10 ᠰᠠᠷ᠎ᠠ ᠶᠢᠨ 18 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ | ᠵᠢᠶᠦ᠋ᠨ ᠪᠦᠯᠬᠦᠮ ᠳᠠᠭᠠᠭᠤᠯᠤᠨ ᠵᠠᠷᠤᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠮᠠᠯ | ᠠᠵᠤ ᠠᠬᠤᠢ ᠶᠢᠨ ᠡᠭᠦᠯᠳᠡᠷ ᠰᠠᠶᠢᠵᠢᠷᠠᠭᠤᠯᠬᠤ ᠦᠷᠡᠵᠢᠭᠦᠯᠦᠨ ᠪᠣᠶᠢᠵᠢᠭᠤᠯᠬᠤ ᠲᠥᠪ ᠲᠤ ᠬᠦᠷᠴᠦ ᠡᠭᠦᠯᠳᠡᠷ | ᠰᠠᠶᠢᠵᠢᠷᠠᠭᠤᠯᠬᠤ ᠪᠤᠬ᠎ᠠ ᠴᠡᠪᠡᠷᠯᠡᠬᠦ ᠠᠵᠢᠯ ᠢ ᠪᠠᠶᠢᠴᠠᠭᠠᠨ ᠵᠢᠯᠣᠭᠤᠳᠪᠠ᠃ ᠵᠠᠷᠤᠳ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠠᠲᠤ᠂ ᠵᠠᠷᠤᠳ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢᠦ ᠶᠣᠣ᠂ ᠵᠠᠷᠤᠳ ᠬᠤᠰᠢᠭᠤᠨ ᠤ | ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠼᠦᠢ ᠯᠧᠢ ᠯᠧᠢ᠂ ᠵᠠᠷᠤᠳ ᠬᠤᠰᠢᠭᠤᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠳᠠᠷᠤᠭ᠎ᠠ ᠬᠤᠸᠠᠩ ᠶᠠᠨ᠂ ᠬᠤᠰᠢᠭᠤᠨ ᠤ ᠲᠠᠷᠢᠶᠠᠯᠠᠩ | ᠮᠠᠯ ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ ᠳᠣᠷᠵᠢ ᠵᠢᠴᠢ ᠬᠠᠮᠢᠶ᠎ᠠ ᠪᠦᠬᠦᠢ ᠠᠵᠢᠯ ᠤᠨ ᠺᠠᠳ᠋ᠷ ᠪᠠᠷ᠎ᠠ ᠪᠣᠯᠪᠠ᠃ | | | | | | ᠱᠤᠤ ᠶᠠᠨ ᠵᠢᠶᠦ᠋ᠨ ᠬᠠᠮᠳᠤ ᠶᠠᠪᠤᠭᠰᠠᠳ ᠲᠠᠢ ᠪᠠᠨ ᠬᠤᠰᠢᠭᠤᠨ ᠤ ᠮᠠᠯ ᠠᠵᠤ ᠠᠬᠤᠢ ᠶᠢᠨ ᠡᠭᠦᠯᠳᠡᠷ | ᠰᠠᠶᠢᠵᠢᠷᠠᠭᠤᠯᠬᠤ ᠦᠷᠡᠵᠢᠭᠦᠯᠦᠨ ᠪᠣᠶᠢᠵᠢᠭᠤᠯᠬᠤ ᠲᠥᠪ ᠲᠤ ᠬᠦᠷᠴᠤ᠂ ᠠᠬᠤᠢ ᠭᠠᠵᠠᠷ ᠲᠤᠨᠢ ᠪᠠᠶᠢᠴᠠᠭᠠᠨ | ᠦᠵᠡᠬᠦ᠂ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠲᠠᠮᠵᠢᠨ ᠡᠭᠦᠯᠳᠡᠷ ᠰᠠᠶᠢᠵᠢᠷᠠᠭᠤᠯᠵᠤ ᠪᠤᠬ᠎ᠠ ᠴᠡᠪᠡᠷᠯᠡᠬᠦ ᠠᠵᠢᠯ ᠢ | ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠲᠠᠷᠠᠭ᠎ᠠ ᠪᠠᠷ ᠨᠢ ᠬᠤᠷᠠᠯᠳᠤᠭᠤᠯᠤᠭᠰᠠᠨ ᠰᠠᠭᠤᠳᠠᠯ ᠤᠨ | ᠬᠤᠷᠠᠯ ᠳᠡᠭᠡᠷ᠎ᠡ᠂ ᠱᠤᠤ ᠶᠠᠨ ᠵᠢᠶᠦ᠋ᠨ ᠨᠥᠬᠦᠷ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠢᠨ | ᠡᠭᠦᠯᠳᠡᠷ ᠰᠠᠶᠢᠵᠢᠷᠠᠭᠤᠯᠵᠤ ᠪᠤᠬ᠎ᠠ ᠴᠡᠪᠡᠷᠯᠡᠬᠦ ᠤᠬᠠᠭᠤᠯᠭ᠎ᠠ ᠶᠢ ᠴᠢᠩᠭᠠᠳᠬᠠᠬᠤ᠂ ᠡᠭᠦᠯᠳᠡᠷ ᠰᠠᠶᠢᠵᠢᠷᠠᠭᠤᠯᠬᠤ | ᠵᠢᠱᠢᠶ᠎ᠡ ᠦᠵᠡᠭᠦᠯᠬᠦ ᠴᠡᠭ ᠢ ᠪᠠᠶᠢᠭᠤᠯᠬᠤ᠂ ᠡᠭᠦᠯᠳᠡᠷ ᠰᠠᠶᠢᠵᠢᠷᠠᠭᠤᠯᠤᠭᠴᠢ ᠶᠢᠨ ᠬᠠᠮᠢᠶᠠᠷᠤᠯᠲᠠ ᠪᠠᠨ ᠴᠢᠩᠭᠠᠳᠬᠠᠬᠤ | ᠲᠠᠯ᠎ᠠ ᠪᠠᠷ ᠬᠢ ᠪᠣᠳᠠᠲᠠᠢ ᠬᠠᠷᠢᠭᠤ ᠮᠡᠳᠡᠭᠦᠯᠦᠯᠲᠡ ᠶᠢ ᠰᠤᠨᠤᠰᠪᠠ᠃ | | | | | ᠱᠤᠤ ᠶᠠᠨ ᠵᠢᠶᠦ᠋ᠨ ᠵᠢᠭᠠᠪᠤᠷᠢᠯᠠᠭᠰᠠᠨ ᠨᠢ᠄ ᠮᠠᠯ ᠠᠵᠤ ᠠᠬᠤᠢ ᠪᠣᠯ ᠮᠠᠨ ᠤ ᠬᠤᠰᠢᠭᠤᠨ ᠤ ᠳᠠᠪᠠᠭᠤᠯᠢᠭ | ᠣᠨᠴᠠᠯᠢᠭᠲᠤ ᠠᠵᠤ ᠦᠢᠯᠡᠰ ᠪᠣᠯᠣᠨ᠎ᠠ᠂ ᠡᠭᠦᠯᠳᠡᠷ ᠰᠠᠶᠢᠵᠢᠷᠠᠭᠤᠯᠵᠤ ᠪᠤᠬ᠎ᠠ ᠴᠡᠪᠡᠷᠯᠡᠬᠦ ᠠᠵᠢᠯ ᠢ ᠯᠠᠪᠳᠠᠭᠤᠨ | ᠪᠠᠲᠤᠲᠠᠢ ᠥᠷᠨᠢᠭᠦᠯᠬᠦ ᠪᠣᠯ ᠬᠠᠰᠢᠶᠠᠯᠠᠨ ᠲᠡᠵᠢᠭᠡᠵᠦ ᠪᠣᠷᠳᠣᠬᠤ ᠶᠢᠨ ᠵᠠᠩᠭᠢᠯᠠᠭ᠎ᠠ ᠰᠠᠭᠤᠷᠢ ᠪᠠ ᠠᠷᠠᠳ ᠲᠤ ᠠᠰᠢᠭ | ᠬᠦᠷᠲᠡᠭᠡᠵᠦ ᠣᠷᠣᠯᠭ᠎ᠠ ᠪᠠᠨ ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠡᠭᠦᠯᠳᠡᠷ ᠰᠠᠶᠢᠵᠢᠷᠠᠭᠤᠯᠵᠤ ᠪᠤᠬ᠎ᠠ | ᠴᠡᠪᠡᠷᠯᠡᠬᠦ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠨ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ ᠡᠭᠦᠯᠳᠡᠷ ᠰᠠᠶᠢᠵᠢᠷᠠᠭᠤᠯᠬᠤ | ᠲᠥᠰᠥᠯ ᠪᠠ ᠰᠠᠶᠢᠨ ᠡᠭᠦᠯᠳᠡᠷ ᠢ ᠪᠣᠶᠢᠵᠢᠭᠤᠯᠬᠤ ᠬᠥᠭᠵᠢᠯᠲᠡ ᠶᠢᠨ ᠲᠥᠯᠥᠪᠯᠡᠭᠡ ᠲᠣᠭᠲᠠᠭᠠᠵᠤ᠂ ᠤᠬᠠᠭᠤᠯᠬᠤ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠢᠳᠡᠪᠬᠢᠲᠡᠢ ᠵᠣᠬᠢᠶᠠᠨ ᠪᠠᠶᠢᠭᠤᠯᠤᠨ ᠪᠣᠯᠪᠠᠰᠤᠷᠠᠭᠤᠯᠵᠤ᠂ | ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠡᠩᠨᠡᠭᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠭᠦᠯᠳᠡᠷ | ᠰᠠᠶᠢᠵᠢᠷᠠᠭᠤᠯᠵᠤ ᠪᠤᠬ᠎ᠠ ᠴᠡᠪᠡᠷᠯᠡᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠠᠬᠢᠭᠤᠯᠬᠤ ᠬᠡᠷᠡᠭᠲᠡᠢ ᠭᠡᠪᠡ᠃ | | | |