ᠵᠠᠷᠤᠳ ᠬᠤᠰᠢᠭᠤ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠬᠢᠪᠡ
ᠨᠡᠶᠢᠲᠡᠯᠡᠭᠰᠡᠨ ᠴᠠᠭ᠄
2022/10/19
        10 ᠰᠠᠷ᠎ᠠ ᠶᠢᠨ 18 ᠤ ᠡᠳᠦᠷ᠂ ᠵᠠᠷᠤᠳ ᠬᠤᠰᠢᠭᠤ ᠵᠠᠯᠠᠭᠤᠴᠤᠳ ᠤᠨ ᠠᠵᠢᠯ ᠤᠨ ᠬᠠᠮᠲᠤᠷᠠᠭᠰᠠᠨ ᠬᠤᠷᠠᠯ ᠤᠨ ᠭᠤᠷᠪᠠᠳᠤᠭᠠᠷ ᠪᠥᠬᠦᠳᠡ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃
6b1cd87a7103e1ae343d92010235c3b.jpg   
    ᠭᠦᠸᠧ ᠶᠠ ᠹᠧᠩ ᠵᠢᠭᠠᠪᠣᠷᠢᠯᠠᠭᠰᠠᠨ ᠨᠢ᠂ ᠵᠠᠯᠠᠭᠤᠴᠤᠳ ᠬᠦᠭᠵᠢᠪᠡᠯ ᠤᠯᠤᠰ ᠮᠠᠨᠳᠤᠵᠤ᠂ ᠵᠠᠯᠠᠭᠤᠴᠤᠳ ᠴᠢᠬᠢᠷᠠᠭ ᠪᠣᠯ ᠤᠯᠤᠰ ᠬᠦᠴᠦᠷᠬᠡᠭᠵᠢᠨ᠎ᠡ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠠᠯᠠᠭᠤᠴᠤᠳ ᠤᠨ ᠠᠵᠢᠯ ᠳᠤ ᠰᠢᠨ᠎ᠡ ᠱᠠᠭᠠᠷᠳᠠᠯᠭ᠎ᠠ ᠲᠠᠯᠪᠢᠪᠠ᠃ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠵᠠᠯᠠᠭᠤᠴᠤᠳ ᠤᠨ ᠠᠵᠢᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠪᠣᠯᠣᠨ ᠤᠯᠤᠰ ᠤᠨ ᠦᠢᠯᠡᠰ ᠢ ᠦᠶ᠎ᠡ ᠤᠯᠠᠷᠢᠨ ᠤᠯᠠᠮᠵᠢᠯᠠᠭᠳᠠᠬᠤ᠂ ᠵᠠᠯᠭᠠᠮᠵᠢᠯᠠᠭᠴᠢ ᠲᠠᠢ ᠪᠠᠶᠢᠬᠤ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠨᠠᠮ ᠤᠨ ᠵᠠᠯᠠᠭᠤᠴᠤᠳ ᠤᠨ ᠠᠵᠢᠯ ᠢ ᠰᠠᠶᠢᠲᠤᠷ ᠬᠢᠬᠦ ᠶᠢᠨ ᠤᠯᠤᠰ ᠲᠦᠷᠦ ᠶᠢᠨ ᠠᠴᠢ ᠬᠤᠯᠪᠣᠭᠳᠠᠯ᠂ ᠴᠠᠭ ᠦᠶ᠎ᠡ ᠶᠢᠨ ᠠᠴᠢ ᠬᠤᠯᠪᠣᠭᠳᠠᠯ ᠪᠣᠯᠣᠨ ᠦᠢᠯᠡᠳᠦᠯᠭᠡ ᠶᠢᠨ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠵᠠᠯᠠᠭᠤᠴᠤᠳ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠪᠤᠳᠤᠯ ᠢᠶᠠᠨ ᠦᠨᠡᠨᠬᠦ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠠᠵᠢᠯ ᠢ ᠰᠠᠶᠢᠲᠤᠷ ᠬᠢᠬᠦ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠬᠤ ᠬᠡᠷᠡᠭᠲᠡᠢ ᠭᠡᠪᠡ᠃ᠭᠦᠸᠧ ᠶᠠ ᠹᠧᠩ ᠴᠢᠬᠤᠯᠠᠴᠢᠯᠠᠭᠰᠠᠨ ᠨᠢ᠂ ᠡᠯ᠎ᠡ ᠪᠦᠷᠢᠯᠳᠦᠭᠦᠨ ᠨᠢᠭᠡᠴᠡ ᠶᠢᠨ ᠬᠢᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠶ ᠪᠣᠯᠭᠠᠵᠤ᠂ ᠵᠠᠯᠠᠭᠤᠴᠤᠳ ᠤᠨ ᠠᠵᠢᠯ ᠤᠨ ᠭᠤᠣᠯᠳᠠᠯᠭ᠎ᠠ  ᠲᠠᠢ ᠬᠦᠷᠢᠶ᠎ᠡ ᠴᠠᠷ᠎ᠠ ᠶᠢᠨ ᠵᠠᠩᠭᠢᠯᠠᠭ᠎ᠠ ᠭᠤᠣᠯᠳᠠᠯᠭ᠎ᠠ ᠶᠢ ᠡᠵᠡᠮᠳᠡᠵᠦ᠂ ᠬᠠᠮᠲᠤᠷᠠᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠬᠠᠮᠲᠤᠷᠠᠭᠰᠠᠨ ᠬᠤᠷᠠᠯ ᠤᠨ ᠲᠠᠯ᠎ᠠ ᠠᠴᠠ᠂ ᠵᠠᠯᠠᠭᠤᠴᠤᠳ ᠤᠨ ᠠᠵᠢᠯᠯᠠᠭ᠎ᠠ ᠶᠢ ᠬᠠᠮᠲᠤᠪᠠᠷ ᠥᠷᠨᠢᠭᠦᠯᠵᠦ᠂ ᠵᠠᠯᠠᠭᠤᠴᠤᠳ ᠤᠨ ᠭᠠᠪᠢᠶ᠎ᠠ ᠪᠠᠶᠢᠭᠤᠯᠤᠨ ᠦᠢᠯᠡᠰ ᠪᠦᠲᠦᠭᠡᠬᠦ ᠶᠢ ᠵᠣᠷᠢᠭᠵᠢᠭᠤᠯᠵᠤ᠂ ᠰᠠᠨᠠᠭᠠᠴᠢᠯᠠᠭ᠎ᠠ ᠠᠴᠠ ᠪᠠᠨ ᠵᠠᠯᠠᠭᠤᠴᠤᠳ ᠤᠨ ᠬᠦᠴᠢᠷ ᠵᠣᠪᠠᠭᠤᠷᠢ ᠶᠢ ᠰᠢᠢᠳᠪᠦᠷᠢᠯᠡᠨ ᠥᠭᠴᠦ᠂ ᠵᠠᠯᠠᠭᠤᠴᠤᠳ ᠪᠠᠭᠠᠴᠤᠳ ᠤᠨ ᠬᠠᠤᠯᠢ ᠶᠣᠰᠣᠨ ᠤ ᠡᠷᠬᠡ ᠶᠢ ᠦᠨᠡᠨᠬᠦ ᠬᠠᠮᠠᠭᠠᠯᠠᠵᠤ᠂ ᠵᠠᠯᠠᠭᠤᠴᠤᠳ ᠤᠨ ᠠᠵᠢᠯ ᠤᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠵᠦ᠂ ᠵᠠᠯᠠᠭᠤᠴᠤᠳ ᠤᠨ ᠠᠵᠢᠯ ᠤᠨ ᠲᠦᠪᠰᠢᠨ ᠪᠠ ᠳᠡᠭᠲᠡᠷ ᠲᠤ ᠭᠠᠷᠬᠤ ᠶᠢ ᠪᠦᠬᠦ ᠲᠠᠯ᠎ᠠ ᠪᠠᠷ ᠠᠬᠢᠭᠤᠯᠵᠤ᠂ ᠵᠠᠯᠠᠭᠤᠴᠤᠳ ᠤᠨ ᠬᠥᠭᠵᠢᠯᠲᠡ ᠶᠢᠨ ᠪᠠᠶᠢᠭᠤᠯᠤᠯ ᠤᠨ ᠳᠠᠪᠠᠭᠤᠯᠢᠭ ᠢᠶᠠᠨ ᠦᠨᠡᠨᠬᠦ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠵᠠᠯᠠᠭᠤ ᠨᠢᠭᠡ ᠦᠶ᠎ᠡ ᠶᠢᠨ ᠬᠢᠨ ᠢ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠪᠣᠯᠭᠠᠨ ᠬᠥᠮᠥᠵᠢᠭᠦᠯᠵᠦ᠂ ᠣᠳᠣᠬᠢᠴᠢᠯᠠᠭᠰᠠᠨ ᠵᠠᠷᠣᠳ ᠢ ᠪᠦᠲᠦᠭᠡᠨ ᠪᠠᠶᠢᠭᠤᠯᠬᠤ ᠳᠤ ᠢᠳᠡᠷᠡᠭᠦᠨ ᠳᠣᠷᠪᠢᠲᠠᠢ ᠥᠨᠢ ᠤᠳᠠᠭᠠᠨ ᠤ ᠵᠠᠯᠠᠭᠤ ᠨᠠᠰᠤᠨ ᠤ ᠬᠦᠳᠡᠯᠭᠡᠬᠦ ᠬᠦᠴᠦᠨ ᠨᠡᠮᠡᠷᠢᠯᠡᠬᠦ ᠪᠠᠷ ᠴᠢᠷᠮᠠᠶᠢᠬᠤ ᠬᠡᠷᠡᠭᠲᠡᠢ ᠭᠡᠪᠡ᠃
1c6df8909b310dcda04ffaa927270a3.jpg
    ᠬᠤᠷᠠᠯ ᠳᠡᠭᠡᠷ᠎ᠡ ᠳᠤᠮᠳᠠ ᠤᠷᠲᠤ ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ ᠲᠥᠯᠦᠪᠵᠢᠭᠦᠯᠭᠡ ᠶᠢ ᠬᠡᠷᠡᠭᠵᠢᠭᠦᠯᠬᠦ ᠠᠵᠢᠯ ᠤᠨ ᠲᠣᠬᠠᠢ ᠶᠠᠮᠤᠨ ᠤ ᠳᠡᠰ ᠤᠨ ᠬᠠᠮᠲᠤᠷᠠᠭᠰᠠᠨ ᠬᠤᠷᠠᠯ ᠤᠨ ᠳᠥᠷᠪᠡᠳᠦᠭᠡᠷ ᠤᠳᠠᠭ᠎ᠠ ᠶᠢᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ 2021 ᠣᠨ ᠤ ᠵᠠᠷᠤᠳ ᠬᠤᠰᠢᠭᠤᠨ ᠤ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ  ᠳᠣᠮᠳᠠ ᠤᠷᠲᠤ ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠪᠠ︔ ︽ᠵᠠᠷᠤᠳ ᠬᠤᠰᠢᠭᠤᠨ ᠤ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠤᠷᠲᠤ ᠬᠤᠭᠤᠴᠠᠭᠠᠨ ᠤ ᠵᠠᠯᠠᠭᠤᠴᠤᠳ ᠤᠨ ᠬᠥᠭᠵᠢᠯᠲᠡ ᠶᠢᠨ ᠲᠥᠯᠦᠪᠵᠢᠭᠦᠯᠭᠡ ︵2018 - 2025 ᠣᠨ︶﹀ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠭᠤᠣᠯᠳᠠᠯᠭ᠎ᠠ ᠲᠠᠢ ᠠᠵᠢᠯ ᠤᠨ ᠬᠤᠪᠢᠶᠠᠷᠢᠯᠠᠯ ᠤᠨ ᠲᠥᠰᠥᠯ︾ ᠢ ᠬᠢᠨᠠᠨ ᠵᠥᠪᠯᠡᠪᠡ᠃
8b215af1a770e23c33c7e6057ef9efc.jpg
    ᠬᠤᠷᠠᠯ ᠳᠡᠭᠡᠷ᠎ᠡ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ  ᠦᠪᠡᠷ ᠦᠪᠡᠷ ᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号