10 ᠰᠠᠷ᠎ᠠ ᠶᠢᠨ 22 ᠠᠴᠠ 23 ᠤ ᠡᠳᠦᠷ ᠪᠣᠯᠲᠠᠯ᠎ᠠ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ | ᠣᠷᠣᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠠᠬᠢᠭᠤᠯᠬᠤ ᠬᠤᠷᠠᠯ ᠬᠢᠵᠦ᠂ ᠡᠯ᠎ᠡ ᠰᠤᠮᠤ ᠪᠠᠯᠭᠠᠰᠤᠨ ᠤ | ᠮᠠᠯᠵᠢᠬᠤ ᠲᠠᠷᠢᠶᠠᠯᠠᠬᠤ ᠣᠷᠣᠨ ᠤ ᠠᠵᠢᠯ ᠪᠠ 2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠥᠷᠥᠯ ᠵᠦᠢᠯ ᠤᠨ ᠲᠥᠯᠦᠪᠵᠢᠭᠦᠯᠭᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠣᠯ ᠤᠨ | ᠠᠬᠠᠯᠠᠭᠴᠢ ᠶᠢᠨ ᠳᠦᠷᠢᠮ᠂ ᠣᠶ ᠰᠢᠭᠤᠢ ᠶᠢᠨ ᠠᠬᠠᠯᠠᠭᠴᠢ ᠶᠢᠨ ᠳᠦᠷᠢᠮ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠨ ᠪᠠᠶᠢᠴᠠᠭᠠᠵᠤ ᠬᠠᠪᠰᠤᠷᠤᠨ ᠲᠡᠳᠬᠦᠬᠦ ᠬᠤᠶᠠᠳᠤᠭᠠᠷ | ᠡᠭᠡᠯᠵᠢ ᠶᠢᠨ ᠪᠠᠶᠢᠴᠠᠭᠠᠯᠲᠠ ᠵᠡᠷᠭᠡ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠢ | ᠳᠡᠳ᠋ ᠬᠤᠰᠢᠭᠤᠨ ᠳᠠᠷᠤᠭ᠎ᠠ ᠼᠦᠢ ᠯᠧᠢ ᠯᠧᠢ ᠡᠷᠬᠢᠯᠡᠪᠡ᠃ | | | | | ᠬᠤᠷᠠᠯ ᠠᠴᠠ᠂ ᠮᠠᠯᠵᠢᠬᠤ ᠲᠠᠷᠢᠶᠠᠯᠠᠬᠤ ᠣᠷᠣᠨ ᠤ ᠭᠤᠣᠯᠳᠠᠯᠭ᠎ᠠ ᠲᠠᠢ ᠠᠵᠢᠯ ᠳᠤ ᠬᠥᠭᠵᠢᠯᠲᠡ ᠶᠢᠨ | ᠬᠠᠷᠠᠴᠠ ᠪᠠᠷ ᠠᠵᠢᠯ ᠤᠨ ᠳᠤᠮᠳᠠ ᠣᠷᠣᠰᠢᠵᠤ ᠪᠠᠶᠢᠭ᠎ᠠ ᠲᠤᠳᠠᠭᠳᠠᠯ ᠪᠠᠭᠤᠷᠠᠢ ᠵᠦᠢᠯ ᠳᠤ ᠪᠠᠨ ᠬᠠᠨᠳᠤᠬᠤ ᠶᠢ | ᠪᠠᠷᠢᠮᠲᠠᠯᠠᠵᠤ᠂ ᠬᠥᠭᠵᠢᠯᠲᠡ ᠶᠢᠨ ᠠᠷᠭ᠎ᠠ ᠪᠠᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠡᠯ᠎ᠡ ᠭᠠᠵᠠᠷ ᠡᠯ᠎ᠡ | ᠰᠠᠯᠠᠭ᠎ᠠ ᠮᠥᠴᠢᠷ ᠤᠨ ᠬᠢᠨ ︽ᠲᠥᠯᠥᠪᠵᠢᠭᠦᠯᠵᠦ ᠲᠤᠭᠳᠠᠭᠰᠠᠨ ᠤ ᠲᠠᠷᠠᠭ᠎ᠠ ᠬᠥᠳᠡᠯᠦᠯᠴᠡᠬᠦ︾ ᠠᠵᠢᠯ ᠤᠨ | ᠠᠶᠢᠵᠠᠮ ᠢᠶᠠᠨ ᠴᠢᠩᠭᠠᠷᠠᠭᠤᠯᠵᠤ᠂ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠤᠨ᠂ ᠲᠥᠷᠥᠯ ᠵᠦᠢᠯ ᠤᠨ ᠵᠢᠷᠤᠭ ᠲᠥᠯᠥᠪᠯᠡᠭᠡ ᠶᠢ | ᠥᠨᠳᠥᠷ ᠵᠣᠭᠰᠣᠴᠠ ᠪᠠᠷ ᠡᠮᠬᠢᠯᠡᠨ ᠨᠡᠶᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠴᠢᠨᠠᠷ ᠰᠠᠶᠢᠲᠠᠢ ᠭᠦᠨᠵᠡᠭᠡᠶᠢᠷᠡᠭᠦᠯᠦᠨ᠂ ᠠᠵᠤ ᠦᠢᠯᠡᠰ ᠢᠶᠠᠷ ᠤᠳᠤᠷᠢᠳᠤᠮᠵᠢ ᠪᠣᠯᠭᠠᠵᠤ᠂ | ᠲᠥᠷᠥᠯ ᠵᠦᠢᠯ ᠮᠦᠷᠳᠠᠨ ᠳᠠᠭᠠᠵᠤ᠂ ᠭᠤᠣᠯᠳᠠᠯᠭ᠎ᠠ ᠶᠢᠨ ᠲᠣᠭᠤᠷᠢᠨ ᠳᠤ᠂ ᠲᠥᠯᠥᠪᠵᠢᠭᠦᠯᠵᠦ ᠲᠤᠭᠳᠠᠭᠰᠠᠨ ᠤ | ᠲᠠᠷᠠᠭ᠎ᠠ ᠬᠥᠳᠡᠯᠦᠯᠴᠡᠬᠦ ᠬᠡᠷᠡᠭᠲᠡᠢ᠃ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠬᠠᠷᠠᠯᠲᠠ ᠶᠢᠨ | ᠪᠠᠶᠢᠷᠢ ᠲᠣᠭᠲᠠᠭᠠᠯᠲᠠ ᠶᠢ ᠰᠢᠰᠲ᠋ᠧᠮ ᠲᠠᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠥᠷᠥᠯ ᠵᠦᠢᠯ ᠤᠨ ᠠᠭᠤᠯᠤᠭᠳᠠᠬᠤᠨ ᠢ ᠪᠠᠶᠠᠯᠢᠭᠵᠢᠭᠤᠯᠤᠨ ᠥᠷᠭᠡᠳᠬᠡᠵᠦ᠂ ᠲᠠᠷᠢᠶᠠᠯᠠᠩ ᠮᠠᠯ ᠠᠵᠤ ᠠᠬᠤᠢ ᠶᠢᠨ | ᠠᠵᠢᠯ ᠤᠨ ᠴᠢᠨᠠᠷ ᠰᠠᠶᠢᠲᠠᠢ ᠥᠨᠳᠥᠷ ᠦᠷ᠎ᠡ ᠪᠦᠳᠤᠮᠵᠢ ᠶᠢ ᠦᠷᠬᠦᠯᠵᠢᠯᠡᠨ ᠠᠬᠢᠭᠤᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠤ ᠦᠢᠯᠡᠰ ᠢ ᠪᠤᠵᠠᠭᠠᠶᠢᠷᠠᠭᠤᠯᠤᠨ᠂ ᠠᠷᠠᠳ ᠣᠯᠠᠨ ᠢ ᠪᠠᠶᠠᠨ ᠴᠢᠨᠡᠭᠡᠯᠢᠭ ᠪᠣᠯᠭᠠᠬᠤ | ᠬᠡᠷᠡᠭᠲᠡᠢ ᠭᠡᠵᠦ ᠴᠢᠩᠭᠠᠳᠬᠠᠪᠠ᠃ | ᠬᠤᠷᠠᠯ ᠠᠴᠠ ᠱᠠᠭᠠᠷᠳᠠᠭᠰᠠᠨ ᠨᠢ᠂ ︽ᠲᠤᠳᠠᠭᠳᠠᠯ ᠢᠶᠠᠨ ᠨᠥᠬᠦᠪᠦᠷᠢᠯᠡᠬᠦ︾ ᠪᠠᠷ ᠢᠯᠡ ᠲᠣᠳᠣ | ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠪᠥᠬᠦ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠲᠥᠷᠥᠯ ᠵᠦᠢᠯ ᠢ ᠴᠡᠭᠴᠡᠯᠡᠨ ᠰᠠᠶᠢᠵᠢᠷᠠᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ | ᠴᠡᠭᠴᠡᠯᠡᠨ ᠰᠠᠶᠢᠵᠢᠷᠠᠭᠤᠯᠬᠤ᠂ ᠣᠶ ᠰᠢᠭᠤᠢ ᠡᠪᠡᠰᠦ ᠪᠡᠯᠴᠢᠭᠡᠷ ᠢ ᠲᠤᠰᠬᠠᠢ ᠴᠡᠭᠴᠡᠯᠡᠨ ᠵᠠᠰᠠᠬᠤ ᠵᠡᠷᠭᠡ ᠠᠵᠢᠯ ᠤᠨ | ᠳᠤᠮᠳᠠ ᠢᠯᠡᠷᠡᠭᠰᠡᠨ ᠡᠯ᠎ᠡ ᠵᠦᠢᠯ ᠤᠨ ᠠᠰᠠᠭᠤᠳᠠᠯ ᠢ ᠴᠢᠩᠭ᠎ᠠ ᠠᠩᠬᠠᠷᠴᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠨ᠂ ᠨᠢᠭᠡ ᠠᠴᠠ ᠵᠦᠢᠴᠢᠯᠡᠵᠦ ᠨᠥᠭᠦᠭᠡ ᠶᠢ ᠮᠡᠳᠡᠵᠦ᠂ ᠪᠥᠬᠦ ᠬᠦᠴᠦᠨ ᠢᠶᠠᠷ ᠢᠶᠠᠨ | ᠲᠤᠳᠠᠭᠳᠠᠯ ᠢᠶᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ ᠰᠤᠮᠤ ᠪᠠᠯᠭᠠᠰᠤ | ᠲᠠᠯᠠᠪᠠᠢ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠲᠤᠰᠬᠠᠢ ᠠᠩᠭᠢ | ᠪᠠᠶᠢᠭᠤᠯᠵᠤ᠂ ᠲᠤᠰᠬᠠᠢ ᠬᠥᠮᠥᠨ ᠲᠤᠬᠢᠷᠠᠭᠤᠯᠤᠨ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠬᠡᠷᠡᠭᠲᠡᠢ︔ ᠡᠯ᠎ᠡ | ᠬᠠᠮᠢᠶ᠎ᠠ ᠪᠦᠬᠦᠢ ᠨᠢᠭᠡᠴᠡ ᠶᠢᠨ ᠬᠢᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠴᠡᠭᠴᠡᠯᠡᠨ | ᠰᠠᠶᠢᠵᠢᠷᠠᠭᠤᠯᠵᠤ ᠳ᠋ᠤᠭᠠᠷ ᠬᠠᠰᠤᠬᠤ ᠠᠵᠢᠯ ᠢ ᠬᠠᠮᠵᠢᠯᠴᠠᠨ ᠰᠠᠶᠢᠲᠤᠷ ᠬᠢᠵᠦ᠂ ᠪᠥᠬᠦ ᠬᠤᠰᠢᠭᠤ ︽ᠨᠢᠭᠡ ᠬᠥᠯᠭᠡ | ᠰᠢᠲᠠᠷ᠎ᠠ︾ ᠶᠢᠨ ᠠᠵᠢᠯ ᠤᠨ ᠪᠠᠶᠢᠷᠢᠰᠢᠯ ᠢ ᠴᠢᠷᠮᠠᠶᠢᠨ ᠪᠣᠶ ᠪᠣᠯᠭᠠᠬᠤ ᠬᠡᠷᠡᠭᠲᠡᠢ᠃ ︽ᠨᠠᠶᠢᠳᠠᠪᠤᠷᠢᠵᠢᠭᠤᠯᠤᠯᠲᠠ ᠶᠢ | ᠴᠢᠩᠭ᠎ᠠ ᠠᠳᠬᠤᠬᠤ︾ ᠠᠵᠢᠯ ᠤᠨ ᠰᠤᠷᠲᠠᠯ ᠢ ᠪᠠᠳᠠᠷᠠᠭᠤᠯᠵᠤ᠂ ᠭᠠᠯ ᠰᠡᠷᠭᠡᠶᠢᠯᠡᠵᠦ ᠪᠡᠯᠴᠢᠭᠡᠷᠯᠡᠭᠦᠯᠬᠦ ᠶᠢ | ᠴᠠᠭᠠᠵᠠᠯᠠᠬᠤ᠂ ᠬᠢᠵᠢᠭ ᠢ ᠰᠡᠷᠭᠡᠶᠢᠯᠡᠨ ᠡᠭᠦᠯᠳᠡᠷ ᠰᠠᠶᠢᠵᠢᠷᠠᠭᠤᠯᠬᠤ ᠵᠡᠷᠭᠡ ᠠᠵᠢᠯ ᠢ ᠮᠠᠯᠵᠢᠬᠤ ᠲᠠᠷᠢᠶᠠᠯᠠᠬᠤ ᠣᠷᠣᠨ ᠤ | ᠠᠵᠢᠯ ᠤᠨ ᠲᠤᠮᠳᠠ ᠲᠣᠪᠣᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ ᠤᠬᠠᠭᠤᠯᠭ᠎ᠠ ᠬᠥᠮᠦᠵᠢᠯ ᠬᠥᠲᠥᠯᠥᠨ | ᠵᠢᠯᠤᠭᠤᠳᠬᠤ ᠪᠠ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠤᠨ ᠡᠷᠴᠢᠮ ᠢᠶᠠᠨ ᠤᠯᠠᠮ | ᠨᠢᠭᠡ ᠠᠯᠬᠤᠮ ᠴᠢᠩᠭᠠᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠭᠤᠯᠠ ᠤᠰᠤ ᠣᠶ ᠰᠢᠭᠤᠢ ᠲᠠᠷᠢᠶᠠᠨ ᠭᠠᠵᠠᠷ | ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠵᠤ ᠰᠡᠷᠭᠦᠭᠡᠬᠦ ᠶᠢ ᠰᠢᠰᠲ᠋ᠧᠮ ᠲᠠᠢ ᠠᠬᠢᠭᠤᠯᠬᠤ | ᠬᠡᠷᠡᠭᠲᠡᠢ ᠭᠡᠪᠡ᠃ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠣᠶ ᠰᠢᠭᠤᠢ ᠨᠤᠳᠤᠭ ᠪᠡᠯᠴᠢᠭᠡᠷ ᠤᠨ | ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ᠂ ᠬᠥᠳᠡᠭᠡ ᠲᠣᠰᠬᠤᠨ ᠤ ᠪᠡᠯᠡ ᠣᠷᠣᠭᠤᠯᠤᠯᠲᠠ ᠶᠢᠨ ᠺᠣᠮᠫᠠᠨᠢ᠂ ᠬᠠᠩᠭᠠᠨ ᠪᠣᠷᠣᠯᠠᠭᠤᠯᠬᠤ | ᠬᠤᠷᠰᠢᠶ᠎ᠠ ᠶᠢᠨ ᠭᠤᠣᠯ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤ ᠲᠠᠯᠠᠪᠠᠢ ᠶᠢᠨ ᠨᠠᠮ ᠵᠠᠰᠠᠭ ᠤᠨ ᠭᠤᠣᠯ | ᠬᠠᠷᠢᠭᠤᠴᠠᠯᠭᠠᠲᠠᠨ ᠪᠠ ᠲᠠᠷᠢᠶᠠᠯᠠᠩ ᠮᠠᠯ ᠠᠵᠤ ᠠᠬᠤᠢ ᠶᠢᠨ ᠬᠤᠪᠢᠳᠠᠨ ᠬᠠᠮᠢᠶᠠᠷᠬᠤ ᠳᠡᠳ᠋ ᠲᠤᠰᠢᠶᠠᠯᠲᠠᠨ | ᠬᠤᠷᠠᠯ ᠳᠤ ᠤᠷᠤᠯᠴᠠᠪᠠ᠃ |