| ᠣᠶᠢᠷ᠎ᠠ ᠳᠤ᠂ ᠰᠢᠶᠠᠩᠱᠠᠨ ᠲᠠᠷᠢᠶᠠᠯᠠᠩ ᠤᠨ ᠲᠠᠯᠠᠪᠠᠶ ᠶᠢᠨ ᠬᠢᠨ ︽ᠥᠪᠥᠷ ᠮᠣᠩᠭᠤᠯ ᠠᠵᠤ ᠠᠬᠤᠶᠢᠯᠠᠯ | ᠨᠡᠪᠲᠡᠷᠡᠬᠦᠢ︾ ᠶᠢ ᠤᠬᠠᠭᠤᠯᠤᠨ ᠳᠡᠯᠭᠡᠷᠡᠭᠦᠯᠬᠦ ᠠᠵᠢᠯ ᠢ ᠢᠳᠡᠪᠬᠢᠲᠡᠢ ᠦᠷᠨᠢᠭᠦᠯᠪᠡ᠃ ᠠᠵᠢᠯᠲᠠᠳ ᠭᠡᠷ ᠲᠤᠨᠢ | ᠬᠦᠷᠴᠦ ᠤᠬᠠᠭᠤᠯᠬᠤ᠂ ᠤᠲᠠᠰᠤ ᠪᠠᠷ ᠬᠠᠷᠢᠯᠴᠠᠬᠤ᠂ ᠸᠢᠴᠠᠲ ᠢᠶᠠᠷ ᠨᠡᠪᠲᠡᠷᠡᠯᠴᠡᠬᠦ ᠵᠡᠷᠭᠡ ᠣᠯᠠᠨ ᠠᠷᠭ᠎ᠠ ᠵᠠᠮ ᠢᠶᠠᠷ | ᠳᠠᠮᠵᠢᠨ ︽ᠦᠪᠦᠷ ᠮᠣᠩᠭᠤᠯ ᠠᠵᠤ ᠠᠬᠤᠶᠢᠯᠠᠯ ᠨᠡᠪᠲᠡᠷᠡᠬᠦᠢ︾ ᠲᠠᠪᠴᠠᠩ ᠢ ᠭᠦᠨᠵᠡᠭᠡᠢ ᠳᠡᠯᠭᠡᠷᠡᠭᠦᠯᠵᠦ᠂ ᠬᠠᠷᠢᠶ᠎ᠠ | ᠣᠷᠣᠨ ᠤ ᠬᠤᠳᠠᠯᠳᠤᠭᠠᠴᠢᠳ ᠲᠤ ︽ᠦᠪᠦᠷ ᠮᠣᠩᠭᠤᠯ ᠠᠵᠤ ᠠᠬᠤᠶᠢᠯᠠᠯ ᠨᠡᠪᠲᠡᠷᠡᠬᠦᠢ︾ ᠶᠢ ᠳᠠᠩᠰᠠᠯᠠᠬᠤ ᠳᠡᠰ | ᠳᠠᠷᠠᠭᠠᠯᠠᠯ᠂ ᠬᠡᠷᠡᠭᠯᠡᠭᠡᠨ ᠲᠠᠪᠴᠠᠩ ᠤᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠢ ᠪᠥᠬᠦ ᠲᠠᠯ᠎ᠠ ᠪᠠᠷ | ᠣᠶᠢᠯᠠᠭᠠᠭᠤᠯᠵᠤ᠂ ᠠᠵᠢᠯᠯᠠᠭᠠᠨ ᠤ ᠶᠠᠪᠤᠴᠠ ᠪᠠ ᠭᠤᠣᠯ ᠵᠦᠢᠯ ᠢ ᠡᠵᠡᠮᠰᠢᠭᠦᠯᠦᠨ᠂ ᠲᠠᠷᠠᠭᠠᠴᠢ ᠶᠢᠨ ᠠᠯᠬᠤᠮ ᠤᠨ | ᠠᠵᠤ ᠠᠬᠤᠶᠢᠯᠠᠯ ᠣᠯᠠᠨ ᠲᠦᠮᠡᠨ ᠳᠤ ᠨᠠᠩ ᠲᠥᠬᠦᠮ᠂ ᠲᠦᠷᠭᠡᠨ᠂ ᠪᠦᠲᠦᠮᠵᠢᠲᠡᠶ ᠦᠢᠯᠡᠴᠢᠯᠡᠬᠦ ᠳᠤ ᠰᠠᠶᠢᠨ | ᠰᠠᠭᠤᠷᠢ ᠲᠠᠯᠪᠢᠵᠤ ᠥᠭᠪᠡ᠃ | | | |