠷ᠎ᠠ᠂ ᠭᠤᠣᠯ ᠬᠠᠷᠠᠯᠲᠠ ᠪᠠ ᠠᠷᠭ᠎ᠠ ᠪᠣᠳᠣᠯᠭ᠎ᠠ ᠠᠷᠭ᠎ᠠ ᠬᠡᠮᠵᠢᠶ᠎ᠡ    ︵ᠨᠢᠭᠡ︶ ᠡᠮᠡᠭᠲᠡᠶᠢᠴᠦᠳ ᠪᠠ ᠡᠷᠡᠭᠦᠯ ᠮᠡᠡᠳᠦ᠃    ᠭᠤᠣᠯ ᠬᠠᠷᠠᠯᠲᠠ᠄    1.ᠡᠮᠡᠭᠲᠡᠶᠢᠴᠦᠳ ᠤᠨ ᠠᠮᠢ ᠨᠠᠰᠤᠨ ᠤ ᠪᠥᠬᠦ ᠦᠶᠡᠯᠡᠯ ᠤᠨ ᠬᠤᠭᠤᠴᠠᠭᠠᠨ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠶᠢᠨ ᠰᠠᠶᠢᠬᠠᠨ ᠦᠢᠯᠡᠴᠢᠯᠡᠭᠡ ᠶᠢ ᠬᠦᠷᠲᠡᠵᠦ᠂ ᠡᠮᠡᠭᠲᠡᠶᠢᠴᠦᠳ ᠤᠨ ᠬᠥᠮᠥᠨ ᠳᠤᠮᠳᠠᠴᠢ ᠶᠢᠨ ᠵᠢᠱᠢᠭᠰᠡᠨ ᠨᠠᠰᠤᠨ ᠬᠤᠲᠤᠭ ᠤᠷᠲᠤᠳᠴᠤ᠂ ᠬᠥᠮᠥᠨ ᠳᠤᠮᠳᠠᠴᠢ ᠶᠢᠨ ᠵᠢᠱᠢᠭᠰᠡᠨ ᠡᠷᠡᠭᠦᠯ ᠮᠡᠨᠳᠦ ᠶᠢᠨ ᠨᠠᠰᠤᠨ ᠬᠤᠲᠤᠭ ᠳᠡᠭᠡᠭᠰᠢᠯᠡᠨ᠎ᠡ᠃    2.ᠵᠢᠷᠮᠦᠰᠦᠨ ᠬᠦᠩᠭᠡᠵᠢᠬᠦ ᠡᠮᠡᠭᠲᠡᠢ ᠶᠢᠨ ᠰᠢᠰᠲ᠋ᠧᠮ ᠤᠨ ᠬᠠᠮᠢᠶᠠᠷᠤᠯᠲᠠ ᠶᠢᠨ ᠨᠣᠷᠮ᠎ᠠ ᠶᠢ 90% ᠠᠴᠠ ᠳᠡᠭᠡᠭᠰᠢ ᠪᠠᠶᠢᠯᠭᠠᠨ᠎ᠠ᠃ ᠵᠢᠷᠮᠦᠰᠦᠨ ᠬᠦᠩᠭᠡᠵᠢᠬᠦ ᠡᠮᠡᠭᠲᠡᠢ ᠶᠢᠨ ᠦᠬᠦᠯ ᠤᠨ ᠨᠤᠷᠮ᠎ᠠ ᠶᠢ 12 \10 ᠲᠦᠮᠡ ᠠᠴᠠ ᠳᠣᠭᠤᠭᠰᠢ ᠪᠣᠯᠲᠠᠯ᠎ᠠ ᠪᠠᠭᠤᠷᠠᠭᠤᠯᠵᠤ᠂ ᠬᠤᠳᠠ ᠬᠥᠳᠡᠭᠡ᠂ ᠣᠷᠣᠨ ᠪᠦᠰᠡ ᠶᠢᠨ ᠵᠥᠷᠢᠶ᠎ᠡ ᠶᠢ ᠪᠠᠭᠠᠰᠬᠠᠨ᠎ᠠ᠃    3.ᠠᠶᠠᠨᠳᠠᠭᠠᠨ ᠬᠥᠩᠭᠡᠵᠢᠬᠦ ᠶᠢ ᠰᠠᠨᠠᠭᠠᠴᠢᠯᠠᠵᠤ᠂ ᠬᠡᠪᠡᠯᠢ ᠪᠠᠷ ᠬᠦᠩᠭᠡᠵᠢᠭᠦᠯᠬᠦ ᠨᠣᠷᠮ᠎ᠠ ᠶᠢ ᠵᠣᠬᠢᠰᠲᠠᠢ ᠬᠢᠵᠠᠭᠠᠷᠯᠠᠨ᠎ᠠ᠃ ᠡᠯ᠎ᠡ ᠬᠥᠩᠭᠡᠵᠢᠭᠦᠯᠬᠦ ᠪᠠᠶᠢᠭᠤᠯᠤᠮᠵᠢ ᠶᠢᠨ ᠬᠦᠩᠭᠡᠵᠢᠭᠦᠯᠭᠡ ᠶᠢᠨ ᠣᠷᠣ ᠬᠢᠭᠡᠳ ᠬᠥᠩᠭᠡᠵᠢᠭᠦᠯᠦᠭᠴᠢ ᠶᠢᠨ ᠬᠠᠷᠢᠴᠠᠯ 1᠄3 ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃    4.ᠡᠮᠡᠭᠲᠡᠶᠢᠴᠦᠳ ᠤᠨ ᠰᠠᠪᠠ ᠶᠢᠨ ᠬᠦᠵᠦᠭᠦᠨ ᠤ ᠥᠮᠡᠨ ᠪᠠ ᠬᠥᠬᠦᠨ ᠪᠤᠯᠴᠢᠷᠬᠠᠢ ᠶᠢᠨ ᠥᠮᠡᠨ ᠢ ᠰᠡᠷᠭᠡᠶᠢᠯᠡᠨ ᠵᠠᠰᠠᠬᠤ ᠦᠵᠡᠯ ᠤᠬᠠᠮᠰᠠᠷ ᠪᠠ ᠶᠡᠷᠦᠩᠬᠡᠶᠢᠯᠡᠨ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠰᠡᠷᠭᠡᠶᠢᠯᠡᠨ ᠵᠠᠰᠠᠬᠤ ᠮᠡᠳᠡᠯᠭᠡ ᠶᠢ ᠣᠶᠢᠯᠠᠭᠠᠬᠤ ᠨᠣᠷᠮ᠎ᠠ ᠶᠢ 96% ᠠᠴᠠ ᠳᠡᠭᠡᠭᠰᠢ ᠬᠦᠷᠦᠭᠦᠯᠦᠨ᠎ᠡ᠃ ᠬᠦᠩᠭᠡᠵᠢᠬᠦ ᠨᠠᠰᠤᠨ ᠤ ᠡᠮᠡᠭᠲᠡᠶᠢᠴᠦᠳ ᠤᠨ ᠰᠠᠪᠠ ᠶᠢᠨ ᠬᠦᠵᠦᠭᠦᠨ ᠤ ᠥᠮᠡᠨ ᠢ ᠥᠨᠳᠥᠷ ᠪᠦᠲᠦᠮᠵᠢᠲᠡᠶ ᠰᠢᠭᠰᠢᠨ ᠪᠠᠶᠢᠴᠠᠭᠠᠯᠲᠠ ᠶᠢ ᠬᠦᠯᠢᠶᠡᠬᠦ ᠨᠤᠷᠮ᠎ᠠ ᠶᠢ 80% ᠠᠴᠠ ᠳᠡᠭᠡᠭᠰᠢ ᠬᠦᠷᠦᠭᠦᠯᠵᠦ᠂ ᠬᠥᠬᠦᠨ ᠪᠤᠯᠴᠢᠷᠬᠠᠢ ᠶᠢᠨ ᠥᠮᠡᠨ ᠢ ᠰᠢᠭᠰᠢᠨ  ᠪᠠᠶᠢᠴᠠᠭᠠᠬᠤ ᠨᠤᠷᠮ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠰᠠᠪᠠ ᠶᠢᠨ ᠬᠦᠵᠦᠭᠦᠨ ᠤ ᠥᠮᠡᠨ᠂ ᠬᠥᠬᠦᠨ ᠪᠤᠯᠴᠢᠷᠬᠠᠢ ᠶᠢᠨ ᠥᠮᠡᠨ ᠢ ᠡᠷᠲᠡ ᠣᠨᠣᠰᠢᠯᠠᠵᠤ ᠡᠷᠲᠡ ᠵᠠᠰᠠᠬᠤ ᠨᠣᠷᠮ᠎ᠠ ᠶᠢ ᠳᠡᠭᠡᠭᠰᠢᠯᠡᠭᠦᠯᠵᠦ᠂ ᠰᠠᠪᠠ ᠶᠢᠨ ᠬᠦᠵᠦᠭᠦᠨ ᠤ ᠥᠮᠡᠨ ᠳᠤ ᠨᠡᠷᠪᠡᠭᠳᠡᠭᠰᠡᠳ ᠢ ᠡᠮᠨᠡᠨ ᠵᠠᠰᠠᠬᠤ ᠨᠣᠷᠮ᠎ᠠ ᠶᠢ 90%  ᠠᠴᠠ ᠳᠡᠭᠡᠭᠰᠢ ᠬᠦᠷᠭᠡᠨ᠎ᠡ᠃    5.ᠡᠷᠡᠭᠦᠯ ᠴᠢᠭᠢᠷᠠᠭ ᠵᠢᠷᠮᠦᠰᠦᠯᠡᠬᠦ ᠶᠢ ᠠᠬᠢᠭᠤᠯᠵᠤ᠂ ᠦᠷᠡᠵᠢᠯ ᠤᠨ ᠡᠷᠬᠡᠲᠡᠨ ᠤ ᠡᠷᠡᠭᠦᠯ ᠮᠡᠨᠳᠦ ᠪᠠ ᠴᠢᠭᠢᠷᠠᠭ ᠲᠥᠷᠦᠵᠦ ᠲᠣᠷᠨᠢᠭᠤᠨ ᠥᠰᠬᠡᠬᠦ ᠮᠡᠳᠡᠯᠭᠡ ᠶᠢ ᠪᠥᠬᠦ ᠲᠠᠯ᠎ᠠ ᠪᠠᠷ ᠲᠦᠭᠡᠮᠡᠯᠵᠢᠭᠦᠯᠦᠨ᠂ ᠵᠢᠷᠮᠦᠰᠦᠯᠡᠬᠦ ᠶᠢ ᠬᠤᠷᠢᠭᠯᠠᠵᠤ ᠦᠷᠡᠵᠢᠬᠦ ᠶᠢ ᠬᠢᠵᠠᠭᠠᠷᠯᠠᠬᠤ ᠮᠡᠳᠡᠯᠭᠡ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠰᠠᠨᠠᠭᠠᠨ ᠳᠤ ᠦᠭᠡᠢ ᠪᠠᠷ ᠵᠢᠷᠮᠦᠰᠦᠯᠡᠬᠦ ᠶᠢ ᠪᠠᠭᠠᠰᠬᠠᠨ᠂ ᠬᠥᠮᠥᠨ ᠤ ᠬᠦᠴᠦ ᠪᠠᠷ ᠣᠷᠤᠭ ᠤᠨᠠᠭᠠᠯᠭᠠᠬᠤ ᠨᠣᠷᠮ᠎ᠠ ᠶᠢ ᠪᠠᠭᠤᠷᠠᠭᠤᠯᠤᠨ᠎ᠠ᠃    6.ᠵᠢᠷᠮᠦᠰᠦᠨ ᠬᠥᠩᠭᠡᠵᠢᠭᠰᠡᠨ ᠡᠮᠡᠭᠲᠡᠢ ᠶᠢᠨ ᠠᠶᠢᠽ ᠡᠪᠡᠳᠴᠢᠨ᠂ ᠲᠡᠮᠪᠦᠦ ᠪᠠ ᠡᠯᠢᠭᠡᠨ ᠤ B ᠦᠷᠪᠢᠰᠦᠯ ᠤᠨ ᠪᠠᠶᠢᠴᠠᠭᠠᠯᠲᠠ ᠶᠢᠨ ᠨᠣᠷᠮ᠎ᠠ ᠶᠢ 98%  ᠠᠴᠠ ᠳᠡᠭᠡᠭᠰᠢ ᠬᠦᠷᠦᠭᠦᠯᠦᠨ᠎ᠡ᠃ ᠠᠶᠢᠽ ᠡᠪᠡᠳᠴᠢᠨ ᠪᠠ ᠲᠡᠮᠪᠦᠦ ᠡᠪᠡᠳᠴᠢᠨ ᠳᠤ ᠨᠡᠷᠪᠡᠭᠳᠡᠭᠰᠡᠨ ᠵᠢᠷᠮᠦᠰᠦᠨ ᠡᠮᠡᠭᠲᠡᠢ ᠶᠢ ᠡᠮᠨᠡᠨ ᠵᠠᠰᠠᠬᠤ ᠨᠤᠷᠮ᠎ᠠ ᠶᠢ 95% ᠠᠴᠠ ᠳᠡᠭᠡᠭᠰᠢ ᠬᠦᠷᠭᠡᠨ᠎ᠡ᠃ ᠠᠶᠢᠽ ᠡᠪᠡᠳᠴᠢᠨ᠂ ᠲᠡᠮᠪᠦᠦ ᠡᠪᠡᠳᠴᠢᠨ ᠪᠠ ᠡᠯᠢᠭᠡᠨ ᠤ B ᠦᠷᠪᠢᠰᠦᠯ ᠤᠨ ᠡᠬᠡ ᠨᠢᠯᠬᠠᠰ ᠤᠨ ᠬᠤᠭᠤᠷᠣᠨᠲᠤ ᠬᠠᠯᠳᠠᠪᠣᠷᠢᠯᠠᠯ ᠢ ᠪᠠᠭᠠᠰᠬᠠᠵᠤ᠂ ᠠᠶᠢᠽ ᠡᠪᠡᠳᠴᠢᠨ ᠤ ᠡᠬᠡ ᠠᠴᠠ ᠨᠢᠯᠬᠠᠰ ᠲᠤ ᠬᠠᠯᠳᠠᠪᠣᠷᠢᠯᠠᠬᠤ ᠨᠣᠷᠮ᠎ᠠ ᠶᠢ 2%  ᠠᠴᠠ ᠳᠣᠭᠤᠭᠰᠢ ᠪᠣᠯᠲᠠᠯ᠎ᠠ ᠪᠠᠭᠤᠷᠠᠭᠤᠯᠤᠨ᠎ᠠ᠃    7.ᠡᠮᠡᠭᠲᠡᠶᠢᠴᠦᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠲᠠᠰᠤᠷᠠᠯᠲᠠ ᠳᠡᠭᠡᠭᠰᠢᠯᠡᠭᠦᠯᠦᠨ᠎ᠡ᠃ ᠡᠮᠡᠭᠲᠡᠶᠢᠴᠦᠳ ᠤᠨ ᠵᠣᠪᠠᠨᠢᠬᠤ ᠡᠪᠡᠳᠴᠢᠨ᠂  ᠪᠣᠬᠢᠨᠠᠳᠣᠬᠤ ᠡᠪᠡᠳᠴᠢᠨ ᠳᠤ ᠨᠡᠷᠪᠡᠭᠳᠡᠬᠦ ᠨᠤᠷᠮ᠎ᠠ ᠳᠡᠭᠡᠭᠰᠢᠯᠡᠬᠦ ᠬᠠᠨᠳᠤᠰᠢ ᠶᠢ ᠪᠦᠲᠦᠮᠵᠢᠲᠡᠶ ᠬᠢᠵᠠᠭᠠᠷᠯᠠᠨ᠎ᠠ᠃    8.ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠬᠢᠷᠢ  ᠲᠥᠪᠰᠢᠨ ᠢ ᠳᠡᠭᠡᠭᠰᠢᠯᠡᠭᠦᠯᠦᠨ᠎ᠡ ᠃ ᠡᠮᠡᠭᠲᠡᠶᠢᠴᠦᠳ ᠤᠨ ᠬᠦᠨᠳᠦ ᠶᠡᠭᠡ ᠤᠳᠠᠭᠠᠨ ᠴᠢᠨᠠᠷᠲᠠᠢ ᠡᠪᠡᠳᠴᠢᠨ ᠠᠴᠠ ᠪᠣᠯᠵᠤ ᠬᠡᠲᠦ ᠡᠷᠲᠡ ᠦᠬᠦᠬᠦ ᠨᠣᠷᠮ᠎ᠠ ᠢ ᠢᠯᠡᠳᠲᠡ ᠪᠠᠭᠤᠷᠠᠭᠤᠯᠤᠨ᠎ᠠ᠃    9.ᠡᠮᠡᠭᠲᠡᠶᠢᠴᠦᠳ ᠤᠨ ᠰᠢᠮ᠎ᠡ ᠲᠡᠵᠢᠭᠡᠯ ᠤᠨ ᠪᠠᠶᠢᠳᠠᠯ ᠢ ᠰᠠᠶᠢᠵᠢᠷᠠᠭᠤᠯᠵᠤ᠂ ᠡᠮᠡᠭᠲᠡᠶᠢᠴᠦᠳ ᠤᠨ ᠰᠢᠮ᠎ᠡ ᠲᠡᠵᠢᠭᠡᠯ ᠤᠨ ᠮᠡᠳᠡᠯᠭᠡ ᠪᠣᠯᠪᠠᠰᠤᠷᠠᠯ ᠢ ᠢᠯᠡᠳᠲᠡ ᠳᠡᠭᠡᠭᠰᠢᠯᠡᠭᠦᠯᠦᠨ᠎ᠡ᠃ ᠵᠢᠷᠮᠦᠰᠦᠨ ᠡᠮᠡᠭᠲᠡᠢ ᠶᠢᠨ ᠴᠢᠰᠤ ᠳᠤᠲᠠᠬᠤ ᠡᠪᠡᠳᠴᠢᠨ ᠳᠤ ᠨᠡᠷᠪᠡᠭᠳᠡᠬᠦ ᠨᠤᠷᠮ᠎ᠠ ᠶᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠨ᠎ᠠ᠃    10.ᠡᠮᠡᠭᠲᠡᠶᠢᠴᠦᠳ ᠤᠨ ᠪᠡᠶ᠎ᠡ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠤᠯᠴᠠᠬᠤ ᠬᠥᠮᠥᠨ ᠤ ᠬᠠᠷᠢᠴᠠᠯ ᠢ ᠳᠡᠭᠡᠭᠰᠢᠯᠡᠭᠦᠯᠦᠨ᠎ᠡ᠃ ᠡᠮᠡᠭᠲᠡᠶᠢᠴᠦᠳ ᠤᠨ ᠬᠡᠲᠦ ᠮᠠᠷᠢᠶᠠᠯᠠᠬᠤ ᠬᠦᠮᠦᠨ ᠣᠯᠠᠰᠠᠷᠠᠬᠤ ᠬᠤᠷᠳᠤᠴᠠ ᠶᠢ ᠢᠯᠡᠳᠲᠡ ᠣᠳᠠᠭᠠᠰᠢᠷᠠᠭᠤᠯᠣᠨ᠎ᠠ᠃ ᠡᠮᠡᠭᠲᠡᠶᠢᠴᠦᠳ ᠤᠨ ᠪᠡᠶ᠎ᠡ ᠮᠠᠬᠠᠪᠤᠳ ᠢ ᠬᠢᠨᠠᠨ ᠰᠢᠯᠭᠠᠬᠤ ᠪᠠᠷᠢᠮᠵᠢᠶ᠎ᠠ ᠶᠢ ᠲᠣᠭᠲᠠᠭᠠᠵᠤ ᠬᠢᠷᠢ ᠲᠡᠩᠴᠡᠬᠦ ᠬᠠᠷᠢᠴᠠᠯ ᠢ ᠳᠡᠭᠡᠭᠰᠢᠯᠡᠭᠦᠯᠦᠨ᠎ᠡ᠃    11.ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠰᠢᠭᠤᠨ ᠱᠠᠲᠤᠨ ᠳᠤ ᠡᠬᠡ ᠨᠢᠯᠬᠠᠰ ᠤᠨ ᠡᠷᠡᠭᠦᠯ ᠮᠡᠨᠳᠦ ᠶᠢᠨ ᠪᠠᠷᠢᠮᠵᠢᠶᠠᠵᠢᠭᠰᠠᠨ ᠪᠠᠶᠢᠭᠤᠯᠤᠮᠵᠢ ᠶᠢ 1 ᠪᠠᠶᠢᠭᠤᠯᠤᠨ᠎ᠠ᠃    ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄    1. ᠡᠮᠡᠭᠲᠡᠶᠢᠴᠦᠳ ᠤᠨ ᠡᠷᠡᠭᠦᠯ ᠮᠡᠨᠳᠦ ᠶᠢ ᠪᠠᠲᠤᠯᠠᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠎ᠡ᠃    2. ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃    3. ᠡᠮᠡᠭᠲᠡᠶᠢᠴᠦᠳ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠦᠨ᠎ᠡ᠃    4. ᠵᠢᠷᠮᠦᠰᠦᠨ ᠡᠮᠡᠭᠲᠡᠢ ᠪᠠ ᠬᠦᠩᠭᠡᠵᠢᠬᠦ ᠡᠮᠡᠭᠲᠡᠢ ᠶᠢᠨ ᠠᠮᠤᠷ ᠲᠦᠪᠰᠢᠨ ᠢᠶᠠᠷ ᠬᠥᠩᠭᠡᠵᠢᠬᠦ ᠶᠢ ᠪᠠᠲᠤᠯᠠᠨ᠎ᠠ᠃    5. ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠠᠮᠤᠷ ᠲᠦᠪᠰᠢᠨ ᠡᠷᠡᠭᠦᠯ ᠰᠠᠷᠠᠭᠤᠯ ᠬᠥᠩᠭᠡᠵᠢᠬᠦ ᠠᠷᠭ᠎ᠠ ᠮᠠᠶ᠋ᠢᠭ ᠢ ᠰᠣᠩᠭᠤᠭᠤᠯᠤᠨ᠎ᠠ᠃    6.ᠰᠠᠪᠠ ᠶᠢᠨ ᠬᠦᠵᠦᠭᠦᠨ ᠤ ᠥᠮᠡᠨ᠂ ᠬᠥᠬᠦᠨ ᠪᠤᠯᠴᠢᠷᠬᠠᠢ ᠶᠢᠨ ᠥᠮᠡᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠰᠢᠰᠲ᠋ᠧᠮ ᠪᠠ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃    7. ᠡᠮᠡᠭᠲᠡᠶᠢᠴᠦᠳ ᠤᠨ ᠦᠷᠡᠵᠢᠯ ᠤᠨ ᠡᠷᠬᠡᠲᠡᠨ ᠤ ᠡᠷᠡᠭᠦᠯ ᠮᠡᠨᠳᠤ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ     8. ᠠᠶᠢᠽ ᠡᠪᠡᠳᠴᠢᠨ᠂ ᠲᠡᠮᠪᠦᠦ ᠡᠪᠡᠳᠴᠢᠨ ᠪᠠ ᠡᠯᠢᠭᠡᠨ ᠤ B ᠦᠷᠪᠢᠰᠦᠯ ᠤᠨ ᠡᠬᠡ ᠨᠢᠯᠬᠠᠰ ᠤᠨ ᠬᠤᠭᠤᠷᠣᠨᠲᠦ ᠬᠠᠯᠳᠠᠪᠤᠷᠢᠯᠠᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ᠃    9.ᠡᠮᠡᠭᠲᠡᠶᠢᠴᠦᠳ ᠤᠨ ᠰᠡᠳᠬᠢᠴᠡ ᠶᠢᠨ ᠡᠷᠡᠭᠦᠯ ᠮᠡᠨᠳᠤ ᠶᠢ ᠠᠬᠢᠭᠤᠯᠤᠨ᠎ᠠ᠃    10.ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃    11.ᠡᠮᠡᠭᠲᠡᠶᠢᠴᠦᠳ ᠤᠨ ᠰᠢᠮ᠎ᠡ ᠲᠡᠵᠢᠭᠡᠯ ᠤᠨ ᠬᠢᠷᠢ ᠬᠡᠮᠵᠢᠶ᠎ᠡ ᠢ ᠳᠡᠭᠡᠭᠰᠢᠯᠡᠭᠦᠯᠦᠨ᠎ᠡ᠃    12. ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠤᠨ᠎ᠠ᠃    13. ᠡᠮᠡᠭᠲᠡᠶᠢᠴᠦᠳ ᠤᠨ ᠡᠷᠡᠭᠦᠯ ᠮᠡᠨᠳᠦ ᠶᠢᠨ ᠦᠢᠯᠡᠴᠢᠯᠡᠭᠡ ᠳᠤ ᠰᠢᠨᠵᠢᠯᠡᠭᠡ ᠮᠡᠷᠭᠡᠵᠢᠯ ᠤᠨ ᠲᠤᠯᠭᠠᠭᠤᠷᠢᠯᠠᠯ ᠴᠢᠩᠭᠠᠷᠠᠭᠤᠯᠤᠨ᠎ᠠ᠃     ︵ᠬᠤᠶᠠᠷ︶ ᠡᠮᠡᠭᠲᠡᠶᠢᠴᠦᠳ ᠪᠠ ᠰᠤᠷᠭᠠᠨ ᠬᠥᠮᠦᠵᠢᠯ᠃    ᠭᠤᠣᠯ ᠬᠠᠷᠠᠯᠲᠠ᠄    1.ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠴᠢᠩᠭᠠᠳᠬᠠᠵᠤ᠂ ᠡᠮᠡᠭᠲᠡᠶᠢᠴᠦᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠬᠠᠢ ᠤᠯᠤᠰ ᠲᠥᠷᠥ ᠶᠢᠨ ᠮᠡᠳᠡᠷᠡᠮᠵᠢ᠂ ᠦᠵᠡᠯ ᠰᠠᠨᠠᠭᠠᠨ ᠤ ᠮᠡᠳᠡᠷᠡᠮᠵᠢ᠂ ᠬᠠᠶᠢᠷ᠎ᠠ ᠰᠡᠳᠬᠢᠯᠭᠡ ᠶᠢᠨ ᠮᠡᠳᠡᠷᠡᠮᠵᠢ ᠶᠢ ᠨᠡᠮᠡᠭᠳᠡᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠡᠮᠡᠭᠲᠡᠶᠢᠴᠦᠳ ᠢ ᠬᠥᠲᠥᠯᠥᠨ ᠳᠠᠭᠠᠭᠤᠯᠵᠤ ᠠᠭᠤᠤ ᠶᠡᠭᠡ ᠦᠢᠯᠡᠰ ᠤᠨ ᠪᠦᠲᠦᠭᠡᠨ ᠪᠠᠶᠢᠭᠤᠯᠤᠭᠴᠢ᠂ ᠪᠣᠯᠪᠠᠰᠤᠨ ᠬᠡᠪ ᠰᠤᠷᠲᠠᠯ ᠤᠨ ᠰᠠᠨᠠᠭᠠᠴᠢᠯᠠᠭᠴᠢ᠂ ᠬᠦᠰᠡᠯ ᠵᠡᠭᠦᠳᠦ ᠪᠠᠨ ᠵᠣᠷᠢᠭᠲᠠᠢ ᠪᠠᠷ ᠬᠥᠭᠡᠭᠡᠴᠡᠯᠳᠦᠭᠴᠢ ᠪᠣᠯᠭᠠᠨ᠎ᠠ᠃    2. ᠰᠤᠷᠭᠠᠨ ᠬᠥᠮᠦᠵᠢᠯ ᠤᠨ ᠠᠵᠢᠯ ᠳᠤ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠎ᠠ᠃    3. ᠳᠤᠮᠳᠠᠳᠤ ᠪᠠᠭ᠎ᠠ ᠰᠤᠷᠭᠠᠭᠤᠯᠢ ᠶᠢᠨ ᠰᠤᠷᠣᠭᠴᠢ ᠳᠤ ᠬᠦᠢᠰᠦ ᠢᠯᠭᠠᠯ ᠤᠨ ᠡᠷᠬᠡ ᠲᠡᠭᠰᠢ ᠪᠠᠶᠢᠬᠤ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠪᠠᠭᠰᠢ ᠪᠠ ᠰᠤᠷᠤᠭᠴᠢᠳ ᠤᠨ ᠳᠤᠮᠲᠠ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠦᠵᠡᠯ ᠤᠬᠠᠮᠰᠠᠷ ᠢ ᠢᠯᠡᠳᠲᠡ ᠴᠢᠩᠭᠠᠷᠠᠭᠤᠯᠣᠨ᠎ᠠ᠃    4. ᠥᠬᠢᠨ ᠬᠡᠦᠬᠡᠳ ᠭᠡᠰᠡᠨ ᠴᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠡᠷᠬᠡ ᠲᠡᠭᠰᠢ ᠪᠠᠷ ᠬᠦᠷᠲᠡᠵᠦ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠤᠷᠮ᠎ᠠ ᠶᠢ 96% ᠬᠦᠷᠭᠡᠨ᠎ᠡ᠃    5.ᠡᠮᠡᠭᠲᠡᠶᠢᠴᠦᠳ ᠭᠡᠰᠡᠨ ᠴᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠢ ᠡᠷᠬᠡ ᠲᠡᠭᠰᠢ ᠪᠠᠷ ᠬᠦᠷᠲᠡᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠣᠭᠴᠢ ᠶᠢᠨ ᠰᠤᠷᠭᠠᠭᠤᠯᠢ ᠳᠤ ᠣᠷᠣᠬᠤ ᠪᠣᠷᠤ ᠨᠤᠷᠮ᠎ᠠ ᠶᠢ 95% ᠬᠦᠷᠭᠡᠨ᠎ᠡ᠃    6.ᠡᠮᠡᠭᠲᠡᠶᠢᠴᠦᠳ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠭᠥᠷᠳᠡᠬᠦ ᠬᠢᠷᠢ ᠲᠥᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃    7.ᠰᠢᠨᠵᠢᠯᠡᠭᠡ ᠮᠡᠷᠭᠡᠵᠢᠯ ᠤᠨ ᠡᠮᠡᠭᠲᠡᠢ ᠴᠢᠳᠠᠪᠤᠷᠢᠲᠠᠨ ᠢ ᠶᠡᠬᠡᠪᠡᠷ ᠬᠥᠮᠥᠵᠢᠭᠦᠯᠦᠨ᠎ᠡ᠃ ᠡᠷᠡᠭᠲᠡᠢ ᠡᠮᠡᠭᠲᠡᠢ ᠬᠤᠶᠠᠷ ᠬᠦᠢᠰᠦ ᠶᠢᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠬᠢᠷᠢ ᠲᠦᠪᠰᠢᠨ ᠤ ᠵᠥᠷᠢᠶ᠎ᠡ ᠶᠢ ᠢᠯᠡᠳᠲᠡ ᠪᠠᠭᠠᠰᠬᠠᠨ᠎ᠠ᠃    8.ᠡᠮᠡᠭᠲᠡᠶᠢᠴᠦᠳ ᠤᠨ ᠨᠠᠰᠤᠨ ᠲᠤᠷᠰᠢᠲᠠ ᠶᠢᠨ ᠰᠤᠷᠤᠯᠴᠠᠬᠤ ᠤᠬᠠᠮᠰᠠᠷ ᠲᠠᠢ ᠪᠣᠯᠬᠤ ᠶᠢ ᠠᠬᠢᠭᠤᠯᠵᠤ᠂ ᠡᠮᠡᠭᠲᠡᠶᠢᠴᠦᠳ ᠤᠨ ᠨᠠᠰᠤᠨ ᠲᠤᠷᠰᠢᠲᠠ ᠶᠢᠨ ᠰᠤᠷᠭᠠᠨ ᠬᠥᠮᠦᠵᠢᠯ ᠭᠥᠷᠳᠡᠬᠦ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃    9.ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠬᠠᠮᠰᠠᠷ ᠢ ᠴᠣᠭᠴᠠᠯᠠᠨ ᠪᠠᠶᠢᠭᠤᠯᠬᠤ ᠬᠥᠮᠦᠵᠢᠯ ᠢ ᠴᠢᠩᠭᠠᠳᠬᠠᠨ᠎ᠠ᠃   10. ᠡᠮᠡᠭᠲᠡᠢ ᠵᠠᠯᠠᠭᠤ ᠢᠳᠡᠷ ᠰᠤᠶᠣᠯ ᠤᠨ ᠪᠠᠯᠠᠢ ᠶᠢ ᠦᠨᠳᠦᠰᠦᠨ ᠳᠡᠭᠡᠨ ᠠᠷᠢᠯᠭᠠᠨ᠎ᠠ᠃ ᠡᠮᠡᠭᠲᠡᠶᠢᠴᠦᠳ ᠤᠨ ᠰᠤᠷᠭᠠᠨ ᠬᠥᠮᠦᠵᠢᠯ ᠭᠥᠷᠳᠡᠬᠦ ᠳᠤᠮᠳᠠᠴᠢ ᠵᠢᠯ ᠬᠤᠭᠤᠴᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃    ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄    1.ᠡᠮᠡᠭᠲᠡᠶᠢᠴᠦᠳ ᠲᠤ ᠬᠠᠨᠳᠤᠭᠤᠯᠤᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠥᠷᠭᠡᠨ ᠢᠶᠠᠷ ᠥᠷᠨᠢᠭᠦᠯᠦᠨ᠎ᠡ᠃    2.ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠤᠷᠭᠠᠨ ᠬᠥᠮᠦᠵᠢᠯ ᠤᠨ ᠠᠵᠢᠯ ᠤᠨ ᠪᠥᠬᠦ ᠶᠠᠪᠤᠴᠠ ᠳᠤ ᠢᠯᠡᠷᠡᠭᠦᠯᠦᠨ᠎ᠡ᠃    3.ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠳᠤ ᠬᠦᠢᠰᠦ ᠢᠯᠭᠠᠯ ᠡᠷᠬᠡ ᠲᠡᠭᠰᠢ ᠪᠠᠶᠢᠬᠤ ᠬᠥᠮᠦᠵᠢᠯ ᠢ ᠥᠷᠭᠡᠨ ᠢᠶᠠᠷ ᠥᠷᠨᠢᠭᠦᠯᠬᠦ ᠶᠢ ᠠᠬᠢᠭᠤᠯᠣᠨ᠎ᠠ᠃    4.ᠥᠬᠢᠨ ᠬᠡᠦᠬᠡᠳ ᠤᠨ ᠡᠷᠬᠡ ᠲᠡᠭᠰᠢ ᠪᠠᠷ ᠠᠯᠪᠠᠨ ᠵᠢᠷᠤᠮ ᠤᠨ ᠰᠤᠷᠭᠠᠨ ᠬᠥᠮᠦᠵᠢᠯ ᠬᠥᠷᠳᠡᠬᠦ ᠡᠷᠬᠡ ᠪᠠ ᠲᠣᠬᠢᠶᠠᠯ ᠢ ᠪᠠᠲᠤᠯᠠᠨ᠎ᠠ᠃    5. ᠡᠮᠡᠭᠲᠡᠶᠢᠴᠦᠳ ᠤᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠭᠥᠷᠳᠡᠬᠦ ᠬᠠᠷᠢᠴᠠᠯ ᠢ ᠳᠡᠭᠡᠭᠰᠢᠯᠡᠭᠦᠯᠦᠨ᠎ᠡ᠃    6. ᠡᠮᠡᠭᠲᠡᠶᠢᠴᠦᠳ ᠤᠨ ᠴᠢᠨᠠᠷ ᠰᠠᠶᠢᠲᠠᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠭᠥᠷᠳᠡᠬᠦ ᠶᠢ ᠠᠬᠢᠭᠤᠯᠤᠨ᠎ᠠ᠃    7. ᠡᠮᠡᠭᠲᠡᠶᠢᠴᠦᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠶᠡᠬᠡᠪᠡᠷ ᠳᠡᠭᠡᠭᠰᠢᠯᠡᠭᠦᠯᠦᠨ᠎ᠡ᠃    8. ᠡᠮᠡᠭᠲᠡᠢ ᠰᠢᠨᠵᠢᠯᠡᠭᠡ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠶᠡᠬᠡᠪᠡᠷ ᠴᠢᠩᠭᠠᠳᠬᠠᠨ᠎ᠠ᠃    9. ᠡᠮᠡᠭᠲᠡᠶᠢᠴᠦᠳ ᠤᠨ ᠨᠠᠰᠤᠨ ᠲᠤᠷᠰᠢᠲᠠ ᠶᠢᠨ ᠰᠤᠷᠤᠯᠴᠠᠯᠭ᠎ᠠ ᠳᠤ ᠳᠡᠮᠵᠢᠯᠭᠡ ᠬᠠᠩᠭᠠᠨ᠎ᠠ᠃    10. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠪᠠᠬᠢ ᠪᠤᠢ ᠪᠣᠯᠭᠠᠬᠤ ᠤᠬᠠᠮᠰᠠᠷ ᠤᠨ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠦᠨ᠎ᠡ᠃    11.ᠡᠮᠡᠭᠲᠡᠢ ᠵᠠᠯᠠᠭᠤ ᠢᠳᠡᠷ ᠤᠨ ᠰᠤᠶᠣᠯ ᠤᠨ ᠪᠠᠯᠠᠢ ᠶᠢ ᠠᠷᠢᠯᠭᠠᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠨᠡᠶᠢᠲᠡᠯᠢᠭ ᠬᠡᠯᠡ ᠶᠢ ᠳᠡᠯᠭᠡᠷᠡᠭᠦᠯᠬᠦ ᠬᠦᠴᠦᠨ ᠢᠶᠠᠨ ᠨᠡᠮᠡᠭᠳᠡᠭᠦᠯᠦᠨ᠎ᠡ᠃    12.ᠡᠷᠬᠡ ᠲᠡᠭᠰᠢ ᠬᠠᠷᠢᠯᠴᠠᠨ ᠬᠦᠨᠳᠦᠳᠬᠡᠬᠦ ᠪᠠ ᠠᠮᠤᠷ ᠲᠦᠪᠰᠢᠨ ᠨᠠᠶᠢᠷᠰᠠᠭ ᠰᠤᠷᠭᠠᠭᠤᠯᠢ ᠶᠢᠨ ᠣᠷᠴᠢᠨ ᠲᠣᠭᠤᠷᠢᠨ ᠢ ᠪᠠᠶᠢᠭᠤᠯᠤᠨ᠎ᠠ᠃    ︵ᠭᠤᠷᠪᠠ︶ ᠡᠮᠡᠭᠲᠡᠶᠢᠴᠦᠳ ᠪᠠ ᠠᠵᠤ ᠠᠬᠤᠢ᠃    ᠭᠤᠣᠯ ᠬᠠᠷᠠᠯᠲᠠ᠄    1.ᠡᠮᠡᠭᠲᠡᠶᠢᠴᠦᠳ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠤᠨ ᠳᠡᠮᠵᠢᠨ᠎ᠡ᠃ ᠡᠮᠡᠭᠲᠡᠶᠢᠴᠦᠳ ᠤᠨ ᠠᠵᠤ ᠠᠬᠤᠢ ᠶᠢᠨ ᠬᠥᠭᠵᠢᠯᠲᠡ ᠳᠤ ᠡᠷᠬᠡ ᠲᠡᠭᠰᠢ ᠪᠠᠷ ᠣᠷᠤᠯᠴᠠᠬᠤ ᠡᠷᠬᠡ ᠪᠠ ᠲᠣᠬᠢᠶᠠᠯ ᠢ ᠪᠠᠲᠤᠯᠠᠨ᠎ᠠ᠃    2.ᠡᠷᠬᠡ ᠲᠡᠭᠰᠢ ᠪᠠᠷ ᠠᠵᠢᠯ ᠣᠯᠬᠤ ᠶᠢ ᠠᠬᠢᠭᠤᠯᠵᠤ᠂ ᠠᠵᠢᠯ ᠣᠯᠬᠤ ᠳᠤ ᠬᠦᠢᠰᠦ ᠢᠯᠭᠠᠯ ᠬᠤᠪᠢᠶᠠᠬᠤ ᠶᠢ ᠠᠷᠢᠯᠭᠠᠨ᠎ᠠ᠃ ᠠᠵᠢᠯ ᠣᠯᠣᠭᠰᠠᠳ ᠤᠨ ᠳᠣᠮᠲᠠ ᠡᠮᠡᠭᠲᠡᠶᠢᠴᠦᠳ ᠤᠨ ᠬᠠᠷᠢᠴᠠᠯ  ᠢ 45% ᠣᠷᠴᠢᠮ ᠪᠠᠶᠢᠯᠭᠠᠨ᠎ᠠ᠃    3.ᠪᠥᠬᠦᠳᠡ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠵᠤ᠂ ᠡᠮᠡᠭᠲᠡᠶᠢᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠶᠡᠬᠡᠪᠡᠷ ᠳᠡᠮᠵᠢᠵᠦ ᠂ ᠡᠮᠡᠭᠲᠡᠢ ᠣᠶᠤᠲᠠᠳ ᠤᠨ ᠠᠳᠠᠯ ᠦᠢᠯᠡᠰ ᠴᠣᠭᠴᠠᠯᠠᠵᠤ ᠪᠦᠬᠦᠨ ᠢᠶᠠᠷ ᠢᠶᠠᠨ ᠠᠵᠢᠯ ᠣᠯᠬᠤ ᠶᠢ ᠠᠬᠢᠭᠤᠯᠤᠨ᠎ᠠ᠃    4.ᠡᠮᠡᠭᠲᠡᠶᠢᠴᠦᠳ ᠤᠨ ᠠᠵᠢᠯ ᠣᠯᠭᠤᠯᠲᠠ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ ᠬᠤᠲᠠ ᠪᠠᠯᠭᠠᠰᠤ ᠶᠢᠨ ᠪᠠᠶᠢᠭᠤᠯᠭ᠎ᠠ ᠨᠢᠭᠡᠴᠡ ᠳᠤ ᠠᠵᠢᠯᠯᠠᠬᠤ ᠬᠦᠮᠦᠰ ᠤᠨ ᠳᠣᠮᠲᠠ ᠡᠮᠡᠭᠲᠡᠶᠢᠴᠦᠳ ᠤᠨ ᠬᠠᠷᠢᠴᠠᠯ ᠢ 40% ᠬᠦᠷᠭᠡᠨ᠎ᠡ᠃    5.ᠡᠮᠡᠭᠲᠡᠢ ᠴᠢᠳᠠᠪᠤᠷᠢᠲᠠᠨ ᠤ ᠬᠥᠭᠵᠢᠯᠲᠡ ᠶᠢ ᠠᠬᠢᠭᠤᠯᠤᠨ᠎ᠠ᠃ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠳᠣᠲᠣᠷ᠎ᠠ ᠡᠮᠡᠭᠲᠡᠶᠢᠴᠦᠳ ᠤᠨ ᠬᠠᠷᠢᠴᠠᠯ ᠢ 50%  ᠬᠦᠷᠭᠡᠵᠦ᠂ ᠡᠮᠡᠭᠲᠡᠢ ᠬᠥᠳᠡᠯᠮᠦᠷᠢᠴᠢᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃    6.ᠡᠮᠡᠭᠲᠡᠶᠢᠴᠦᠳ ᠤᠨ ᠭᠤᠣᠯᠴᠢ ᠪᠠᠷ ᠬᠥᠳᠡᠯᠮᠦᠷᠢ ᠶᠢᠨ ᠬᠥᠯᠥᠰᠦ ᠣᠯᠭᠤᠮᠵᠢ ᠣᠯᠬᠤ ᠶᠢ ᠪᠠᠲᠤᠯᠠᠵᠤ᠂ ᠡᠷᠡᠭᠲᠡᠢ ᠡᠮᠡᠭᠲᠡᠢ ᠶᠢᠨ ᠣᠷᠣᠯᠭ᠎ᠠ ᠶᠢᠨ ᠵᠥᠷᠢᠶ᠎ᠡ ᠶᠢ ᠢᠯᠡᠳᠲᠡ ᠪᠠᠭᠠᠰᠬᠠᠨ᠎ᠠ᠃    7.ᠡᠮᠡᠭᠲᠡᠢ ᠬᠥᠳᠡᠯᠮᠦᠷᠢᠴᠢᠳ ᠤᠨ ᠬᠥᠳᠡᠯᠮᠦᠷᠢ ᠶᠢᠨ ᠠᠮᠤᠷ ᠲᠦᠪᠰᠢᠨ ᠪᠠ ᠡᠷᠡᠭᠦᠯ ᠮᠡᠨᠳᠦ ᠶᠢ ᠪᠠᠲᠤᠯᠠᠨ᠎ᠠ᠃ ᠡᠮᠡᠭᠲᠡᠢ ᠠᠵᠢᠯᠲᠠᠨ ᠠᠵᠢᠯᠴᠢᠨ ᠤ ᠠᠵᠢᠯ ᠤᠨ ᠨᠥᠯᠥᠭᠡᠨ ᠤ ᠡᠪᠡᠳᠴᠢᠨ ᠡᠭᠦᠰᠬᠦ ᠨᠣᠷᠮ᠎ᠠ ᠶᠢ ᠢᠯᠡᠳᠲᠡ ᠳᠣᠷᠣᠭᠰᠢᠯᠠᠭᠤᠯᠣᠨ᠎ᠠ᠃    8.ᠬᠦᠳᠡᠭᠡ ᠲᠣᠰᠬᠤᠨ ᠮᠠᠯᠵᠢᠬᠤ ᠣᠷᠣᠨ ᠤ ᠡᠮᠡᠭᠲᠡᠶᠢᠴᠦᠳ ᠤᠨ ᠭᠠᠵᠠᠷ ᠰᠢᠷᠣᠢ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠡᠷᠬᠡ᠂ ᠣᠷᠣᠨ ᠰᠠᠭᠤᠴᠠ ᠶᠢᠨ ᠰᠠᠭᠤᠷᠢᠨ ᠢ ᠬᠡᠷᠡᠭᠯᠡᠬᠦ ᠡᠷᠬᠡ᠂ ᠬᠠᠮᠲᠤ ᠶᠢᠨ ᠠᠵᠤ ᠠᠬᠤᠢ ᠶᠢᠨ ᠠᠰᠢᠭ ᠣᠷᠣᠯᠭ᠎ᠠ ᠶᠢ ᠬᠤᠪᠢᠶᠠᠷᠢᠯᠠᠬᠤ ᠡᠷᠬᠡ ᠵᠡᠷᠭᠡ ᠡᠯ᠎ᠡ ᠵᠦᠢᠯ ᠤᠨ ᠡᠷᠬᠡ ᠠᠰᠢᠭ ᠢ ᠡᠷᠬᠡ ᠲᠡᠭᠰᠢ ᠪᠠᠷ ᠡᠳ᠋ᠯᠡᠬᠦ ᠶᠢ ᠪᠠᠲᠤᠯᠠᠵᠤ᠂ ᠭᠠᠵᠠᠷ ᠰᠢᠷᠣᠢ ᠨᠤᠲᠤᠭ ᠪᠡᠯᠴᠢᠭᠡᠷ ᠢ ᠲᠠᠲᠠᠪᠤᠷᠢᠯᠠᠬᠤ ᠪᠤᠶᠤ ᠲᠠᠲᠠᠪᠤᠷᠢᠯᠠᠨ ᠬᠡᠷᠡᠭᠯᠡᠵᠦ ᠲᠥᠪᠬᠢᠨᠡᠭᠦᠯᠬᠦ ᠨᠥᠬᠦᠪᠦᠷᠢ ᠣᠯᠬᠤ ᠡᠷᠬᠡ ᠠᠰᠢᠭ ᠢ ᠡᠷᠬᠡ ᠲᠡᠭᠰᠢ ᠪᠠᠷ ᠡᠳ᠋ᠯᠡᠭᠦᠯᠦᠨ᠎ᠡ᠃    9.ᠶᠠᠳᠠᠭᠤ ᠠᠴᠠ ᠠᠩᠭᠢᠵᠢᠷᠠᠭᠤᠯᠣᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠵᠦ᠂ ᠬᠦᠳᠡᠭᠡ ᠲᠣᠰᠬᠤᠨ ᠮᠠᠯᠵᠢᠬᠤ ᠣᠷᠣᠨ ᠤ ᠣᠷᠣᠯᠭ᠎ᠠ ᠪᠠᠭᠠᠲᠠᠢ ᠡᠮᠡᠭᠲᠡᠶᠢᠴᠦᠳ ᠣᠯᠠᠨ ᠲᠦᠮᠡᠨ ᠤ ᠦᠷᠭᠦᠯᠵᠢᠯᠡᠬᠦᠶᠢᠴᠡ ᠬᠥᠭᠵᠢᠬᠦ ᠪᠠ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠴᠢᠳᠠᠪᠤᠷᠢ ᠶᠢ ᠨᠡᠮᠡᠭᠳᠡᠭᠦᠯᠦᠨ᠎ᠡ᠃    10.ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤᠮᠳᠠᠬᠢ ᠡᠮᠡᠭᠲᠡᠶᠢᠴᠦᠳ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃    ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄    1.ᠡᠮᠡᠭᠲᠡᠶᠢᠴᠦᠳ ᠤᠨ ᠠᠵᠤ ᠠᠬᠤᠢ ᠶᠢᠨ ᠬᠥᠭᠵᠢᠯᠲᠡ ᠳᠤ ᠡᠷᠬᠡ ᠲᠡᠭᠰᠢ ᠪᠠᠷ ᠣᠷᠤᠯᠴᠠᠬᠤ ᠶᠢ ᠪᠠᠲᠤᠯᠠᠬᠤ ᠡᠷᠴᠢᠮ ᠢᠶᠠᠨ ᠴᠢᠩᠭᠠᠷᠠᠭᠤᠯᠤᠨ᠎ᠠ᠃    2.ᠠᠵᠢᠯ ᠣᠯᠬᠤ ᠳᠤ ᠬᠦᠢᠰᠦ ᠢᠯᠭᠠᠯ ᠬᠤᠪᠢᠶᠠᠬᠤ ᠶᠢ ᠦᠭᠡᠶᠢᠰᠭᠡᠬᠦ ᠠᠵᠢᠯ ᠤᠨ ᠡᠷᠴᠢᠮ ᠢᠶᠠᠨ ᠨᠡᠮᠡᠭᠳᠡᠭᠦᠯᠦᠨ᠎ᠡ᠃    3.ᠡᠮᠡᠭᠲᠡᠶᠢᠴᠦᠳ ᠤᠨ ᠪᠦᠷᠢᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠤᠨ᠎ᠠ᠃    4.ᠡᠮᠡᠭᠲᠡᠢ ᠣᠶᠤᠲᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠤᠨ᠎ᠠ᠃    5.ᠡᠮᠡᠭᠲᠡᠶᠢᠴᠦᠳ ᠤᠨ ᠠᠵᠢᠯ ᠣᠯᠭᠤᠯᠲᠠ ᠶᠢᠨ ᠪᠦᠲᠦᠴᠡ ᠶᠢ ᠰᠠᠶᠢᠵᠢᠷᠠᠭᠤᠯᠣᠨ᠎ᠠ᠃    6.ᠡᠮᠡᠭᠲᠡᠶᠢᠴᠦᠳ ᠤᠨ ᠲᠤᠰᠬᠠᠢ ᠮᠡᠷᠭᠡᠵᠢᠯ ᠪᠠ ᠤᠷ᠎ᠠ ᠴᠢᠳᠠᠪᠤᠷᠢ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃    7.ᠡᠷᠡᠭᠲᠡᠢ ᠡᠮᠡᠭᠲᠡᠢ ᠬᠤᠶᠠᠷ ᠬᠦᠢᠰᠦ ᠶᠢᠨ ᠣᠷᠣᠯᠭ᠎ᠠ ᠶᠢᠨ ᠵᠥᠷᠢᠶ᠎ᠡ ᠶᠢ ᠪᠠᠭᠠᠰᠬᠠᠨ᠎ᠠ᠃    8.ᠡᠮᠡᠭᠲᠡᠢ ᠬᠥᠳᠡᠯᠮᠦᠷᠢᠴᠢᠳ ᠤᠨ ᠬᠥᠳᠡᠯᠮᠦᠷᠢ ᠶᠢᠨ ᠠᠮᠤᠷ ᠲᠦᠪᠰᠢᠨ ᠤ ᠪᠠᠶᠢᠳᠠᠯ ᠢ ᠰᠠᠶᠢᠵᠢᠷᠠᠭᠤᠯᠤᠨ᠎ᠠ᠃    9.ᠡᠮᠡᠭᠲᠡᠢ ᠠᠵᠢᠯᠲᠠᠨ ᠠᠵᠢᠯᠴᠢᠨ ᠤ ᠬᠥᠳᠡᠯᠮᠦᠷᠢ ᠶᠢᠨ ᠡᠷᠬᠡ ᠠᠰᠢᠭ ᠢ ᠪᠠᠲᠤᠯᠠᠨ᠎ᠠ᠃    10.ᠡᠮᠡᠭᠲᠡᠶᠢᠴᠦᠳ ᠤᠨ ᠬᠥᠩᠭᠡᠵᠢᠭᠰᠡᠨ ᠤ ᠳᠠᠷᠠᠭᠠᠬᠢ ᠠᠵᠢᠯ ᠮᠡᠷᠭᠡᠵᠢᠯ ᠤᠨ ᠬᠥᠭᠵᠢᠯᠲᠡ ᠳᠤ ᠠᠰᠢᠭᠲᠠᠢ ᠨᠥᠬᠦᠴᠡᠯ ᠪᠦᠷᠢᠯᠳᠦᠭᠦᠯᠵᠦ ᠥᠭᠭᠦᠨ᠎ᠡ᠃    11. ᠬᠦᠳᠡᠭᠡ ᠲᠣᠰᠬᠤᠨ ᠮᠠᠯᠵᠢᠬᠤ ᠣᠷᠣᠨ ᠤ ᠡᠮᠡᠭᠲᠡᠶᠢᠴᠦᠳ ᠤᠨ ᠡᠯ᠎ᠡ ᠵᠦᠢᠯ ᠤᠨ ᠠᠵᠤ ᠠᠬᠤᠢ ᠶᠢᠨ ᠡᠷᠬᠡ ᠠᠰᠢᠭ ᠢ ᠡᠷᠬᠡ ᠲᠡᠭᠰᠢ ᠪᠠᠷ ᠡᠳ᠋ᠯᠡᠬᠦ ᠶᠢ ᠪᠠᠲᠣᠯᠠᠨ᠎ᠠ᠃    12.ᠶᠠᠳᠠᠭᠤ ᠠᠴᠠ ᠠᠩᠭᠢᠵᠢᠷᠠᠭᠰᠠᠨ ᠡᠮᠡᠭᠲᠡᠶᠢᠴᠦᠳ ᠤᠨ ᠣᠷᠣᠯᠭ᠎ᠠ ᠪᠠᠨ ᠲᠣᠭᠲᠠᠭᠤᠨ ᠢᠶᠠᠷ ᠨᠡᠮᠡᠭᠳᠡᠭᠦᠯᠬᠦ ᠶᠢ ᠳᠡᠮᠵᠢᠨ᠎ᠡ᠃    13.ᠡᠮᠡᠭᠲᠡᠶᠢᠴᠦᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠢᠳᠡᠪᠬᠢᠲᠡᠢ ᠣᠷᠤᠯᠴᠠᠬᠤ ᠶᠢ ᠳᠡᠮᠵᠢᠨ᠎ᠡ᠃    ︵ᠳᠥᠷᠪᠡ︶ ᠡᠮᠡᠭᠲᠡᠶᠢᠴᠦᠳ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠠᠮᠢᠶᠠᠷᠤᠯᠲᠠ ᠳᠤ ᠣᠷᠣᠯᠴᠠᠬᠤ᠃    ᠭᠤᠣᠯ ᠬᠠᠷᠠᠯᠲᠠ᠄    1.ᠡᠮᠡᠭᠲᠡᠶᠢᠴᠦᠳ ᠤᠨ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠪᠠ ᠨᠡᠶᠢᠭᠡᠮ ᠤᠨ ᠵᠠᠰᠠᠯᠲᠠ ᠳᠤ ᠣᠷᠤᠯᠴᠠᠬᠤ ᠶᠢ ᠪᠠᠲᠤᠯᠠᠵᠤ᠂ ᠣᠷᠤᠯᠴᠠᠬᠤ ᠬᠢᠷᠢ ᠲᠥᠪᠰᠢᠨ ᠢ ᠳᠡᠭᠡᠭᠰᠢᠯᠡᠭᠦᠯᠦᠨ᠎ᠡ᠃    2.ᠳᠤᠮᠳᠠᠳᠤ ᠤᠯᠤᠰ ᠤᠨ ᠡᠪ ᠬᠠᠮᠲᠤ ᠨᠠᠮ ᠳᠤ ᠡᠮᠡᠭᠲᠡᠢ ᠨᠠᠮ ᠤᠨ ᠭᠡᠰᠢᠭᠦᠨ ᠤ ᠵᠦᠢ ᠵᠣᠬᠢᠰᠲᠠᠢ ᠬᠠᠷᠢᠴᠠᠯ ᠢ ᠪᠠᠲᠤᠯᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠯ᠎ᠡ ᠱᠠᠲᠤᠨ ᠤ ᠨᠠᠮ ᠤᠨ ᠭᠡᠰᠢᠭᠦᠨ ᠤ ᠲᠥᠯᠥᠭᠡᠯᠡᠭᠴᠢᠳ ᠤᠨ ᠶᠡᠭᠡ ᠬᠤᠷᠠᠯ ᠳᠤ ᠡᠮᠡᠭᠲᠡᠢ ᠨᠠᠮ ᠤᠨ ᠭᠡᠰᠢᠭᠦᠨ ᠲᠥᠯᠥᠭᠡᠯᠡᠭᠴᠢ ᠶᠢᠨ ᠬᠠᠷᠢᠴᠠᠯ ᠨᠢ ᠡᠩ ᠤᠨ ᠪᠠᠶᠢᠳᠠᠯ ᠳᠤ ᠪᠥᠬᠦ ᠬᠤᠰᠢᠭᠤᠨ ᠤ ᠨᠠᠮ ᠤᠨ ᠭᠡᠰᠢᠭᠦᠨ ᠤ  ᠶᠡᠷᠦᠩᠬᠡᠢ ᠲᠤᠭ᠎ᠠ ᠤ ᠡᠮᠡᠭᠲᠡᠢ ᠭᠡᠰᠢᠭᠦᠨ ᠤ ᠬᠠᠷᠢᠴᠠᠯ ᠠᠴᠠ ᠪᠠᠭ᠎ᠠ ᠪᠠᠶᠢᠯᠭᠠᠬᠤ ᠦᠭᠡᠢ᠃    3.ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠠ ᠪᠠᠶᠢᠩᠭᠤ ᠶᠢᠨ ᠬᠤᠷᠢᠶᠠᠨ ᠤ ᠭᠡᠰᠢᠭᠦᠳ ᠤᠨ ᠳᠣᠲᠣᠷ᠎ᠠ ᠡᠮᠡᠭᠲᠡᠶᠢᠴᠦᠳ ᠤᠨ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠡᠯ᠎ᠡ ᠱᠠᠲᠤᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠪᠠᠶᠢᠩᠭᠤ ᠶᠢᠨ ᠭᠡᠰᠢᠭᠦᠳ ᠤᠨ ᠳᠣᠲᠣᠷ᠎ᠠ ᠡᠮᠡᠭᠲᠡᠶᠢᠴᠦᠳ ᠤᠨ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃    4.ᠡᠮᠡᠭᠲᠡᠢ ᠺᠠᠳ᠋ᠷ ᠢ ᠰᠣᠩᠭᠤᠨ ᠬᠥᠮᠥᠵᠢᠭᠦᠯᠬᠦ ᠶᠢ ᠴᠢᠬᠤᠯᠠᠴᠢᠯᠠᠵᠤ᠂ ᠬᠤᠰᠢᠭᠤᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠳᠣᠲᠣᠷ᠎ᠠ ᠡᠮᠡᠭᠲᠡᠢ ᠺᠠᠳ᠋ᠷ ᠤᠨ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠵᠢᠩᠬᠢᠨᠢ ᠲᠤᠰᠢᠶᠠᠯ ᠡᠭᠦᠷᠭᠡᠯᠡᠵᠦ ᠪᠠᠶᠢᠭ᠎ᠠ ᠡᠮᠡᠭᠲᠡᠢ ᠺᠠᠳ᠋ᠷ ᠢ ᠠᠳᠠᠯᠢ ᠱᠠᠲᠤᠨ ᠤ ᠵᠢᠩᠬᠢᠨᠢ ᠲᠤᠰᠢᠶᠠᠯ ᠡᠭᠦᠷᠭᠡᠯᠡᠬᠦ ᠺᠠᠳ᠋ᠷ  ᠤᠨ ᠳᠣᠲᠣᠷ᠎ᠠ ᠡᠵᠡᠯᠡᠬᠦ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃    5.ᠰᠤᠮᠤ ᠪᠠᠯᠭᠠᠰᠤᠨ ᠤ ᠤᠳᠤᠷᠢᠳᠬᠤ ᠪᠠᠭ ᠤᠨ ᠳᠣᠲᠣᠷ᠎ᠠ ᠨᠠᠭᠠᠲᠤ ᠵᠠᠬ᠎ᠠ ᠳᠠᠭᠠᠨ ᠨᠢᠭᠡ ᠡᠮᠡᠭᠲᠡᠢ ᠺᠠᠳ᠋ᠷ ᠳᠣᠬᠢᠷᠠᠭᠤᠯᠣᠨ᠎ᠠ᠂ ᠡᠭᠦᠨ ᠳᠤ ᠵᠣᠬᠢᠬᠤ ᠲᠣᠭᠠᠨ ᠤ ᠵᠢᠩᠬᠢᠨᠢ ᠲᠤᠰᠢᠶᠠᠯ ᠲᠠᠢ  ᠪᠠᠶᠢᠯᠭᠠᠨ᠎ᠠ᠃    6.ᠡᠯ᠎ᠡ ᠱᠠᠲᠤᠨ ᠤ ᠡᠯ᠎ᠡ ᠲᠥᠷᠥᠯ ᠤᠨ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠤᠳᠤᠷᠢᠳᠬᠤ ᠪᠠᠭ ᠤᠨ ᠭᠡᠰᠢᠭᠦᠨ ᠤ ᠳᠣᠲᠣᠷᠠᠬᠢ ᠡᠮᠡᠭᠲᠡᠶᠢᠴᠦᠳ ᠤᠨ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠪᠦᠲᠦᠴᠡ ᠶᠢ ᠵᠦᠢ ᠵᠣᠬᠢᠰᠲᠠᠢ ᠪᠠᠶᠢᠯᠭᠠᠨ᠎ᠠ᠃    7.ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠡᠷᠡᠭ ᠮᠡᠳᠡᠭᠴᠢᠳ ᠤᠨ ᠵᠥᠪᠯᠡᠯ᠂ ᠬᠡᠷᠡᠭ ᠬᠢᠨᠠᠭᠴᠢᠳ ᠤᠨ ᠵᠥᠪᠯᠡᠯ ᠤᠨ ᠪᠦᠷᠢᠯᠳᠦᠭᠦᠨ ᠵᠢᠴᠢ ᠬᠠᠮᠢᠶᠠᠷᠣᠯᠲᠠ ᠶᠢᠨ ᠱᠠᠲᠤ ᠳᠠᠪᠬᠤᠷᠭ᠎ᠠ ᠳᠤ ᠡᠮᠡᠭᠲᠡᠶᠢᠴᠦᠳ ᠤᠨ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠳᠠᠬᠢ ᠡᠮᠡᠭᠲᠡᠶᠢᠴᠦᠳ ᠤᠨ ᠬᠠᠷᠢᠴᠠᠯ ᠪᠣᠯᠣᠨ ᠡᠮᠡᠭᠲᠡᠢ ᠠᠵᠢᠯᠲᠠᠨ ᠠᠵᠢᠯᠴᠢᠨ ᠤ ᠬᠠᠷᠢᠴᠠᠯ ᠢ ᠵᠣᠬᠢᠰᠲᠠᠢ ᠪᠠᠶᠢᠯᠭᠠᠨ᠎ᠠ᠃    8.ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠡᠰᠢᠭᠦᠨ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠳᠣᠲᠣᠷ᠎ᠠ ᠡᠮᠡᠭᠲᠡᠶᠢᠴᠦᠳ ᠤᠨ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠡᠮᠡᠭᠲᠡᠢ ᠭᠠᠴᠠᠭᠠᠨ ᠤ ᠠᠷᠠᠳ ᠤᠨ ᠲᠥᠯᠥᠭᠡᠯᠡᠭᠴᠢ ᠭᠠᠴᠠᠭᠠᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠤᠨ ᠭᠡᠰᠢᠭᠦᠨ ᠤ ᠭᠤᠷᠪᠠᠨ ᠤ ᠨᠢᠭᠡ ᠠᠴᠠ ᠳᠡᠭᠡᠭᠰᠢᠬᠢ ᠶᠢ ᠡᠵᠡᠯᠡᠵᠦ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠭᠡᠰᠢᠭᠦᠨ ᠤ ᠳᠣᠲᠣᠷ᠎ᠠ ᠡᠮᠡᠭᠲᠡᠶᠢᠴᠦᠳ ᠤᠨ ᠬᠠᠷᠢᠴᠠᠯ ᠢ 30% ᠠᠴᠠ ᠳᠡᠭᠡᠭᠰᠢ ᠬᠦᠷᠦᠭᠦᠯᠵᠦ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠶᠢᠨ ᠳᠣᠲᠣᠷᠠᠬᠢ  ᠡᠮᠡᠭᠲᠡᠶᠢᠴᠦᠳ ᠤᠨ ᠬᠠᠷᠢᠴᠠᠯ ᠢ 10% ᠠᠴᠠ ᠳᠡᠭᠡᠭᠰᠢ ᠳᠤ  ᠬᠦᠷᠭᠡᠨ᠎ᠡ᠃    9.ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠡᠰᠢᠭᠦᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠳᠣᠲᠣᠷ᠎ᠠ ᠡᠮᠡᠭᠲᠡᠶᠢᠴᠦᠳ ᠤᠨ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠭᠡᠰᠢᠭᠦᠨ ᠤ ᠳᠣᠲᠣᠷ᠎ᠠ ᠡᠮᠡᠭᠲᠡᠶᠢᠴᠦᠳ ᠤᠨ ᠬᠠᠷᠢᠴᠠᠯ ᠢ 50% ᠣᠷᠴᠢᠮ ᠪᠠᠶᠢᠯᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠶᠢᠨ ᠳᠣᠲᠣᠷ᠎ᠠ ᠡᠮᠡᠭᠲᠡᠶᠢᠴᠦᠳ ᠤᠨ ᠬᠠᠷᠢᠴᠠᠯ ᠢ 40% ᠠᠴᠠ ᠳᠡᠭᠡᠭᠰᠢ ᠬᠦᠷᠭᠡᠨ᠎ᠡ᠃    10.ᠡᠮᠡᠭᠲᠡᠶᠢᠴᠦᠳ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠣᠷᠣᠯᠴᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠪᠣᠯᠬᠤ ᠶᠢ ᠵᠣᠷᠢᠭᠵᠢᠭᠤᠯᠤᠨ ᠳᠡᠮᠵᠢᠨ᠎ᠡ᠃    ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄    1.ᠡᠮᠡᠭᠲᠡᠶᠢᠴᠦᠳ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠠᠮᠢᠶᠠᠷᠤᠯᠲᠠ ᠳᠤ ᠣᠷᠤᠯᠴᠠᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃    2.ᠡᠮᠡᠭᠲᠡᠶᠢᠴᠦᠳ ᠤᠨ ᠨᠡᠶᠢᠭᠡᠮ ᠤᠨ ᠬᠡᠷᠡᠭ ᠶᠠᠪᠤᠳᠠᠯ ᠪᠠ ᠠᠷᠠᠳᠴᠢᠯᠠᠯᠲᠤ ᠬᠠᠮᠢᠶᠠᠷᠤᠯᠲᠠ ᠳᠤ ᠣᠷᠤᠯᠴᠠᠬᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃    3.ᠳᠤᠮᠳᠠᠳᠤ ᠤᠯᠤᠰ ᠤᠨ ᠡᠪ ᠬᠠᠮᠲᠤ ᠨᠠᠮ ᠳᠤ ᠡᠮᠡᠭᠲᠡᠢ ᠨᠠᠮ ᠤᠨ ᠭᠡᠰᠢᠭᠦᠨ ᠡᠯᠰᠡᠬᠦ ᠶᠢ ᠴᠢᠬᠤᠯᠠᠴᠢᠯᠠᠨ᠎ᠠ᠃    4.ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠮᠡᠭᠲᠡᠢ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠡᠮᠡᠭᠲᠡᠢ ᠭᠡᠰᠢᠭᠦᠨ ᠤ ᠬᠠᠷᠢᠴᠠᠯ ᠢ ᠳᠡᠭᠡᠭᠰᠢᠯᠡᠭᠦᠯᠦᠨ᠎ᠡ᠃    5.ᠡᠮᠡᠭᠲᠡᠢ ᠺᠠᠳ᠋ᠷ ᠢ ᠬᠥᠮᠥᠵᠢᠭᠦᠯᠵᠦ ᠰᠣᠩᠭᠤᠨ ᠳᠡᠪᠰᠢᠭᠦᠯᠬᠦ ᠠᠵᠢᠯ ᠤᠨ ᠡᠷᠴᠢᠮ ᠢᠶᠠᠨ ᠴᠢᠩᠭᠠᠷᠠᠭᠤᠯᠤᠨ᠎ᠠ᠃    6.ᠡᠮᠡᠭᠲᠡᠶᠢᠴᠦᠳ ᠤᠨ ᠠᠵᠢᠯ ᠦᠢᠯᠡᠰ ᠤᠨ ᠨᠢᠭᠡᠴᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠠᠮᠢᠶᠠᠷᠤᠯᠲᠠ ᠬᠢᠬᠦ ᠳᠤ ᠢᠳᠡᠪᠬᠢᠲᠡᠢ ᠣᠷᠣᠯᠴᠠᠬᠤ ᠶᠢ ᠠᠬᠢᠭᠤᠯᠣᠨ᠎ᠠ᠃    7.ᠡᠮᠡᠭᠲᠡᠶᠢᠴᠦᠳ ᠤᠨ ᠠᠵᠤ ᠠᠬᠤᠶᠢᠯᠠᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠠᠮᠢᠶᠠᠷᠤᠯᠲᠠ ᠬᠢᠬᠦ ᠳᠤ ᠥᠷᠭᠡᠨ ᠢᠶᠠᠷ ᠣᠷᠣᠯᠴᠠᠬᠤ ᠶᠢ ᠠᠬᠢᠭᠤᠯᠣᠨ᠎ᠠ᠃    8.ᠡᠮᠡᠭᠲᠡᠶᠢᠴᠦᠳ ᠤᠨ ᠬᠤᠲᠠ ᠬᠥᠳᠡᠭᠡ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠡᠮᠬᠢ ᠵᠢᠷᠤᠮ ᠲᠠᠢ ᠣᠷᠣᠯᠴᠠᠬᠤ ᠶᠢ ᠠᠬᠢᠭᠤᠯᠣᠨ᠎ᠠ᠃    9.ᠡᠮᠡᠭᠲᠡᠶᠢᠴᠦᠳ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠣᠷᠤᠯᠴᠠᠬᠤ ᠶᠢ ᠳᠡᠮᠵᠢᠵᠦ ᠬᠥᠲᠥᠯᠥᠨ ᠵᠢᠯᠣᠭᠤᠳᠣᠨ᠎ᠠ᠃   10.ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠠᠬᠢ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠤᠨ᠎ᠠ᠃    ︵ᠲᠠᠪᠤ︶ ᠡᠮᠡᠭᠲᠡᠶᠢᠴᠦᠳ ᠬᠢᠭᠡᠳ ᠨᠡᠶᠢᠭᠡᠮ ᠤᠨ ᠪᠠᠲᠤᠯᠠᠭ᠎ᠠ᠃    ᠭᠤᠣᠯ ᠬᠠᠷᠠᠯᠲᠠ᠄    1.ᠡᠮᠡᠭᠲᠡᠶᠢᠴᠦᠳ ᠨᠡᠶᠢᠭᠡᠮ ᠤᠨ ᠪᠠᠲᠤᠯᠠᠭ᠎ᠠ ᠡᠷᠬᠡ ᠠᠰᠢᠭ ᠢ ᠠᠳᠠᠯᠢ ᠲᠡᠭᠰᠢ ᠪᠠᠷ ᠡᠳ᠋ᠯᠡᠵᠦ᠂ ᠪᠠᠲᠤᠯᠠᠭ᠎ᠠ ᠶᠢᠨ ᠬᠢᠷᠢ ᠲᠥᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃    2.ᠦᠷᠡᠵᠢᠯ ᠤᠨ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠦᠷᠡᠵᠢᠯ ᠤᠨ ᠳᠠᠭᠠᠳᠬᠠᠯ ᠳᠤ ᠣᠷᠤᠯᠴᠠᠬᠤ ᠨᠤᠷᠮ᠎ᠠ ᠶᠢ ᠳᠡᠭᠡᠭᠰᠢᠯᠡᠭᠦᠯᠦᠨ᠎ᠡ᠃    3.ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠡᠮᠡᠭᠲᠡᠶᠢᠴᠦᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠨᠤᠷᠮ᠎ᠠ ᠶᠢ 95% ᠠᠴᠠ ᠳᠡᠭᠡᠭᠰᠢ ᠲᠣᠭᠲᠠᠪᠤᠷᠢᠵᠢᠭᠤᠯᠵᠤ᠂ ᠬᠠᠷᠠᠭᠠᠯᠵᠠᠯ ᠪᠠᠲᠤᠯᠠᠭ᠎ᠠ ᠶᠢ ᠭᠤᠣᠯᠴᠢ ᠪᠥᠭᠡᠳ ᠲᠣᠬᠢᠷᠠᠮᠵᠢᠲᠠᠢ ᠪᠠᠶᠢᠯᠭᠠᠨ᠎ᠠ᠃    4.ᠨᠠᠰᠤᠵᠢᠯ ᠤᠨ ᠳᠠᠭᠠᠳᠬᠠᠯ ᠤᠨ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠡᠮᠡᠭᠲᠡᠶᠢᠴᠦᠳ ᠤᠨ ᠨᠠᠰᠤᠵᠢᠯ ᠤᠨ ᠦᠨᠳᠦᠰᠦᠨ ᠳᠠᠭᠠᠳᠬᠠᠯ ᠳᠤ ᠣᠷᠤᠯᠴᠠᠬᠤ ᠨᠤᠷᠮ᠎ᠠ ᠶᠢ 95% ᠪᠣᠯᠲᠠᠯ᠎ᠠ ᠳᠡᠭᠡᠭᠰᠢᠯᠡᠭᠦᠯᠵᠦ᠂ ᠬᠠᠷᠠᠭᠠᠯᠵᠠᠯ ᠤᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃    5.ᠠᠵᠢᠯ ᠠᠯᠳᠠᠭᠰᠠᠨ ᠳᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠳᠦᠷᠢᠮ ᠢ ᠲᠡᠭᠦᠯᠳᠡᠷᠵᠢᠭᠦᠯᠦᠨ᠎ᠡ᠃ ᠡᠮᠡᠭᠲᠡᠶᠢᠴᠦᠳ ᠤᠨ ᠠᠵᠢᠯ ᠠᠯᠳᠠᠭᠰᠠᠨ ᠳᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠤᠯᠴᠠᠬᠤ ᠬᠥᠮᠥᠨ ᠢ ᠨᠡᠮᠡᠭᠳᠡᠭᠦᠯᠵᠦ᠂ ᠬᠤᠯᠪᠣᠭᠳᠠᠯ ᠪᠦᠬᠦᠢ ᠬᠠᠷᠠᠭᠠᠯᠵᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃    6.ᠲᠠᠰ ᠳᠠᠪᠬᠤᠷᠭ᠎ᠠ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠦᠨ᠎ᠡ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠪᠠ ᠣᠷᠣᠯᠭ᠎ᠠ ᠪᠠᠭᠠᠲᠠᠢ ᠭᠡᠷ ᠪᠦᠯᠢ ᠶᠢᠨ ᠡᠮᠡᠭᠲᠡᠶᠢᠴᠦᠳ ᠤᠨ ᠠᠮᠢᠳᠤᠷᠠᠯ ᠢ ᠦᠨᠳᠦᠰᠦᠨ ᠳᠡᠭᠡᠨ ᠪᠠᠲᠤᠯᠠᠭ᠎ᠠ ᠲᠠᠢ ᠪᠣᠯᠭᠠᠨ᠎ᠠ᠃    7.ᠡᠮᠡᠭᠲᠡᠶᠢᠴᠦᠳ ᠤᠨ ᠠᠰᠠᠷᠠᠮᠵᠢ ᠬᠠᠷᠠᠭᠠᠯᠵᠠᠯ ᠤᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠨᠠᠰᠤ ᠠᠬᠢᠭᠰᠠᠨ ᠡᠮᠡᠭᠲᠡᠶᠢᠴᠦᠳ᠂ ᠵᠡᠮᠳᠡᠭ ᠡᠮᠡᠭᠲᠡᠶᠢᠴᠦᠳ ᠵᠡᠷᠭᠡ ᠬᠠᠮᠲᠤᠯᠢᠭ ᠳᠠᠰᠢ ᠭᠤᠣᠯᠳᠠᠯᠭ᠎ᠠ ᠲᠠᠢ ᠬᠡᠯᠪᠡᠶᠢᠯᠭᠡᠨ᠎ᠡ᠃    8.ᠣᠯᠠᠨ ᠲᠠᠰ ᠳᠠᠪᠬᠤᠷᠭ᠎ᠠ ᠶᠢᠨ ᠨᠠᠰᠤᠵᠢᠯ ᠤᠨ ᠦᠢᠯᠡᠴᠢᠯᠡᠭᠡᠨ ᠤ ᠪᠠ ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃  ᠨᠠᠰᠤ ᠠᠬᠢᠭᠰᠠᠨ ᠡᠮᠡᠭᠲᠡᠶᠢᠴᠦᠳ ᠲᠤ ᠠᠳᠠᠯᠢ ᠲᠡᠭᠰᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠦᠷᠲᠡᠭᠡᠬᠦ ᠶᠢ ᠪᠠᠲᠤᠯᠠᠵᠤ᠂ ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠡᠮᠡᠭᠲᠡᠶᠢᠴᠦᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠬᠢᠷᠢ  ᠲᠥᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃    9.ᠡᠮᠡᠭᠲᠡᠶᠢᠴᠦᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠴᠢᠩᠭᠠᠳᠬᠠᠵᠤ᠂ ᠬᠦᠴᠢᠷᠳᠡᠯ ᠲᠠᠢ᠂ ᠬᠠᠪᠰᠣᠷᠬᠤ ᠬᠡᠷᠡᠭᠴᠡᠭᠡ ᠱᠠᠭᠠᠷᠳᠠᠯᠭ᠎ᠠ ᠲᠠᠢ ᠡᠮᠡᠭᠲᠡᠶᠢᠴᠦᠳ ᠢ ᠭᠤᠣᠯᠳᠠᠯᠭ᠎ᠠ ᠲᠠᠢ ᠬᠠᠪᠰᠤᠷᠤᠨ  ᠲᠡᠳᠭᠦᠨ᠎ᠡ᠃    ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄    1.ᠡᠮᠡᠭᠲᠡᠶᠢᠴᠦᠳ ᠲᠤ ᠠᠰᠢᠭ ᠬᠦᠷᠲᠡᠭᠡᠬᠦ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃    2.ᠬᠤᠲᠠ ᠬᠥᠳᠡᠭᠡ ᠶᠢᠨ ᠡᠮᠡᠭᠲᠡᠶᠢᠴᠦᠳ ᠢ ᠬᠠᠮᠤᠷᠤᠭᠰᠠᠨ ᠦᠷᠡᠵᠢᠯ ᠤᠨ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠦᠨ᠎ᠡ᠃    3.ᠡᠮᠡᠭᠲᠡᠶᠢᠴᠦᠳ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠬᠢᠷᠢ ᠲᠥᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃    4.ᠡᠮᠡᠭᠲᠡᠶᠢᠴᠦᠳ ᠤᠨ ᠦᠷᠭᠦᠯᠵᠢᠯᠡᠬᠦᠶᠢᠴᠡ ᠣᠯᠠᠨ ᠲᠠᠰ ᠳᠠᠪᠬᠤᠷᠭ᠎ᠠ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠡᠳ᠋ᠯᠡᠬᠦ ᠶᠢ ᠠᠬᠢᠭᠤᠯᠤᠨ᠎ᠠ᠃    5.ᠡᠮᠡᠭᠲᠡᠶᠢᠴᠦᠳ ᠤᠨ ᠠᠵᠢᠯ ᠠᠯᠳᠠᠭᠰᠠᠨ ᠳᠠᠭᠠᠳᠬᠠᠯ ᠤᠨ ᠡᠷᠬᠡ ᠠᠰᠢᠭ ᠢ ᠪᠠᠲᠤᠯᠠᠨ᠎ᠠ᠃    6. ᠡᠮᠡᠭᠲᠡᠶᠢᠴᠦᠳ ᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃    7. ᠠᠮᠢᠳᠤᠷᠠᠯ ᠨᠢ ᠬᠦᠴᠢᠷᠳᠡᠯᠲᠡᠢ ᠡᠮᠡᠭᠲᠡᠶᠢᠴᠦᠳ ᠲᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠪᠠᠨ ᠴᠢᠩᠭᠠᠷᠠᠭᠤᠯᠤᠨ᠎ᠠ᠃    8. ᠡᠮᠡᠭᠲᠡᠶᠢᠴᠦᠳ ᠲᠤ ᠨᠡᠶᠢᠭᠡᠮ ᠤᠨ ᠠᠰᠠᠷᠠᠮᠵᠢ ᠶᠢᠨ ᠬᠡᠷᠡᠭᠴᠡᠭᠡ ᠶᠢ ᠨᠠᠩ ᠰᠠᠶᠢᠨ ᠬᠠᠩᠭᠠᠨ᠎ᠠ᠃    9. ᠡᠮᠡᠭᠲᠡᠶᠢᠴᠦᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠭᠥᠷᠳᠡᠬᠦ ᠶᠢ ᠪᠠᠲᠤᠯᠠᠨ᠎ᠠ᠃    10. ᠣᠯᠠᠨ ᠲᠠᠰ ᠳᠠᠪᠬᠤᠷᠭ᠎ᠠ ᠶᠢᠨ ᠣᠷᠳᠣ ᠬᠤᠭᠤᠴᠠᠭᠠᠨ ᠤ ᠬᠠᠷᠠᠭᠠᠯᠵᠠᠨ ᠠᠰᠠᠷᠠᠬᠤ ᠪᠠᠲᠤᠯᠠᠭ᠎ᠠ ᠶᠢᠨ ᠳᠦᠷᠢᠮ ᠢ ᠪᠠᠶᠢᠭᠤᠯᠤᠨ᠎ᠠ᠃    11. ᠡᠮᠡᠭᠲᠡᠶᠢᠴᠦᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠬᠢᠷᠢ ᠲᠥᠪᠰᠢᠨ ᠢᠶᠠᠨ ᠳᠡᠭᠡᠭᠰᠢᠯᠡᠭᠦᠯᠦᠨ᠎ᠡ᠃    ︵ᠵᠢᠷᠭᠤᠭ᠎ᠠ︶ ᠡᠮᠡᠭᠲᠡᠶᠢᠴᠦᠳ ᠬᠢᠭᠡᠳ ᠭᠡᠷ ᠪᠦᠯᠢ ᠶᠢᠨ ᠪᠦᠲᠦᠭᠡᠨ ᠪᠠᠶᠢᠭᠤᠯᠤᠯᠲᠠ᠃    ᠭᠤᠣᠯ ᠬᠠᠷᠠᠯᠲᠠ᠄    1.ᠰᠢᠨ᠎ᠡ ᠴᠠᠭ ᠦᠶ᠎ᠡ ᠶᠢᠨ ᠭᠡᠷ ᠪᠦᠯᠢ ᠶᠢᠨ ᠦᠵᠡᠯᠲᠡ ᠶᠢ ᠪᠣᠶ ᠪᠣᠯᠭᠠᠵᠤ᠂ ᠤᠯᠤᠰ ᠢᠶᠠᠨ ᠬᠠᠶᠢᠷᠠᠯᠠᠵᠤ ᠭᠡᠷ ᠢᠶᠠᠨ ᠬᠠᠶᠢᠷᠠᠯᠠᠬᠤ᠂ ᠬᠠᠷᠢᠯᠴᠠᠨ ᠬᠠᠶᠢᠷᠠᠯᠠᠵᠤ ᠰᠠᠨᠠᠬᠤ᠂ ᠥᠭᠡᠳᠡᠯᠡᠨ ᠳᠠᠪᠰᠢᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠨᠡᠶᠢᠭᠡᠮ ᠵᠢᠷᠤᠮ ᠤᠨ ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢᠨ ᠭᠡᠷ ᠪᠦᠯᠢ ᠳᠤ ᠣᠷᠣᠵᠤ ᠦᠨᠳᠦᠰᠦ ᠬᠠᠳᠬᠤᠬᠤ ᠶᠢ ᠠᠬᠢᠭᠤᠯᠤᠨ᠎ᠠ᠃    2.ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠬᠤ ᠭᠡᠷ ᠪᠦᠯᠢ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠡᠷ ᠪᠦᠯᠢ ᠶᠢᠨ ᠴᠢᠳᠠᠮᠵᠢ ᠶᠢ ᠨᠡᠮᠡᠭᠳᠡᠭᠦᠯᠦᠨ᠂ ᠭᠡᠷ ᠪᠦᠯᠢ ᠶᠢᠨ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃    3.ᠭᠡᠷ ᠪᠦᠯᠢ ᠬᠢᠭᠡᠳ ᠡᠮᠡᠭᠲᠡᠶᠢᠴᠦᠳ ᠤᠨ ᠪᠥᠬᠦ ᠲᠠᠯ᠎ᠠ ᠪᠠᠷ ᠬᠥᠭᠵᠢᠬᠦ ᠶᠢ ᠳᠡᠮᠵᠢᠬᠦ ᠣᠯᠠᠨ ᠨᠡᠶᠢᠲᠡ ᠶᠢᠨ ᠦᠢᠯᠡᠴᠢᠯᠡᠭᠡᠨ ᠢ ᠥᠷᠭᠡᠳᠬᠡᠨ᠎ᠡ᠃    4.ᠭᠡᠷ ᠤᠨ ᠰᠤᠷᠭᠠᠯ ᠭᠡᠷ ᠤᠨ ᠰᠤᠷᠲᠠᠯ ᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠠᠬᠢ ᠴᠢᠬᠤᠯᠠ ᠦᠢᠯᠡᠳᠦᠯ ᠢᠶᠠᠨ ᠪᠠᠳᠠᠷᠠᠭᠤᠯᠬᠤ ᠶᠢ ᠴᠢᠬᠤᠯᠠᠴᠢᠯᠠᠨ᠎ᠠ᠃    5.ᠡᠮᠡᠭᠲᠡᠶᠢᠴᠦᠳ ᠤᠨ ᠭᠡᠷ ᠪᠦᠯᠢ ᠶᠢᠨ ᠠᠮᠢᠳᠤᠷᠠᠯ ᠳᠠᠬᠢ ᠥᠪᠡᠷᠮᠢᠴᠡ ᠦᠢᠯᠡᠳᠦᠯ ᠢ ᠭᠦᠢᠴᠡᠳ ᠪᠠᠳᠠᠷᠠᠭᠤᠯᠵᠤ ᠂ ᠳᠤᠮᠳᠠᠳᠤ ᠶᠢᠨ ᠦᠨᠳᠦᠰᠦᠲᠡᠨ ᠤ ᠭᠡᠷ ᠪᠦᠯᠢ ᠶᠢᠨ ᠰᠠᠶᠢᠬᠠᠨ ᠰᠤᠷᠲᠠᠯ ᠢ ᠪᠠᠳᠠᠷᠠᠭᠤᠯᠤᠨ᠂ ᠰᠠᠶᠢᠨ ᠰᠠᠶᠢᠬᠠᠨ ᠭᠡᠷ ᠤᠨ ᠰᠤᠷᠲᠠᠯ ᠢ ᠪᠣᠶ ᠪᠣᠯᠭᠠᠵᠤ᠂ ᠡᠮᠡᠭᠲᠡᠶᠢᠴᠦᠳ ᠤᠨ ᠵᠣᠯ ᠵᠢᠷᠭᠠᠯᠲᠤ ᠠᠮᠤᠷ ᠠᠮᠤᠭᠤᠯᠠᠩ ᠭᠡᠷ ᠪᠦᠯᠢ ᠶᠢᠨ ᠪᠦᠲᠦᠭᠡᠨ ᠪᠠᠶᠢᠭᠤᠯᠤᠭᠴᠢ᠂ ᠰᠠᠨᠠᠭᠠᠴᠢᠯᠠᠭᠴᠢ ᠪᠣᠯᠬᠤ ᠶᠢ ᠳᠡᠮᠵᠢᠨ᠎ᠡ᠃    6.ᠡᠷᠡᠭᠲᠡᠢ ᠡᠮᠡᠭᠲᠡᠢ ᠡᠷᠬᠡ ᠲᠡᠭᠰᠢ᠂ ᠡᠶ᠎ᠡ ᠨᠠᠶᠢᠷᠲᠠᠢ᠂ ᠪᠣᠯᠪᠠᠰᠤᠨ ᠣᠷᠤᠭ ᠭᠡᠷ ᠪᠦᠯᠢ ᠶᠢᠨ ᠬᠠᠷᠢᠴᠠᠭ᠎ᠠ ᠪᠠᠶᠢᠭᠤᠯᠬᠤ ᠶᠢ ᠰᠠᠨᠠᠭᠠᠴᠢᠯᠠᠵᠤ᠂ ᠰᠠᠶᠢᠨ ᠰᠠᠶᠢᠬᠠᠨ ᠭᠡᠷ ᠪᠦᠯᠢ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃    7.ᠭᠡᠷ ᠪᠦᠯᠢ ᠶᠢᠨ ᠬᠦᠷᠢᠶᠡᠨ ᠳᠤ ᠢᠯᠡᠷᠡᠭᠰᠡᠨ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠪᠠᠶᠢᠴᠠᠭᠠᠨ ᠰᠤᠳᠣᠯᠣᠨ᠎ᠠ᠃8.ᠭᠡᠷ ᠤᠨ ᠠᠵᠢᠯ ᠢ ᠡᠷᠡᠭᠲᠡᠢ ᠡᠮᠡᠭᠲᠡᠢ ᠬᠠᠮᠲᠤ ᠪᠠᠷ ᠡᠭᠦᠷᠭᠡᠯᠡᠬᠦ ᠶᠢ ᠰᠠᠨᠠᠭᠠᠴᠢᠯᠠᠨ ᠲᠡᠮᠵᠢᠵᠤ᠂ ᠬᠤᠶᠠᠷ ᠭᠦᠢᠰᠦ ᠶᠢᠨ ᠭᠡᠷ ᠤᠨ ᠠᠵᠢᠯ ᠬᠥᠳᠡᠯᠮᠦᠷᠢ ᠶᠢᠨ ᠴᠠᠭ ᠤᠨ ᠵᠥᠷᠢᠶ᠎ᠡ ᠶᠢ ᠪᠠᠭᠠᠰᠬᠠᠨ᠎ᠠ᠃    9.ᠭᠡᠷ ᠪᠦᠯᠢ ᠬᠢᠨ ᠨᠠᠰᠤᠲᠠᠨ ᠢᠶᠠᠨ ᠠᠰᠠᠷᠠᠨ ᠲᠡᠵᠢᠭᠡᠬᠦ ᠬᠠᠷᠢᠭᠤᠴᠠᠯᠭ᠎ᠠ ᠪᠠᠨ ᠡᠭᠦᠷᠭᠡᠯᠡᠬᠦ ᠶᠢ ᠳᠡᠮᠵᠢᠵᠦ᠂ ᠭᠡᠷ ᠪᠦᠯᠢ ᠶᠢᠨ ᠭᠡᠰᠢᠭᠦᠨ ᠤ ᠡᠷᠡᠭᠦᠯᠵᠢᠯ ᠤᠨ ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠂ ᠨᠠᠰᠤᠲᠠᠶᠢᠴᠤᠳ ᠤᠨ ᠭᠡᠷ ᠪᠦᠯᠢ ᠶᠢᠨ ᠠᠮᠢᠳᠤᠷᠠᠯ ᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃    10.ᠨᠠᠰᠤᠨ ᠳᠤ ᠬᠦᠷᠦᠭᠡᠳᠦᠢ ᠦᠷ᠎ᠡ ᠬᠡᠦᠬᠡᠳ ᠢᠶᠠᠨ ᠠᠰᠠᠷᠠᠨ ᠲᠡᠵᠢᠭᠡᠬᠦ᠂ ᠰᠤᠷᠭᠠᠨ ᠬᠥᠮᠥᠵᠢᠭᠦᠯᠬᠦ᠂ ᠬᠠᠮᠠᠭᠠᠯᠠᠬᠤ ᠬᠠᠷᠢᠭᠤᠴᠠᠯᠭ᠎ᠠ ᠶᠢ ᠡᠷ᠎ᠡ ᠡᠮ᠎ᠡ ᠬᠤᠶᠠᠭᠤᠯᠠ ᠬᠠᠮᠲᠤ ᠪᠠᠷ ᠡᠭᠦᠷᠭᠡᠯᠡᠬᠦ ᠶᠢ ᠠᠬᠢᠭᠤᠯᠵᠤ᠂ ᠨᠠᠰᠤᠨ ᠳᠤ ᠬᠦᠷᠦᠭᠡᠳᠦᠢ ᠦᠷ᠎ᠡ ᠬᠡᠦᠬᠡᠳ ᠤᠨ ᠪᠡᠶ᠎ᠡ ᠰᠡᠳᠬᠢᠯ ᠤᠨ ᠬᠥᠭᠵᠢᠯᠲᠡ ᠳᠤ ᠰᠠᠶᠢᠨ ᠰᠠᠶᠢᠬᠠᠨ ᠭᠡᠷ ᠪᠦᠯᠢ ᠶᠢᠨ ᠣᠷᠴᠢᠨ ᠨᠥᠬᠦᠴᠡᠯ ᠢ ᠪᠤᠢ ᠪᠣᠯᠭᠠᠵᠤ ᠥᠭᠭᠦᠨ᠎ᠡ᠃    ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄    1.ᠭᠡᠷ ᠪᠦᠯᠢ ᠶᠢᠨ ᠭᠡᠰᠢᠭᠦᠨ ᠤ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠬᠦ ᠶᠢ ᠠᠬᠢᠭᠤᠯᠤᠨ᠎ᠠ᠃    2.ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠬᠤ ᠭᠡᠷ ᠪᠦᠯᠢ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃    3.ᠭᠡᠷ ᠪᠦᠯᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠢ ᠶᠡᠬᠡᠪᠡᠷ ᠬᠥᠭᠵᠢᠭᠦᠯᠦᠨ᠎ᠡ᠃    4.ᠭᠡᠷ ᠤᠨ ᠰᠤᠷᠭᠠᠯ ᠭᠡᠷ ᠤᠨ ᠰᠤᠷᠲᠠᠯ ᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠴᠢᠬᠤᠯᠠ ᠦᠢᠯᠡᠳᠦᠯ ᠪᠠᠳᠠᠷᠠᠭᠤᠯᠬᠤ ᠶᠢ ᠠᠬᠢᠭᠤᠯᠤᠨ᠎ᠠ᠃    5.ᠡᠮᠡᠭᠲᠡᠶᠢᠴᠦᠳ ᠤᠨ ᠭᠡᠷ ᠪᠦᠯᠢ ᠶᠢᠨ ᠠᠮᠢᠳᠤᠷᠠᠯ ᠳᠤᠮᠳᠠ ᠥᠪᠡᠷᠮᠢᠴᠡ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠤᠨ ᠳᠡᠮᠵᠢᠨ᠎ᠡ᠃    6.ᠤᠷᠤᠬ ᠭᠡᠷ ᠪᠦᠯᠢ ᠶᠢᠨ ᠬᠠᠷᠢᠴᠠᠭ᠎ᠠ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃    7.ᠣᠷᠤᠭ ᠭᠡᠷ ᠪᠦᠯᠢ ᠶᠢᠨ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠠᠵᠢᠯ ᠢ ᠴᠢᠩᠭᠠᠳᠬᠠᠨ᠎ᠠ᠃    8.ᠭᠡᠷ ᠪᠦᠯᠢ ᠶᠢᠨ ᠪᠦᠲᠦᠭᠡᠨ ᠪᠠᠶᠢᠭᠤᠯᠤᠯᠲᠠ ᠶᠢᠨ ᠰᠤᠳᠤᠯᠭᠠᠨ ᠢ ᠥᠷᠨᠢᠭᠦᠯᠦᠨ᠎ᠡ᠃    9.ᠭᠡᠷ ᠤᠨ ᠠᠵᠢᠯ ᠢ ᠡᠷᠡᠭᠲᠡᠢ ᠡᠮᠡᠭᠲᠡᠢ ᠡᠷᠬᠡ ᠲᠡᠭᠰᠢ ᠪᠠᠷ ᠬᠤᠪᠢᠶᠠᠨ ᠡᠭᠦᠷᠭᠡᠯᠡᠬᠦ ᠶᠢ ᠠᠬᠢᠭᠤᠯᠣᠨ᠎ᠠ᠃    10.ᠨᠠᠰᠤ ᠠᠬᠢᠭᠰᠠᠨ ᠡᠮᠡᠭᠲᠡᠶᠢᠴᠦᠳ ᠤᠨ ᠭᠡᠷ ᠪᠦᠯᠢ ᠶᠢᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃    11.ᠭᠡᠷ ᠪᠦᠯᠢ ᠶᠢᠨ ᠭᠡᠰᠢᠭᠦᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠴᠢᠩᠭᠠᠷᠠᠭᠤᠯᠤᠨ᠎ᠠ᠃    12.ᠡᠴᠢᠭᠡ ᠡᠬᠡ ᠭᠡᠷ ᠪᠦᠯᠢ ᠶᠢᠨ ᠬᠥᠮᠦᠵᠢᠯ ᠤᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠬᠦ ᠦᠵᠡᠯ ᠤᠬᠠᠮᠰᠠᠷ ᠪᠠ ᠴᠢᠳᠠᠪᠤᠷᠢ ᠶᠢ ᠨᠡᠮᠡᠭᠳᠡᠭᠦᠯᠦᠨ᠎ᠡ᠃    ︵ᠲᠤᠯᠤᠭ᠎ᠠ︶ ᠡᠮᠡᠭᠲᠡᠶᠢᠴᠦᠳ ᠬᠢᠭᠡᠳ ᠣᠷᠴᠢᠨ ᠲᠣᠭᠤᠷᠢᠨ᠃    ᠭᠤᠣᠯ ᠬᠠᠷᠠᠯᠲᠠ᠄    1.ᠡᠮᠡᠭᠲᠡᠶᠢᠴᠦᠳ ᠤᠨ ᠦᠵᠡᠯ ᠰᠠᠨᠠᠭ᠎ᠠ ᠤᠯᠤᠰ ᠲᠥᠷᠥ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠢᠳᠡᠪᠬᠢᠲᠡᠢ ᠦᠢᠯᠡᠳᠦᠯᠭᠡᠵᠢᠭᠦᠯᠦᠨ᠎ᠡ᠃    2.ᠨᠡᠶᠢᠭᠡᠮ ᠳᠠᠶᠠᠭᠠᠷ ᠤᠨ ᠬᠦᠢᠰᠦ ᠢᠯᠭᠠᠯ ᠡᠷᠬᠡ ᠲᠡᠭᠰᠢ ᠪᠠᠶᠢᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠢ ᠪᠠᠶᠢᠭᠤᠯᠭ᠎ᠠ᠂ ᠰᠤᠷᠭᠠᠭᠤᠯᠢ᠂ ᠠᠵᠤ ᠠᠬᠤᠶᠢᠯᠠᠯ᠂ ᠬᠤᠲᠠ ᠬᠥᠳᠡᠭᠡ ᠨᠡᠶᠢᠭᠡᠮ ᠲᠣᠭᠤᠷᠢᠭ᠂ ᠭᠡᠷ ᠪᠦᠯᠢ ᠳᠤ ᠣᠷᠣᠬᠤ ᠶᠢ ᠠᠬᠢᠭᠤᠯᠤᠨ᠎ᠠ᠃    3.ᠰᠣᠶᠣᠯ ᠬᠢᠭᠡᠳ ᠵᠠᠭᠤᠴᠢᠯᠠᠭᠤᠷ ᠤᠨ ᠬᠦᠷᠢᠶᠡᠨ ᠳᠠᠬᠢ ᠬᠦᠢᠰᠦ ᠢᠯᠭᠠᠯ ᠡᠷᠬᠡ ᠲᠡᠭᠰᠢ ᠪᠠᠶᠢᠬᠤ ᠶᠢ ᠦᠨᠡᠯᠡᠨ ᠵᠢᠱᠢᠬᠦ ᠪᠠ ᠬᠢᠨᠠᠨ ᠬᠠᠮᠢᠶᠠᠷᠬᠤ ᠲᠣᠭᠲᠠᠴᠠ ᠶᠢ ᠪᠦᠷᠢᠨᠰᠢᠭᠦᠯᠦᠨ᠎ᠡ᠃    4.ᠡᠮᠡᠭᠲᠡᠶᠢᠴᠦᠳ ᠤᠨ ᠵᠠᠭᠤᠴᠢᠯᠠᠭᠤᠷ ᠤᠨ ᠬᠡᠪ ᠪᠣᠯᠪᠠᠰᠤᠷᠠᠯ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠡᠮᠡᠭᠲᠡᠶᠢᠴᠦᠳ ᠤᠨ ᠮᠡᠳᠡᠭᠡ ᠵᠠᠩᠭᠢ ᠮᠡᠷᠭᠡᠵᠢᠯ ᠢ ᠠᠰᠢᠭᠯᠠᠨ ᠰᠢᠨ᠎ᠡ ᠴᠠᠭ ᠦᠶ᠎ᠡ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠣᠷᠤᠯᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃    5.ᠡᠮᠡᠭᠲᠡᠶᠢᠴᠦᠳ ᠤᠨ ᠠᠮᠢ ᠠᠬᠤᠢ ᠶᠢᠨ ᠪᠣᠯᠪᠠᠰᠤᠨ ᠤ ᠤᠬᠠᠮᠰᠠᠷ ᠢ ᠳᠡᠭᠡᠭᠰᠢᠯᠡᠭᠦᠯᠵᠦ᠂ ᠡᠮᠡᠭᠲᠡᠶᠢᠴᠦᠳ ᠤᠨ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠬᠢᠭᠤᠯᠤᠭᠴᠢ ᠪᠠ ᠦᠢᠯᠡᠳᠦᠯᠭᠡᠵᠢᠭᠦᠯᠦᠭᠴᠢ ᠪᠣᠯᠬᠤ ᠶᠢ ᠠᠬᠢᠭᠤᠯᠤᠨ᠎ᠠ᠃    6.ᠬᠤᠲᠠ ᠬᠥᠳᠡᠭᠡ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠶᠢ ᠠᠬᠢᠭᠤᠯᠤᠨ᠂ ᠭᠤᠣᠯ ᠪᠣᠯᠬᠤ ᠪᠣᠬᠢᠷᠳᠤᠯ ᠪᠣᠲᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠦᠷᠭᠦᠯᠵᠢᠯᠡᠨ ᠪᠠᠭᠠᠰᠬᠠᠨ᠎ᠠ᠃    7.ᠬᠥᠳᠡᠭᠡ ᠲᠣᠰᠬᠤᠨ ᠳᠤ ᠲᠦᠭᠡᠭᠡᠯ ᠤᠰᠤ ᠶᠢ ᠲᠦᠭᠡᠮᠡᠯᠵᠢᠭᠦᠯᠦᠭᠰᠡᠨ ᠨᠣᠷᠮ᠎ᠠ ᠶᠢ 80% ᠳᠤ ᠬᠦᠷᠦᠭᠦᠯᠵᠦ ᠂ ᠬᠤᠲᠠ ᠪᠠᠯᠭᠠᠰᠤ ᠶᠢᠨ ᠲᠦᠪᠯᠡᠷᠡᠬᠦ ᠮᠠᠶ᠋ᠢᠭ ᠤᠨ ᠤᠤᠭᠤᠬᠤ ᠤᠰᠤᠨ ᠤ ᠴᠢᠨᠠᠷ ᠢ ᠳᠡᠭᠡᠭᠰᠢᠯᠡᠭᠦᠯᠦᠨ᠎ᠡ᠃ ᠣᠷᠴᠢᠨ ᠠᠬᠤᠢ ᠶᠢᠨ ᠪᠣᠬᠢᠷᠳᠤᠯ ᠤᠨ ᠡᠮᠡᠭᠲᠡᠶᠢᠴᠦᠳ ᠤᠨ ᠡᠷᠡᠭᠦᠯ ᠮᠡᠨᠳᠤ ᠳᠤ ᠤᠴᠠᠷᠠᠭᠤᠯᠬᠤ ᠬᠤᠣᠷ ᠨᠦᠯᠦᠭᠡ ᠶᠢ ᠪᠠᠭᠠᠰᠬᠠᠨ᠎ᠠ᠃    8.ᠬᠥᠳᠡᠭᠡ ᠲᠣᠰᠬᠤᠨ ᠳᠤ ᠠᠷᠢᠭᠤᠨ ᠴᠡᠪᠡᠷ ᠵᠣᠷᠯᠣᠩ ᠤᠨ ᠲᠦᠭᠡᠮᠡᠯᠵᠢᠯᠲᠡ ᠶᠢᠨ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠬᠤᠲᠠ ᠪᠠᠯᠭᠠᠰᠤ ᠶᠢᠨ ᠣᠯᠠᠨ ᠨᠡᠶᠢᠲᠡ ᠶᠢᠨ ᠵᠣᠷᠯᠣᠩ ᠤᠨ ᠡᠷᠡᠭᠲᠡᠢ ᠡᠮᠡᠭᠲᠡᠢ ᠶᠢᠨ ᠵᠣᠷᠯᠣᠩ ᠤᠨ ᠪᠠᠶᠢᠷᠢ ᠲᠤᠭ᠎ᠠ ᠶᠢᠨ ᠬᠠᠷᠢᠴᠠᠯ ᠢ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ ᠪᠣᠳᠠᠲᠠᠢ ᠬᠡᠷᠡᠭᠴᠡᠭᠡ ᠱᠠᠭᠠᠷᠳᠠᠯᠭ᠎ᠠ ᠯᠤᠭ᠎ᠠ ᠵᠣᠬᠢᠴᠠᠭᠤᠯᠣᠨ᠎ᠠ᠃    9.ᠡᠮᠡᠭᠲᠡᠶᠢᠴᠦᠳ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠢᠯᠡᠳᠦᠯ ᠢ ᠨᠢ ᠪᠠᠳᠠᠷᠠᠭᠤᠯᠤᠨ᠂ ᠣᠨᠴᠠᠭᠠᠢ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃    ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄    1.ᠡᠮᠡᠭᠲᠡᠶᠢᠴᠦᠳ ᠢ ᠦᠵᠡᠯ ᠰᠠᠨᠠᠭ᠎ᠠ ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ᠃    2.ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠᠷ ᠭᠤᠣᠯ ᠪᠣᠯᠭᠠᠭᠰᠠᠨ ᠳᠠᠪᠰᠢᠭᠰᠠᠨ ᠬᠦᠢᠰᠦ ᠢᠯᠭᠠᠯ ᠤᠨ ᠰᠣᠶᠣᠯ ᠤᠨ ᠤᠬᠠᠭᠤᠯᠭ᠎ᠠ ᠬᠥᠮᠦᠵᠢᠯ ᠢ ᠥᠷᠨᠢᠭᠦᠯᠦᠨ᠎ᠡ᠃    3.ᠡᠮᠡᠭᠲᠡᠶᠢᠴᠦᠳ ᠤᠨ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠪᠠ ᠬᠤᠲᠠ ᠬᠥᠳᠡᠭᠡ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃    4.ᠰᠣᠶᠣᠯ ᠬᠢᠭᠡᠳ ᠵᠠᠭᠤᠴᠢᠯᠠᠭᠤᠷ ᠤᠨ ᠬᠦᠷᠢᠶᠡᠨ ᠳᠠᠬᠢ ᠬᠦᠢᠰᠦ ᠢᠯᠭᠠᠯ ᠤᠨ ᠡᠷᠬᠡ ᠲᠡᠭᠰᠢ ᠪᠠᠶᠢᠬᠤ ᠪᠣᠯᠪᠠᠰᠤᠷᠠᠭᠤᠯᠤᠯ᠂ ᠦᠨᠡᠯᠡᠨ ᠵᠢᠱᠢᠯᠲᠡ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃    5.ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠵᠠᠭᠤᠴᠢᠯᠠᠭᠤᠷ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃    6.ᠡᠮᠡᠭᠲᠡᠶᠢᠴᠦᠳ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠳᠤᠮᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠤᠨ᠎ᠠ᠃    7.ᠡᠮᠡᠭᠲᠡᠶᠢᠴᠦᠳ ᠤᠨ ᠠᠮᠢᠳᠤᠷᠠᠯ ᠤᠨ ᠣᠷᠴᠢᠨ ᠠᠬᠤᠢ ᠶᠢᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠤᠨ᠎ᠠ᠃    8.ᠬᠤᠲᠠ ᠬᠥᠳᠡᠭᠡ ᠶᠢᠨ ᠡᠮᠡᠭᠲᠡᠶᠢᠴᠦᠳ ᠲᠤ ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ᠃    9.ᠡᠮᠡᠭᠲᠡᠶᠢᠴᠦᠳ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ ᠠᠷᠢᠭᠤᠨ ᠴᠡᠪᠡᠷ ᠵᠣᠷᠯᠣᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃    10.ᠭᠡᠨᠡᠳᠲᠡ ᠶᠢᠨ ᠬᠡᠷᠡᠭ ᠢ ᠠᠷᠭᠠᠴᠠᠭᠠᠬᠤ ᠳᠠᠭᠠᠨ ᠡᠮᠡᠭᠲᠡᠶᠢᠴᠦᠳ ᠣᠨᠴᠠᠭᠠᠶᠢᠯᠠᠨ ᠵᠢᠷᠮᠦᠰᠦᠨ ᠬᠤᠭᠤᠴᠠᠭ᠎ᠠ᠂ ᠬᠦᠬᠦᠬᠦᠯᠬᠦ ᠬᠤᠭᠤᠴᠠᠭᠠᠨ ᠤ ᠡᠮᠡᠭᠲᠡᠶᠢᠴᠦᠳ ᠵᠢᠴᠢ ᠬᠦᠴᠢᠷᠳᠡᠯ ᠲᠠᠢ ᠡᠮᠡᠭᠲᠡᠶᠢᠴᠦᠳ ᠤᠨ ᠣᠨᠴᠠᠭᠠᠶ ᠬᠡᠷᠡᠭᠴᠡᠭᠡ ᠶᠢ ᠠᠩᠬᠠᠷᠬᠤ ᠬᠡᠷᠡᠭᠲᠡᠢ᠃   11.ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ ᠪᠥᠬᠦ ᠲᠠᠯ᠎ᠠ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠬᠤ ᠳᠤᠮᠳᠠᠬᠢ ᠢᠳᠡᠪᠬᠢ ᠦᠢᠯᠡᠳᠦᠯ ᠢ ᠪᠠᠳᠠᠷᠠᠭᠤᠯᠤᠨ᠎ᠠ᠃    ︵ᠨᠠᠢᠮᠠ︶ ᠡᠮᠡᠭᠲᠡᠶᠢᠴᠦᠳ ᠬᠢᠭᠡᠳ ᠬᠠᠤᠯᠢ ᠴᠠᠭᠠᠵᠠ᠃    ᠭᠤᠣᠯ ᠬᠠᠷᠠᠯᠲᠠ᠄    1.ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠦᠨᠳᠦᠰᠦᠨ ᠬᠠᠤᠯᠢ ᠵᠠᠷᠴᠢᠮ ᠪᠠ ᠤᠯᠤᠰ ᠤᠨ ᠦᠨᠳᠦᠰᠦᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠬᠡᠷᠡᠭᠵᠢᠭᠦᠯᠦᠨ᠎ᠡ᠃    2.ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠪᠠᠷ ᠬᠦᠢᠰᠦ ᠢᠯᠭᠠᠯ ᠤᠨ ᠡᠷᠬᠡ ᠲᠡᠭᠰᠢ ᠪᠠᠶᠢᠬᠤ ᠶᠢ ᠦᠨᠡᠯᠡᠨ ᠵᠢᠱᠢᠬᠦ ᠲᠣᠭᠲᠠᠴᠠ ᠶᠢ ᠵᠢᠷᠤᠮᠵᠢᠭᠤᠯᠬᠤ ᠪᠠᠶᠢᠭᠤᠯᠤᠯᠲᠠ ᠪᠠ ᠪᠦᠲᠦᠮᠵᠢᠲᠡᠶ ᠠᠵᠢᠯᠯᠠᠭᠠᠨ ᠢ ᠠᠬᠢᠭᠤᠯᠤᠨ᠎ᠠ᠃    3.ᠡᠮᠡᠭᠲᠡᠶᠢᠴᠦᠳ ᠤᠨ ᠬᠠᠤᠯᠢ ᠶᠢ ᠬᠦᠨᠳᠦᠳᠬᠡᠬᠦ ᠬᠠᠤᠯᠢ ᠶᠢ ᠰᠤᠷᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮᠡᠭᠲᠡᠶᠢᠴᠦᠳ ᠤᠨ ᠬᠠᠤᠯᠢ ᠪᠠᠷ  ᠵᠠᠰᠠᠭᠰᠠᠨ ᠵᠠᠷᠣᠳ ᠤᠨ ᠪᠠᠶᠢᠭᠤᠯᠤᠯᠲᠠ ᠶᠢᠨ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃    4.ᠭᠡᠷ ᠪᠦᠯᠢ ᠶᠢᠨ ᠬᠦᠴᠦᠷᠭᠡᠭᠯᠡᠯ ᠢ ᠡᠰᠡᠷᠭᠦᠴᠡᠬᠦ ᠬᠠᠤᠯᠢ ᠲᠣᠭᠲᠠᠭᠠᠯ ᠢ ᠭᠦᠨᠵᠡᠭᠡᠢ ᠬᠡᠷᠡᠭᠵᠢᠭᠦᠯᠵᠦ᠂ ᠡᠮᠡᠭᠲᠡᠶᠢᠴᠦᠳ ᠲᠤ ᠴᠢᠭᠯᠡᠭᠦᠯᠦᠭᠰᠡᠨ ᠠᠯᠢᠪᠠ ᠬᠡᠯᠪᠡᠷᠢ ᠶᠢᠨ ᠭᠡᠷ ᠪᠦᠯᠢ ᠶᠢᠨ ᠬᠦᠴᠦᠷᠬᠡᠭᠯᠡᠯ ᠢ ᠰᠡᠷᠭᠡᠶᠢᠯᠡᠨ ᠬᠤᠷᠢᠭᠯᠠᠨ᠎ᠠ᠃    5.ᠡᠮᠡᠭᠲᠡᠶᠢᠴᠦᠳ ᠢ ᠮᠡᠬᠡᠯᠡᠨ ᠬᠤᠳᠠᠯᠳᠤᠬᠤ᠂ ᠡᠮᠡᠭᠲᠡᠶᠢᠴᠦᠳ ᠲᠤ ᠪᠡᠯᠭᠡ ᠶᠢᠨ ᠬᠠᠯᠳᠠᠯᠭ᠎ᠠ ᠬᠢᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃   6.ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠬᠦ ᠪᠠ ᠬᠤᠷᠢᠭᠯᠠᠬᠤ ᠬᠠᠤᠯᠢ ᠪᠠᠷ ᠵᠠᠰᠠᠬᠤ ᠤᠬᠠᠮᠰᠠᠷ ᠢ ᠨᠢ ᠳᠡᠭᠡᠭᠰᠢᠯᠡᠭᠦᠯᠵᠦ᠂ ᠡᠮᠡᠭᠲᠡᠶᠢᠴᠦᠳ ᠲᠤ ᠴᠢᠭᠯᠡᠭᠦᠯᠦᠭᠰᠡᠨ ᠪᠡᠯᠭᠡ ᠶᠢᠨ ᠬᠠᠯᠳᠠᠯᠭ᠎ᠠ ᠶᠢ ᠪᠦᠲᠦᠮᠵᠢᠲᠡᠶ ᠪᠠᠷ ᠬᠤᠷᠢᠭᠯᠠᠨ᠎ᠠ     7.ᠲᠣᠣᠷ ᠰᠦᠯᠵᠢᠶ᠎ᠡ ᠶᠢ ᠠᠰᠢᠭᠯᠠᠨ ᠡᠮᠡᠭᠲᠡᠶᠢᠴᠦᠳ ᠲᠤ ᠬᠢᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃    8.ᠡᠮᠡᠭᠲᠡᠶᠢᠴᠦᠳ ᠤᠨ ᠭᠡᠷ ᠪᠦᠯᠢ ᠶᠢᠨ ᠬᠠᠷᠢᠴᠠᠭᠠᠨ ᠳᠠᠬᠢ ᠡᠳ᠋ ᠬᠥᠷᠥᠩᠭᠡ ᠶᠢᠨ ᠥᠮᠴᠢᠯᠡᠬᠦ ᠡᠷᠬᠡ᠂ ᠵᠠᠯᠭᠠᠮᠵᠢᠯᠠᠬᠤ ᠡᠷᠬᠡ ᠶᠢ ᠪᠠᠲᠤᠯᠠᠵᠤ᠂ ᠡᠮᠡᠭᠲᠡᠶᠢᠴᠦᠳ ᠤᠨ ᠤᠷᠤᠬ ᠭᠡᠷ ᠪᠦᠯᠢ ᠶᠢᠨ ᠬᠠᠷᠢᠴᠠᠭᠠᠨ ᠳᠠᠬᠢ ᠬᠠᠮᠲᠤ ᠶᠢᠨ ᠡᠳ᠋ ᠬᠥᠷᠥᠩᠭᠡ ᠶᠢᠨ ᠪᠠᠶᠢᠳᠠᠯ ᠢ ᠮᠡᠳᠡᠬᠦ ᠡᠷᠬᠡ ᠪᠠ ᠠᠳᠠᠯᠢ ᠲᠡᠭᠰᠢ ᠪᠠᠷ ᠰᠢᠢᠳᠪᠦᠷᠢᠯᠡᠬᠦ ᠡᠷᠬᠡ ᠶᠢ ᠪᠠᠲᠤᠯᠠᠨ᠎ᠠ᠃    9.ᠬᠠᠤᠯᠢ ᠶᠣᠰᠣᠭᠠᠷ ᠡᠮᠡᠭᠲᠡᠶᠢᠴᠦᠳ ᠲᠤ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠎ᠠ᠃ ᠬᠦᠨᠦᠭᠡᠯ ᠳᠤ ᠤᠴᠠᠷᠠᠭᠰᠠᠨ ᠡᠮᠡᠭᠲᠡᠶᠢᠴᠦᠳ ᠲᠤ ᠴᠠᠭ ᠲᠤᠬᠠᠢ ᠳᠤᠨᠢ ᠪᠦᠲᠦᠮᠵᠢᠲᠡᠶ ᠬᠠᠤᠯᠢ ᠴᠠᠭᠠᠵᠠ ᠶᠢᠨ ᠲᠤᠰᠠᠯᠠᠮᠵᠢ ᠣᠯᠭᠤᠬᠤ ᠶᠢ ᠪᠠᠲᠣᠯᠠᠨ᠎ᠠ᠃    ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄   1.ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠦᠨᠳᠦᠰᠦᠨ ᠬᠠᠤᠯᠢ ᠵᠠᠷᠴᠢᠮ ᠪᠠ ᠤᠯᠤᠰ ᠤᠨ ᠦᠨᠳᠦᠰᠦᠨ ᠪᠣᠳᠣᠯᠭ᠎ᠠ ᠶᠢ ᠬᠠᠤᠯᠢ ᠪᠠᠷ ᠵᠠᠰᠠᠭᠰᠠᠨ ᠲᠦᠩᠯᠢᠶᠣᠣ ᠶᠢᠨ ᠪᠦᠲᠦᠭᠡᠨ ᠪᠠᠶᠢᠭᠤᠯᠤᠯᠲᠠ ᠶᠢᠨ ᠪᠥᠬᠦ ᠶᠠᠪᠤᠴᠠ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃   2.ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠪᠠᠷ ᠬᠦᠢᠰᠦ ᠢᠯᠭᠠᠯ ᠤᠨ ᠡᠷᠬᠡ ᠲᠡᠭᠰᠢ ᠶᠢ ᠦᠨᠡᠯᠡᠨ ᠵᠢᠱᠢᠬᠦ ᠠᠵᠢᠯ ᠢ ᠴᠢᠩᠭᠠᠳᠬᠠᠨ᠎ᠠ᠃   3.ᠡᠮᠡᠭᠲᠡᠶᠢᠴᠦᠳ ᠤᠨ ᠬᠠᠤᠯᠢ ᠪᠠᠷ ᠵᠠᠰᠠᠬᠤ ᠦᠵᠡᠯ ᠤᠬᠠᠮᠰᠠᠷ ᠪᠠ ᠬᠠᠤᠯᠢ ᠪᠠᠷ ᠵᠠᠰᠠᠭᠰᠠᠨ ᠵᠠᠷᠣᠳ ᠤᠨ ᠪᠠᠶᠢᠭᠤᠯᠤᠯᠲᠠ ᠳᠤ ᠣᠷᠤᠯᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃   4.ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ ᠲᠣᠭᠲᠠᠭᠠᠯ ᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃   5.ᠡᠮᠡᠭᠲᠡᠶᠢᠴᠦᠳ ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ᠃   6.ᠵᠣᠬᠢᠶᠠᠨ ᠪᠠᠶᠢᠭᠤᠯᠬᠤ᠂ ᠠᠯᠪᠠᠳᠠᠬᠤ᠂ ᠥᠳᠥᠭᠡᠬᠦ᠂ ᠦᠯᠡᠳᠡᠭᠡᠬᠦ᠂ ᠲᠠᠨᠢᠯᠴᠠᠭᠤᠯᠵᠤ ᠪᠠᠶᠢᠭᠠᠳ ᠶᠠᠩᠬᠠᠯᠠᠭᠤᠯᠬᠤ ᠵᠡᠷᠭᠡ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠎ᠠ᠃   7.ᠡᠮᠡᠭᠲᠡᠶᠢᠴᠦᠳ ᠢ ᠬᠦᠴᠦᠷᠬᠡᠭᠯᠡᠨ ᠨᠥᠵᠢᠳᠯᠡᠭᠰᠡᠨ᠂ ᠱᠠᠯᠢᠭᠯᠠᠵᠤ ᠵᠠᠪᠬᠠᠶᠢᠯᠠᠭᠰᠠᠨ᠂ ᠣᠨᠴᠠᠭᠠᠶᠢᠯᠠᠨ ᠪᠢᠴᠢᠬᠠᠨ ᠬᠡᠦᠬᠡᠨ ᠪᠠ ᠤᠶᠤᠨ ᠤᠬᠠᠭᠠᠨ᠂ ᠤᠶᠤᠨ ᠮᠡᠳᠡᠷᠡᠯ ᠨᠢ ᠵᠡᠷᠡᠮᠳᠡᠭ ᠡᠮᠡᠭᠲᠡᠢ ᠶᠢ  ᠭᠤᠲᠣᠭᠠᠨ ᠳᠣᠷᠣᠮᠵᠢᠯᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠲᠦᠮᠵᠢᠲᠡᠶ ᠬᠢᠵᠠᠭᠠᠷᠯᠠᠬᠤ ᠪᠠ ᠴᠢᠩᠭ᠎ᠠ ᠵᠠᠯᠬᠠᠭᠠᠨ ᠰᠢᠳᠬᠡᠨ᠎ᠡ᠃   8.ᠡᠮᠡᠭᠲᠡᠶᠢᠴᠦᠳ ᠲᠤ ᠴᠢᠭᠯᠡᠭᠦᠯᠦᠭᠰᠡᠨ ᠪᠡᠯᠭᠡ ᠶᠢᠨ ᠬᠠᠯᠳᠠᠯᠭ᠎ᠠ ᠬᠢᠬᠦ ᠠᠵᠢᠯᠯᠠᠭ᠎ᠠ ᠰᠡᠷᠭᠡᠶᠢᠯᠡᠬᠦ ᠪᠠ ᠬᠤᠷᠢᠭᠯᠠᠨ ᠵᠣᠭᠰᠣᠭᠠᠨ᠎ᠠ᠃   9.ᠡᠮᠡᠭᠲᠡᠶᠢᠴᠦᠳ ᠤᠨ ᠲᠣᠣᠷ ᠰᠦᠯᠵᠢᠶ᠎ᠡ ᠶᠢ ᠠᠰᠢᠭᠯᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠬᠦᠨᠦᠭᠡᠯ ᠳᠤ ᠤᠴᠠᠷᠠᠬᠤ ᠠᠴᠠ ᠵᠠᠶᠢᠯᠠᠰᠬᠢᠬᠦ ᠶᠢ ᠪᠠᠲᠤᠯᠠᠨ᠎ᠠ᠃   10.ᠤᠷᠤᠬ ᠭᠡᠷ ᠪᠦᠯᠢ ᠪᠠ ᠥᠪ ᠵᠠᠯᠭᠠᠮᠵᠢᠯᠠᠬᠤ ᠬᠡᠷᠡᠭ ᠢ ᠰᠢᠢᠳᠪᠦᠷᠢᠯᠡᠬᠦ ᠳᠣᠮᠲᠠ ᠡᠮᠡᠭᠲᠡᠶᠢᠴᠦᠳ ᠤᠨ ᠡᠳ᠋ ᠬᠥᠷᠥᠩᠭᠡ ᠶᠢᠨ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃   11.ᠡᠮᠡᠭᠲᠡᠶᠢᠴᠦᠳ ᠲᠤ ᠴᠢᠨᠠᠷ ᠰᠠᠶᠢᠲᠠᠢ ᠥᠨᠳᠥᠷ ᠪᠦᠲᠦᠮᠵᠢᠲᠡᠶ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠎ᠠ᠃   12.ᠡᠮᠡᠭᠲᠡᠶᠢᠴᠦᠳ ᠤᠨ ᠬᠤᠯᠪᠣᠭ᠎ᠠ ᠶᠢᠨ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠲᠥᠯᠥᠭᠡᠯᠡᠬᠦ ᠪᠠ ᠬᠠᠮᠠᠭᠠᠯᠠᠬᠤ ᠡᠭᠦᠷᠭᠡ ᠴᠢᠳᠠᠪᠤᠷᠢ ᠶᠢᠨ ᠦᠢᠯᠡᠳᠦᠯ ᠢ ᠪᠠᠳᠠᠷᠠᠭᠤᠯᠤᠨ᠎ᠠ᠃    ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ    ︵ᠨᠢᠭᠡ︶ ᠲᠥᠯᠦᠪᠵᠢᠭᠦᠯᠭᠡ ᠶᠢ ᠬᠡᠷᠡᠭᠵᠢᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃    ︵ᠬᠤᠶᠠᠷ︶ ᠲᠥᠯᠦᠪᠵᠢᠭᠦᠯᠭᠡ ᠶᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠲᠠᠢ ᠠᠪᠴᠠᠯᠳᠤᠭᠤᠯᠬᠤ ᠶᠢ ᠴᠢᠩᠭᠠᠳᠬᠠᠨ᠎ᠠ᠃    ︵ᠭᠤᠷᠪᠠ︶ ᠮᠠᠨ ᠤ ᠬᠤᠰᠢᠭᠤᠨ ᠤ ᠡᠮᠡᠭᠲᠡᠶᠢᠴᠦᠳ ᠤᠨ ᠬᠦᠭᠵᠢᠭᠦᠯᠦᠯᠲᠡ ᠲᠥᠯᠦᠪᠵᠢᠭᠦᠯᠭᠡ ᠪᠠ ᠰᠠᠯᠠᠭ᠎ᠠ ᠮᠥᠴᠢᠷ ᠤᠨ ᠬᠡᠷᠡᠭᠵᠢᠭᠦᠯᠬᠦ ᠲᠥᠰᠥᠯ ᠢ ᠲᠣᠭᠲᠠᠭᠠᠨ᠎ᠠ᠃    ︵ᠳᠥᠷᠪᠡ︶ ᠲᠥᠯᠦᠪᠵᠢᠭᠦᠯᠭᠡ ᠶᠢ ᠬᠡᠷᠡᠭᠵᠢᠭᠦᠯᠬᠦ ᠠᠵᠢᠯ ᠤᠨ ᠳᠦᠷᠢᠮ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃    ︵ᠲᠠᠪᠤ︶ ᠡᠮᠡᠭᠲᠡᠶᠢᠴᠦᠳ ᠤᠨ ᠬᠦᠭᠵᠢᠭᠦᠯᠦᠯᠲᠡ ᠶᠢᠨ ᠵᠠᠷᠤᠳᠠᠯ ᠤᠨ ᠳᠡᠮᠵᠢᠯᠭᠡ ᠶᠢ ᠴᠢᠩᠭᠠᠳᠬᠠᠨ᠎ᠠ᠃    ︵ᠵᠢᠷᠭᠤᠭ᠎ᠠ︶ ᠲᠥᠯᠦᠪᠵᠢᠭᠦᠯᠭᠡ ᠶᠢ ᠬᠡᠷᠡᠭᠵᠢᠭᠦᠯᠬᠦ ᠪᠦᠲᠦᠮᠵᠢᠲᠡᠶ ᠠᠷᠭ᠎ᠠ ᠬᠢᠳᠡᠯ ᠢ ᠪᠠᠷᠢᠮᠲᠠᠯᠠᠬᠤ ᠪᠠ ᠰᠢᠨ᠎ᠡ ᠶᠢ ᠡᠭᠦᠳᠦᠨ᠎ᠡ᠃    ︵ᠳᠣᠯᠤᠭ᠎ᠠ︶ ᠲᠥᠯᠦᠪᠵᠢᠭᠦᠯᠭᠡ ᠶᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠨ᠎ᠠ᠃    ︵ᠨᠠᠢᠮᠠ︶ ᠲᠥᠯᠦᠪᠵᠢᠭᠦᠯᠭᠡ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃    ︵ᠶᠢᠰᠦ︶ ᠡᠮᠡᠭᠲᠡᠶᠢᠴᠦᠳ ᠤᠨ ᠬᠦᠭᠵᠢᠭᠦᠯᠦᠯᠲᠡ ᠶᠢᠨ ᠪᠠᠶᠢᠴᠠᠭᠠᠨ ᠰᠤᠳᠤᠯᠤᠯᠲᠠ ᠶᠢ ᠴᠢᠩᠭᠠᠳᠬᠠᠨ᠎ᠠ᠃    ︵ᠠᠷᠪᠠ︶ ᠨᠡᠶᠢᠭᠡᠮ ᠤᠨ ᠡᠯ᠎ᠡ ᠡᠲᠡᠭᠡᠳ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠳᠤ ᠥᠷᠭᠡᠨ ᠢᠶᠠᠷ ᠣᠷᠤᠯᠴᠠᠬᠤ ᠶᠢ ᠵᠣᠷᠢᠭᠵᠢᠭᠤᠯᠤᠨ᠎ᠠ᠃ᠳᠥᠷᠪᠡ᠂ ᠬᠢᠨᠠᠨ ᠬᠡᠮᠵᠢᠵᠦ ᠦᠨᠡᠯᠡᠨ ᠵᠢᠱᠢᠬᠦ    ︵ᠨᠢᠭᠡ︶ ᠬᠢᠨᠠᠨ ᠬᠡᠮᠵᠢᠵᠦ ᠦᠨᠡᠯᠡᠨ ᠵᠢᠱᠢᠬᠦ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃    ︵ᠬᠤᠶᠠᠷ︶ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠤᠨ ᠵᠣᠬᠢᠶᠠᠨ ᠪᠠᠶᠢᠭᠤᠯᠤᠯᠲᠠ ᠤᠳᠤᠷᠢᠳᠤᠯᠭ᠎ᠠ ᠪᠠᠨ ᠴᠢᠩᠭᠠᠳᠬᠠᠨ᠎ᠠ᠃    ︵ᠭᠤᠷᠪᠠ︶ ᠬᠦᠢᠰᠦ ᠢᠯᠭᠠᠯ ᠢᠶᠠᠷ ᠪᠦᠷᠢᠳᠬᠡᠨ ᠬᠢᠨᠠᠨ ᠬᠡᠮᠵᠢᠬᠦ ᠶᠢ ᠴᠢᠩᠭᠠᠳᠬᠠᠨ᠎ᠠ᠃   ︵ᠳᠥᠷᠪᠡ︶ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠤᠨ ᠴᠢᠳᠠᠪᠤᠷᠢ ᠪᠠ ᠬᠢᠷᠢ ᠲᠦᠪᠰᠢᠨ ᠵᠶ᠋ᠡᠨ‌‍ᠲ᠋ᠡᠭᠡᠭᠰᠢᠯᠡᠭᠦᠯᠦᠨ᠎ᠡ᠃    ︵ᠲᠠᠪᠤ︶ ᠬᠢᠨᠠᠨ ᠬᠡᠮᠵᠢᠵᠦ ᠦᠨᠡᠯᠡᠨ ᠵᠢᠱᠢᠭᠰᠡᠨ ᠦᠷ᠎ᠡ ᠪᠦᠲᠦᠭᠡᠯ ᠢᠶᠠᠨ ᠪᠦᠲᠦᠮᠵᠢᠲᠡᠶ ᠠᠰᠢᠭᠯᠠᠨ᠎ᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号