10 ᠰᠠᠷ᠎ᠠ ᠶᠢᠨ 18 ᠤ ᠡᠳᠦᠷ᠂ ᠴᠢᠪᠠᠭᠠᠳᠤ ᠰᠤᠮᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ | ᠵᠢᠯᠤᠭᠤᠳᠴᠤ ᠪᠠᠶᠢᠴᠠᠭᠠᠬᠤ ᠠᠵᠢᠯ ᠥᠷᠨᠢᠭᠦᠯᠪᠡ᠃ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ | ᠬᠤᠵᠢᠳ ᠬᠠᠷᠢᠶ᠎ᠠ ᠣᠷᠣᠨ ᠤ ᠪᠠᠨ ᠲᠡᠯᠭᠡᠭᠦᠷ᠂ ᠵᠣᠴᠢᠳ ᠤᠨ ᠪᠠᠭᠤᠳᠠᠯ ᠵᠡᠷᠭᠡ ᠭᠤᠣᠯᠳᠠᠯᠭ᠎ᠠ ᠲᠠᠢ ᠲᠠᠯᠠᠪᠤᠷ ᠲᠤ | ᠬᠦᠷᠴᠦ ︽ ᠨᠡᠪᠳᠡᠷᠡᠬᠦᠢ ᠨᠣᠮᠧᠷ︾ ︽ᠬᠤᠣᠰ ᠨᠣᠮᠧᠷ︾ ᠢ ᠪᠠᠶᠢᠴᠠᠭᠠᠨ ᠰᠢᠯᠭᠠᠬᠤ᠂ ᠪᠡᠶ᠎ᠡ ᠶᠢᠨ ᠳᠤᠯᠠᠭᠠᠨ ᠢ | ᠬᠡᠮᠵᠢᠨ ᠲᠠᠩᠰᠠᠯᠠᠬᠤ᠂ ᠠᠮᠠᠪᠴᠢ ᠵᠡᠭᠦᠬᠦ᠂ ᠣᠷᠴᠢᠨ ᠲᠣᠭᠤᠷᠢᠨ ᠢ ᠠᠷᠢᠭᠤᠳᠬᠠᠨ ᠤᠰᠠᠳᠬᠠᠬᠤ ᠵᠡᠷᠭᠡ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠭᠰᠠᠨ ᠪᠥᠭᠡᠳ ᠱᠠᠭᠠᠷᠳᠠᠨ | ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠢ ᠲᠤᠬᠠᠢ ᠶᠢᠨ ᠲᠠᠯᠠᠪᠤᠷ ᠲᠤᠨᠢ ᠬᠠᠷᠢᠭᠤ ᠲᠤᠰᠬᠠᠵᠤ᠂ ᠬᠠᠮᠢᠶ᠎ᠠ | ᠪᠦᠬᠦᠢ ᠳᠡᠯᠭᠡᠭᠦᠷ ᠢ ᠲᠡᠷᠡ ᠳᠠᠷᠤᠢ ᠳᠤᠨᠢ ᠥᠭᠡᠷᠡᠴᠢᠯᠡᠨ ᠰᠠᠶᠢᠵᠢᠷᠠᠭᠤᠯᠵᠤ᠂ ᠬᠢᠵᠢᠭ ᠢ ᠰᠡᠷᠭᠡᠶᠢᠯᠡᠨ ᠡᠵᠡᠮᠳᠡᠬᠦ | ᠬᠠᠮᠢᠶ᠎ᠠ ᠪᠦᠬᠦᠢ ᠱᠠᠭᠠᠷᠳᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | | | |