ᠵᠠᠩ ᠴᠦᠨ ᠾᠦᠢ ᠬᠤᠩᠬᠠᠲᠤ ᠠᠭᠤᠯᠠ ᠪᠠᠯᠭᠠᠰᠤᠨ ᠳᠤ ᠬᠦᠷᠴᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/10/21
     10 ᠰᠠᠷ᠎ᠠ ᠶᠢᠨ 20 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠵᠠᠩ ᠴᠦᠨ ᠬᠤᠶ ᠬᠤᠩᠬᠠᠲᠤ ᠠᠭᠤᠯᠠ ᠪᠠᠯᠭᠠᠰᠤᠨ ᠤ ᠶᠠᠩ ᠭᠤᠸᠠᠩ ᠨᠡᠶᠢᠭᠡᠮ ᠲᠣᠭᠤᠷᠢᠭ ᠤᠨ ᠵᠣᠯ ᠵᠢᠷᠭᠠᠯ ᠤᠨ ᠬᠦᠷᠢᠶᠡᠯᠡᠩ ᠳᠤ ᠬᠦᠷᠴᠦ ᠨᠠᠰᠤᠵᠢᠯ ᠤᠨ ᠦᠢᠯᠡᠴᠢᠯᠡᠭᠡᠨ ᠤ ᠠᠵᠢᠯ ᠢ ᠪᠠᠶᠢᠴᠠᠭᠠᠨ ᠰᠤᠳᠤᠯᠪᠠ᠃ ᠵᠠᠩ ᠴᠦᠨ ᠬᠤᠢ ᠴᠢᠬᠤᠯᠠᠴᠢᠯᠠᠭᠰᠠᠨ ᠨᠢ᠂ ᠬᠥᠳᠡᠭᠡ ᠲᠣᠰᠬᠤᠨ ᠤ ᠲᠥᠪᠯᠡᠷᠡᠩᠭᠦᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠤᠳᠤ ᠶᠢᠨ ᠪᠠᠶᠢᠭ᠎ᠠ ᠬᠦᠴᠦᠨ ᠢ ᠨᠡᠶᠢᠳᠬᠡᠵᠦ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠪᠬᠢ ᠶᠢ ᠪᠠᠳᠠᠷᠠᠭᠤᠯᠵᠤ᠂ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠰᠬᠤᠨ ᠤ ᠡᠮᠴᠢ ᠪᠠᠷ ᠡᠮᠴᠢᠯᠡᠭᠡᠨ ᠤ ᠬᠠᠪᠰᠤᠷᠤᠮᠵᠢ ᠪᠣᠯᠭᠠᠵᠤ᠂ ᠨᠠᠰᠤᠲᠠᠶᠢᠴᠤᠳ ᠲᠤ ᠭᠡᠷ ᠲᠤᠨᠢ ᠬᠦᠷᠴᠦ ᠦᠢᠯᠡᠴᠢᠯᠡᠭᠡ ᠬᠠᠩᠭᠠᠵᠤ᠂ ᠨᠠᠰᠤᠵᠢᠯ ᠤᠨ ᠨᠡᠶᠢᠭᠡᠮ ᠤᠨ ᠬᠦᠷᠴᠦ ᠢᠷᠡᠬᠦ ᠶᠢ ᠢᠳᠡᠪᠬᠢᠲᠡᠢ ᠠᠷᠭᠠᠴᠠᠭᠠᠵᠤ᠂ ᠨᠠᠰᠤᠲᠠᠶᠢᠴᠤᠳ ᠢ ᠥᠲᠡᠯᠪᠡᠯ ᠠᠰᠠᠷᠠᠮᠵᠢ ᠲᠠᠢ᠂ ᠥᠲᠡᠯᠪᠡᠯ ᠵᠢᠷᠭᠠᠯ ᠲᠠᠢ ᠪᠣᠯᠭᠠᠵᠤ᠂ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃
63f012d89f4ba546fb2094e7406eac8.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号