ᠵᠠᠷᠤᠳ ᠬᠤᠰᠢᠭᠤᠨ ᠤ ᠣᠯᠠᠨ ᠰᠠᠯᠠᠭ᠎ᠠ ᠮᠥᠴᠢᠷ ᠬᠠᠮᠲᠤᠷᠠᠨ ︽ᠳᠥᠭᠦᠮ ᠪᠥᠭᠡᠳ ᠲᠣᠬᠢᠷᠠᠮᠵᠢᠲᠠᠢ  ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/10/27
     ᠣᠶᠢᠷ᠎ᠠ ᠳᠤ᠂ ᠡᠪ ᠬᠠᠮᠳᠤ ᠵᠠᠯᠠᠭᠤᠴᠤᠳ ᠤᠨ ᠡᠪᠯᠡᠯ ᠤᠨ ᠵᠠᠷᠤᠳ ᠬᠤᠰᠢᠭᠤᠨ ᠤ ᠬᠤᠷᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠲᠦᠩᠯᠢᠶᠣᠣ ᠬᠤᠲᠠ ᠶᠢᠨ ᠠᠮᠢ ᠠᠬᠤᠢ ᠣᠷᠴᠢᠨ ᠠᠬᠤᠢ ᠶᠢᠨ ᠲᠣᠪᠴᠢᠶ᠎ᠠ ᠶᠢᠨ ᠵᠠᠷᠤᠳ ᠬᠤᠰᠢᠭᠤᠨ ᠤ ᠬᠤᠪᠢᠶᠠᠷᠢ ᠲᠣᠪᠴᠢᠶ᠎ᠠ ᠬᠠᠮᠲᠤᠷᠠᠨ ︽ᠳᠥᠭᠦᠮ ᠪᠥᠭᠡᠳ ᠲᠣᠬᠢᠷᠠᠮᠵᠢᠲᠠᠢ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠨᠢ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠰᠢᠨ᠎ᠡ ᠮᠡᠳᠡᠯᠭᠡ ᠶᠢ ᠲᠠᠶᠢᠯᠪᠤᠷᠢᠯᠠᠬᠤ᠂ ᠨᠢᠭᠡ ᠯᠡ ᠤᠳᠠᠭ᠎ᠠ ᠶᠢᠨ ᠴᠢᠨᠠᠷᠲᠠᠢ ᠠᠮᠠᠪᠴᠢ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠲᠥᠬᠦᠮ ᠪᠥᠭᠡᠳ ᠲᠣᠬᠢᠷᠠᠮᠵᠢᠲᠠᠢ ᠠᠮᠢᠳᠤᠷᠠᠬᠤ᠂ ᠠᠮᠢ ᠠᠬᠤᠢ ᠣᠷᠴᠢᠨ ᠲᠣᠭᠤᠷᠢᠨ ᠢ ᠠᠩᠬᠠᠷᠬᠤ᠂ ᠡᠨᠧᠷᠭᠢ ᠶᠢᠨ ᠡᠬᠢ ᠪᠠᠶᠠᠯᠢᠭ ᠢ ᠠᠷᠪᠢᠯᠠᠬᠤ᠂ ᠪᠣᠬᠢᠷᠳᠤᠯ ᠦᠭᠡᠢ ᠠᠮᠢᠳᠤᠷᠠᠯ ᠤᠨ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ᠂ ᠪᠣᠬᠢᠷᠳᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠪᠠ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠬᠡᠪ ᠰᠤᠷᠲᠠᠯ ᠤᠨ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠵᠤ᠂ ᠡᠶ᠎ᠡ ᠵᠣᠬᠢᠴᠠᠯ ᠲᠠᠢ ᠦᠵᠡᠰᠬᠦᠯᠡᠩᠲᠦ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠬᠠᠮᠲᠤᠪᠠᠷ ᠴᠣᠭᠴᠠᠯᠠᠨ  ᠪᠠᠶᠢᠭᠤᠯᠬᠤ ᠶᠢ ᠤᠷᠢᠶᠠᠯᠠᠪᠠ᠃      
微信图片_20221027104916.jpg 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号