| 10 ᠰᠠᠷ᠎ᠠ ᠶᠢᠨ 21 ᠤ ᠡᠳᠦᠷ᠂ ᠵᠠᠷᠤᠳ ᠬᠤᠰᠢᠭᠤ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ | ᠲᠣᠬᠢᠷᠠᠭᠤᠯᠤᠯᠲᠠ ᠶᠢᠨ ᠬᠤᠷᠠᠯ ᠬᠢᠵᠦ᠂ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠤ ᠠᠬᠤᠢ ᠶᠢᠨ ᠠᠵᠢᠯ ᠢ ᠰᠤᠳᠤᠯᠤᠨ | ᠪᠠᠶᠢᠷᠢᠯᠠᠭᠤᠯᠵᠤ᠂ ᠬᠤᠰᠢᠭᠤ ᠳᠠᠶᠠᠭᠠᠷ ᠢ ᠳᠠᠶᠢᠴᠢᠯᠠᠨ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ | ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠪᠥᠬᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ | ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠪᠡ᠃ | | | ᠬᠤᠰᠢᠭᠤᠨ ᠤ ᠤᠳᠤᠷᠢᠳᠤᠯᠭ᠎ᠠ ᠱᠣᠣ ᠶᠠᠨ ᠵᠢᠶᠦ᠋ᠨ᠂ ᠪᠠᠲᠤ᠂ ᠯᠢᠦ ᠶᠣᠣ᠂ ᠪᠠᠢ ᠶᠠᠨ ᠰᠢᠤᠸᠠᠢ᠂ ᠯᠢ ᠶᠦᠩ | ᠬᠠᠢ᠂ ᠳ᠋ᠢᠩ ᡁᠢ ᠭᠠᠩ᠂ ᠼᠦᠢ ᠯᠧᠢ ᠯᠧᠢ᠂ ᠭᠦᠸᠧ ᠶᠠ ᠹᠧᠩ ᠬᠤᠷᠠᠯ ᠳᠤ ᠣᠷᠣᠯᠴᠠᠪᠠ᠃ ᠬᠤᠰᠢᠭᠤᠨ ᠤ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | | | | ᠱᠣᠣ ᠶᠠᠨ ᠵᠢᠶᠦ᠋ᠨ ᠬᠤᠷᠠᠯ ᠳᠡᠭᠡᠷ᠎ᠡ ᠵᠢᠭᠠᠪᠣᠷᠢᠯᠠᠭᠰᠠᠨ ᠨᠢ᠂ ᠡᠨᠡ ᠵᠢᠯ ᠠᠴᠠ ᠨᠠᠰᠢ᠂ ᠨᠠᠷᠢᠨ ᠪᠤᠳᠤᠯᠢᠶᠠᠨᠲᠠᠢ | ᠣᠷᠴᠢᠨ ᠲᠣᠭᠤᠷᠢᠨ ᠪᠠ ᠬᠦᠨᠳᠦ ᠪᠡᠷᠬᠡ ᠡᠭᠦᠷᠭᠡ ᠶᠢᠨ ᠡᠮᠦᠨ᠎ᠡ᠂ ᠪᠦᠭᠦ ᠬᠤᠰᠢᠭᠤ ᠪᠠᠷ ᠢᠶᠠᠨ ᠬᠢᠵᠢᠭ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠪᠠᠷ ᠨᠢᠭᠡᠳᠦᠯᠲᠡᠢ ᠲᠥᠯᠥᠪᠯᠡᠵᠦ᠂ | ᠬᠦᠴᠢᠷ ᠪᠡᠷᠬᠡᠰᠢᠶᠡᠯ ᠥᠷᠢᠰᠦᠯᠳᠦᠭᠡᠨ ᠢ ᠢᠳᠡᠪᠬᠢᠲᠡᠢ ᠠᠷᠭᠠᠴᠠᠭᠠᠨ᠂ ᠶᠡᠭᠡ ᠬᠡᠮᠵᠢᠶᠡᠨ ᠤ ᠠᠵᠢᠯ ᠬᠢᠵᠦ᠂ ᠵᠣᠬᠢᠬᠤ | ᠬᠡᠮᠵᠢᠶᠡᠨ ᠤ ᠠᠮᠵᠢᠯᠲᠠ ᠪᠦᠲᠦᠮᠵᠢ ᠣᠯᠣᠭᠰᠠᠨ ᠪᠣᠯᠪᠠᠴᠤ ᠠᠵᠢᠯ ᠢᠶᠠᠨ ᠠᠬᠢᠭᠤᠯᠬᠤ ᠲᠠᠯ᠎ᠠ ᠪᠠᠷ ᠬᠢ ᠡᠷᠴᠢᠮ ᠲᠡᠳᠦᠢ | ᠶᠡᠭᠡ ᠪᠢᠰᠢ᠂ ᠠᠷᠭ᠎ᠠ ᠬᠡᠮᠵᠢᠶ᠎ᠡ ᠲᠡᠳᠦᠢ ᠠᠷᠪᠢᠨ ᠪᠢᠰᠢ᠂ ᠲᠡᠳᠦᠢ ᠴᠢᠩᠭ᠎ᠠ ᠪᠢᠰᠢ ᠪᠠᠶᠢᠨ᠎ᠠ᠃ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠪᠡᠷᠬᠡᠰᠢᠶᠡᠯ ᠢ | ᠣᠯᠵᠤ ᠬᠠᠷᠠᠬᠤ ᠪᠠᠷ ᠪᠠᠷᠠᠬᠤ ᠦᠭᠡᠢ ᠨᠡᠩ ᠴᠤ ᠠᠰᠢᠭ ᠲᠤᠰᠠ ᠶᠢ ᠣᠯᠵᠤ ᠬᠠᠷᠠᠵᠤ᠂ ᠨᠠᠷᠢᠯᠢᠭ ᠣᠨᠣᠪᠴᠢᠲᠠᠢ᠂ | ᠬᠦᠴᠦᠲᠡᠢ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠰᠢᠪᠲᠤᠯᠤᠯᠲᠠ ᠬᠢᠬᠦ ᠡᠷᠴᠢ ᠵᠣᠷᠢᠭ ᠢᠶᠠᠨ ᠪᠠᠲᠤᠯᠠᠵᠤ᠂ | ᠠᠵᠤ ᠠᠬᠤᠢ ᠶᠢᠨ ᠠᠵᠢᠯᠯᠠᠭᠠᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠪᠡ | ᠃ | | ᠳᠠᠷᠠᠭᠠᠴᠢ ᠶᠢᠨ ᠠᠯᠬᠤᠮ ᠤᠨ ᠠᠵᠤ ᠠᠬᠤᠢ ᠶᠢᠨ ᠠᠵᠢᠯ ᠤᠨ ᠲᠣᠬᠠᠢ ᠱᠣᠣ ᠶᠠᠨ ᠵᠢᠶᠦ᠋ᠨ ᠴᠢᠬᠤᠯᠠᠴᠢᠯᠠᠭᠰᠠᠨ | ᠨᠢ᠂ ︽ᠲᠥᠷᠥᠯ ᠵᠦᠢᠯ ᠢᠶᠠᠷ ᠭᠤᠣᠯ ᠪᠣᠯᠭᠠᠵᠤ᠂ ᠬᠤᠳᠠᠯᠳᠣᠭᠠᠴᠢᠨ ᠤᠷᠢᠬᠤ ᠪᠠᠷ ᠭᠤᠣᠯ ᠪᠣᠯᠭᠠᠵᠤ᠂ ᠪᠣᠳᠠᠲᠠᠢ | ᠨᠠᠶᠢᠳᠠᠪᠤᠷᠢᠵᠢᠭᠤᠯᠬᠤ ᠶᠢ ᠴᠢᠬᠤᠯᠠᠴᠢᠯᠠᠬᠤ︾ ᠣᠶᠢᠯᠠᠭᠠᠭᠳᠠᠬᠤᠨ ᠢ ᠪᠤᠶ ᠪᠣᠯᠭᠠᠵᠤ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠪᠠ ᠬᠤᠳᠠᠯᠳᠣᠭᠠᠴᠢᠨ ᠤᠷᠢᠵᠤ ᠪᠡᠯᠡ ᠲᠠᠲᠠᠬᠤ ᠠᠵᠢᠯ ᠢ ᠠᠳᠬᠤᠬᠤ ᠶᠢ ᠠᠵᠤ ᠠᠬᠤᠢ ᠶᠢ | ᠲᠣᠭᠲᠠᠪᠤᠷᠢᠵᠢᠭᠤᠯᠬᠤ᠂ ᠨᠥᠭᠡᠴᠡ ᠬᠦᠴᠦᠨ ᠢᠶᠠᠨ ᠬᠤᠷᠠᠮᠳᠤᠭᠤᠯᠬᠤ᠂ ᠳᠠᠪᠠᠭᠤᠯᠢᠭ ᠢᠶᠠᠨ ᠨᠡᠮᠡᠭᠳᠡᠭᠦᠯᠬᠦ ᠶᠢᠨ | ᠲᠤᠯᠭᠠᠮ᠎ᠠ ᠡᠭᠦᠷᠭᠡ ᠪᠣᠯᠭᠠᠵᠤ᠂ ︽ᠶᠡᠭᠡ ᠶᠢ ᠲᠠᠲᠠᠵᠤ ᠬᠦᠴᠦᠷᠬᠡᠭ ᠢ ᠲᠠᠲᠠᠬᠤ︾ ᠪᠠᠷ ᠪᠠᠷᠠᠬᠤ ᠦᠭᠡᠢ᠂ ᠪᠠᠰᠠ ︽ | ᠲᠤᠰᠬᠠᠢ ᠨᠠᠷᠢᠯᠢᠭ ᠣᠨᠴᠠ ᠰᠢᠨ᠎ᠡ︾ ᠶᠢ ᠣᠨᠢᠯᠠᠵᠤ᠂ ᠠᠵᠤ ᠦᠢᠯᠡᠰ ᠤᠨ ᠬᠡᠯᠬᠢᠶ᠎ᠡ ᠪᠠᠨ ᠦᠨᠳᠦᠰᠦᠯᠡᠨ | ᠬᠤᠳᠠᠯᠳᠤᠭᠠᠴᠢᠨ ᠤᠷᠢᠬᠤ᠂ ᠬᠠᠷᠠᠯᠲᠠᠲᠤ ᠠᠵᠤ ᠠᠬᠤᠶᠢᠯᠠᠯ ᠳᠤ ᠴᠢᠭᠯᠡᠭᠦᠯᠦᠨ ᠬᠤᠳᠠᠯᠳᠤᠭᠠᠴᠢᠨ ᠤᠷᠢᠬᠤ ᠪᠠ | ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠭᠠᠳᠠᠭᠰᠢ ᠭᠠᠷᠬᠤ᠂ | ᠤᠷᠢᠵᠤ ᠣᠷᠣᠭᠤᠯᠬᠤ︾ ᠬᠤᠳᠠᠯᠳᠤᠭᠠᠴᠢᠨ ᠤᠷᠢᠵᠤ ᠪᠡᠯᠡ ᠲᠠᠲᠠᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠡᠷ᠎ᠡ ᠲᠣᠭᠲᠠᠭᠰᠠᠨ ᠲᠥᠷᠥᠯ ᠵᠦᠢᠯ ᠤᠨ ᠭᠦᠢᠴᠡᠳᠬᠡᠬᠦ | ᠨᠣᠷᠮ᠎ᠠ ᠪᠠ ᠬᠤᠪᠢᠷᠠᠭᠤᠯᠬᠤ ᠨᠣᠷᠮ᠎ᠠ ᠶᠢ ᠳᠡᠭᠡᠭᠰᠢᠯᠡᠭᠦᠯᠵᠦ᠂ ᠨᠢᠭᠡ ᠪᠦᠯᠦᠭ ᠪᠡᠯᠡ ᠣᠷᠣᠭᠤᠯᠤᠯᠲᠠ ᠶᠢᠨ | ᠬᠡᠪᠴᠢᠶ᠎ᠡ ᠪᠠᠷ ᠶᠡᠭᠡ᠂ ᠵᠠᠬ᠎ᠠ ᠳᠡᠯᠭᠡᠭᠦᠷ ᠤᠨ ᠢᠷᠡᠭᠡᠳᠦᠢ ᠰᠠᠶᠢᠨ᠂ ᠠᠵᠤ ᠦᠢᠯᠡᠰ ᠤᠨ ᠳᠠᠶᠢᠴᠢᠯᠠᠬᠤ ᠬᠦᠴᠦᠨ ᠢᠶᠠᠷ | ᠴᠢᠩᠭ᠎ᠠ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠬᠦᠴᠦᠯᠡᠨ ᠣᠷᠣᠭᠤᠯᠵᠤ᠂ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢᠨ ᠰᠡᠯᠭᠦᠬᠦ ᠬᠦᠴᠦᠨ ᠢ ᠴᠢᠩᠭᠠᠷᠠᠭᠤᠯᠬᠤ ᠬᠡᠷᠡᠭᠲᠡᠢ᠃ ᠭᠤᠣᠯᠳᠠᠯᠭ᠎ᠠ ᠲᠠᠢ ᠲᠥᠷᠥᠯ | ᠵᠦᠢᠯ ᠤᠨ ᠬᠥᠮᠥᠷᠭᠡ ᠶᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠲᠥᠷᠥᠯ ᠵᠦᠢᠯ ᠢ ᠲᠥᠯᠥᠪᠵᠢᠭᠦᠯᠬᠦ᠂ | ᠨᠥᠭᠡᠴᠡᠯᠡᠬᠦ᠂ ᠠᠵᠢᠯ ᠡᠬᠢᠯᠡᠭᠦᠯᠬᠦ᠂ ᠪᠦᠲᠦᠭᠡᠨ ᠪᠠᠶᠢᠭᠤᠯᠬᠤ ᠵᠡᠷᠭᠡ ᠠᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂ | ᠲᠥᠷᠥᠯ ᠠᠩᠭᠢᠯᠠᠯ ᠢ ᠨᠠᠷᠢᠯᠢᠭᠵᠢᠭᠤᠯᠤᠨ᠂ ᠴᠠᠭ ᠲᠤᠬᠠᠢ ᠳᠤᠨᠢ ᠰᠢᠨᠡᠳᠬᠡᠵᠦ᠂ ᠬᠥᠳᠡᠯᠦᠩᠭᠦᠢ ᠪᠠᠷ ᠬᠠᠮᠢᠶᠠᠷᠴᠤ᠂ | ᠪᠥᠬᠦ ᠬᠤᠰᠢᠭᠤᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠣᠨᠣᠪᠴᠢᠲᠠᠶ | ᠡᠵᠡᠮᠰᠢᠬᠦ ᠬᠡᠷᠡᠭᠲᠡᠢ᠃ ᠠᠵᠤ ᠠᠬᠤᠶᠢᠯᠠᠯ ᠳᠤ ᠲᠠᠭᠠᠨ ᠦᠢᠯᠡᠴᠢᠯᠡᠬᠦ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ | ᠂ ᠠᠵᠤ ᠠᠬᠤᠶᠢᠯᠠᠯ ᠬᠢᠨ ᠤ ᠬᠡᠷᠡᠭᠴᠡᠭᠡ ᠶᠢ ᠠᠰᠠᠭᠤᠵᠤ᠂ ᠠᠵᠤ ᠠᠬᠤᠶᠢᠯᠠᠯ ᠬᠢᠨ ᠠᠴᠠ ᠠᠷᠭ᠎ᠠ ᠪᠣᠳᠣᠯᠭ᠎ᠠ | ᠠᠰᠠᠭᠤᠵᠤ᠂ ᠠᠵᠤ ᠠᠬᠤᠶᠢᠯᠠᠯ ᠢ ᠬᠠᠪᠰᠤᠷᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ | ᠳᠤᠮᠳᠠᠬᠢ ᠠᠰᠠᠭᠤᠳᠠᠯ ᠬᠦᠴᠢᠷᠳᠡᠯ ᠢ ᠨᠢ ᠰᠢᠢᠳᠪᠦᠷᠢᠯᠡᠵᠦ᠂ ᠨᠠᠷᠢᠯᠢᠭ ᠣᠨᠣᠪᠴᠢᠲᠠᠢ᠂ ᠰᠢᠯᠢᠳᠡᠭ ᠦᠢᠯᠡᠴᠢᠯᠡᠭᠡ ᠪᠠᠷ | ᠠᠵᠤ ᠠᠬᠤᠶᠢᠯᠠᠯ ᠤᠨ ᠡᠷᠡᠭᠦᠯ ᠲᠣᠭᠲᠠᠭᠤᠨ ᠢᠶᠠᠷ ᠠᠵᠢᠯᠯᠠᠬᠤ ᠳᠤ ᠬᠦᠴᠦ ᠨᠡᠮᠡᠷᠢᠯᠡᠬᠦ ᠬᠡᠷᠡᠭᠲᠡᠢ᠃ ︽ᠠᠷᠪᠠᠨ ᠶᠡᠭᠡ | ᠠᠵᠤ ᠦᠢᠯᠡᠰ︾ ᠤᠨ ᠴᠢᠨᠠᠷ ᠰᠠᠶᠢᠲᠠᠢ ᠬᠥᠭᠵᠢᠯᠲᠡ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠪᠤᠰᠤᠳ | ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢ ᠵᠡᠷᠭᠡᠪᠡᠷ ᠠᠬᠢᠭᠤᠯᠵᠤ᠂ ᠠᠵᠤ ᠦᠢᠯᠡᠰ ᠢᠶᠠᠷ | ᠠᠷᠠᠳ ᠲᠤ ᠠᠰᠢᠭ ᠬᠦᠷᠲᠡᠭᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠨᠢᠭᠡᠴᠡ᠂ | ᠳᠠᠭᠠᠭᠠᠴᠢᠯᠠᠨ ᠬᠤᠯᠪᠣᠭᠠᠯᠠᠭᠰᠠᠨ ᠺᠠᠳ᠋ᠷ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠪᠠᠨ ᠦᠨᠳᠦᠰᠦᠯᠡᠵᠦ᠂ | ᠭᠤᠣᠯᠳᠠᠯᠭ᠎ᠠ ᠲᠠᠢ ᠵᠠᠩᠭᠢᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠬᠤᠯᠠ ᠭᠦᠢᠴᠡᠳᠬᠡᠯ ᠲᠤᠭ᠎ᠠ ᠶᠢ ᠴᠢᠩᠭ᠎ᠠ | ᠠᠩᠬᠠᠷᠴᠤ᠂ ᠣᠨᠣᠴᠠᠲᠠᠢ ᠲᠣᠬᠢᠷᠠᠭᠤᠯᠵᠤ᠂ ᠵᠣᠷᠢᠭᠲᠠᠢ ᠪᠠᠷ ᠲᠣᠬᠢᠷᠠᠭᠤᠯᠵᠤ᠂ ᠰᠠᠶᠢᠲᠤᠷ ᠵᠢᠯᠤᠭᠤᠳᠴᠤ᠂ | ᠪᠣᠭᠤᠮᠲᠠ ᠶᠢ ᠰᠠᠶᠢᠲᠤᠷ ᠠᠳᠬᠤᠵᠤ᠂ ᠲᠣᠬᠢᠷᠠᠭᠤᠯᠬᠤ᠂ ᠵᠠᠳᠠᠯᠬᠤ᠂ ᠬᠠᠷᠢᠭᠤ ᠲᠤᠰᠬᠠᠬᠤ ᠵᠡᠷᠭᠡ ᠡᠯ᠎ᠡ ᠵᠦᠢᠯ ᠤᠨ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ | ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃ | | | | ᠬᠤᠷᠠᠯ ᠳᠡᠭᠡᠷ᠎ᠡ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠤᠣᠯ ᠪᠣᠯᠬᠤ ᠠᠵᠤ ᠠᠬᠤᠢ ᠶᠢᠨ | ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ | ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠶᠢᠨ ᠲᠣᠬᠠᠢ ᠬᠠᠷᠢᠭᠤ ᠮᠡᠳᠡᠭᠦᠯᠪᠡ︔ ᠬᠤᠷᠠᠯ ᠳᠤ ᠣᠷᠣᠯᠴᠠᠭᠰᠠᠨ | ᠤᠳᠤᠷᠢᠳᠤᠯᠭ᠎ᠠ ᠣᠳᠣᠬᠠᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠲᠤᠬᠠᠢ ᠰᠠᠨᠠᠯ ᠰᠠᠨᠠᠭᠤᠯᠭ᠎ᠠ | ᠳᠣᠷᠠᠳᠪᠠ ᠃ |