| ᠡᠯ᠎ᠡ ᠲᠠᠯ᠎ᠠ ᠶᠢᠨ ᠬᠢᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠢᠳᠡᠪᠬᠢᠵᠢᠯ᠂ | ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠬᠥᠭᠵᠢᠭᠡᠬᠦ ᠶᠢᠨ ᠲᠥᠯᠥᠭᠡ᠂ ᠵᠠᠬ᠎ᠠ ᠳᠡᠯᠭᠡᠭᠦᠷ ᠤᠨ ᠭᠤᠣᠯ | ᠴᠣᠭᠴᠠ ᠪᠣᠯᠣᠨ ᠠᠷᠠᠳ ᠣᠯᠠᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ ᠢ ᠣᠶᠢᠯᠠᠭᠠᠬᠤ ᠨᠣᠷᠮ᠎ᠠ ᠪᠣᠯᠣᠨ ᠲᠠᠨᠢᠨ ᠮᠡᠳᠡᠬᠦ ᠬᠡᠮᠵᠢᠶ᠎ᠡ ᠶᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠥᠳᠬᠡᠨ ᠵᠤᠵᠠᠭᠠᠨ ᠠᠭᠤᠷ | ᠠᠮᠢᠰᠬᠤᠯ ᠢ ᠪᠤᠶ ᠪᠣᠯᠭᠠᠬᠤ ᠶᠢᠨ ᠲᠦᠯᠦᠭᠡ᠂ ᠵᠠᠷᠤᠳ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠥᠪ ᠬᠢᠨ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠪᠠᠭᠰᠢ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠠᠵᠢᠯᠲᠠᠨ ᠢᠶᠠᠷ ᠪᠦᠷᠢᠯᠳᠦᠭᠰᠡᠨ ᠪᠥᠬᠦ ᠬᠤᠰᠢᠭᠤᠨ ᠤ | ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢ ᠤᠬᠠᠭᠤᠯᠤᠨ | ᠲᠠᠶᠢᠯᠪᠤᠷᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠵᠣᠬᠢᠶᠠᠨ ᠪᠠᠶᠢᠭᠤᠯᠵᠤ᠂ ᠰᠦᠯᠵᠢᠶᠡᠨ ᠳᠡᠭᠡᠷᠡᠬᠢ ᠪᠠ | ᠰᠦᠯᠵᠢᠶᠡᠨ ᠠᠴᠠ ᠭᠠᠳᠠᠨ᠎ᠠ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠤᠬᠠᠭᠤᠯᠵᠤ ᠤᠬᠠᠭᠤᠯᠤᠨ | ᠲᠠᠶᠢᠯᠪᠤᠷᠢᠯᠠᠬᠤ ᠠᠵᠢᠯ ᠢ ᠪᠠᠶᠢᠭᠤᠯᠭ᠎ᠠ ᠳᠤ ᠣᠷᠣᠭᠤᠯᠬᠤ᠂ ᠬᠦᠷᠢᠶᠡᠯᠡᠩ ᠲᠣᠭᠤᠷᠢᠭ ᠲᠤ ᠣᠷᠣᠭᠤᠯᠬᠤ᠂ ᠠᠵᠤ | ᠠᠬᠤᠶᠢᠯᠠᠯ ᠳᠤ ᠣᠷᠣᠭᠤᠯᠬᠤ᠂ ᠣᠯᠠᠨ ᠨᠡᠶᠢᠲᠡ ᠶᠢᠨ ᠲᠠᠯᠠᠪᠤᠷ ᠲᠤ ᠣᠷᠣᠭᠤᠯᠬᠤ ᠵᠡᠷᠭᠡ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ︽ᠶᠠᠪᠤᠳᠠᠯ ᠪᠦᠬᠦᠨ ᠳᠤ ᠳᠦᠷᠢ ᠲᠥᠷᠬᠦ ᠱᠠᠭᠤᠬᠤ | ᠲᠠᠢ ᠬᠤᠯᠪᠣᠭᠳᠠᠭᠤᠯᠵᠤ᠂ ᠬᠥᠮᠥᠨ ᠪᠦᠬᠦᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠪᠦᠲᠦᠭᠡᠨ | ᠪᠠᠶᠢᠭᠤᠯᠤᠯᠲᠠ ᠳᠤ ᠣᠷᠤᠯᠴᠠᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ | | | ︽ᠣᠳᠣᠬᠠᠨ ᠳᠤ᠂ ᠮᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠬᠦᠷᠴᠦ ᠠᠵᠤ ᠠᠬᠤᠶᠢᠯᠠᠯ | ᠡᠷᠭᠢᠯᠡᠬᠦ ᠭᠠᠷ ᠭᠦᠢᠴᠡᠳᠭᠡᠯ ᠭᠡᠬᠦ ᠳᠤ᠂ ᠮᠠᠲ᠋ᠧᠷᠢᠶᠠᠯ ᠨᠢ ᠪᠦᠷᠢᠨ ᠭᠦᠢᠴᠡᠳ᠂ ᠬᠠᠤᠯᠢ ᠪᠠᠷ ᠲᠣᠭᠲᠠᠭᠠᠭᠰᠠᠨ | ᠠᠯᠬᠤᠮ ᠳᠠᠷᠠᠭ᠎ᠠ ᠳᠤ ᠨᠡᠶᠢᠴᠡᠬᠦ ᠪᠠᠶᠢᠳᠠᠯ ᠳᠣᠣᠷ᠎ᠠ᠂ ᠬᠠᠮᠤᠭ ᠬᠤᠷᠳᠣᠨ ᠳᠠᠭᠠᠨ 1.5 ᠴᠠᠭ ᠠᠴᠠ ᠬᠡᠲᠦᠷᠡᠬᠦ | ᠦᠭᠡᠢ ᠪᠠᠷ ᠪᠥᠬᠦ ᠭᠦᠢᠴᠡᠳᠬᠡᠬᠦ ᠵᠦᠢᠯᠡᠰ ᠢ ᠪᠡᠶᠡᠯᠡᠭᠦᠯᠵᠦ᠂ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ ᠪᠠ | ᠣᠯᠠᠨ ᠲᠦᠮᠡᠨ ᠳᠤ ᠲᠤᠶᠢᠯ ᠤᠨ ᠶᠡᠭᠡ ᠲᠥᠬᠦᠮ ᠦᠵᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ | ᠣᠶᠢᠯᠠᠭᠠᠯᠲᠠ ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠭᠰᠡᠨ ᠪᠠᠶᠢᠨ᠎ᠠ︾᠃ 10 ᠰᠠᠷ᠎ᠠ ᠶᠢᠨ 18 ᠤ | ᠡᠳᠦᠷ᠂ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠥᠷᠥ ᠶᠢᠨ | ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠤᠬᠠᠭᠤᠯᠤᠨ | ᠲᠠᠶᠢᠯᠪᠤᠷᠢᠯᠠᠭᠴᠢ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠠᠵᠢᠯᠯᠠᠭᠴᠢ ᠮᠦ | ᠵᠢᠶᠦ᠋ᠨ ᠬᠤᠸᠠ ᠯᠦ ᠹᠧᠩ ᠪᠡᠯᠡ ᠣᠷᠣᠭᠤᠯᠤᠯᠲᠠ ᠶᠢᠨ ᠺᠣᠮᠫᠠᠨᠢ ᠳᠤ ᠬᠤᠳᠠᠯᠳᠤᠭ᠎ᠠ ᠡᠵᠡᠩᠨᠡᠬᠦ ᠣᠷᠴᠢᠨ | ᠨᠦᠬᠦᠴᠡᠯ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢ ᠲᠠᠶᠢᠯᠣᠮᠵᠢ ᠬᠢᠵᠦ᠂ ᠠᠵᠤ ᠠᠬᠤᠶᠢᠯᠠᠯ ᠳᠤ ᠲᠥᠷᠥ ᠶᠢᠨ | ᠪᠣᠳᠣᠯᠭ᠎ᠠ ᠶᠢ ᠲᠠᠶᠢᠯᠪᠤᠷᠢᠯᠠᠨ ᠥᠭᠴᠦ᠂ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠥᠭᠴᠦ᠂ ᠠᠵᠤ ᠠᠬᠤᠶᠢᠯᠠᠯ | ᠬᠢᠨ ᠳᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠴᠠ ᠪᠣᠯᠤᠭᠰᠠᠨ ᠠᠰᠢᠭ ᠲᠤᠰᠠ ᠶᠢ | ᠦᠨᠡᠨ ᠬᠦ ᠣᠶᠢᠯᠠᠭᠠᠭᠤᠯᠪᠠ᠃ | | | ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠯᠲᠠ ᠳᠤ᠂ ᠮᠦ ᠵᠢᠶᠦ᠋ᠨ ᠬᠤᠸᠠ ᠠᠵᠤ ᠠᠬᠤᠶᠢᠯᠠᠯ ᠤᠨ ᠪᠣᠳᠠᠲᠤ | ᠪᠠᠶᠢᠳᠠᠯ ᠢ ᠤᠶᠠᠯᠳᠤᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠳᠦᠷᠢᠮ᠂ ᠬᠤᠰᠢᠭᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠴᠣᠩᠬᠤᠪᠴᠢ ᠶᠢᠨ ᠲᠣᠬᠢᠷᠠᠭᠤᠯᠤᠯᠲᠠ ᠵᠢᠴᠢ ᠠᠵᠤ | ᠠᠬᠤᠶᠢᠯᠠᠯ ᠨᠡᠭᠡᠭᠡᠨ ᠡᠷᠭᠢᠯᠡᠬᠦ ᠪᠥᠬᠦ ᠶᠠᠪᠤᠴᠠ ᠶᠢᠨ ᠲᠠᠯ᠎ᠠ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ | ᠲᠠᠶᠢᠯᠪᠤᠷᠢᠯᠠᠯᠲᠠ ᠬᠢᠪᠡ᠃ ᠡᠭᠦᠨ ᠤ ᠬᠠᠮᠲᠤ ᠠᠵᠤ ᠠᠬᠤᠶᠢᠯᠠᠯ ᠤᠨ ᠠᠵᠢᠯᠲᠠᠳ ᠲᠠᠢ ᠰᠠᠨᠠᠯ ᠢᠶᠠᠨ ᠰᠣᠯᠢᠯᠴᠠᠵᠤ᠂ | ᠠᠵᠤ ᠠᠬᠤᠶᠢᠯᠠᠯ ᠬᠢᠨ ᠤ ᠰᠡᠵᠢᠭᠯᠡᠯ ᠢ ᠨᠢᠭᠡᠳ ᠨᠢᠭᠡ ᠪᠠᠷ ᠲᠠᠶᠢᠯᠪᠤᠷᠢᠯᠠᠵᠤ᠂ ᠬᠤᠯᠪᠣᠭᠳᠠᠯ ᠪᠦᠬᠦᠢ ᠲᠦᠷᠦ ᠶᠢᠨ | ᠪᠣᠳᠣᠯᠭ᠎ᠠ ᠶᠢ ᠬᠦᠯᠢᠴᠡᠩᠭᠦᠢ ᠪᠠᠷ ᠨᠠᠷᠢᠨ ᠨᠢᠮᠪᠠᠢ ᠲᠠᠶᠢᠯᠪᠤᠷᠢᠯᠠᠵᠤ᠂ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ | ᠰᠢᠢᠳᠪᠦᠷᠢᠯᠡᠵᠦ᠂ ᠵᠠᠰᠠᠭ ᠠᠵᠤ ᠠᠬᠤᠶᠢᠯᠠᠯ ᠤᠨ ᠵᠠᠢ ᠶᠢ ᠪᠦᠲᠦᠮᠵᠢᠲᠡᠢ ᠣᠶᠢᠷᠠᠲᠤᠭᠤᠯᠵᠤ᠂ ᠠᠵᠤ ᠠᠬᠤᠶᠢᠯᠠᠯ | ᠬᠢᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ ᠤᠯᠠᠨ ᠢᠶᠠᠷ ᠢᠶᠠᠨ᠂ ᠲᠤᠰ ᠤᠳᠠᠭ᠎ᠠ ᠶᠢᠨ ᠤᠬᠠᠭᠤᠯᠤᠨ | ᠲᠠᠶᠢᠯᠪᠤᠷᠢᠯᠠᠯᠲᠠ ᠨᠢ ᠠᠭᠤᠯᠭ᠎ᠠ ᠪᠠᠷ ᠪᠠᠶᠠᠯᠢᠭ᠂ ᠪᠣᠳᠠᠲᠠᠢ ᠲᠠᠢ ᠨᠡᠶᠢᠴᠡᠵᠦ᠂ ᠮᠠᠰᠢ ᠴᠢᠩᠭ᠎ᠠ ᠵᠢᠯᠤᠭᠤᠳᠬᠤ ᠴᠢᠨᠠᠷᠲᠠᠢ | ᠪᠠᠶᠢᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠮᠠᠰᠢ ᠤᠯᠠᠨ ᠲᠦᠷᠦ ᠶᠢᠨ ᠪᠣᠳᠣᠯᠭ᠎ᠠ ᠶᠢ ᠰᠤᠷᠤᠯᠴᠠᠨ | ᠣᠶᠢᠯᠠᠭᠠᠵᠤ᠂ ᠣᠯᠣᠯᠲᠠ ᠶᠡᠬᠡᠲᠡᠢ ᠭᠡᠵᠦ ᠢᠯᠡᠳᠬᠡᠵᠡᠭᠡᠪᠡ᠃ ᠬᠤᠶᠢᠰᠢᠳᠠ ᠲᠥᠷᠥ ᠶᠢᠨ ᠪᠣᠳᠣᠯᠭ᠎ᠠ ᠶᠢᠨ ᠠᠰᠢᠭ | ᠲᠤᠰᠠ ᠪᠠ ᠳᠥᠭᠦᠮ ᠳᠥᠲᠡ ᠦᠢᠯᠡᠴᠢᠯᠡᠭᠡ ᠶᠢ ᠭᠦᠢᠴᠡᠳ ᠪᠥᠭᠡᠳ ᠠᠮᠢᠳᠤᠯᠢᠭ ᠬᠡᠷᠡᠭᠯᠡᠵᠦ᠂ ᠠᠵᠤ | ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠨᠡᠨ ᠬᠦ ᠠᠵᠤ ᠠᠬᠤᠶᠢᠯᠠᠯ ᠤᠨ ᠳᠣᠲᠣᠭᠠᠳᠤ ᠶᠢᠨ | ᠬᠦᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠠᠵᠤ ᠠᠬᠤᠶᠢᠯᠠᠯ ᠤᠨ ᠨᠠᠩ ᠶᠡᠭᠡ ᠰᠢᠨ᠎ᠡ ᠬᠥᠭᠵᠢᠯᠲᠡ ᠶᠢ | ᠪᠡᠶᠡᠯᠡᠭᠦᠯᠦᠨ᠎ᠡ ᠭᠡᠪᠡ᠃ | | | ᠤᠶᠠᠩᠭᠠᠲᠤ ᠮᠣᠳᠣ ᠪᠠᠶᠢᠪᠠᠯ ᠭᠠᠷᠤᠳᠢ ᠠᠶᠠᠨᠳᠠᠭᠠᠨ ᠢᠷᠡᠨ᠎ᠡ᠃ ᠳᠠᠷᠠᠭᠠᠴᠢ ᠶᠢᠨ ᠠᠯᠬᠤᠮ ᠳᠤ᠂ ᠵᠠᠷᠤᠳ | ᠬᠤᠰᠢᠭᠤᠨ ᠤ ᠬᠢᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ | ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ | ᠲᠠᠶᠢᠯᠪᠤᠷᠢᠯᠠᠬᠤ ᠰᠠᠷ᠎ᠠ ᠶᠢᠨ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠨᠢᠭᠡ ᠪᠦᠯᠦᠭ ᠠᠵᠤ | ᠠᠬᠤᠶᠢᠯᠠᠯ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ᠂ ᠬᠢᠯᠪᠠᠷ ᠣᠶᠢᠯᠠᠭᠠᠮᠵᠢᠲᠠᠢ ᠡᠯ᠎ᠡ ᠲᠥᠷᠥᠯ ᠤᠨ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠪᠢᠴᠢᠭ ᠪᠣᠯᠣᠨ ᠬᠠᠷᠠᠭᠠᠨ ᠳᠠᠪᠲᠠᠮᠵᠢ ᠶᠢᠨ ᠪᠣᠷᠣ ᠮᠠᠲ᠋ᠧᠷᠢᠶᠠᠯ ᠢ | ᠵᠣᠬᠢᠶᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ᠂ ᠥᠨᠳᠥᠷ ᠳᠠᠪᠲᠠᠮᠵᠢ ᠪᠠᠷ | ᠪᠣᠳᠠᠲᠠᠶᠢᠵᠢᠭᠤᠯᠤᠨ ᠤᠬᠠᠭᠤᠯᠵᠤ᠂ ᠥᠷᠭᠡᠨ ᠣᠯᠠᠨ ᠲᠦᠮᠡᠨ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ | ᠪᠠᠶᠢᠭᠠᠳ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠪᠦᠲᠦᠭᠡᠨ ᠪᠠᠶᠢᠭᠤᠯᠤᠯᠲᠠ ᠶᠢ ᠭᠦᠢᠴᠡᠳ ᠣᠶᠢᠯᠠᠭᠠᠨ | ᠳᠡᠮᠵᠢᠬᠦ᠂ ᠣᠷᠣᠯᠴᠠᠵᠤ᠂ ᠦᠢᠯᠡᠴᠢᠯᠡᠨ ᠰᠢᠯᠢᠳᠡᠭᠵᠢᠭᠦᠯᠵᠦ᠂ ᠵᠠᠷᠤᠳ ᠬᠤᠰᠢᠭᠤᠨ ᠤ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ︽ᠬᠠᠮᠤᠭ ᠤᠨ ᠴᠢᠩᠭ᠎ᠠ ᠲᠠᠭᠤᠨ︾ ᠢ ᠬᠠᠩᠭᠢᠨᠠᠭᠤᠯᠤᠨ᠎ᠠ ᠭᠡᠪᠡ᠃ | |