10 ᠰᠠᠷ᠎ᠠ ᠶᠢᠨ 25 ᠤ ᠡᠳᠦᠷ᠂ ᠵᠠᠷᠤᠳ ᠬᠤᠰᠢᠭᠤ 2023 ᠣᠨ ᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠬᠤᠷᠢᠶᠠᠬᠤ ᠠᠵᠢᠯ ᠤᠨ | ᠳᠠᠶᠢᠴᠢᠯᠠᠯᠲᠠ ᠶᠢᠨ ᠬᠤᠷᠠᠯ ᠬᠢᠪᠡ᠃ ᠳᠡᠳ᠋ ᠬᠤᠰᠢᠭᠤᠨ ᠳᠠᠷᠤᠭ᠎ᠠ ᠭᠦᠸᠧ ᠶᠠ ᠹᠧᠩ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠪᠠ᠃ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠰᠤᠮᠤ | ᠪᠠᠯᠭᠠᠰᠤ ᠲᠠᠯᠠᠪᠠᠶ᠂ ᠯᠦᠪᠸᠢ ᠵᠡᠭᠡᠯᠢ ᠭᠤᠳᠤᠮᠵᠢ ᠶᠢᠨ ᠭᠤᠣᠯ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤ | ᠲᠠᠯᠠᠪᠠᠶ ᠶᠢᠨ ᠨᠡᠶᠢᠭᠡᠮ ᠤᠨ ᠳᠠᠭᠠᠳᠬᠠᠯ ᠤᠨ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠤᠨ ᠠᠵᠢᠯᠲᠠᠨ᠂ ᠡᠯ᠎ᠡ | ᠨᠡᠶᠢᠭᠡᠮ ᠲᠣᠭᠤᠷᠢᠭ ᠤᠨ ᠡᠷᠬᠢᠯᠡᠭᠴᠢ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠲᠠᠰᠤᠭ | ᠵᠢᠴᠢ ᠲᠠᠲᠠᠪᠤᠷᠢᠯᠠᠨ ᠬᠤᠷᠢᠶᠠᠬᠤ ᠬᠤᠪᠢᠶᠠᠷᠢ ᠲᠣᠪᠴᠢᠶ᠎ᠠ ᠶᠢᠨ ᠬᠠᠷᠢᠭᠤᠴᠠᠯᠭᠠᠲᠠᠨ᠂ ᠬᠤᠰᠢᠭᠤᠨ ᠤ ᠡᠮ | ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠠᠵᠢᠯᠲᠠᠨ ᠨᠡᠶᠢᠲᠡ 80 ᠭᠠᠷᠤᠢ ᠬᠥᠮᠥᠨ ᠬᠤᠷᠠᠯ ᠳᠤ ᠤᠷᠤᠯᠴᠠᠪᠠ᠃ | | | | | | ᠭᠦᠸᠧ ᠶᠠ ᠹᠧᠩ ᠠᠴᠠ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠠᠵᠢᠯ ᠢ ᠰᠠᠶᠢᠲᠤᠷ | ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠬᠤ ᠬᠡᠷᠡᠭᠲᠡᠢ᠃ ᠡᠯ᠎ᠡ ᠭᠠᠵᠠᠷ ᠤᠨ ᠬᠢᠨ ︽ᠲᠠᠭᠠᠳᠬᠠᠬᠤ ᠶᠣᠰᠣᠲᠠᠢ | ᠪᠦᠬᠦᠨ ᠢ ᠲᠠᠭᠠᠳᠬᠠᠬᠤ᠂ ᠦᠨᠳᠦᠰᠦᠨ ᠵᠦᠢᠯ ᠢ ᠪᠠᠲᠤᠯᠠᠬᠤ᠂ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢ | ᠬᠠᠤᠯᠢ ᠶᠣᠰᠣᠭᠠᠷ ᠪᠥᠬᠦ ᠠᠷᠠᠳ ᠢ ᠬᠠᠮᠤᠷᠬᠤ︾ ᠶᠢ ᠡᠮ ᠡᠮᠨᠡᠯᠭᠡ ᠶᠢᠨ ᠳᠠᠭᠠᠳᠬᠠᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢᠨ ᠦᠨᠳᠦᠰᠦᠨ ᠵᠠᠷᠴᠢᠮ ᠤᠨ ᠨᠢᠭᠡ ᠪᠣᠯᠭᠠᠵᠤ᠂ ᠪᠥᠬᠦ ᠠᠷᠠᠳ ᠢᠶᠠᠷ ᠢᠶᠠᠨ ᠳᠠᠭᠠᠳᠬᠠᠯ ᠳᠤ | ᠣᠷᠤᠯᠴᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠰᠠᠶᠢᠲᠤᠷ ᠬᠢᠬᠦ ᠬᠡᠷᠡᠭᠲᠡᠢ᠃ | ᠳᠠᠭᠠᠳᠬᠠᠯ ᠳᠤ ᠣᠷᠤᠯᠴᠠᠬᠤ ᠶᠣᠰᠣᠲᠠᠢ ᠬᠥᠮᠥᠰ ᠤᠨ ᠰᠠᠭᠤᠷᠢ ᠲᠤᠭ᠎ᠠ ᠶᠢ ᠣᠨᠣᠪᠴᠢᠲᠠᠶ ᠡᠵᠡᠮᠰᠢᠬᠦ ᠬᠡᠷᠡᠭᠲᠡᠢ᠃ | ᠪᠥᠬᠦ ᠠᠷᠠᠳ ᠢᠶᠠᠷ ᠢᠶᠠᠨ ᠳᠠᠭᠠᠳᠬᠠᠯ ᠳᠤ ᠤᠷᠤᠯᠴᠠᠬᠤ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠤᠨ | ᠪᠦᠷᠢᠨᠰᠢᠭᠦᠯᠵᠦ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠵᠤ ᠬᠠᠷᠭᠤᠭᠤᠯᠤᠨ ᠪᠠᠶᠢᠴᠠᠭᠠᠬᠤ ᠰᠢᠰᠲ᠋ᠧᠮ ᠢ | ᠰᠦᠪᠡᠭᠴᠢᠯᠡᠨ ᠪᠠᠶᠢᠭᠤᠯᠵᠤ᠂ ︽ᠲᠣᠮᠣ ᠳ᠋ᠠᠶᠢᠲ᠋ᠠ + ᠲᠣᠥᠷᠵᠢᠭᠤᠯᠬᠤ︾ ᠠᠷᠭ᠎ᠠ ᠬᠡᠮᠵᠢᠶ᠎ᠡ ᠠᠪᠴᠤ ᠪᠠᠶᠢᠭᠠᠳ | ᠳᠠᠭᠠᠳᠬᠠᠯ ᠳᠤ ᠣᠷᠣᠯᠴᠠᠭᠰᠠᠨ ᠦᠭᠡᠢ ᠬᠥᠮᠥᠰ ᠤᠨ ᠮᠡᠳᠡᠭᠡ ᠵᠠᠩᠭᠢ ᠶᠢ ᠡᠷᠢᠨ ᠭᠠᠷᠭᠠᠵᠤ᠂ ᠳᠠᠭᠠᠳᠬᠠᠯ ᠳᠤ | ᠣᠷᠣᠯᠴᠠᠵᠤ ᠰᠦᠢᠳᠬᠡᠯ ᠲᠤᠰᠢᠶᠠᠬᠤ ᠳᠠᠶᠢᠴᠢᠯᠠᠯᠲᠠ ᠪᠠ ᠤᠬᠠᠭᠤᠯᠭ᠎ᠠ ᠶᠢ ᠬᠠᠨᠳᠤᠯᠭ᠎ᠠ ᠲᠠᠢ ᠥᠷᠨᠢᠭᠦᠯᠵᠦ᠂ | 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠲᠥᠪᠯᠡᠷᠡᠭᠦᠯᠦᠨ | ᠰᠦᠢᠳᠬᠡᠯ ᠲᠤᠰᠢᠶᠠᠬᠤ ᠪᠠ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠵᠤ ᠬᠠᠷᠭᠤᠭᠤᠯᠤᠨ ᠪᠠᠶᠢᠴᠠᠭᠠᠬᠤ | ᠰᠢᠰᠲ᠋ᠧᠮ ᠤᠨ ᠲᠤᠭ᠎ᠠ ᠪᠠᠷᠢᠮᠲᠠ ᠶᠢᠨ ᠰᠢᠨᠡᠴᠢᠯᠡᠯᠲᠡ ᠶᠢ ᠵᠡᠷᠭᠡ ᠳᠤᠨᠢ ᠪᠡᠶᠡᠯᠡᠭᠦᠯᠬᠦ ᠶᠢ ᠦᠨᠡᠨᠬᠦ ᠪᠠᠳᠤᠯᠠᠬᠤ ᠬᠡᠷᠡᠭᠳᠠᠢ᠃ | ᠤᠬᠠᠭᠤᠯᠵᠤ ᠬᠥᠲᠥᠯᠥᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠦᠨᠳᠦᠰᠦᠨ ᠱᠠᠲᠤᠨ ᠤ | ᠺᠠᠳ᠋ᠷ᠂ ᠰᠣᠷᠣᠭᠴᠢ᠂ ᠬᠥᠳᠡᠭᠡ ᠲᠣᠰᠬᠤᠨ ᠤ ᠡᠮᠴᠢ ᠶᠢᠨ ᠤᠬᠠᠭᠤᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ | ᠂ ᠳᠠᠭᠠᠳᠬᠠᠯ ᠳᠤ ᠣᠷᠤᠯᠴᠠᠬᠤ ᠶᠢᠨ ᠴᠢᠬᠤᠯᠠ ᠴᠢᠨᠠᠷ᠂ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠪᠠᠨ | ᠮᠡᠳᠡᠬᠦᠯᠬᠦ ᠠᠷᠭ᠎ᠠ ᠵᠢᠴᠢ ᠲᠠᠰ ᠳᠠᠷᠠᠭᠠᠯᠠᠯ ᠪᠠ ᠬᠠᠷᠢᠴᠠᠯ ᠵᠡᠷᠭᠡ ᠶᠢ ᠪᠣᠳᠠᠲᠤ ᠵᠢᠱᠢᠶ᠎ᠡ ᠲᠠᠳᠠᠵᠦ ᠥᠷᠭᠡᠨ ᠣᠯᠠᠨ | ᠲᠦᠮᠡᠨ ᠳᠤ ᠲᠣᠳᠣᠷᠬᠠᠶᠢᠯᠠᠨ ᠥᠭᠴᠦ᠂ ᠭᠠᠳᠠᠨ᠎ᠠ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ ᠤᠨ ᠲᠣᠰ ᠭᠠᠵᠠᠷ | ᠳᠠᠭᠠᠨ ᠳᠠᠭᠠᠳᠬᠠᠯ ᠳᠤ ᠣᠷᠤᠯᠴᠠᠬᠤ ᠨᠣᠷᠮ᠎ᠠ ᠶᠢ ᠦᠷᠭᠡᠳᠭᠡᠬᠦ ᠬᠡᠷᠡᠭᠳᠠᠢ᠃ ᠡᠯ᠎ᠡ ᠭᠠᠵᠠᠷ ᠣᠷᠣᠨ ᠵᠢᠴᠢ ᠡᠮ | ᠡᠮᠨᠡᠯᠭᠡ ᠶᠢᠨ ᠳᠠᠭᠠᠳᠬᠠᠯ᠂ ᠭᠠᠶᠢᠯᠢ ᠶᠢᠨ ᠶᠠᠪᠤᠳᠠᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠬᠢᠨ ᠨᠢᠭᠲᠠ | ᠬᠠᠮᠵᠢᠯᠴᠠᠨ᠂ ᠲᠠᠰ ᠳᠠᠷᠠᠭᠠᠯᠠᠯ ᠢ ᠳᠥᠭᠦᠮᠴᠢᠯᠡᠵᠦ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠠᠪᠤᠴᠠ | ᠶᠢ ᠰᠢᠯᠢᠳᠡᠭᠵᠢᠭᠦᠯᠦᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠰᠦᠢᠳᠬᠡᠯ ᠲᠤᠰᠢᠶᠠᠬᠤ ᠠᠷᠭ᠎ᠠ ᠮᠠᠶ᠋ᠢᠭ ᠢ | ᠭᠦᠢᠴᠡᠳ ᠠᠰᠢᠭᠯᠠᠵᠤ᠂ ᠬᠤᠷᠢᠶᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠭᠤᠣᠯᠳᠠᠯᠭ᠎ᠠ ᠲᠠᠢ | ᠬᠦᠮᠤᠰ ᠢ ᠳᠠᠭᠠᠳᠬᠠᠯ ᠳᠤ ᠤᠷᠤᠯᠴᠠᠭᠤᠯᠬᠤ ᠠᠵᠢᠯ ᠢ ᠲᠣᠪᠣᠶᠢᠮ᠎ᠠ ᠰᠠᠶᠢᠲᠤᠷ ᠬᠢᠵᠦ᠂ ᠬᠡᠳᠦᠨ ᠲᠥᠷᠥᠯ ᠤᠨ | ᠭᠤᠣᠯᠳᠠᠯᠭ᠎ᠠ ᠲᠠᠢ ᠬᠦᠮᠤᠰ ᠲᠤ ᠠᠩᠬᠠᠷᠤᠯ ᠢᠶᠠᠨ ᠲᠥᠪᠯᠡᠷᠡᠭᠦᠯᠦᠨ᠂ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ | ᠠᠪᠴᠤ ᠲᠥᠷᠥᠯ ᠬᠤᠪᠢᠶᠠᠨ ᠲᠣᠭᠲᠠᠭᠠᠵᠤ᠂ ᠨᠢᠭᠡ ᠨᠢᠭᠡ ᠪᠠᠷ ᠰᠢᠪᠲᠤᠯᠤᠯᠲᠠ ᠭᠠᠷᠭᠠᠵᠤ᠂ ᠬᠦᠴᠢᠷᠳᠡᠯᠲᠡᠢ ᠣᠯᠠᠨ | ᠲᠦᠮᠡᠨ ᠤ ᠲᠠᠭᠠᠳᠬᠠᠯ ᠳᠤ ᠤᠷᠤᠯᠴᠠᠪᠠᠯ ᠶᠣᠰᠣᠲᠠᠢ ᠪᠦᠬᠦᠨ ᠢ ᠲᠠᠭᠠᠳᠬᠠᠯ ᠳᠤ ᠤᠷᠤᠭᠤᠯᠬᠤ ᠶᠢ ᠦᠨᠡᠨ ᠬᠦ | ᠪᠠᠲᠤᠯᠠᠬᠤ ᠬᠡᠷᠡᠭᠲᠡᠢ ᠭᠡᠪᠡ᠃ | | | | | ᠭᠦᠸᠧ ᠶᠠ ᠹᠥ᠋ᠩ ᠱᠠᠭᠠᠷᠳᠠᠭᠰᠠᠨ ᠨᠢ᠂ ᠰᠠᠯᠠᠭ᠎ᠠ ᠮᠥᠴᠢᠷ ᠬᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ | ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ | ᠲᠥᠷᠥ ᠶᠢᠨ ᠪᠣᠳᠣᠯᠭ᠎ᠠ ᠶᠢᠨ ᠵᠢᠯᠣᠭᠤᠳᠤᠯᠭ᠎ᠠ ᠪᠠ ᠲᠤᠬᠠᠶᠢᠯᠠᠭᠰᠠᠨ ᠠᠵᠢᠯ ᠤᠨ ᠬᠠᠮᠢᠶᠠᠷᠤᠯᠳᠠ ᠪᠠᠨ ᠴᠢᠩᠭᠠᠳᠬᠠᠵᠦ᠂ | ᠪᠡᠯᠡ ᠮᠥᠩᠭᠦ ᠬᠤᠷᠢᠶᠠᠭᠰᠠᠨ ᠠᠬᠢᠴᠠ ᠶᠢᠨ ᠪᠠᠶᠢᠳᠠᠯ ᠢᠶᠠᠨ ᠴᠠᠭ ᠲᠤᠬᠠᠢ ᠳᠤᠨᠢ᠂ ᠡᠮᠬᠢᠯᠡᠵᠦ᠂ ᠬᠤᠷᠢᠶᠠᠩᠭᠤᠶᠢᠯᠠᠵᠤ | ᠂ ᠵᠠᠷᠯᠠᠨ ᠮᠡᠳᠡᠭᠳᠡᠵᠦ᠂ ᠡᠯ᠎ᠡ ᠭᠠᠵᠠᠷ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ | ᠳᠠᠭᠠᠳᠬᠠᠯ ᠳᠤ ᠣᠷᠣᠯᠴᠠᠭᠰᠠᠨ ᠪᠡᠯᠡ ᠮᠥᠩᠭᠦ ᠪᠣᠯᠣᠨ ᠨᠥᠬᠦᠪᠦᠷᠢ ᠪᠡᠯᠡ ᠮᠥᠩᠭᠦ ᠶᠢ ᠴᠠᠭ ᠲᠤᠬᠠᠢ ᠳᠤᠨᠢ ᠰᠠᠭᠤᠷᠢ | ᠮᠥᠩᠭᠦᠨ ᠤ ᠲᠤᠰᠬᠠᠢ ᠲᠠᠩᠰᠠᠨ ᠡᠷᠦᠬᠡ ᠳᠤ ᠲᠤᠰᠢᠶᠠᠵᠤ᠂ ᠬᠤᠶᠠᠷ ᠢ ᠲᠣᠭᠲᠠᠭᠠᠭᠰᠠᠨ ᠪᠠᠶᠢᠭᠤᠯᠤᠮᠵᠢ ᠶᠢᠨ | ᠦᠢᠯᠡᠴᠢᠯᠡᠭᠡᠨ ᠤ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠰᠠᠭᠤᠷᠢ ᠮᠥᠩᠭᠦ ᠬᠤᠷᠢᠶᠠᠬᠤ᠂ | ᠬᠠᠮᠢᠶᠠᠷᠬᠤ ᠪᠠ ᠠᠵᠢᠯᠯᠠᠭᠤᠯᠬᠤ ᠲᠣᠭᠲᠠᠴᠠ ᠶᠢ ᠢᠳᠡᠪᠬᠢᠲᠡᠢ ᠪᠦᠷᠢᠨᠰᠢᠭᠦᠯᠵᠦ᠂ ᠰᠠᠭᠤᠭᠠᠯᠢ ᠠᠷᠠᠳ ᠤᠨ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠦᠨᠡᠨᠬᠦ ᠪᠠᠳᠤᠯᠠᠬᠤ | ᠬᠡᠷᠡᠭᠳᠠᠢ︔ ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠬᠢᠨ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠤᠷᠢᠶᠠᠬᠤ᠂ ᠬᠡᠷᠡᠭᠯᠡᠬᠦ ᠪᠥᠬᠦ ᠶᠠᠪᠤᠴᠠ ᠳᠤ | ᠬᠢᠨᠠᠯᠲᠠ ᠲᠠᠯᠪᠢᠵᠤ ᠵᠢᠯᠤᠭᠤᠳᠬᠤ ᠪᠠᠨ ᠦᠨᠡᠨ ᠬᠦ ᠴᠢᠩᠭᠠᠳᠬᠠᠵᠤ᠂ ᠲᠣᠰ ᠱᠠᠲᠤᠨ ᠤ ᠡᠳ᠋ ᠤᠨ ᠵᠠᠰᠠᠭ ᠤᠨ | ᠨᠥᠬᠦᠪᠦᠷᠢ ᠶᠢᠨ ᠪᠡᠯᠡ ᠮᠥᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠪᠣᠳᠠᠲᠠᠶᠢᠵᠢᠭᠤᠯᠬᠤ ᠶᠢ ᠪᠠᠲᠤᠯᠠᠬᠤ | ᠬᠡᠷᠡᠭᠲᠡᠢ︔ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠬᠢᠨ ᠴᠡᠴᠡᠷᠯᠢᠭ ᠲᠤ ᠣᠷᠣᠭᠰᠠᠨ | ᠬᠡᠦᠬᠡᠳ᠂ ᠰᠤᠷᠭᠠᠭᠤᠯᠢ ᠳᠤ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠳᠠᠭᠠᠳᠬᠠᠯ ᠳᠤ | ᠣᠷᠤᠯᠴᠠᠬᠤ ᠠᠵᠢᠯ ᠢ ᠵᠣᠬᠢᠴᠠᠭᠤᠯᠤᠨ ᠰᠠᠶᠢᠲᠤᠷ ᠬᠢᠵᠦ᠂ ᠲᠠᠭᠠᠳᠬᠠᠬᠤ ᠶᠣᠰᠣᠲᠠᠢ ᠪᠦᠬᠦᠨ ᠢ ᠲᠠᠭᠠᠳᠬᠠᠬᠤ | ᠬᠡᠷᠡᠭᠳᠠᠢ︔ ᠬᠤᠰᠢᠭᠤᠨ ᠤ ᠠᠷᠠᠳ ᠤᠨ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ | ᠬᠥᠮᠥᠰ᠂ ᠣᠨᠴᠠ ᠬᠦᠴᠢᠷᠳᠡᠯᠲᠡᠢ ᠠᠪᠤᠷᠠᠨ ᠲᠤᠰᠠᠯᠠᠵᠤ ᠠᠰᠠᠷᠠᠨ ᠲᠡᠵᠢᠭᠡᠵᠦ ᠪᠠᠶᠢᠭ᠎ᠠ ᠬᠥᠮᠥᠰ ︵ᠲᠠᠪᠤᠨ | ᠪᠠᠲᠤᠯᠠᠭᠠᠲᠤ ᠡᠷᠦᠬᠡ ᠵᠢᠴᠢ ᠭᠤᠷᠪᠠ ᠦᠭᠡᠢ ᠬᠥᠮᠥᠰ︶᠂ ᠥᠨᠥᠴᠢᠨ ᠬᠡᠦᠬᠡᠳ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠢᠨᠠᠨ ᠰᠢᠯᠭᠠᠬᠤ ᠡᠲᠡᠭᠡᠳ ︵ᠶᠠᠳᠠᠭᠤ ᠠᠴᠠ | ᠠᠩᠭᠢᠵᠢᠷᠠᠭᠤᠯᠤᠭᠰᠠᠨ ᠴᠤ ᠲᠣᠭᠲᠠᠭᠤᠨ ᠪᠤᠰᠤ᠂ ᠵᠠᠬ᠎ᠠ ᠬᠦᠪᠡᠭᠡ ᠶᠢᠨ ᠶᠠᠳᠠᠭᠤ ᠬᠦᠴᠢᠷᠳᠡᠯᠲᠡᠢ ᠡᠷᠦᠬᠡ︶᠂ ᠨᠢᠭᠡ | ᠬᠤᠶᠠᠳᠤᠭᠠᠷ ᠳᠡᠰ ᠤᠨ ᠵᠡᠮᠳᠡᠭᠴᠦᠳ ᠪᠠ ᠨᠠᠰᠤᠨ ᠳᠤ ᠥᠯᠥ ᠬᠦᠷᠦᠭᠰᠡᠨ ᠵᠡᠮᠳᠡᠭᠴᠦᠳ᠂ ᠠᠰᠠᠷᠠᠨ ᠬᠠᠷᠠᠭᠠᠯᠵᠠᠬᠤ | ᠡᠲᠡᠭᠡᠳ ᠵᠡᠷᠭᠡ ᠬᠤᠪᠢᠳᠠᠨ ᠬᠠᠮᠢᠶᠠᠷᠴᠤ ᠪᠠᠶᠢᠭ᠎ᠠ ᠡᠲᠡᠭᠡᠳ ᠤᠨ ᠪᠡᠶ᠎ᠡ ᠶᠢᠨ ᠭᠠᠷᠤᠯ ᠢ ᠢᠯᠭᠠᠨ ᠲᠠᠨᠢᠬᠤ᠂ ᠠᠪᠤᠷᠠᠨ | ᠲᠤᠰᠠᠯᠠᠬᠤ᠂ ᠦᠢᠯᠡᠴᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠦᠴᠢᠷᠳᠡᠯᠲᠡᠢ ᠣᠯᠠᠨ | ᠲᠦᠮᠡᠨ ᠤ ᠳᠠᠭᠠᠳᠬᠠᠯ ᠳᠤ ᠤᠷᠤᠬᠤ ᠶᠢ ᠳᠠᠶᠢᠴᠢᠯᠠᠬᠤ ᠠᠵᠢᠯ ᠢ ᠬᠠᠪᠰᠤᠷᠤᠨ ᠰᠠᠶᠢᠲᠤᠷ ᠬᠢᠵᠦ᠂ ᠰᠢᠨ᠎ᠡ ᠪᠠᠷ | ᠮᠠᠭᠠᠳᠯᠠᠨ ᠲᠣᠭᠲᠠᠭᠠᠭᠰᠠᠨ ᠬᠠᠮᠢᠶ᠎ᠠ ᠪᠦᠬᠦᠢ ᠪᠡᠶ᠎ᠡ ᠶᠢᠨ ᠭᠠᠷᠤᠯ ᠲᠠᠢ ᠬᠥᠮᠥᠰ ᠤᠨ ᠮᠡᠳᠡᠭᠡ ᠵᠠᠩᠭᠢ ᠶᠢ ᠤᠯᠠᠷᠢᠯ | ᠪᠤᠶᠤ ᠰᠠᠷ᠎ᠠ ᠪᠠᠷ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠪᠠ ᠬᠠᠷᠢᠶ᠎ᠠ ᠭᠠᠵᠠᠷ ᠲᠤ ᠬᠦᠷᠭᠡᠨ ᠥᠭᠴᠦ᠂ | ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠰᠠᠶᠢᠲᠤᠷ ᠬᠢᠵᠦ᠂ ᠬᠦᠴᠢᠷᠳᠡᠯᠲᠡᠢ ᠣᠯᠠᠨ ᠲᠦᠮᠡᠨ ᠤ ᠵᠠᠭᠤᠨ ᠤ | ᠵᠠᠭᠤ ᠪᠠᠷ ᠳᠠᠭᠠᠳᠬᠠᠯ ᠳᠤ ᠣᠷᠤᠯᠴᠠᠬᠤ ᠶᠢ ᠦᠨᠡᠨᠬᠦ ᠪᠠᠲᠤᠯᠠᠵᠤ᠂ ᠡᠮᠴᠢᠯᠡᠭᠡᠨ ᠤ ᠳᠠᠭᠠᠳᠬᠠᠯ ᠤᠨ ᠣᠯᠭᠤᠮᠵᠢ ᠶᠢ | ᠴᠠᠭ ᠲᠤᠬᠠᠢ ᠳᠤᠨᠢ ᠬᠦᠷᠳᠡᠭᠡᠬᠦ ᠬᠡᠷᠡᠭᠳᠠᠢ︔ ᠬᠤᠰᠢᠭᠤᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ | ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ ᠤᠬᠠᠭᠤᠯᠤᠨ ᠲᠠᠶᠢᠯᠪᠤᠷᠢᠯᠠᠬᠤ ᠠᠵᠢᠯ ᠢ | ᠰᠠᠶᠢᠲᠤᠷ ᠬᠢᠵᠦ᠂ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠵᠥᠭᠡᠯᠡᠨ ᠲᠣᠨᠤᠭ ᠢ ᠵᠢᠯᠣᠭᠤᠳᠤᠨ ᠬᠡᠷᠡᠭᠯᠡᠵᠦ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠤᠯᠴᠠᠬᠤ ᠰᠦᠢᠳᠬᠡᠯ ᠢ ᠬᠡᠪ ᠤᠨ ᠶᠣᠰᠣᠭᠠᠷ | ᠬᠤᠷᠢᠶᠠᠨ ᠠᠪᠬᠤ ᠶᠢ ᠪᠠᠳᠤᠯᠠᠬᠤ ᠬᠡᠷᠡᠭᠳᠠᠢ︔ ᠬᠤᠰᠢᠭᠤ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠲᠠᠰᠤᠭ | ᠨᠢ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠡᠯ᠎ᠡ ᠵᠦᠢᠯ ᠤᠨ ᠠᠵᠢᠯ ᠤᠨ ᠠᠬᠢᠴᠠ ᠶᠢᠨ ᠪᠠᠶᠢᠳᠠᠯ ᠳᠤ | ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠢ ᠱᠠᠭᠠᠷᠳᠠᠨ ᠪᠠᠶᠢᠴᠠᠭᠠᠯᠲᠠ ᠥᠷᠨᠢᠭᠦᠯᠵᠦ᠂ ᠠᠵᠢᠯ ᠤᠨ ᠤᠷᠤᠭᠰᠢᠲᠠᠢ | ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠪᠡ᠃ | ᠬᠤᠷᠠᠯ ᠳᠡᠭᠡᠷ᠎ᠡ᠂ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ | ᠬᠠᠷᠢᠭᠤᠴᠠᠯᠭᠠᠲᠠᠨ ᠠᠴᠠ 2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠤᠷᠢᠶᠠᠭᠰᠠᠨ ᠪᠠᠶᠢᠳᠠᠯ ᠢ ᠮᠡᠳᠡᠭᠳᠡᠵᠦ᠂ 2023 ᠣᠨ ᠤ ᠡᠮ | ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ︔ | ᠵᠠᠷᠢᠮ ᠰᠤᠮᠤ ᠪᠠᠯᠭᠠᠰᠤ ᠲᠠᠯᠠᠪᠠᠢ᠂ ᠯᠦᠪᠸᠢ ᠵᠡᠭᠡᠯᠢ ᠭᠤᠳᠤᠮᠵᠢ ᠶᠢᠨ ᠬᠢᠨ ᠶᠠᠷᠢᠶ᠎ᠠ ᠲᠠᠯᠪᠢᠪᠠ︔ ᠬᠤᠰᠢᠭᠤᠨ ᠤ | ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ | ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ | |