10 ᠰᠠᠷ᠎ᠠ ᠶᠢᠨ 18 ᠤ ᠡᠳᠦᠷ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠤᠷᠢᠳ ᠬᠤᠵᠢᠳ ᠵᠠᠷᠤᠳ ᠬᠤᠰᠢᠭᠤᠨ ᠤ ᠵᠧᠩ ᠳ᠋ᠡ ᠠᠮᠤ ᠲᠣᠰᠣᠨ ᠤ ᠠᠷᠠᠯᠵᠢᠶᠠᠨ ᠤ ᠬᠢᠵᠠᠭᠠᠷᠲᠤ ᠺᠣᠮᠫᠠᠨᠢ᠂ | ᠵᠠᠷᠤᠳ ᠬᠤᠰᠢᠭᠤᠨ ᠤ ᠬᠠᠢ ᠳ᠋ᠢ ᠯᠤᠤ ᠢᠳᠡᠭᠡᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠴᠢᠩ ᠴᠢᠤᠸᠠᠨ | ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ ᠬᠤᠳᠠᠯᠳᠤᠭ᠎ᠠ ᠡᠵᠡᠩᠨᠡᠬᠦ ᠣᠷᠴᠢᠨ | ᠨᠦᠬᠦᠴᠡᠯ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠨᠢ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠵᠠᠪᠰᠠᠷ ᠦᠭᠡᠢ ᠵᠤᠯᠭᠠᠭᠤᠯᠬᠤ᠂ ᠬᠤᠳᠠᠯᠳᠤᠭ᠎ᠠ | ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠬᠦ︾ ᠪᠠᠷ ᠭᠤᠣᠯ ᠰᠡᠳᠦᠪ ᠪᠣᠯᠭᠠᠵᠤ᠂ | ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠳᠦᠷᠢᠮ ᠵᠢᠴᠢ ᠠᠵᠤ ᠠᠬᠤᠶᠢᠯᠠᠯ ᠳᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠥᠪᠥᠷ ᠮᠣᠩᠭᠤᠯ ᠤᠨ ᠮᠦᠩᠬᠡ ᠰᠤᠪᠠᠭ | APP ᠶᠢᠨ ᠬᠡᠷᠡᠭᠯᠡᠯᠲᠡ᠂ ᠲᠥᠷᠥᠯ ᠵᠦᠢᠯ ᠤᠨ ᠬᠠᠮᠢᠶᠠᠷᠤᠭᠴᠢ᠂ ᠬᠠᠪᠰᠤᠷᠤᠨ ᠭᠦᠢᠴᠡᠳᠬᠡᠬᠦ ᠣᠷᠣᠯᠠᠨ | ᠭᠦᠢᠴᠡᠳᠬᠡᠬᠦ᠂ ᠠᠵᠤ ᠠᠬᠤᠶᠢᠯᠠᠯ ᠨᠡᠭᠡᠭᠡᠨ ᠡᠷᠭᠢᠯᠡᠬᠦ ᠵᠡᠷᠭᠡ ᠠᠷᠠᠳ ᠲᠤ ᠲᠥᠬᠦᠮ ᠦᠵᠡᠭᠦᠯᠵᠦ ᠠᠵᠤ | ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠳᠤ ᠬᠠᠷᠢᠭᠤᠯᠲᠠ ᠥᠭᠬᠦ ᠶᠢᠨ ᠬᠠᠮᠲᠤ ᠣᠯᠠᠨ ᠲᠦᠮᠡᠨ ᠪᠠ | ᠠᠵᠤ ᠠᠬᠤᠶᠢᠯᠠᠯ ᠤᠨ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ | ᠠᠰᠠᠭᠤᠳᠠᠯ ᠤᠨ ᠰᠦᠪᠡᠭᠴᠢ ᠪᠠ ᠰᠠᠨᠠᠯ ᠰᠠᠨᠠᠭᠤᠯᠭ᠎ᠠ ᠶᠢ ᠥᠷᠭᠡᠨ ᠢᠶᠠᠷ ᠴᠤᠭᠯᠠᠭᠤᠯᠵᠤ᠂ ᠠᠵᠤ ᠠᠬᠤᠶᠢᠯᠠᠯ ᠤᠨ | ᠡᠵᠡᠩᠨᠡᠯᠲᠡ ᠶᠢᠨ ᠶᠠᠪᠤᠴᠠ ᠳᠤ ᠲᠤᠯᠭᠠᠷᠠᠭᠰᠠᠨ ᠡᠯ᠎ᠡ ᠵᠦᠢᠯ ᠤᠨ ᠬᠦᠴᠢᠷ ᠠᠰᠠᠭᠤᠳᠠᠯ ᠢ ᠨᠠᠷᠢᠨ ᠣᠶᠢᠯᠠᠭᠠᠪᠠ᠃ | | | |