ᠵᠠᠷᠤᠳ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠬᠢᠨ ︽ᠣᠷᠴᠢᠨ ᠲᠣᠭᠤᠷᠢᠨ ᠤ ᠴᠡᠪᠡᠷᠯᠡᠭᠡ ᠶᠢᠨ ᠠᠵᠢᠯᠳᠠᠨ ᠳᠤ ᠬᠦᠨᠳᠦᠳᠬᠡᠯ ᠳᠡᠪᠰᠢᠭᠦᠯᠵᠦ ᠬᠥᠳᠡᠯᠮᠦᠷᠢ ᠶᠢᠨ ᠭᠤᠸ᠎ᠠ ᠰᠠᠶᠢᠬᠠᠨ ᠢ ᠮᠠᠭᠲᠠᠨ ᠰᠠᠶᠢᠰᠢᠶᠠᠬᠤ︾ ᠪᠥᠬᠦ ᠣᠷᠣᠨ ᠤ ᠠᠵᠢᠯᠴᠢᠨ ᠤ ᠡᠪᠯᠡᠯ ᠤᠨ ᠰᠢᠰᠲ᠋ᠧᠮ ᠤᠨ ᠣᠷᠴᠢᠨ ᠲᠣᠭᠤᠷᠢᠨ ᠤ ᠴᠡᠪᠡᠷᠯᠡᠭᠡ ᠶᠢᠨ ᠠᠵᠢᠯᠴᠢᠳ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/10/27
     10 ᠰᠠᠷ᠎ᠠ ᠶᠢᠨ 26 ᠤ ᠡᠳᠦᠷ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠬᠢᠨ ︽ᠣᠷᠴᠢᠨ ᠲᠣᠭᠤᠷᠢᠨ ᠤ ᠴᠡᠪᠡᠷᠯᠡᠭᠡ ᠶᠢᠨ ᠠᠵᠢᠯᠴᠢᠨ ᠳᠤ ᠬᠦᠨᠳᠦᠳᠬᠡᠯ ᠳᠡᠪᠰᠢᠭᠦᠯᠵᠦ ᠬᠥᠳᠡᠯᠮᠦᠷᠢ ᠶᠢᠨ ᠭᠤᠸ᠎ᠠ ᠰᠠᠶᠢᠬᠠᠨ ᠢ ᠮᠠᠭᠲᠠᠨ ᠰᠠᠶᠢᠰᠢᠶᠠᠬᠤ︾ ᠪᠥᠬᠦ ᠣᠷᠣᠨ ᠤ ᠠᠵᠢᠯᠴᠢᠨ ᠤ ᠡᠪᠯᠡᠯ ᠤᠨ ᠰᠢᠰᠲ᠋ᠧᠮ ᠤᠨ ᠣᠷᠴᠢᠨ ᠲᠣᠭᠤᠷᠢᠨ ᠤ ᠴᠡᠪᠡᠷᠯᠡᠭᠡ ᠶᠢᠨ ᠠᠵᠢᠯᠴᠢᠳ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ ᠲᠤᠰ ᠠᠵᠢᠯᠯᠠᠭ᠎ᠠ ᠨᠢ ᠣᠷᠴᠢᠨ ᠲᠣᠭᠤᠷᠢᠨ ᠤ ᠴᠡᠪᠡᠷᠯᠡᠭᠡ ᠶᠢᠨ ᠠᠵᠢᠯᠴᠢᠳ ᠲᠠᠢ ᠳᠣᠲᠣᠨᠣ ᠪᠠᠷ ᠶᠠᠷᠢᠯᠴᠠᠬᠤ ᠪᠠᠷ ᠲᠠᠮᠵᠢᠨ᠂ ᠲᠡᠳᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠬᠢᠵᠢᠭ ᠢ ᠰᠡᠷᠭᠡᠶᠢᠯᠡᠨ ᠡᠵᠡᠮᠳᠡᠵᠦ᠂ ᠪᠦᠭᠦ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠯ ᠢᠶᠠᠨ ᠢᠯᠡᠳᠭᠡᠪᠡ᠃ ᠲᠡᠳᠡᠨ ᠤ ᠰᠢᠨ᠎ᠡ ᠴᠠᠭ ᠦᠶ᠎ᠡ ᠶᠢᠨ ᠬᠥᠳᠡᠯᠮᠦᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠨᠠᠩ ᠣᠷᠭᠢᠯᠤᠮ᠎ᠠ ᠬᠠᠯᠠᠭᠤᠨ ᠠᠵᠢᠯ ᠤᠨ ᠰᠡᠳᠬᠢᠯᠭᠡ ᠪᠠᠷ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠣᠷᠤᠯᠴᠠᠬᠤ ᠶᠢ ᠬᠦᠰᠡᠪᠡ᠃      
微信图片_20221027104905.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号