ᠵᠠᠩ ᠴᠦᠨ ᠾᠦᠢ ᠪᠠᠶᠠᠨᠲᠠᠯ᠎ᠠ ᠰᠤᠮᠤ ᠶᠢᠨ ᠨᠠᠰᠤᠲᠠᠨ ᠢ ᠠᠰᠠᠷᠠᠬᠤ ᠬᠦᠷᠢᠶᠡᠯᠡᠩ ᠳᠤ ᠬᠦᠷᠴᠦ ᠪᠠᠶᠢᠴᠠᠭᠠᠨ ᠰᠤᠳᠣᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/10/26
       10 ᠰᠠᠷ᠎ᠠ ᠶᠢᠨ 25 ᠤ ᠡᠳᠦᠷ᠂ ᠵᠠᠷᠤᠳ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠴᠦᠨ‌ᠾᠦ᠋ᠢ  ᠬᠠᠮᠲᠤ ᠶᠠᠪᠣᠭᠰᠠᠳ ᠲᠠᠢ ᠪᠠᠨ  ᠪᠠᠶᠠᠨᠲᠠᠯ᠎ᠠ ᠰᠤᠮᠤ ᠶᠢᠨ ᠨᠠᠰᠤᠲᠠᠨ ᠢ ᠠᠰᠠᠷᠠᠬᠤ ᠬᠦᠷᠢᠶᠡᠯᠡᠩ ᠳᠤ ᠬᠦᠷᠴᠦ ᠪᠠᠶᠢᠴᠠᠭᠠᠨ ᠰᠤᠳᠣᠯᠵᠤ ᠵᠢᠭᠠᠨ ᠵᠢᠯᠣᠭᠤᠳᠪᠠ᠃
bd4587e115953abb6ccee03c7118b29.jpg
    ᠵᠠᠩ ᠴᠦᠨ‌ᠾᠦ᠋ᠢ ᠬᠠᠮᠲᠤ ᠶᠠᠪᠣᠭᠰᠠᠳ ᠲᠠᠢ ᠪᠠᠨ ᠨᠠᠰᠤᠲᠠᠨ ᠢ ᠠᠰᠠᠷᠠᠬᠤ ᠬᠦᠷᠢᠶᠡᠯᠡᠩ ᠤᠨ ᠪᠠᠶᠢᠭᠤᠯᠤᠯᠲᠠ ᠪᠣᠯᠣᠨ ᠡᠳᠦᠷ ᠲᠤᠳᠤᠮ ᠤᠨ ᠠᠵᠢᠯᠯᠠᠭᠠᠨ ᠤ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠠᠮᠤᠷ ᠲᠦᠪᠰᠢᠨ ᠤ ᠠᠷᠭ᠎ᠠ ᠬᠡᠮᠵᠢᠶ᠎ᠡ᠂ ᠬᠢᠵᠢᠭ ᠢ ᠰᠡᠷᠭᠡᠶᠢᠯᠡᠨ ᠡᠵᠡᠮᠳᠡᠬᠦ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠲᠠᠯ᠎ᠠ ᠶᠢᠨ ᠠᠵᠢᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠨᠠᠰᠤᠲᠠᠨ ᠢ ᠠᠰᠠᠷᠠᠬᠤ ᠬᠦᠷᠢᠶᠡᠯᠡᠩ ᠤᠨ ᠪᠠᠶᠢᠭᠤᠯᠤᠯᠲᠠ ᠡᠵᠡᠩᠨᠡᠯᠲᠡ᠂ ᠬᠥᠭᠵᠢᠯᠲᠡ ᠶᠢᠨ ᠴᠢᠭᠯᠡᠯ ᠵᠢᠴᠢ ᠨᠠᠰᠤᠵᠢᠯ ᠤᠨ ᠦᠢᠯᠡᠴᠢᠯᠡᠭᠡᠨ ᠤ ᠬᠡᠷᠡᠭᠴᠡᠭᠡ᠂ ᠴᠢᠳᠠᠪᠤᠷᠢᠲᠠᠨ ᠤ ᠡᠩᠨᠡᠭᠡ ᠶᠢ ᠬᠥᠮᠥᠵᠢᠭᠦᠯᠬᠦ ᠪᠠᠶᠢᠭᠤᠯᠤᠯᠲᠠ ᠵᠡᠷᠭᠡ ᠪᠠᠶᠢᠳᠠᠯ ᠤᠨ ᠲᠤᠬᠠᠢ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠭᠦᠨᠵᠡᠭᠡᠢ ᠰᠣᠯᠢᠯᠴᠠᠨ ᠶᠠᠷᠢᠯᠴᠠᠪᠠ᠃
e3066d022faf5879e9514c8898121d3.jpg
    ᠵᠠᠩ ᠴᠦᠨ ᠾᠦᠢ  ᠴᠢᠬᠤᠯᠠᠴᠢᠯᠠᠭᠰᠠᠨ ᠨᠢ᠂ ᠬᠢᠵᠢᠭ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠦᠷᠢᠶᠡᠯᠡᠩ ᠤᠨ ᠨᠠᠰᠤᠲᠠᠶᠢᠴᠤᠳ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ︔ ᠠᠵᠢᠯ ᠡᠷᠬᠢᠯᠡᠭᠰᠡᠳ ᠢ ᠪᠣᠯᠪᠠᠰᠣᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠦᠢᠯᠡᠴᠢᠯᠡᠭᠡᠨ ᠤ ᠬᠢᠷᠢ ᠬᠡᠮᠵᠢᠶ᠎ᠡ ᠢᠶᠠᠨ ᠳᠡᠭᠡᠭᠰᠢᠯᠡᠭᠦᠯᠦᠨ᠂ ︽ᠬᠠᠷᠢᠶ᠎ᠠ ᠣᠷᠣᠨ ᠤ ᠬᠠᠮᠢᠶᠠᠷᠤᠯᠲᠠ︾ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ︔ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠰᠤᠲᠠᠶᠢᠴᠤᠳ ᠢ ᠦᠲᠡᠯᠦᠭᠰᠡᠨ ᠴᠤ ᠠᠰᠠᠷᠠᠮᠵᠢ ᠲᠠᠢ᠂ ᠦᠲᠡᠯᠦᠭᠰᠡᠨ ᠴᠤ ᠡᠮᠨᠡᠯᠭᠡ ᠲᠠᠢ᠂ ᠦᠲᠡᠯᠦᠭᠰᠡᠨ ᠴᠤ ᠵᠢᠷᠭᠠᠯ ᠲᠠᠢ ᠪᠣᠯᠭᠠᠵᠤ᠂ ᠨᠠᠰᠤᠵᠢᠯ ᠤᠨ ᠦᠢᠯᠡᠴᠢᠯᠡᠭᠡᠨ ᠤ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ᠨᠠᠰᠤᠵᠢᠯ ᠤᠨ ᠦᠢᠯᠡᠴᠢᠯᠡᠭᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠪᠡ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号