10 ᠰᠠᠷ᠎ᠠ ᠶᠢᠨ 17 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠪᠦᠦ ᠯᠦᠩ ᠤᠯᠠᠭᠠᠨᠬᠠᠳᠠ ᠰᠤᠮᠤᠨ ᠳᠤ ᠬᠦᠷᠴᠤ ᠠᠷᠠᠳ ᠤᠨ | ᠠᠮᠢᠳᠤᠷᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠪᠠᠶᠢᠴᠠᠭᠠᠨ ᠰᠤᠳᠤᠯᠪᠠ᠃ ᠲᠡᠷᠡ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠨᠢ ᠠᠷᠠᠳ | ᠤᠯᠠᠨ ᠤ ᠪᠤᠶᠠᠨ ᠵᠢᠷᠭᠠᠯ ᠲᠠᠢ ᠬᠤᠯᠪᠣᠭᠳᠠᠵᠤ᠂ ᠲᠦᠭ ᠲᠦᠮᠡᠨ ᠠᠶᠢᠯ ᠡᠷᠦᠬᠡ ᠳᠤ ᠠᠰᠢᠭ ᠬᠦᠷᠲᠡᠭᠡᠳᠡᠭ ᠪᠣᠯᠬᠤᠷ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠦᠬᠦ ᠬᠦᠴᠦᠨ ᠢᠶᠠᠷ ᠢᠶᠠᠨ ᠠᠬᠢᠭᠤᠯᠬᠤ | ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠢᠨᠠᠯᠲᠠ ᠲᠠᠯᠪᠢᠬᠤ | ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠡᠯ᠎ᠡ ᠲᠦᠷᠦᠯ ᠤᠨ ᠲᠦᠷᠦᠯ ᠵᠦᠢᠯ ᠤᠨ ᠬᠡᠷᠡᠭᠵᠢᠭᠦᠯᠦᠯᠲᠡ ᠶᠢ | ᠪᠦᠬᠦ ᠶᠠᠪᠤᠴᠠ ᠪᠠᠷ ᠮᠥᠷᠳᠡᠵᠦ᠂ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠠᠶᠤᠯᠭᠦᠢ | ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ ᠤᠯᠠᠨ ᠲᠦᠮᠡᠨ ᠲᠠᠢ | ᠰᠡᠳᠬᠢᠯ ᠲᠠᠯᠪᠢᠨ ᠣᠶᠢᠷᠠᠳᠴᠤ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ | ᠰᠢᠯᠤᠭᠤᠨ ᠬᠠᠮᠤᠭ ᠤᠨ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠤᠯᠠᠨ ᠢᠶᠠᠷ ᠢᠶᠠᠨ ᠨᠢᠭᠲᠠᠷᠠᠨ ᠪᠦᠯᠬᠦᠮᠳᠡᠵᠦ᠂ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠲᠠᠶᠠᠭᠠᠷ ᠢᠶᠠᠷ ᠢᠶᠠᠨ ᠬᠤᠯᠪᠤᠭᠠᠯᠠᠨ ᠬᠥᠳᠡᠯᠦᠯᠴᠡᠵᠦ᠂ ᠡᠯ᠎ᠡ | ᠵᠦᠢᠯ ᠤᠨ ᠠᠵᠢᠯ ᠤᠨ ᠡᠭᠦᠷᠭᠡ ᠶᠢ ᠬᠠᠮᠲᠤᠪᠠᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | |