ᠵᠠᠷᠤᠳ ᠬᠤᠰᠢᠭᠤ ᠺᠠᠳ᠋ᠷ ᠢ ᠬᠦᠮᠦᠵᠢᠭᠦᠯᠵᠦ ᠪᠣᠯᠪᠠᠰᠣᠷᠠᠭᠤᠯᠬᠤ ᠪᠠᠷ ᠳᠠᠮᠵᠢᠨ ︽ᠠᠮᠢ ᠠᠬᠤᠶᠢᠯᠢᠭ ᠵᠠᠷᠤᠳ︾ ᠤᠨ ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2022/10/26
     ᠵᠠᠷᠤᠳ ᠬᠤᠰᠢᠭᠤ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠵᠤ᠂ ᠺᠠᠳ᠋ᠷ ᠢ ᠬᠦᠮᠦᠵᠢᠭᠦᠯᠵᠦ ᠪᠣᠯᠪᠠᠰᠣᠷᠠᠭᠤᠯᠬᠤ ᠠᠵᠢᠯ ᠥᠷᠨᠢᠭᠦᠯᠬᠦ ᠪᠠᠷ ᠳᠠᠮᠵᠢᠨ᠂ ᠲᠠᠰᠤᠷᠠᠯᠲᠠ ᠦᠭᠡᠢ ᠰᠢᠨ᠎ᠡ ᠣᠶᠢᠯᠠᠭᠠᠭᠳᠠᠬᠤᠨ ᠢ ᠪᠣᠶ ᠪᠣᠯᠭᠠᠵᠤ᠂ ᠰᠢᠨ᠎ᠡ ᠦᠵᠡᠯ ᠰᠠᠨᠠᠭ᠎ᠠ ᠶᠢ ᠰᠤᠷᠤᠯᠴᠠᠵᠤ᠂ ᠰᠢᠨ᠎ᠡ ᠠᠷᠭ᠎ᠠ ᠵᠠᠮ ᠢ ᠨᠡᠭᠡᠭᠡᠵᠦ᠂ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠬᠤ ᠶᠢ ᠲᠦᠯᠬᠢᠨ ᠠᠬᠢᠭᠤᠯᠵᠤ᠂ ︽ᠠᠮᠢ ᠠᠬᠤᠶᠢᠯᠢᠭ ᠵᠠᠷᠤᠳ︾ ᠤᠨ ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠤᠷᠢᠳ ᠬᠤᠵᠢᠳ ︽ᠤᠯᠤᠰ ᠤᠨ ᠲᠠᠰ ᠤᠨ ᠠᠮᠢ ᠠᠬᠤᠢ ᠶᠢᠨ ᠵᠢᠱᠢᠶ᠎ᠡ ᠦᠵᠡᠭᠦᠯᠬᠦ ᠣᠷᠣᠨ︾ ︽ᠪᠥᠬᠦ ᠤᠯᠤᠰ ᠤᠨ ᠠᠮᠢ ᠠᠬᠤᠢ ᠬᠢᠭᠡᠳ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ᠵᠡᠷᠭᠡ ᠢᠷᠠᠭᠤ ᠠᠯᠳᠠᠷ ᠢ ᠬᠦᠷᠲᠡᠪᠡ᠃    ᠰᠢᠨ᠎ᠡ ᠣᠶᠢᠯᠠᠭᠠᠭᠳᠠᠬᠤᠨ ᠢ ᠪᠤᠢ ᠪᠣᠯᠭᠠᠵᠤ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠪᠡ᠃ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠺᠠᠳ᠋ᠷ ᠤᠨ ᠬᠥᠮᠦᠵᠢᠯ ᠪᠣᠯᠪᠠᠰᠤᠷᠠᠯ ᠤᠨ ᠴᠢᠬᠤᠯᠠ ᠠᠭᠤᠯᠭ᠎ᠠ ᠪᠣᠯᠭᠠᠬᠤ ᠶᠢ ᠪᠠᠷᠢᠮᠲᠠᠯᠠᠵᠤ᠂ ᠰᠠᠯᠠᠭᠠᠨ ᠤ ᠳᠡᠰ ᠤᠨ ᠺᠠᠳ᠋ᠷ ᠤᠨ ᠪᠣᠯᠪᠠᠰᠤᠷᠠᠯ ᠤᠨ ᠠᠩᠭᠢ ᠡᠷᠬᠢᠯᠡᠵᠦ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠢ ᠬᠥᠮᠥᠵᠢᠭᠦᠯᠦᠨ ᠳᠠᠭᠠᠭᠤᠯᠵᠤ ᠪᠠᠶᠢᠭᠠᠳ ︽ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ ᠂ ︽ᠠᠮᠢ ᠠᠬᠤᠢ ᠪᠠᠷ ᠬᠤᠰᠢᠭᠤ ᠪᠠᠨ  ᠪᠠᠶᠢᠭᠤᠯᠬᠤ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠠᠮᠢ ᠠᠬᠤᠢ ᠶᠢᠨ ᠵᠠᠰᠠᠯᠲᠠ ᠶᠢ ᠦᠨᠡᠨᠬᠦ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠵᠤ᠂ ᠪᠣᠬᠢᠷᠳᠤᠯ ᠦᠭᠡᠢ ᠰᠠᠶᠢᠨ ᠰᠠᠶᠢᠬᠠᠨ ᠭᠡᠷ ᠣᠷᠣᠨ ᠢᠶᠠᠨ ᠬᠦᠴᠦᠯᠡᠨ ᠪᠦᠲᠦᠭᠡᠨ ᠪᠠᠶᠢᠭᠤᠯᠵᠤ᠂ ᠪᠥᠬᠦ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠨ ᠰᠠᠶᠢᠨ ᠲᠡᠰᠢ ᠬᠥᠭᠵᠢᠬᠦ ᠶᠢ ᠪᠦᠲᠦᠮᠵᠢᠲᠡᠶ ᠲᠦᠯᠬᠢᠨ ᠠᠬᠢᠭᠤᠯᠪᠠ᠃ ᠣᠲᠣ ᠪᠣᠯᠲᠠᠯ᠎ᠠ᠂ ᠨᠢᠭᠡᠨᠲᠡ 2 ᠬᠤᠭᠤᠴᠠᠭ᠎ᠠ ᠡᠭᠡᠯᠵᠢᠯᠡᠨ ᠪᠣᠯᠪᠠᠰᠤᠷᠠᠭᠤᠯᠬᠤ ᠠᠩᠭᠢ ᠡᠷᠭᠢᠯᠡᠵᠦ᠂ ᠰᠠᠯᠠᠭᠠᠨ ᠤ ᠲᠠᠰ ᠤᠨ 536 ᠺᠠᠳ᠋ᠷ ᠲᠤ ᠪᠣᠯᠪᠠᠰᠤᠷᠠᠯ ᠬᠦᠷᠲᠡᠭᠡᠪᠡ᠃    ᠰᠢᠨ᠎ᠡ ᠦᠵᠡᠯ ᠰᠠᠨᠠᠭ᠎ᠠ ᠶᠢ ᠰᠤᠷᠤᠯᠴᠠᠵᠤ᠂ ᠰᠢᠨ᠎ᠡ ᠪᠠᠶᠢᠳᠠᠯ ᠢ ᠪᠤᠢ ᠪᠣᠯᠭᠠᠪᠠ᠃ ᠪᠦᠬᠦ ᠬᠤᠰᠢᠭᠤᠨ ᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠣᠯᠲᠠ ᠶᠢ ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯᠲᠠ ᠶᠢᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠣᠯᠲᠠ ᠶᠢ ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯᠲᠠ ᠶᠢᠨ ᠠᠭᠤᠯᠤᠭᠳᠠᠬᠤᠨ ᠪᠠ ᠪᠡᠶᠡᠯᠡᠭᠦᠯᠬᠦ ᠠᠷᠭ᠎ᠠ ᠵᠠᠮ ᠢ ᠨᠠᠷᠢᠨ ᠲᠠᠶᠢᠯᠪᠤᠷᠢᠯᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠣᠯᠲᠠ ᠶᠢ ᠣᠷᠭᠢᠯ ᠳᠤ ᠬᠦᠷᠭᠡᠬᠦ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠪᠠᠶᠢᠯᠳᠤᠬᠤ ᠪᠣᠳᠣᠯᠭ᠎ᠠ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠠᠶᠢᠯᠪᠤᠷᠢᠯᠠᠨ ᠵᠢᠭᠠᠵᠤ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠬᠤᠯᠪᠣᠭᠳᠠᠯ ᠪᠦᠬᠦᠢ ᠬᠦᠷᠢᠶᠡᠨ ᠳᠠᠬᠢ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ︽ᠭᠤᠷᠪᠠᠨ ᠰᠢᠨ᠎ᠡ ᠨᠢᠭᠡ ᠥᠨᠳᠥᠷ︾ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠥᠲᠥᠯᠥᠨ ᠳᠠᠭᠠᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠬᠦᠴᠦᠯᠡᠨ ᠰᠠᠶᠢᠲᠤᠷ ᠠᠳᠬᠤᠵᠤ᠂ ᠲᠥᠪ ᠤᠨ ᠠᠮᠢ ᠠᠬᠤᠢ ᠶᠢᠨ ᠣᠷᠴᠢᠨ ᠠᠬᠤᠢ ᠶᠢᠨ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠦᠴᠦᠲᠡᠢ ᠲᠦᠯᠬᠢᠨ ᠠᠬᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠶᠢᠲᠠᠢ ᠬᠥᠭᠵᠢᠯᠲᠡ ᠶᠢᠨ ᠵᠠᠮ ᠢ ᠲᠦᠷᠭᠡᠪᠴᠢᠯᠡᠨ ᠨᠡᠭᠡᠭᠡᠵᠦ᠂ ︽ᠠᠮᠢ ᠠᠬᠤᠶᠢᠯᠢᠭ ᠵᠠᠷᠣᠳ︾ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠪᠡ᠃ ᠣᠲᠣ ᠨᠢᠭᠡᠨᠲᠡ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠪᠤᠶᠤ ᠬᠠᠷᠢᠭᠤᠴᠠᠵᠤ ᠪᠠᠶᠢᠭ᠎ᠠ 110 ᠭᠠᠷᠤᠢ ᠤᠳᠤᠷᠢᠳᠬᠤ ᠺᠠᠳ᠋ᠷ ᠲᠤ ᠪᠣᠯᠪᠠᠰᠤᠷᠠᠭᠤᠯᠤᠯ ᠪᠠ ᠵᠢᠯᠣᠭᠤᠳᠤᠯᠭ᠎ᠠ ᠦᠷᠨᠢᠭᠦᠯᠪᠡ᠃    ᠰᠢᠨ᠎ᠡ ᠵᠠᠮ ᠢ ᠨᠡᠭᠡᠭᠡᠵᠦ᠂ ᠰᠢᠨ᠎ᠡ ᠰᠢᠪᠲᠤᠯᠤᠯᠲᠠ ᠶᠢ ᠪᠡᠶᠡᠯᠡᠭᠦᠯᠪᠡ᠃ ︽ᠰᠢ ᠶᠢᠨ ᠫᠢᠩ ᠶᠡᠷᠦᠩᠬᠡᠢ ᠱᠦᠵᠢ ᠶᠢᠨ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ︾ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠯᠲᠠ ᠪᠠᠶᠢᠴᠠᠭᠠᠯᠲᠠ ᠬᠢᠭᠡᠳ ᠬᠠᠷᠢᠭᠤᠴᠠᠯᠭ᠎ᠠ ᠨᠡᠬᠡᠮᠵᠢᠯᠡᠬᠦ︾ ᠵᠡᠷᠭᠡ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠮᠦᠵᠢᠯ ᠪᠣᠯᠪᠠᠰᠤᠷᠠᠭᠤᠯᠤᠯ ᠤᠨ ᠰᠢᠨ᠎ᠡ ᠠᠷᠭ᠎ᠠ ᠵᠠᠮ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠲᠥᠪᠯᠡᠷᠡᠭᠦᠯᠦᠨ ᠪᠣᠯᠪᠠᠰᠤᠷᠠᠭᠤᠯᠬᠤ ᠪᠠ ᠪᠠᠶᠢᠴᠠᠭᠠᠨ ᠰᠤᠳᠤᠯᠤᠯᠲᠠ ᠬᠢᠬᠦ ᠬᠡᠯᠪᠡᠷᠢ ᠪᠠᠷ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠤ ᠬᠠᠮᠢᠶ᠎ᠠ ᠪᠦᠬᠦᠢ ᠤᠳᠤᠷᠢᠳᠤᠯᠭ᠎ᠠ ᠶᠢ ᠪᠦᠲᠦᠮᠵᠢᠲᠡᠶ ᠪᠠᠷ ᠬᠥᠲᠥᠯᠥᠨ ᠵᠢᠯᠤᠭᠤᠳᠴᠤ ᠪᠠᠶᠢᠭᠠᠳ ᠤᠯᠤᠰ ᠲᠥᠷᠥ ᠶᠢᠨ ︽ᠠᠮᠢ ᠠᠬᠤᠢ ᠶᠢᠨ ᠵᠠᠷᠤᠳ︾ ᠤᠨ ᠪᠦᠲᠦᠭᠡᠨ ᠪᠠᠶᠢᠭᠤᠯᠤᠯᠲᠠ ᠶᠢᠨ ᠪᠣᠳᠠᠲᠤ ᠠᠴᠢ ᠬᠤᠯᠪᠣᠭᠳᠠᠯ ᠪᠠ ᠢᠳᠡᠪᠬᠢᠲᠡᠢ ᠦᠷ᠎ᠡ ᠪᠦᠲᠦᠮᠵᠢ ᠶᠢ ᠴᠠᠭ ᠲᠤᠬᠠᠢ ᠳᠤᠨᠢ ᠣᠶᠢᠯᠠᠭᠠᠨ ᠡᠵᠡᠮᠰᠢᠬᠦ ᠶᠢᠨ ᠬᠠᠮᠲᠤ᠂ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ ᠪᠠ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠠᠷᠭ᠎ᠠ ᠮᠠᠶ᠋ᠢᠭ ᠢᠶᠠᠷ ᠳᠠᠮᠵᠢᠨ᠂ ᠪᠣᠯᠪᠠᠰᠤᠷᠠᠭᠤᠯᠤᠯ ᠪᠠ ᠰᠢᠨᠵᠢᠯᠡᠨ ᠪᠠᠶᠢᠴᠠᠭᠠᠯᠲᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠨᠡᠮᠡᠭᠳᠡᠭᠦᠯᠵᠦ᠂ ᠪᠣᠯᠪᠠᠰᠤᠷᠠᠭᠤᠯᠤᠯ ᠳᠤ ᠣᠷᠤᠯᠴᠠᠬᠤ ᠬᠦᠮᠦᠰ ᠤᠨ ᠣᠨᠣᠯ ᠤᠨ ᠪᠣᠯᠪᠠᠰᠤᠷᠠᠯ ᠪᠠ ᠦᠢᠯᠡᠳᠦᠯᠭᠡ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ︽ᠠᠮᠢ ᠠᠬᠤᠢ ᠶᠢᠨ ᠵᠠᠷᠤᠳ︾ ᠤᠨ ᠪᠦᠲᠦᠭᠡᠨ ᠪᠠᠶᠢᠭᠤᠯᠤᠯᠲᠠ ᠶᠢᠨ ᠰᠢᠨ᠎ᠡ ᠰᠢᠪᠲᠤᠯᠤᠯᠲᠠ ᠶᠢ ᠲᠠᠰᠤᠷᠠᠯᠲᠠ ᠦᠭᠡᠢ ᠲᠦᠯᠬᠢᠨ ᠠᠬᠢᠭᠤᠯᠪᠠ᠃ ᠣᠲᠣ ᠨᠢᠭᠡᠨᠲᠡ ᠪᠥᠬᠦ ᠬᠤᠰᠢᠭᠤᠨ ᠤ ᠬᠡᠪᠴᠢᠶᠡᠨ ᠳᠤ 50 ᠨᠡᠷᠡᠰ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶ᠎ᠡ ᠴᠠᠷ᠎ᠠ ᠳᠠᠬᠢ ᠰᠠᠯᠠᠭᠠᠨ ᠲᠠᠰ ᠤᠨ ᠺᠠᠳ᠋ᠷ ᠢ ᠰᠤᠷᠤᠯᠴᠠᠯᠭ᠎ᠠ ᠳᠤ ᠣᠷᠣᠯᠴᠠᠭᠤᠯᠬᠤ ᠪᠠᠷ ᠰᠢᠯᠵᠢᠭᠦᠯᠦᠨ ᠪᠣᠯᠪᠠᠰᠣᠷᠠᠭᠤᠯᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号