| 10 ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ | ᠹᠷᠣᠨᠲ ᠤᠨ ᠬᠡᠯᠲᠡᠰ ᠤᠨ ᠳᠠᠷᠤᠭ᠎ᠠ ᠵᠣᠣ ᠬᠠᠩ ᠵᠠᠷᠤᠳ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ | ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ ᠯᠢ ᠢᠦᠢ ᠹᠦ᠋᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠳᠡᠳ᠋ ᠡᠷᠬᠢᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠵᠠᠩ ᠶᠦᠩ | ᠴᠢᠶᠠᠩ ᠪᠣᠯᠣᠨ ᠬᠤᠲᠠ᠂ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ | ᠰᠤᠳᠤᠯᠤᠯᠲᠠ ᠬᠢᠬᠦ ᠳᠤ ᠣᠷᠣᠯᠴᠠᠪᠠ᠃ | | | | ᠵᠤᠤ ᠬᠠᠩ ᠬᠠᠮᠲᠤ ᠶᠠᠪᠣᠭᠰᠠᠳ ᠲᠠᠢ ᠪᠠᠨ ᠤᠷᠢᠳ ᠬᠤᠵᠢᠳ ᠵᠠᠷᠤᠳ ᠬᠤᠰᠢᠭᠤᠨ ᠤ ᠪᠡᠭᠡᠵᠢᠩ ᠤᠨ | ᠰᠡᠬᠡᠭᠡᠲᠡᠨ ᠵᠠᠯᠠᠭᠤᠴᠤᠳ ᠤᠨ ᠳᠤᠷᠠᠰᠬᠠᠯ ᠤᠨ ᠣᠷᠳᠣᠨ᠂ ᠥᠪᠥᠷ ᠮᠣᠩᠭᠤᠯ ᠤᠨ ᠸᠧᠢ ᠯᠢᠨ ᠠᠷᠢᠬᠢᠨ ᠤ | ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠵᠠᠷᠤᠳ ᠬᠤᠰᠢᠭᠤᠨ ᠤ ᠵᠧᠩ ᠳ᠋ᠡ ᠠᠮᠤ ᠳᠤᠰᠤᠨ ᠤ | ᠠᠷᠠᠯᠵᠢᠶᠠᠨ ᠤ ᠬᠢᠵᠠᠭᠠᠷᠲᠤ ᠺᠣᠮᠫᠠᠨᠢ᠂ ᠵᠠᠷᠤᠳ ᠬᠤᠰᠢᠭᠤᠨ ᠤ ᠵᠠᠬᠠᠨᠠᠭᠤᠷ ᠨᠡᠭᠦᠷᠡᠰᠦᠨ ᠤ ᠦᠢᠯᠡᠰ ᠤᠨ ᠬᠢᠵᠠᠭᠠᠷᠲᠤ | ᠺᠣᠮᠫᠠᠨᠢ ᠵᠡᠷᠭᠡ ᠭᠠᠵᠠᠷ ᠲᠤ ᠬᠦᠷᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠ | ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠬᠠᠮᠢᠶᠠᠷᠤᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ | ᠬᠦᠴᠢᠷᠳᠡᠯ ᠲᠠᠢ ᠠᠰᠠᠭᠤᠳᠠᠯ ᠵᠡᠷᠭᠡ ᠪᠠᠶᠢᠳᠠᠯ ᠢ ᠠᠬᠤᠢ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃ | | | ᠵᠢᠷᠦᠬᠡ ᠪᠠᠯᠭᠠᠰᠤᠨ ᠳᠤ ᠵᠠᠷᠤᠳ ᠬᠤᠰᠢᠭᠤᠨ ᠤ ᠪᠡᠭᠡᠵᠢᠩ ᠤᠨ ᠰᠡᠬᠡᠭᠡᠲᠡᠨ ᠵᠠᠯᠠᠭᠤᠴᠤᠳ ᠤᠨ ᠳᠤᠷᠠᠰᠬᠠᠯ ᠤᠨ | ᠣᠷᠳᠣᠨ ᠢ ᠲᠣᠭᠤᠷᠢᠨ ᠦᠵᠡᠬᠦ ᠳᠡᠭᠡᠨ᠂ ᠵᠤᠤ ᠬᠠᠩ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ | ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ | ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠲᠡᠢ︔ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠨᠠᠮ ᠤᠨ ᠦᠨᠳᠦᠰᠦᠲᠡᠨ ᠤ | ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ | ᠠᠵᠢᠯ ᠢ ᠰᠠᠶᠢᠲᠤᠷ ᠬᠢᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠪᠡ᠃ | | | ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠨᠠᠷᠢᠨ ᠬᠢᠨᠠᠮᠠᠭᠠᠢ ᠣᠶᠢᠯᠠᠭᠠᠭᠰᠠᠨ ᠤ ᠳᠠᠷᠠᠭ᠎ᠠ᠂ ᠵᠣᠣ ᠬᠠᠩ | ᠴᠢᠬᠤᠯᠠᠴᠢᠯᠠᠭᠰᠠᠨ ᠨᠢ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠪᠣᠯᠣᠨ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠶᠢᠨ ᠬᠢᠨ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠦᠢᠯᠡᠴᠢᠯᠡᠬᠦ ᠪᠠᠲᠤᠯᠠᠭ᠎ᠠ ᠶᠢᠨ ᠠᠵᠢᠯ ᠢ | ᠰᠠᠶᠢᠲᠤᠷ ᠬᠢᠵᠦ᠂ ᠠᠵᠤ ᠠᠬᠤᠶᠢᠯᠠᠯ ᠤᠨ ᠬᠡᠷᠡᠭᠴᠡᠭᠡ ᠶᠢ ᠴᠠᠭ ᠲᠤᠬᠠᠢ ᠳᠤᠨᠢ ᠣᠶᠢᠯᠠᠭᠠᠵᠤ ᠠᠵᠤ ᠠᠬᠤᠶᠢᠯᠠᠯ ᠤᠨ | ᠡᠵᠡᠩᠨᠡᠯᠲᠡ ᠦᠢᠯᠡᠳᠪᠦᠷᠢᠯᠡᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠤᠭᠯᠠᠭᠤᠯᠬᠤ ᠶᠢᠨ | ᠬᠠᠮᠲᠤ ᠬᠠᠪᠰᠤᠷᠤᠨ ᠰᠢᠢᠳᠪᠦᠷᠢᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠤ ᠠᠬᠤᠶᠢᠯᠠᠯ ᠢ ᠬᠠᠪᠰᠤᠷᠤᠨ ᠬᠢᠵᠢᠭ ᠢ | ᠰᠡᠷᠭᠡᠶᠢᠯᠡᠨ ᠡᠵᠡᠮᠳᠡᠬᠦ ᠪᠠᠶᠢᠳᠠᠯ ᠳᠣᠣᠷ᠎ᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠵᠦ᠂ ᠡᠯ᠎ᠡ | ᠰᠠᠯᠠᠭ᠎ᠠ ᠮᠥᠴᠢᠷ ᠲᠠᠢ ᠢᠳᠡᠪᠬᠢᠲᠡᠢ ᠵᠣᠯᠭᠠᠭᠤᠯᠤᠨ᠂ ᠦᠢᠯᠡᠴᠢᠯᠡᠭᠡᠨ ᠤ ᠦᠵᠡᠯ ᠤᠬᠠᠮᠰᠠᠷ ᠢᠶᠠᠨ ᠴᠢᠩᠭᠠᠷᠠᠭᠤᠯᠵᠤ᠂ | ᠲᠥᠷᠥ ᠶᠢᠨ ᠪᠣᠳᠣᠯᠭ᠎ᠠ ᠶᠢ ᠣᠨᠣᠪᠴᠢᠲᠠᠶ ᠡᠵᠡᠮᠳᠡᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠬᠢᠨ ᠤ ᠬᠦᠷᠲᠡᠮᠵᠢ ᠶᠢᠨ ᠲᠥᠷᠥᠭᠳᠡᠯ ᠢ ᠦᠨᠡᠨ ᠬᠦ | ᠳᠡᠭᠡᠭᠰᠢᠯᠡᠬᠦᠯᠬᠦ ᠬᠡᠷᠡᠭᠲᠡᠢ᠃ ᠡᠭᠦᠨ ᠤ ᠵᠡᠷᠭᠡᠪᠡᠷ᠂ ᠵᠤᠤ ᠬᠠᠩ ᠠᠵᠤ ᠠᠬᠤᠶᠢᠯᠠᠯ ᠤᠨ ᠬᠢᠨ ᠦᠢᠯᠡᠰ ᠪᠣᠰᠬᠠᠬᠤ ᠤᠭ | ᠰᠠᠨᠠᠭ᠎ᠠ ᠪᠠᠨ ᠪᠠᠲᠤ ᠰᠠᠬᠢᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠵᠠᠰᠠᠭ ᠤᠨ ᠣᠷᠳᠣᠨ ᠲᠠᠢ | ᠵᠡᠷᠭᠡᠪᠡᠷ ᠤᠷᠤᠭᠰᠢᠯᠠᠵᠤ᠂ ᠬᠠᠮᠲᠤᠪᠠᠷ ᠬᠦᠴᠦᠯᠡᠵᠦ᠂ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠵᠠᠬ᠎ᠠ | ᠳᠡᠯᠭᠡᠭᠦᠷ ᠤᠨ ᠬᠡᠷᠡᠭᠴᠡᠭᠡ ᠳᠤ ᠰᠠᠭᠤᠷᠢᠯᠠᠵᠤ᠂ ᠲᠤᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠲᠠᠭᠠᠨ | ᠲᠦᠰᠢᠭᠯᠡᠵᠦ᠂ ᠳᠣᠲᠣᠭᠠᠳᠤ ᠲᠠᠮᠢᠷ ᠢᠶᠠᠨ ᠰᠠᠶᠢᠲᠤᠷ ᠪᠣᠯᠪᠠᠰᠤᠷᠠᠭᠤᠯᠵᠤ᠂ ᠰᠢᠯᠢᠳᠡᠭᠴᠢᠯᠡᠨ ᠬᠦᠴᠦᠷᠬᠡᠭᠵᠢᠭᠦᠯᠵᠦ᠂ | ᠵᠠᠷᠤᠳ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠰᠢᠨ᠎ᠡ ᠬᠤᠪᠢ | ᠨᠡᠮᠡᠷᠢ ᠦᠵᠡᠭᠦᠯᠬᠦ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠪᠡ᠃ |