ᠵᠠᠷᠤᠳ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/10/21
     10 ᠰᠠᠷ᠎ᠠ ᠶᠢᠨ 20 ᠤ ᠡᠳᠦᠷ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠣᠨ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠬᠢᠭᠡᠳ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠬᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠪᠠᠶᠢᠭᠤᠯᠵᠤ᠂ ᠬᠠᠮᠢᠶ᠎ᠠ ᠪᠦᠬᠦᠢ ᠠᠵᠤ ᠠᠬᠤᠶᠢᠯᠠᠯ ᠳᠤ ᠬᠦᠷᠴᠦ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠤᠬᠠᠭᠤᠯᠤᠨ ᠲᠠᠶᠢᠯᠪᠤᠷᠢᠯᠠᠬᠤ ᠪᠦᠯᠬᠦᠮ ᠬᠢᠨ ᠤᠯᠠᠭᠠᠨᠬᠤᠸᠠ ᠠᠮᠤ ᠪᠤᠳᠠᠭᠠᠨ ᠤ ᠬᠥᠮᠥᠷᠭᠡ ᠳᠤ ᠬᠦᠷᠴᠦ᠂ ᠪᠦᠭᠦ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠦᠪᠵᠢᠭᠦᠯᠭᠡ᠂ ᠠᠵᠤ ᠦᠢᠯᠡᠰ ᠤᠨ ᠲᠡᠳᠬᠦᠨ ᠳᠡᠮᠵᠢᠬᠦ ᠳᠦᠷᠦ ᠶᠢᠨ ᠪᠣᠳᠣᠯᠭ᠎ᠠ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠳᠠᠭᠠᠭᠠᠯᠲᠠ ᠵᠠᠷᠯᠠᠬᠤ ᠳᠠᠭᠠᠭᠠᠯᠲᠠ ᠬᠦᠯᠢᠶᠡᠬᠦ ᠬᠦᠷᠢᠶ᠎ᠡ ᠴᠠᠷ᠎ᠠ ᠶᠢ ᠴᠡᠭᠴᠡᠯᠡᠨ ᠵᠠᠰᠠᠬᠤ ᠠᠵᠢᠯ ᠤᠨ ᠳᠦᠷᠦ ᠶᠢᠨ ᠪᠣᠳᠣᠯᠭ᠎ᠠ ᠶᠢ ᠨᠠᠷᠢᠨ ᠲᠠᠶᠢᠯᠪᠤᠷᠢᠯᠠᠪᠠ᠃ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠤᠬᠠᠢ ᠤᠯᠠᠮ ᠨᠢᠭᠡ ᠠᠯᠬᠤᠮ ᠣᠶᠢᠯᠠᠭᠠᠯᠲᠠ ᠲᠠᠢ ᠪᠣᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠯᠲᠠ ᠶᠢ  ᠪᠡᠶᠡᠴᠢᠯᠡᠨ ᠣᠶᠢᠯᠠᠭᠠᠭᠰᠠᠨ ᠪᠥᠭᠡᠳ ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠳᠤᠮᠳᠠᠬᠢ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠭᠦᠢᠴᠡᠳ ᠨᠤᠲᠠᠯᠠᠪᠠ᠃
2fcaebb6db482616073d40139ce7dab.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号