ᠵᠠᠷᠤᠳ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠠᠵᠤ ᠠᠬᠤᠶᠢᠯᠠᠯ ᠲᠠᠢ ᠬᠤᠯᠪᠣᠭᠳᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠤᠨ ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠵᠦ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠵᠦ  ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2022/10/25
    ᠵᠠᠷᠭᠤ ᠶᠢᠨ ᠦᠢᠯᠡᠴᠢᠯᠡᠭᠡᠨ ᠤ ᠴᠣᠩᠬᠤᠪᠴᠢ ᠶᠢᠨ ᠰᠢᠯᠢᠳᠡᠭ ᠦᠢᠯᠡᠴᠢᠯᠡᠭᠡᠨ ᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠦᠯᠦᠭᠡ᠂ ᠣᠶᠢᠷ᠎ᠠ ᠳᠤ᠂ ᠬᠤᠰᠢᠭᠤᠨ ᠤ ᠪᠠᠶᠢᠴᠠᠭᠠᠬᠤ ᠬᠤᠷᠢᠶᠠᠨ ᠤ 12309 ᠦᠢᠯᠡᠴᠢᠯᠡᠭᠡᠨ ᠤ ᠲᠥᠪ ᠠᠵᠤ ᠠᠬᠤᠶᠢᠯᠠᠯ ᠲᠠᠢ ᠬᠤᠯᠪᠣᠭᠳᠠᠭᠰᠠᠨ ᠬᠡᠷᠡᠭ ᠤᠨ ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠵᠦ᠂ ᠠᠵᠤ ᠠᠬᠤᠶᠢᠯᠠᠯ ᠲᠠᠢ ᠬᠤᠯᠪᠣᠭᠳᠠᠬᠤ ᠬᠡᠷᠡᠭ ᠶᠠᠪᠣᠳᠠᠯ ᠢ ᠭᠥᠯᠢᠶᠡᠨ ᠠᠪᠬᠤ ᠴᠣᠩᠬᠤᠪᠴᠢ ᠶᠢ ᠲᠤᠰᠬᠠᠶᠢᠯᠠᠨ ᠪᠠᠶᠢᠭᠤᠯᠵᠤ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠬᠠᠤᠯᠢ ᠴᠠᠭᠠᠵᠠ ᠵᠠᠷᠭᠤ ᠳᠤ ᠬᠤᠯᠪᠣᠭᠳᠠᠬᠤ ᠲᠠᠯ᠎ᠠ ᠶᠢᠨ ᠠᠰᠠᠭᠤᠳᠠᠯ ᠢ ᠬᠢᠨᠠᠮᠠᠭᠠᠢ ᠴᠤᠭᠯᠠᠭᠤᠯᠵᠤ᠂ ᠡᠯ᠎ᠡ ᠵᠦᠢᠯ ᠤᠨ ᠪᠠᠶᠢᠴᠠᠭᠠᠬᠤ ᠡᠭᠦᠷᠭᠡ ᠴᠢᠳᠠᠪᠤᠷᠢ ᠪᠠᠨ ᠶᠡᠷᠦᠩᠬᠡᠶᠢᠯᠡᠨ ᠬᠡᠷᠡᠭᠯᠡᠵᠦ᠂ ᠠᠵᠤ ᠠᠬᠤᠶᠢᠯᠠᠯ ᠳᠤ ᠬᠠᠤᠯᠢ ᠴᠠᠭᠠᠵᠠ ᠶᠢᠨ ᠵᠥᠪᠯᠡᠯᠭᠡ ᠬᠠᠩᠭᠠᠬᠤ ᠶᠢᠨ ᠬᠠᠮᠲᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠥᠷᠨᠢᠭᠦᠯᠵᠦ᠂ ᠪᠠᠶᠢᠴᠠᠭᠠᠬᠤ ᠬᠡᠪᠴᠢᠶᠡᠨ ᠤ ᠦᠢᠯᠡᠴᠢᠯᠡᠭᠡ ᠪᠠᠷ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠠ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠬᠦᠴᠦ ᠨᠡᠮᠡᠷᠢᠯᠡᠪᠡ᠃
84941253162a516630cc4c1f161d94f.jpg   
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号