ᠣᠶᠢᠷ᠎ᠠ ᠶᠢᠨ ᠡᠳᠦᠷ ᠤᠳ ᠲᠤ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ | ᠳᠡᠭᠡᠷ᠎ᠡ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢ ᠲᠦᠯᠤᠭᠡᠯᠡᠨ ᠶᠡᠭᠡ ᠬᠤᠷᠠᠯ ᠳᠤ ᠬᠢᠭᠰᠡᠨ ᠠᠵᠢᠯ | ᠤᠨ ᠢᠯᠡᠳᠬᠡᠯ ᠨᠢ ᠵᠠᠷᠤᠳ ᠬᠤᠰᠢᠭᠤᠨ ᠤ ᠺᠠᠳ᠋ᠷ ᠤᠯᠠᠨ ᠲᠦᠮᠡᠨ ᠤ ᠳᠤᠮᠳᠠ ᠴᠢᠩᠭ᠎ᠠ ᠲᠤᠰᠬᠠᠯ ᠭᠠᠷᠴᠤ᠂ | ᠤᠯᠠᠨ ᠢᠶᠠᠷ ᠢᠶᠠᠨ ᠭᠡᠷᠡᠯ ᠰᠠᠴᠤᠷᠠᠩᠭᠤᠢ ᠠᠮᠵᠢᠯᠲᠠ ᠤᠯᠤᠭᠰᠠᠨ ᠳᠤ ᠲᠤᠶᠢᠯ ᠢᠶᠠᠷ ᠤᠷᠮᠠᠰᠢᠨ ᠵᠣᠷᠢᠭᠵᠢᠵᠤ᠂ ᠭᠡᠭᠡᠨ | ᠰᠠᠷᠠᠭᠤᠯ ᠢᠷᠡᠭᠡᠳᠦᠢ ᠳᠤ ᠬᠡᠬᠦᠳᠡᠭ ᠳᠦᠭᠦᠷᠡᠩ ᠬᠦᠰᠡᠯ ᠡᠷᠡᠮᠡᠯᠵᠡᠯ ᠲᠠᠢ ᠪᠠᠶᠢᠨ᠎ᠠ᠃ ᠦᠪᠡᠷ ᠦᠪᠡᠷ ᠤᠨ ᠢᠶᠠᠨ | ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠷᠡᠯᠬᠡᠭᠯᠡᠨ ᠤᠷᠤᠭᠰᠢᠯᠠᠵᠤ᠂ ᠦᠨᠡᠨ ᠬᠦ ᠠᠳᠬᠤᠨ | ᠪᠣᠳᠠᠲᠠᠢ ᠠᠵᠢᠯᠯᠠᠵᠤ᠂ ᠰᠢᠷᠭᠠᠭᠤ ᠲᠡᠮᠡᠴᠡᠵᠦ ᠢᠷᠡᠭᠡᠳᠦᠢ ᠵᠦᠭ ᠤᠷᠤᠭᠰᠢᠯᠠᠨ᠎ᠠ ᠭᠡᠵᠦ ᠢᠯᠡᠳᠬᠡᠵᠡᠭᠡᠪᠡ᠃ | | | | | ᠢᠯᠡᠳᠬᠡᠯ ᠢ ᠨᠠᠷᠢᠨ ᠤᠩᠰᠢᠬᠤ ᠳᠤ᠂ ︽ᠠᠷᠠᠳ ᠲᠦᠮᠡᠨ︾ ᠪᠣᠯ ᠡᠬᠢᠨ ᠠᠴᠠ ᠲᠡᠭᠦᠰᠭᠡᠯ ᠳᠤ ᠬᠦᠷᠳᠡᠯ᠎ᠡ | ᠲᠤᠤᠱᠯᠠᠭᠳᠠᠵᠤ ᠪᠠᠶᠢᠭ᠎ᠠ ᠨᠢᠭᠡᠨ ᠭᠤᠣᠯ ᠰᠢᠵᠢᠮ ᠪᠤᠯᠪᠠ᠂ ᠢᠯᠡᠳᠬᠡᠯ ᠳᠤ ︽ᠠᠷᠠᠳ ᠲᠦᠮᠡᠨ︾ ᠭᠡᠬᠦ ᠬᠤᠶᠠᠷ | ᠦᠰᠦᠭ ᠢᠯᠡ ᠲᠣᠳᠣ᠂ ᠮᠠᠰᠢ ᠶᠡᠭᠡ ᠬᠦᠴᠦᠨ ᠴᠢᠳᠠᠯ ᠲᠠᠢ ᠪᠠᠶᠢᠪᠠ᠃ ︽ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠬᠤ︾ ᠠᠴᠠ ︽ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ | ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ︾ ᠬᠦᠷᠲᠡᠯ᠎ᠡ᠂ ᠳᠠᠬᠢᠭᠠᠳ ︽ | ᠢᠮᠠᠭᠲᠠ ᠠᠷᠠᠳ ᠲᠦᠮᠡᠨ ᠲᠠᠢ ᠠᠮᠢᠰᠬᠤᠭ᠎ᠠ ᠪᠠᠨ ᠨᠢᠭᠡᠳᠬᠡᠵᠦ᠂ ᠬᠤᠪᠢ ᠵᠠᠶᠠᠭ᠎ᠠ ᠪᠠᠨ ᠬᠠᠮᠲᠤᠳᠬᠠᠵᠤ᠂ ᠰᠡᠳᠬᠢᠯ | ᠵᠢᠷᠦᠬᠡ ᠪᠠᠨ ᠬᠤᠯᠪᠣᠬᠤ︾ ᠬᠦᠷᠲᠡᠯ᠎ᠡ᠂ ᠦᠭᠡ ᠥᠭᠦᠯᠡᠪᠦᠷᠢ ᠶᠢᠨ ᠳᠣᠲᠣᠷ᠎ᠠ ᠳᠤᠮᠳᠠᠳᠤ ᠤᠯᠤᠰ ᠤᠨ ᠡᠪ ᠬᠠᠮᠲᠤ | ᠨᠠᠮ ᠤᠨ ᠠᠷᠠᠳ ᠤᠨ ᠠᠮᠢᠳᠤᠷᠠᠯ ᠤᠨ ᠲᠤᠬᠠᠢ ᠬᠠᠶᠢᠷ᠎ᠠ ᠰᠡᠳᠬᠢᠯᠭᠡ ᠪᠠ ᠠᠷᠠᠳ ᠳᠤ ᠤᠶᠢᠯᠡᠴᠢᠯᠡᠬᠦ ᠤᠭ ᠰᠠᠨᠠᠭ᠎ᠠ | ᠪᠢᠯᠬᠠᠵᠤ᠂ ᠨᠡᠩ ᠴᠤ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ | ᠬᠦᠴᠦᠲᠡᠢ ᠳᠠᠭᠤ ᠱᠤᠤᠷᠢᠶᠠᠳᠤᠵᠦ᠂ ᠬᠥᠮᠥᠰ ᠤᠨ ᠰᠡᠳᠬᠢᠯ ᠳᠤ ᠭᠦᠨ ᠰᠠᠭᠤᠭᠳᠠᠵᠤ᠂ ᠥᠷᠭᠡᠨ ᠳᠡᠯᠭᠡᠷ ᠲᠠᠭᠤᠨ | ᠴᠤᠤᠷᠢᠶᠠᠲᠤᠯ ᠢ ᠣᠯᠣᠭᠰᠠᠨ ᠪᠠᠶᠢᠨ᠎ᠠ᠃ | | | | | ᠭᠡᠷᠴᠢᠯᠠᠭᠤ ᠰᠤᠮᠤ ᠶᠢᠨ ᠭᠦᠭᠡᠷᠭᠡ ᠭᠠᠴᠠᠭ᠎ᠠ ᠶᠢᠨ ᠮᠠᠯᠴᠢᠨ ᠸᠠᠩ ᠴᠦᠨ ᠯᠠᠢ᠄ ︽ᠶᠡᠷᠦᠩᠬᠡᠢ ᠱᠦᠵᠢ ᠰᠢ ᠶᠢᠨ | ᠫᠢᠩ ᠠᠵᠢᠯ ᠤᠨ ᠢᠯᠡᠳᠬᠡᠯ ᠳᠡᠭᠡᠨ ᠰᠢᠨ᠎ᠡ ᠴᠠᠭ ᠦᠶ᠎ᠡ ᠶᠢᠨ ᠠᠭᠤᠤ ᠶᠡᠭᠡ ᠠᠮᠵᠢᠯᠲᠠ ᠶᠢ ᠪᠣᠯ ᠨᠠᠮ ᠪᠣᠯᠣᠨ ᠠᠷᠠᠳ | ᠲᠦᠮᠡᠨ ᠬᠠᠮᠲᠤᠪᠠᠷ ᠴᠢᠷᠮᠠᠶᠢᠵᠤ᠂ ᠠᠵᠢᠯᠯᠠᠵᠤ᠂ ᠲᠡᠮᠡᠴᠡᠵᠦ ᠪᠠᠶᠢᠭᠠᠳ ᠣᠯᠣᠭᠰᠠᠨ ᠶᠤᠮ ᠭᠡᠵᠦ ᠲᠤᠷᠠᠳᠪᠠ᠂ | ᠪᠢᠳᠡᠨ ᠤ ᠤᠳᠤ ᠶᠢᠨ ᠠᠮᠢᠳᠤᠷᠠᠯ ᠤᠨ ᠨᠥᠬᠦᠴᠡᠯ ᠡᠶᠢᠮᠦ ᠰᠠᠶᠢᠨ ᠪᠠᠶᠢᠨ᠎ᠠ᠂ ᠪᠢᠳᠡᠨ ᠤ ᠬᠢᠵᠦ ᠳᠡᠶᠢᠯᠬᠦ ᠠᠵᠢᠯ ᠪᠣᠯ | ᠲᠠᠷᠤᠢ ᠬᠠᠨᠴᠤᠢ ᠰᠢᠮᠠᠯᠠᠨ ᠴᠢᠷᠮᠠᠶᠢᠨ ᠠᠵᠢᠯᠯᠠᠪᠠᠯ᠂ ᠠᠮᠢᠳᠤᠷᠠᠯ ᠯᠠᠪᠲᠠᠢ ᠤᠯᠠᠮ ᠠᠴᠠ ᠤᠯᠠᠮ ᠰᠠᠶᠢᠨ ᠪᠣᠯᠬᠤ ᠶᠤᠮ︾ | ᠭᠡᠵᠦ ᠬᠡᠯᠡᠪᠡ᠃ | ᠭᠡᠷᠴᠢᠯᠠᠭᠤ ᠰᠤᠮᠤ ᠶᠢᠨ ᠭᠦᠭᠡᠷᠭᠡ ᠭᠠᠴᠠᠭ᠎ᠠ ᠶᠢᠨ ᠲᠤᠰᠬᠤᠨ ᠳᠤ ᠰᠠᠭᠤᠭ᠎ᠠ ᠨᠢᠭᠡᠳᠦᠭᠡᠷ ᠱᠦᠵᠢ ᠬᠦᠭᠵᠢᠯ᠄ | ︽ᠮᠠᠯᠴᠢᠨ ᠲᠠᠷᠢᠶᠠᠴᠢᠨ ᠤ ᠵᠣᠭᠤᠰᠤᠨ ᠴᠦᠩᠬᠦ ᠤᠯᠠᠮ ᠠᠴᠠ ᠤᠯᠠᠮ ᠳᠦᠭᠦᠷᠴᠦ᠂ ᠠᠮᠢᠳᠤᠷᠠᠯ ᠤᠯᠠᠮ ᠠᠴᠠ ᠤᠯᠠᠮ | ᠰᠠᠶᠢᠵᠢᠷᠠᠵᠤ ᠪᠠᠶᠢᠨ᠎ᠠ᠂ ᠡᠳᠡᠭᠡᠷ ᠬᠤᠪᠢᠷᠠᠯᠲᠠ ᠨᠢ ᠴᠥᠮ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠠᠴᠠ ᠪᠣᠯᠵᠤ᠂ ᠶᠡᠷᠦᠩᠬᠡᠢ ᠱᠦᠵᠢ ᠰᠢ ᠶᠢᠨ ᠫᠢᠩ | ᠤᠨ ᠵᠢᠯᠤᠭᠤᠳᠴᠤ ᠵᠠᠮᠴᠢᠯᠠᠭᠰᠠᠨ ᠠᠴᠠ ᠪᠣᠯᠤᠭᠰᠠᠨ ᠶᠤᠮ︾ ᠭᠡᠵᠦ ᠬᠡᠯᠡᠪᠡ᠃ | ᠴᠢᠨᠠᠷ ᠰᠠᠶᠢᠲᠠᠢ ᠬᠥᠭᠵᠢᠯᠲᠡ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠂ ᠪᠠᠲᠤ ᠪᠠᠬᠢ ᠪᠣᠳᠠᠰ ᠤᠨ ᠪᠠ ᠮᠡᠷᠭᠡᠵᠢᠯ ᠤᠨ | ᠰᠠᠭᠤᠷᠢ ᠦᠭᠡᠢ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠵᠤ ᠲᠡᠶᠢᠯᠬᠦ ᠦᠭᠡᠢ ᠶᠤᠮ᠃ ᠪᠢᠳᠡ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ | ᠪᠣᠯᠭᠠᠬᠤ ᠶᠢ ᠪᠠᠷᠢᠮᠲᠠᠯᠠᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠨ ᠪᠠᠶᠢᠭᠤᠯᠵᠤ᠂ ᠪᠦᠬᠦ | ᠬᠦᠴᠤᠨ ᠵᠤᠶᠢᠯ ᠤᠨ ᠦᠢᠯᠡᠳᠪᠦᠷᠢᠯᠡᠯ ᠤᠨ ᠨᠤᠷᠮ᠎ᠠ ᠶᠢ ᠬᠦᠴᠦᠯᠡᠨ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ ᠠᠮᠤᠷ ᠲᠦᠪᠰᠢᠨ ᠤ ᠬᠢᠷᠢ ᠲᠦᠪᠰᠢᠨ ᠢ ᠬᠦᠴᠦᠯᠡᠨ | ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠠᠭᠤᠰᠤᠯᠴᠠᠯ ᠪᠣᠯᠣᠨ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢ ᠬᠦᠴᠦᠯᠡᠨ ᠠᠬᠢᠭᠤᠯᠵᠤ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠢ ᠳᠡᠭᠡᠭᠰᠢᠯᠡᠯᠲᠡ | ᠪᠣᠯᠣᠨ ᠲᠤᠭ᠎ᠠ ᠬᠡᠮᠵᠢᠶᠡᠨ ᠤ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ | | | | | ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠬᠠᠢ ᠪᠥᠸᠧ᠄ | ︽ᠢᠯᠡᠳᠬᠡᠯ ᠳᠤ ᠳᠤᠷᠠᠳᠤᠭᠰᠠᠨ ᠨᠢ᠂ ᠬᠤᠲᠠ ᠬᠥᠳᠡᠭᠡ ᠶᠢᠨ ᠠᠭᠤᠰᠤᠯᠴᠠᠯ ᠪᠠ ᠣᠷᠣᠨ ᠪᠦᠰᠡ ᠶᠢᠨ | ᠵᠣᠬᠢᠴᠠᠩᠭᠤᠢ ᠬᠥᠭᠵᠢᠯᠲᠡ ᠶᠢ ᠬᠦᠴᠦᠯᠡᠨ ᠠᠬᠢᠭᠤᠯᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠶ | ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠵᠣᠬᠢᠰᠲᠠᠢ ᠨᠡᠮᠡᠭᠳᠡᠬᠦ ᠶᠢ ᠠᠬᠢᠭᠤᠯᠤᠨ᠎ᠠ ᠭᠡᠪᠡ᠃ ᠮᠠᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠦᠪᠯᠡᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠨ ᠣᠶᠢᠯᠠᠭᠠᠵᠤ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠭᠤᠣᠯ | ᠰᠡᠳᠦᠪ ᠢ ᠪᠠᠲᠤ ᠡᠵᠡᠮᠳᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠳᠬᠤᠵᠤ᠂ ᠨᠢᠭᠡ ᠪᠦᠯᠦᠭ | ᠰᠢᠨᠵᠢᠯᠡᠭᠡ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠪᠡᠯᠡ ᠣᠷᠣᠭᠤᠯᠤᠯᠲᠠ ᠶᠢᠨ ᠬᠡᠮᠵᠢᠶ᠎ᠡ ᠶᠡᠭᠡ᠂ | ᠳᠠᠶᠢᠴᠢᠯᠠᠬᠤ ᠦᠢᠯᠡᠳᠦᠯ ᠢᠶᠠᠷ ᠴᠢᠩᠭ᠎ᠠ ᠲᠣᠮᠣ ᠲᠦᠷᠦᠯ ᠵᠦᠢᠯ ᠢ ᠲᠥᠰᠥᠪᠯᠡᠨ ᠨᠥᠭᠡᠴᠡᠯᠡᠵᠦ᠂ ᠲᠦᠷᠦᠯ ᠵᠦᠢᠯ ᠢ | ᠡᠷᠳᠡᠭᠡᠨ ᠪᠠᠶᠢᠭᠤᠯᠵᠤ ᠡᠷᠳᠡᠭᠡᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠪᠦᠬᠦ ᠵᠢᠯ ᠳᠤ 40 | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠭᠦᠷᠭᠡ | ᠬᠠᠷᠠᠯᠲᠠ ᠪᠠᠨ ᠴᠢᠷᠮᠠᠶᠢᠨ ᠪᠡᠶᠡᠯᠡᠭᠦᠯᠦᠨ᠎ᠡ᠃ ᠡᠭᠦᠨ ᠤ ᠬᠠᠮᠲᠤ᠂ ᠠᠵᠤ ᠠᠬᠤᠶᠢᠯᠠᠯ ᠢ ᠬᠠᠪᠰᠤᠷᠤᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠢᠯᠡᠷᠡᠭᠰᠡᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠴᠠᠭ | ᠲᠤᠬᠠᠢ ᠳᠤᠨᠢ ᠰᠢᠢᠳᠪᠦᠷᠢᠯᠡᠵᠦ᠂ ᠡᠮᠤᠨᠡᠬᠢ ᠲᠥᠯᠥᠪᠯᠡᠭᠰᠡᠨ ᠰᠠᠭᠤᠷᠢ ᠲᠠᠯᠪᠢᠬᠤ᠂ ᠠᠷᠠᠳ ᠤᠨ ᠠᠮᠢᠳᠤᠷᠠᠯ ᠳᠤ | ᠠᠰᠢᠭ ᠬᠦᠷᠲᠡᠭᠡᠬᠦ᠂ ᠲᠤᠳᠠᠭᠳᠠᠯ ᠢᠶᠠᠨ ᠨᠥᠬᠦᠪᠦᠷᠢᠯᠡᠬᠦ ᠵᠡᠷᠭᠡ ᠲᠥᠪ ᠤᠨ ᠲᠥᠰᠥᠪ ᠤᠨ ᠳᠣᠲᠣᠷᠠᠬᠢ ᠪᠡᠯᠡ | ᠣᠷᠣᠭᠤᠯᠤᠯᠲᠠ ᠶᠢᠨ 61 ᠵᠦᠢᠯᠡᠰ ᠤᠨ ᠲᠣᠭᠤᠷᠢᠨ ᠳᠤ ᠢᠳᠡᠪᠬᠢᠲᠡᠢ ᠪᠠᠷ ᠪᠡᠯᠡ ᠭᠤᠶᠤᠴᠢᠯᠠᠨ᠂ ᠳᠡᠭᠡᠭᠰᠢ | ᠢᠳᠡᠪᠬᠢᠲᠡᠢ ᠵᠣᠬᠢᠴᠠᠭᠤᠯᠬᠤ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠬᠤ ᠶᠢ ᠴᠢᠩᠭᠠᠳᠬᠠᠵᠤ᠂ ᠲᠦᠷᠦᠯ ᠵᠦᠢᠯ ᠤᠨ | ᠪᠡᠯᠡ ᠮᠥᠩᠭᠦ ᠭᠤᠶᠤᠴᠢᠯᠠᠬᠤ ᠶᠢᠨ ᠨᠠᠷᠢᠯᠢᠭ ᠣᠨᠣᠪᠴᠢᠲᠤ ᠴᠢᠨᠠᠷ᠂ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ | ᠂ ᠪᠦᠬᠦ ᠵᠢᠯ ᠳᠤ ᠨᠡᠩ ᠤᠯᠠᠨ ᠲᠦᠷᠦᠯ ᠵᠦᠢᠯ ᠢ ᠤᠯᠤᠰ᠂ ᠥᠪᠡᠷᠲᠡᠭᠡᠨ ᠵᠠᠰᠠᠬᠤ ᠣᠷᠣᠨ ᠤ ᠲᠦᠷᠦ ᠶᠢᠨ | ᠪᠣᠳᠣᠯᠭ᠎ᠠ ᠶᠢᠨ ᠳᠡᠮᠵᠢᠯᠭᠡ ᠶᠢᠨ ᠬᠡᠪᠴᠢᠶᠡᠨ ᠳᠤ ᠣᠷᠣᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ︾ ᠭᠡᠵᠦ ᠬᠡᠯᠡᠪᠡ᠃ | | | | | ᠵᠠᠬᠠᠨᠠᠭᠤᠷ ᠨᠡᠭᠦᠷᠡᠰᠦᠨ ᠤ ᠦᠢᠯᠡᠰ ᠤᠨ ᠺᠣᠮᠫᠠᠨᠢ ᠶᠢᠨ ᠶᠡᠷᠦᠩᠬᠡᠢ ᠳᠠᠭᠠᠭᠠᠮᠠᠯ ᠹᠦ᠋ ᠡᠾᠧ ᠶᠢᠩ᠄ ︽ᠶᠡᠷᠦᠩᠬᠡᠢ | ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠠᠵᠢᠯ ᠤᠨ ᠢᠯᠡᠳᠬᠡᠯ ᠳᠡᠭᠡᠨ᠂ ᠡᠨᠧᠷᠭᠢ ᠶᠢᠨ | ᠬᠤᠪᠢᠰᠬᠠᠯ ᠢ ᠭᠦᠨᠵᠡᠭᠡᠢ ᠠᠬᠢᠭᠤᠯᠵᠤ᠂ ᠨᠡᠭᠦᠷᠡᠰᠦ ᠶᠢ ᠴᠡᠪᠡᠷᠰᠢᠭᠦᠯᠤᠨ ᠠᠰᠢᠭᠯᠠᠬᠤ ᠶᠢ ᠴᠢᠩᠭᠠᠳᠬᠠᠬᠤ ᠬᠡᠷᠡᠭᠲᠡᠢ | ᠭᠡᠵᠦ ᠳᠤᠷᠠᠳᠪᠠ᠃ ᠪᠢᠳᠡ ᠵᠡᠭᠦᠨ ᠬᠤᠶᠢᠲᠤ ᠣᠷᠣᠨ ᠤ ᠴᠢᠬᠤᠯᠠ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ | ᠨᠢᠭᠡᠴᠡ ᠪᠣᠯᠤᠭᠰᠠᠨ ᠤ ᠬᠤᠪᠢ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ | ᠶᠣᠰᠣᠭᠠᠷ᠂ ᠲᠥᠪ ᠤᠨ ᠠᠵᠤ ᠠᠬᠤᠶᠢᠯᠠᠯ ᠤᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠠᠵᠤ ᠠᠬᠤᠶᠢᠯᠠᠯ ᠤᠨ | ᠪᠣᠬᠢᠷᠳᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ | ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠡᠭᠦᠨ ᠬᠤᠶᠢᠲᠤ | ᠣᠷᠣᠨ ᠤ ᠡᠨᠧᠷᠭᠢ ᠶᠢᠨ ᠠᠮᠤᠷ ᠲᠦᠪᠰᠢᠨ ᠬᠠᠩᠭᠠᠯᠭ᠎ᠠ ᠶᠢ ᠪᠠᠲᠤᠯᠠᠬᠤ᠂ ᠠᠷᠠᠳ ᠤᠨ ᠠᠮᠢᠳᠤᠷᠠᠯ ᠤᠨ ᠡᠨᠧᠷᠭᠢ | ᠬᠡᠷᠡᠭᠯᠡᠬᠦ ᠨᠠᠭᠠᠳᠤ ᠵᠬᠠ ᠶᠢᠨ ᠱᠤᠭᠤᠮ ᠢ ᠰᠠᠶᠢᠲᠤᠷ ᠰᠠᠬᠢᠬᠤ ᠳᠤ ᠲᠥᠪ ᠤᠨ ᠠᠵᠤ ᠠᠬᠤᠶᠢᠯᠠᠯ ᠤᠨ ᠬᠤᠪᠢ ᠨᠡᠮᠡᠷᠢ | ᠪᠠᠨ ᠡᠷᠭᠦᠨ᠎ᠡ︾ ᠭᠡᠵᠦ ᠬᠡᠯᠡᠪᠡ᠃ | ᠢᠯᠡᠳᠬᠡᠯ ᠳᠤ᠂ ᠡᠷᠬᠡᠪᠰᠢ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠶᠢ ᠪᠠᠷᠢᠮᠲᠠᠯᠠᠵᠤ᠂ ᠬᠠᠮᠲᠤᠪᠠᠷ ᠲᠡᠮᠡᠴᠡᠵᠦ ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠨ | ᠪᠠᠶᠢᠭᠤᠯᠬᠤ ᠶᠢ ᠵᠣᠷᠢᠭᠵᠢᠭᠤᠯᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ | ᠡᠷᠡᠮᠡᠯᠵᠡᠯ ᠢ ᠲᠠᠰᠤᠷᠠᠯᠳᠠ ᠦᠭᠡᠢ ᠪᠡᠶᠡᠯᠡᠭᠦᠯᠤᠨ᠎ᠡ ᠭᠡᠵᠦ ᠳᠤᠷᠠᠳᠪᠠ᠃ ᠪᠢᠳᠡ ᠠᠷᠠᠳ ᠲᠦᠮᠡᠨ ᠤ ᠬᠠᠮᠤᠭ ᠠᠴᠠ | ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠴᠢᠩᠭ᠎ᠠ | ᠠᠳᠬᠤᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠬᠤ᠂ ᠪᠠᠶᠢᠳᠠᠯ ᠢᠶᠠᠨ ᠦᠵᠡᠵᠦ ᠬᠢᠬᠦ ᠶᠢ ᠪᠠᠷᠢᠮᠲᠠᠯᠠᠵᠤ᠂ ᠤᠯᠠᠨ | ᠲᠦᠮᠡᠨ ᠤ ᠳᠤᠮᠳᠠ ᠭᠦᠨᠵᠡᠭᠡᠶᠢᠷᠡᠨ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠠᠷᠠᠳ ᠤᠨ ᠠᠮᠢᠳᠤᠷᠠᠯ ᠳᠤ | ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠨᠡᠩ ᠤᠯᠠᠨ ᠠᠷᠭ᠎ᠠ ᠬᠡᠮᠵᠢᠶ᠎ᠡ ᠠᠪᠴᠤ᠂ ᠠᠷᠠᠳ | ᠤᠯᠠᠨ ᠤ ᠪᠠᠴᠢᠮᠳᠠᠵᠦ ᠬᠦᠴᠢᠷᠳᠡᠵᠦ ᠪᠡᠷᠭᠡᠳᠡᠵᠦ ᠵᠤᠪᠠᠨᠢᠵᠦ ᠪᠠᠶᠢᠭ᠎ᠠ ᠠᠰᠠᠭᠤᠳᠠᠯ ᠢ ᠬᠦᠴᠦᠯᠡᠨ ᠰᠠᠶᠢᠲᠤᠷ | ᠰᠢᠢᠳᠪᠦᠷᠢᠯᠡᠵᠦ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠂ ᠤᠯᠠᠨ | ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠲᠡᠩᠴᠡᠭᠦᠷᠢᠲᠦ ᠴᠢᠨᠠᠷ ᠪᠠ | ᠬᠦᠷᠦᠯᠴᠡᠬᠦᠶᠢᠴᠡ ᠴᠢᠨᠠᠷ ᠢ ᠴᠢᠩᠭᠠᠷᠠᠭᠤᠯᠵᠤ᠂ ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠢᠶᠠᠷ ᠲᠦᠯᠬᠢᠨ | ᠠᠬᠢᠭᠤᠯᠤᠨ᠎ᠠ ᠭᠡᠪᠡ᠃ | | | | | ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠥᠪ ᠤᠨ ᠳᠡᠳ᠋ ᠡᠷᠬᠢᠯᠡᠭᠴᠢ ᠨᠠᠷᠠᠰᠤ᠄ ︽ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠦᠶᠯᠡ ᠠᠵᠢᠯᠯᠠᠭ᠎ᠠ ᠪᠠᠨ ᠬᠤᠶᠠᠳᠤᠭᠠᠷ ᠵᠠᠭᠤᠨ ᠵᠢᠯ ᠤᠨ | ᠲᠡᠮᠡᠴᠡᠯ ᠤᠨ ᠬᠠᠷᠠᠯᠲᠠ ᠲᠠᠢ ᠨᠢᠭᠡᠳᠬᠡᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠵᠦ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢ | ᠴᠢᠩᠭᠠᠳᠬᠠᠨ᠂ ᠠᠵᠢᠯ ᠣᠯᠭᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ | ᠬᠦᠴᠢᠷᠳᠡᠯ ᠲᠠᠢ ᠬᠦᠮᠤᠰ ᠤᠨ ᠠᠵᠢᠯ ᠣᠯᠭᠤᠯᠲᠠ ᠶᠢᠨ ᠦᠨᠳᠦᠰᠦᠨ ᠵᠦᠢᠯ ᠢ ᠪᠠᠲᠤᠯᠠᠵᠤ ᠬᠠᠪᠰᠤᠷᠤᠨ ᠲᠡᠳᠬᠦᠬᠦ ᠶᠢ | ᠴᠢᠩᠭᠠᠳᠬᠠᠵᠤ᠂ ᠬᠥᠮᠥᠨ ᠪᠦᠬᠦᠨ ᠳᠤ ᠰᠢᠷᠭᠠᠭᠤ ᠬᠥᠳᠡᠯᠮᠦᠷᠢ ᠪᠠᠷ ᠢᠶᠠᠷ ᠲᠠᠮᠵᠢᠨ ᠲᠤᠰ ᠪᠡᠶ᠎ᠡ ᠶᠢᠨ | ᠬᠥᠭᠵᠢᠯᠲᠡ ᠪᠠᠨ ᠪᠡᠶᠡᠯᠡᠭᠦᠯᠬᠦ ᠲᠣᠬᠢᠶᠠᠯ ᠤᠯᠭᠤᠨ᠎ᠠ᠃ ᠠᠷᠠᠳ ᠤᠨ ᠠᠮᠢᠳᠤᠷᠠᠯ ᠤᠨ ᠰᠠᠯᠠᠭ᠎ᠠ ᠮᠥᠴᠢᠷ ᠤᠨ ᠡᠭᠦᠷᠭᠡ | ᠬᠠᠷᠢᠭᠤᠴᠠᠯᠭ᠎ᠠ ᠪᠠᠨ ᠭᠤᠶᠢᠪᠢᠰᠢ ᠦᠭᠡᠢ ᠰᠠᠶᠢᠲᠤᠷ ᠭᠦᠢᠴᠡᠳᠬᠡᠵᠦ᠂ ᠡᠯ᠎ᠡ ᠵᠦᠢᠯ ᠤᠨ ᠠᠵᠢᠯ ᠤᠨ ᠰᠢᠨ᠎ᠡ | ᠳᠠᠪᠠᠯᠲᠠ ᠶᠢ ᠪᠡᠶᠡᠯᠡᠭᠦᠯᠬᠦ ᠪᠠᠷ ᠴᠢᠷᠮᠠᠶᠢᠨ ᠠᠬᠢᠭᠤᠯᠵᠤ᠂ ᠰᠢᠨ᠎ᠡ ᠴᠠᠭ ᠦᠶ᠎ᠡ ᠶᠢᠨ ᠴᠢᠨᠠᠷ ᠰᠠᠶᠢᠳᠠᠢ ᠵᠠᠷᠤᠳ ᠤᠨ | ᠬᠥᠭᠵᠢᠯᠲᠡ ᠶᠢ ᠠᠬᠢᠭᠤᠯᠤᠨ᠎ᠠ︾ ᠭᠡᠪᠡ᠃ | | | | | ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠤᠷᠢ ᠶᠢᠨ ᠲᠣᠪᠴᠢᠶ᠎ᠠ ᠶᠢᠨ ᠳᠠᠷᠤᠭ᠎ᠠ ᠪᠦᠦ ᠵᠠᠨ ᠵᠦ᠄ ︽ᠢᠯᠡᠳᠭᠡᠯ ᠢ | ᠰᠣᠨᠣᠰᠴᠤ ᠪᠠᠷᠠᠭᠰᠠᠨ ᠤ ᠲᠠᠷᠠᠭ᠎ᠠ᠂ ᠪᠢ ᠵᠣᠷᠢᠭ ᠰᠥᠰᠥ᠂ ᠢᠲᠡᠭᠡᠯ ᠵᠣᠷᠢᠭ ᠪᠢᠯᠬᠠᠪᠠ᠃ ᠢᠷᠡᠭᠡᠳᠦᠢ ᠪᠠᠨ | ᠪᠠᠷᠠᠯᠠᠬᠤᠶ᠎ᠠ᠂ ᠣᠮᠤᠭ ᠵᠣᠷᠢᠭ ᠪᠠᠳᠠᠷᠠᠵᠦ ᠡᠭᠦᠷᠭᠡ ᠬᠦᠨᠳᠦ ᠵᠠᠮ ᠬᠤᠯᠠ ᠪᠠᠶᠢᠭ᠎ᠠ ᠶᠤᠮ᠃ ᠲᠠᠷᠠᠭᠠᠴᠢ ᠶᠢᠨ | ᠠᠵᠢᠯ ᠤᠨ ᠳᠤᠮᠳᠠ᠂ ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷ ᠪᠠᠷᠢᠮᠲᠠᠯᠠᠨ | ᠴᠤᠴᠠᠯᠲᠠ ᠦᠭᠡᠢ ᠤᠷᠤᠭᠰᠢᠯᠠᠵᠤ᠂ ᠡᠴᠦᠰ ᠲᠤᠨᠢ ᠲᠤᠯᠲᠠᠯ᠎ᠠ ᠬᠢᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ | ᠬᠦᠴᠢᠷ ᠪᠡᠷᠬᠡᠰᠢᠶᠡᠯ ᠢ ᠢᠯᠠᠨ ᠳᠠᠪᠠᠵᠤ᠂ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠨᠢᠭᠡ ᠴᠣᠭᠴᠠᠵᠢᠭᠤᠯᠬᠤ ᠪᠠᠷ ᠬᠠᠷᠠᠯᠲᠠ ᠪᠣᠯᠭᠠᠨ᠂ ︿ᠲᠦᠷᠪᠡᠨ ᠰᠠᠶᠢᠨ ᠬᠥᠳᠡᠭᠡ ᠲᠣᠰᠬᠤᠨ ᠤ | ᠵᠠᠮ﹀ ᠤᠨ ᠪᠦᠲᠦᠭᠡᠨ ᠪᠠᠶᠢᠭᠤᠯᠤᠯᠲᠠ ᠶᠢ ᠪᠠᠬᠢᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠵᠠᠮ ᠲᠡᠭᠡᠭᠡᠪᠦᠷᠢ ᠶᠢᠨ ᠡᠯ᠎ᠡ | ᠵᠦᠢᠯ ᠤᠨ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠥᠷᠭᠡᠨ ᠤᠯᠠᠨ ᠮᠠᠯᠴᠢᠨ | ᠲᠠᠷᠢᠶᠠᠴᠢᠨ ᠤ ᠠᠮᠤᠷ ᠲᠦᠪᠰᠢᠨ ᠳᠥᠭᠦᠮ ᠳᠥᠲᠡ ᠶᠠᠪᠤᠵᠦ ᠰᠠᠭᠤᠬᠤ ᠶᠢ ᠪᠠᠳᠤᠯᠠᠵᠦ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠵᠠᠷᠤᠳ ᠢ ᠪᠦᠲᠦᠭᠡᠨ ᠪᠠᠶᠢᠭᠤᠯᠬᠤ ᠳᠤ ᠵᠠᠮ ᠬᠠᠷᠢᠯᠴᠠᠭᠠᠨ ᠤ ᠬᠦᠴᠦᠨ ᠴᠢᠳᠠᠯ ᠢᠶᠠᠨ ᠡᠷᠭᠦᠨ᠎ᠡ︾ | ᠭᠡᠪᠡ᠃ | | | | | ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠨᠠᠮ ᠤᠨ ᠶᠡᠷᠦᠩᠬᠡᠢ ᠡᠭᠦᠷ ᠤᠨ ᠱᠦᠵᠢ ᠶᠤᠸᠠᠨ ᠪᠦᠦ᠄ | ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠢᠷᠡᠭᠡᠳᠦᠢ ᠶᠢᠨ 5 ᠵᠢᠯ ᠤᠨ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠰ ᠤᠨ ᠬᠥᠭᠵᠢᠯᠲᠡ ᠳᠤ ᠰᠢᠨ᠎ᠡ ᠱᠠᠭᠠᠷᠳᠠᠯᠭ᠎ᠠ ᠳᠤᠷᠠᠳᠴᠤ᠂ ᠰᠢᠨ᠎ᠡ ᠴᠢᠭᠯᠡᠯ ᠢ ᠲᠣᠳᠣᠷᠬᠠᠢ | ᠵᠢᠭᠠᠭᠰᠠᠨ ᠪᠠᠶᠢᠨ᠎ᠠ᠃ ᠡᠮᠨᠡᠯᠭᠡ ᠶᠢᠨ ᠬᠤᠷᠢᠶᠠᠨ ᠤ ᠨᠠᠮ ᠤᠨ ᠶᠡᠷᠦᠩᠬᠡᠢ ᠡᠭᠦᠷ ᠤᠨ ᠱᠦᠵᠢ ᠪᠣᠯᠤᠭᠰᠠᠨ ᠤ | ᠬᠤᠪᠢ ᠳᠤ᠂ ᠪᠢ ᠨᠠᠮ ᠤᠨ ᠶᠡᠷᠦᠩᠬᠡᠢ ᠡᠭᠦᠷ ᠤᠨ ᠪᠠᠭ ᠢ ᠳᠠᠭᠠᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ | ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠠᠵᠢᠯ ᠤᠨ ᠪᠠᠶᠢᠷᠢᠯᠠᠭᠤᠯᠤᠯᠲᠠ ᠶᠢᠨ | ᠪᠠᠷᠢᠮᠵᠢᠶ᠎ᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠦ᠂ ᠡᠮᠨᠡᠯᠭᠡ ᠶᠢᠨ ᠬᠤᠷᠢᠶᠠᠨ ᠤ ᠴᠢᠨᠠᠷ ᠰᠠᠶᠢᠲᠠᠢ ᠬᠥᠭᠵᠢᠯᠲᠡ ᠶᠢ | ᠪᠥᠬᠦ ᠬᠦᠴᠦᠨ ᠢᠶᠠᠷ ᠢᠶᠠᠨ ᠠᠬᠢᠭᠤᠯᠤᠨ᠎ᠠ︾ ᠭᠡᠪᠡ᠃ |