| 10 ᠰᠠᠷ᠎ᠠ ᠶᠢᠨ 19 ᠤ ᠡᠳᠦᠷ᠂ ᠵᠠᠷᠤᠳ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ | ᠯᠢᠦ ᠶᠦᠩ᠂ ᠳᠡᠳ᠋ ᠲᠡᠷᠢᠭᠦᠯᠡᠭᠴᠢ ᠸᠠᠩ ᠴᠧᠩ ᠪᠠᠶᠠᠨᠲᠠᠯ᠎ᠠ ᠰᠤᠮᠤᠨ ᠳᠤ ᠬᠦᠷᠴᠦ ᠭᠤᠣᠯᠳᠠᠯᠭ᠎ᠠ ᠲᠠᠢ ᠲᠥᠷᠥᠯ | ᠵᠦᠢᠯ ᠪᠠ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠪᠠ᠃ | | | ᠯᠢᠦ ᠶᠦᠩ ᠬᠠᠮᠲᠤ ᠶᠠᠪᠣᠭᠰᠠᠳ ᠲᠠᠢ ᠪᠠᠨ ᠤᠷᠢᠳ ᠬᠤᠵᠢᠳ ᠮᠠᠯᠴᠢᠨ ᠠᠶᠢᠯ ᠨᠢᠲᠤᠯᠵᠤ ᠪᠣᠯᠪᠠᠰᠤᠷᠠᠭᠤᠯᠬᠤ | ᠦᠢᠯᠡᠳᠪᠦᠷᠢ᠂ ᠲᠡᠵᠢᠭᠡᠪᠦᠷᠢ ᠶᠢᠨ ᠬᠤᠷᠰᠢᠶ᠎ᠠ ᠳᠤ ᠬᠦᠷᠴᠦ᠂ ᠠᠯᠠᠰᠢᠨ ᠦᠬᠡᠷ ᠲᠡᠵᠢᠭᠡᠬᠦ ᠬᠡᠪᠴᠢᠶ᠎ᠡ᠂ ᠮᠡᠷᠭᠡᠵᠢᠯ᠂ | ᠦᠷ᠎ᠡ ᠠᠰᠢᠭ᠂ ᠳᠡᠭᠡᠷ᠎ᠡ ᠳᠣᠣᠷ᠎ᠠ ᠬᠡᠯᠬᠢᠶ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠪᠣᠷᠤᠯᠠᠭᠤᠯᠭ᠎ᠠ ᠵᠢᠴᠢ ᠮᠠᠯᠴᠢᠨ | ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠬᠤᠢ | ᠲᠠᠯᠠᠪᠠᠢ ᠳᠤ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ ᠬᠤᠷᠰᠢᠶ᠎ᠠ ᠶᠢᠨ | ᠬᠠᠷᠢᠭᠤᠴᠠᠯᠭᠠᠲᠠᠨ ᠲᠠᠢ ᠰᠠᠨᠠᠯ ᠢᠶᠠᠨ ᠰᠤᠯᠢᠯᠴᠠᠪᠠ᠃ | | | ᠯᠢᠦ ᠶᠦᠩ ᠴᠢᠬᠤᠯᠠᠴᠢᠯᠠᠭᠰᠠᠨ ᠨᠢ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠠᠬᠢᠴᠠ ᠪᠠᠨ ᠲᠦᠷᠭᠡᠳᠬᠡᠵᠦ᠂ | ᠪᠠᠷᠢᠯᠭ᠎ᠠ ᠶᠢᠨ ᠭᠤᠭᠴᠤᠭ᠎ᠠ ᠨᠢᠭᠡᠪᠦᠷᠢ ᠶᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠠᠮᠤᠷ ᠲᠦᠪᠰᠢᠨ᠂ | ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ ᠤᠨ | ᠠᠬᠢᠴᠠ ᠶᠢ ᠲᠦᠷᠭᠡᠳᠬᠡᠵᠦ᠂ ᠲᠦᠷᠦᠯ ᠵᠦᠢᠯ ᠤᠨ ᠲᠣᠭᠲᠠᠭᠰᠠᠨ ᠬᠤᠭᠤᠴᠠᠭᠠᠨ ᠳᠤ ᠠᠵᠢᠯ ᠳᠠᠭᠤᠰᠬᠤ ᠶᠢ | ᠪᠠᠲᠤᠯᠠᠬᠤ ᠬᠡᠷᠡᠭᠲᠡᠢ᠃ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠳᠣᠲᠣᠭᠠᠳᠤ ᠬᠦᠳᠡᠯᠬᠡᠬᠦ ᠬᠦᠴᠦᠨ ᠢ | ᠬᠥᠭᠵᠢᠭᠡᠵᠦ᠂ ᠨᠡᠩ ᠤᠯᠠᠨ ᠮᠠᠯᠴᠢᠨ ᠲᠠᠷᠢᠶᠠᠴᠢᠨ ᠢ ᠦᠬᠡᠷ ᠤᠨ ᠠᠵᠤ ᠦᠢᠯᠡᠰ ᠤᠨ ᠬᠥᠭᠵᠢᠯᠲᠡ ᠳᠤ ᠢᠳᠡᠪᠬᠢᠲᠡᠢ | ᠣᠷᠣᠯᠴᠠᠭᠤᠯᠵᠤ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ᠂ ᠬᠤᠯᠪᠤᠭᠠᠯᠠᠨ ᠬᠥᠳᠡᠯᠦᠯᠴᠡᠬᠦ | ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠬᠡᠷᠡᠭᠲᠡᠢ᠃ ᠰᠢᠨᠵᠢᠯᠡᠭᠡ ᠮᠡᠷᠭᠡᠵᠢᠯ ᠤᠨ ᠣᠶᠢᠯᠠᠭᠠᠭᠳᠠᠬᠤᠨ ᠢ | ᠳᠡᠭᠡᠭᠰᠢᠯᠡᠭᠦᠯᠵᠦ᠂ ᠡᠭᠦᠯᠳᠡᠷ ᠰᠠᠶᠢᠵᠢᠷᠠᠭᠤᠯᠬᠤ ᠮᠡᠷᠭᠡᠵᠢᠯ ᠢᠶᠠᠨ ᠰᠢᠯᠢᠳᠡᠭᠵᠢᠭᠦᠯᠦᠨ᠂ ᠨᠠᠷᠢᠯᠢᠭ ᠲᠡᠵᠢᠭᠡᠬᠦ ᠶᠢ | ᠠᠬᠢᠭᠤᠯᠵᠤ᠂ ᠦᠢᠯᠡᠳᠪᠦᠷᠢᠯᠡᠯ ᠤᠨ ᠠᠷᠭ᠎ᠠ ᠮᠠᠶ᠋ᠢᠭ ᠢᠶᠠᠨ ᠰᠢᠨᠡᠳᠬᠡᠵᠦ᠂ ᠵᠠᠬ᠎ᠠ ᠳᠡᠯᠭᠡᠭᠦᠷ ᠤᠨ ᠲᠦᠭᠰᠢᠭᠦᠷᠢ ᠶᠢ | ᠬᠤᠷᠢᠭᠯᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠬᠠᠮᠢᠶᠠᠷᠤᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ | ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠦᠷᠭᠦᠯᠵᠢᠯᠡᠨ | ᠲᠣᠭᠲᠠᠭᠤᠨ ᠢᠶᠠᠷ ᠨᠡᠮᠡᠭᠳᠡᠭᠦᠯᠬᠦ ᠶᠢ ᠨᠠᠩ ᠰᠠᠶᠢᠲᠤᠷ ᠳᠠᠶᠢᠴᠢᠯᠠᠬᠤ ᠬᠡᠷᠡᠭᠲᠡᠢ᠃ ᠨᠢᠭᠡ ᠲᠠᠯ᠎ᠠ ᠪᠠᠷ ᠬᠢᠵᠢᠭ ᠢ | ᠰᠡᠷᠭᠡᠶᠢᠯᠡᠨ ᠡᠵᠡᠮᠳᠡᠬᠦ ᠶᠢ ᠠᠳᠬᠤᠵᠤ᠂ ᠨᠥᠭᠦᠭᠡ ᠲᠠᠯ᠎ᠠ ᠪᠠᠷ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠠᠳᠬᠤᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠪᠡ᠃ | |