ᠱᠤᠤ ᠶᠠᠨ ᠵᠢᠶᠦ᠋ᠨ ᠵᠠᠬᠠᠨᠠᠭᠤᠷ ᠠᠵᠤ ᠦᠢᠯᠡᠰ ᠤᠨ ᠲᠣᠭᠤᠷᠢᠭ ᠲᠤ ᠬᠦᠷᠴᠦ ᠪᠠᠶᠢᠴᠠᠭᠠᠨ ᠰᠤᠳᠣᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/10/27
    10 ᠰᠠᠷ᠎ᠠ ᠶᠢᠨ 25 ᠤ ᠡᠳᠦᠷ᠂ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠸ ᠶᠠᠨ ᠵᠢᠶᠦ᠋ᠨ ᠵᠠᠬᠠᠨᠠᠭᠤᠷ ᠠᠵᠤ ᠦᠢᠯᠡᠰ ᠤᠨ ᠲᠣᠭᠤᠷᠢᠭ ᠲᠤ ᠬᠦᠷᠴᠦ ᠪᠠᠶᠢᠴᠠᠭᠠᠨ ᠰᠤᠳᠣᠯᠵᠤ ᠵᠢᠭᠠᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠪᠠᠲᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢᠦ ᠶᠣᠣ᠂ ᠳᠡᠳ᠋ ᠬᠤᠰᠢᠭᠤᠨ ᠳᠠᠷᠤᠭ᠎ᠠ ᠯᠢ ᠶᠦᠩ ᠬᠠᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠬᠢᠬᠦ ᠳᠤ ᠣᠷᠣᠯᠴᠠᠪᠠ᠃
4fb4e682ae69b1b0f18c75cde16d408.jpg
    ᠱᠤᠤ ᠶᠠᠨ ᠵᠢᠶᠦ᠋ᠨ ᠬᠠᠮᠲᠤ ᠶᠠᠪᠣᠭᠰᠠᠳ ᠲᠠᠢ ᠪᠠᠨ ᠤᠷᠢᠳ ᠬᠤᠵᠢᠳ ᠥᠪᠥᠷ ᠮᠣᠩᠭᠤᠯ ᠤᠨ ᠬᠤᠩ ᠶᠠ ᠬᠥᠩᠭᠡᠨ ᠴᠠᠭᠠᠨ ᠤ ᠦᠢᠯᠡᠰ ᠤᠨ ᠵᠠᠯᠭᠠᠵᠤ ᠠᠮᠢᠯᠠᠭᠤᠯᠬᠤ ᠲᠦᠷᠦᠯ ᠵᠦᠢᠯ᠂ ᠥᠪᠥᠷ ᠮᠣᠩᠭᠤᠯ ᠤᠨ ᠵᠢᠩ ᠯᠢ ᠨᠡᠭᠦᠷᠡᠰᠦ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠲᠦᠷᠦᠯ ᠵᠦᠢᠯ᠂ ᠬᠤᠸᠠᠨ ᠳ᠋ᠢᠶᠠᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠴᠠᠬᠢᠯᠭᠠᠨ  ᠴᠡᠨᠡᠭᠯᠡᠬᠦ ᠦᠷᠲᠡᠭᠡ ᠶᠢᠨ ᠵᠢᠱᠢᠶ᠎ᠡ ᠦᠵᠡᠭᠦᠯᠬᠦ ᠲᠦᠷᠦᠯ ᠵᠦᠢᠯ᠂ ᠰᠦᠵᠢᠳᠠᠪᠠ ᠶᠢᠨ ᠨᠡᠭᠦᠷᠡᠰᠦ ᠵᠢᠴᠢ ᠴᠢᠩᠭᠡᠯᠢᠭ ᠤᠨ ᠪᠠᠷᠠᠭᠠᠨ ᠤ ᠭᠦᠢᠯᠭᠡᠭᠡᠨ ᠤ ᠲᠦᠷᠦᠯ ᠵᠦᠢᠯ᠂ ᠬᠤᠤᠯᠢᠩᠭᠤᠣᠯ ᠤᠨ ᠣᠷᠴᠢᠯ ᠠᠵᠤ ᠠᠬᠤᠢ ᠶᠢᠨ ᠦᠷᠭᠦᠯᠵᠢᠯᠡᠨ ᠪᠠᠶᠢᠭᠤᠯᠬᠤ ︵ᠲᠠᠪᠤᠳᠤᠭᠠᠷ ᠬᠤᠭᠤᠴᠠᠭ᠎ᠠ︶ 200MW ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ᠂ ᠥᠪᠥᠷ ᠮᠣᠩᠭᠤᠯ ᠤᠨ ᠿᠦᠨ ᠯᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠨᠡᠪᠲᠡᠷᠡᠯᠴᠡᠵᠦ᠂ ᠡᠭᠦᠨ ᠤ ᠬᠠᠮᠲᠤ ᠠᠵᠤ ᠠᠬᠤᠶᠢᠯᠠᠯ ᠤᠨ ᠪᠦᠬᠦᠯᠢ ᠴᠣᠭᠴᠠ ᠶᠢᠨ ᠬᠥᠭᠵᠢᠯᠲᠡ᠂ ᠦᠢᠯᠡᠳᠪᠦᠷᠢᠯᠡᠯ ᠡᠵᠡᠩᠨᠡᠯᠲᠡ᠂ ᠲᠦᠷᠦᠯ ᠵᠦᠢᠯ ᠤᠨ ᠠᠬᠢᠴᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠣᠶᠢᠯᠠᠭᠠᠵᠤ᠂  ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠪᠠᠨ ᠴᠢᠩᠭᠠᠳᠬᠠᠵᠤ᠂ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠤᠷᠢᠳᠴᠢᠯᠠᠨ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃
23a1b48485d0e2ed063948f5f22f4e9.jpg
    ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠱᠤᠤ ᠶᠠᠨ ᠵᠢᠶᠦ᠋ᠨ ᠰᠠᠭᠤᠳᠠᠯ ᠤᠨ ᠬᠤᠷᠠᠯ ᠢ ᠡᠷᠬᠢᠯᠡᠨ ᠬᠢᠵᠦ᠂ ᠵᠠᠬᠠᠨᠠᠭᠤᠷ ᠠᠵᠤ ᠦᠢᠯᠡᠰ ᠤᠨ ᠲᠣᠭᠤᠷᠢᠭ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠱᠤᠤ ᠶᠠᠨ ᠵᠢᠶᠦ᠋ᠨ  ᠵᠢᠭᠠᠪᠣᠷᠢᠯᠠᠭᠰᠠᠨ ᠨᠢ᠂ ᠠᠵᠤ ᠦᠢᠯᠡᠰ ᠤᠨ ᠲᠣᠭᠤᠷᠢᠭ ᠪᠣᠯ ᠠᠵᠤ ᠦᠢᠯᠡᠳᠪᠦᠷᠢ ᠶᠢᠨ ᠬᠥᠭᠵᠢᠯᠲᠡ ᠶᠢᠨ ᠴᠢᠬᠤᠯᠠ ᠠᠴᠢᠶᠠᠯᠠᠪᠤᠷᠢ ᠪᠣᠯᠬᠤ ᠪᠠᠷ ᠪᠠᠷᠠᠬᠤ ᠦᠭᠡᠢ ᠪᠠᠰᠠ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠰᠠᠭᠤᠷᠢ ᠪᠠ ᠵᠠᠩᠭᠢᠯᠠᠭ᠎ᠠ ᠶᠢᠨ ᠲᠤᠯᠭᠠᠭᠤᠷᠢᠯᠠᠯ ᠪᠣᠯᠣᠨ᠎ᠠ ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠷᠢᠭᠤᠴᠠᠯᠭᠠᠲᠤ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠰᠢᠵᠢᠮ ᠪᠣᠯᠭᠠᠵᠤ᠂ ᠲᠥᠷᠥᠯ ᠵᠦᠢᠯ ᠢ ᠲᠥᠯᠥᠪᠵᠢᠭᠦᠯᠬᠦ ᠴᠢᠳᠠᠪᠤᠷᠢ ᠪᠠᠨ ᠦᠷᠭᠦᠯᠵᠢᠯᠡᠨ ᠴᠢᠩᠭᠠᠷᠠᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠰᠤᠯᠠ ᠪᠠᠶᠢᠬᠤ ᠭᠠᠵᠠᠷ ᠰᠢᠷᠣᠢ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠬᠥᠭᠵᠢᠯᠲᠡ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠣᠲᠣ ᠶᠢᠨ ᠪᠠᠶᠢᠭ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠠᠭᠤᠷᠢᠨ ᠳᠡᠭᠡᠷ᠎ᠡ᠂ ᠨᠠᠷᠢᠯᠢᠭ ᠭᠦᠨᠵᠡᠭᠡᠢ ᠪᠣᠯᠪᠠᠰᠤᠷᠠᠭᠤᠯᠬᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠨᠡᠮᠡᠯᠲᠡ ᠥᠷᠲᠡᠭ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠦᠴᠦ ᠲᠠᠯᠪᠢᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠠᠯᠬᠤᠴᠠ ᠶᠢ ᠲᠦᠷᠭᠡᠳᠬᠡᠨ᠂ ᠠᠵᠤ ᠦᠢᠯᠡᠰ ᠤᠨ ᠬᠡᠯᠬᠢᠶ᠎ᠡ ᠶᠢ ᠳᠣᠣᠷ᠎ᠠ ᠬᠡᠯᠬᠢᠶ᠎ᠡ ᠳᠠᠰᠢ ᠤᠷᠲᠤᠳᠬᠠᠬᠤ᠂ ᠥᠷᠲᠡᠭ ᠤᠨ ᠬᠡᠯᠬᠢᠶ᠎ᠡ ᠶᠢ ᠳᠤᠮᠳᠠ ᠳᠡᠭᠡᠳᠦ ᠲᠠᠰ ᠳᠠᠰᠢ ᠳᠡᠭᠡᠭᠰᠢᠯᠡᠭᠦᠯᠬᠦ ᠶᠢ ᠠᠬᠢᠭᠤᠯᠬᠤ  ᠬᠡᠷᠡᠭᠲᠡᠢ ᠭᠡᠪᠡ᠃
441091b878638a85e8b69be68511a5a.jpg
    ᠱᠣᠣ ᠶᠠᠨ ᠵᠢᠶᠦ᠋ᠨ ᠴᠢᠬᠤᠯᠠᠴᠢᠯᠠᠭᠰᠠᠨ ᠨᠢ᠂ ︽ᠲᠥᠷᠥᠯ ᠵᠦᠢᠯ ᠢᠶᠠᠷ ᠭᠤᠣᠯ ᠪᠣᠯᠭᠠᠬᠤ︾ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠬᠦᠴᠦᠨ ᠵᠦᠢᠯ ᠤᠨ ᠪᠠᠲᠤᠯᠠᠭ᠎ᠠ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠨᠠᠩ ᠣᠯᠠᠨ ᠰᠠᠶᠢᠨ ᠲᠥᠷᠥᠯ ᠵᠦᠢᠯ᠂ ᠰᠢᠨ᠎ᠡ ᠲᠥᠷᠥᠯ ᠵᠦᠢᠯ᠂ ᠲᠣᠮᠣ ᠲᠥᠷᠥᠯ ᠵᠦᠢᠯ ᠤᠨ ᠵᠠᠷᠤᠳ ᠬᠤᠰᠢᠭᠤᠨ ᠳᠤ ᠨᠤᠲᠤᠭᠰᠢᠬᠤ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠲᠠᠯ᠎ᠠ ᠪᠠᠷ ᠲᠦᠯᠦᠪᠯᠡᠵᠦ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠵᠦ᠂ ᠪᠠᠷᠢᠯᠭ᠎ᠠ ᠶᠢᠨ ᠬᠤᠭᠤᠴᠠᠭ᠎ᠠ ᠪᠠᠨ ᠲᠣᠩᠭᠤᠷᠤᠭᠤᠯᠤᠨ ᠪᠠᠶᠢᠷᠢᠯᠠᠭᠤᠯᠵᠤ᠂ ᠪᠠᠷᠢᠯᠭ᠎ᠠ ᠶᠢᠨ ᠠᠮᠤᠷ ᠲᠦᠪᠰᠢᠨ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠪᠦᠬᠦ ᠬᠦᠴᠦᠨ ᠢᠶᠠᠷ ᠢᠶᠠᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠦᠷᠦᠯ ᠵᠦᠢᠯ ᠢ ᠲᠦᠷᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠤᠨ ᠦᠢᠯᠡᠳᠪᠦᠷᠢᠯᠡᠵᠦ ᠦᠷ᠎ᠡ ᠠᠰᠢᠭ ᠣᠯᠬᠤ ᠶᠢ ᠪᠠᠲᠤᠯᠠᠬᠤ ᠬᠡᠷᠡᠭᠲᠡᠢ᠃ ᠵᠠᠬᠠᠨᠠᠭᠤᠷ ᠠᠵᠤ ᠦᠢᠯᠡᠰ ᠤᠨ ᠲᠣᠭᠤᠷᠢᠭ ᠬᠢᠭᠡᠳ ᠬᠤᠤᠯᠢᠩᠭᠤᠣᠯ ᠬᠤᠲᠠ ᠶᠢᠨ ᠨᠡᠭᠦᠷᠡᠰᠦ ᠴᠠᠬᠢᠯᠭᠠᠨ ᠬᠥᠩᠭᠡᠨ ᠴᠠᠭᠠᠨ ᠤ ᠠᠵᠤ ᠦᠢᠯᠡᠰ  ᠯᠦᠭᠡ ᠶᠢᠨ ᠬᠤᠯᠪᠣᠭᠳᠠᠬᠤ ᠴᠢᠨᠠᠷ᠂ ᠬᠠᠷᠢᠯᠴᠠᠨ ᠨᠥᠬᠦᠪᠦᠷᠢᠯᠡᠬᠦ ᠴᠢᠨᠠᠷ ᠢ ᠭᠦᠨᠵᠡᠭᠡᠢ ᠰᠤᠳᠤᠯᠵᠤ᠂ ᠦᠵᠡᠯ ᠰᠠᠨᠠᠭ᠎ᠠ ᠪᠠᠨ ᠴᠢᠯᠦᠭᠡᠯᠡᠨ᠂ ᠰᠡᠳᠬᠢᠮᠵᠢ ᠪᠠᠨ ᠰᠢᠨ᠎ᠡ ᠪᠠᠷ ᠡᠭᠦᠳᠴᠦ᠂  ᠲᠣᠭᠤᠷᠢᠭ ᠤᠨ ᠲᠥᠯᠦᠪᠵᠢᠭᠦᠯᠭᠡ ᠶᠢᠨ ᠪᠠᠶᠢᠷᠢ ᠲᠣᠭᠲᠠᠭᠠᠯᠲᠠ ᠶᠢ ᠰᠠᠶᠢᠲᠤᠷ ᠬᠢᠵᠦ᠂ ᠲᠣᠭᠤᠷᠢᠭ ᠤᠨ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠲᠣᠭᠤᠷᠢᠭ ᠤᠨ ᠬᠥᠭᠵᠢᠯᠲᠡ ᠶᠢᠨ ᠣᠷᠣᠨ ᠵᠠᠢ ᠶᠢ ᠭᠦᠢᠴᠡᠳ ᠪᠠᠳᠠᠷᠠᠭᠤᠯᠬᠤ ᠬᠡᠷᠡᠭᠲᠡᠢ᠃ ᠠᠵᠤ ᠠᠬᠤᠶᠢᠯᠠᠯ ᠢ ᠵᠦᠪᠰᠢᠶᠡᠷᠡᠨ ᠣᠷᠣᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠣᠷᠣᠵᠤ ᠰᠠᠭᠤᠬᠤ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠪᠰᠢᠨ ᠢᠶᠠᠨ ᠨᠠᠷᠢᠯᠢᠭᠵᠢᠭᠤᠯᠵᠤ᠂ ᠦᠢᠯᠡᠴᠢᠯᠡᠭᠡᠨ ᠤ ᠪᠠᠲᠤᠯᠠᠪᠤᠷᠢ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠣᠭᠤᠷᠢᠭ ᠤᠨ ᠬᠥᠭᠵᠢᠯᠲᠡ ᠶᠢᠨ ᠰᠢᠨ᠎ᠡ ᠬᠦᠳᠡᠯᠭᠡᠬᠦ ᠬᠦᠴᠦᠨ ᠢ ᠬᠥᠭᠵᠢᠭᠡᠵᠦ᠂ ᠲᠣᠭᠤᠷᠢᠭ ᠤᠨ ᠴᠢᠨᠠᠷ ᠰᠠᠶᠢᠲᠠᠢ᠂ ᠳᠡᠭᠡᠳᠦ ᠬᠤᠷᠳᠤᠴᠠ ᠲᠠᠢ᠂ ᠥᠨᠳᠥᠷ ᠦᠷ᠎ᠡ ᠠᠰᠢᠭ ᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号