ᠪᠥᠬᠦ ᠬᠤᠰᠢᠭᠤᠨ ᠤ ︽ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠪᠤᠭᠤᠮᠳᠠ | ᠰᠢᠪᠳᠤᠯᠬᠤ ᠣᠨ︾ ᠤ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢᠨ | ᠲᠣᠭᠤᠷᠢᠭ ᠤᠨ ᠬᠠᠮᠢᠶᠠᠷᠤᠯᠲᠠ ᠪᠠ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ | ᠂ ᠠᠵᠤ ᠦᠢᠯᠡᠳᠪᠦᠷᠢ ᠶᠢᠨ ᠲᠣᠭᠤᠷᠢᠭ ᠤᠨ ᠳᠠᠭᠠᠭᠠᠴᠠ ᠶᠢᠨ ᠴᠢᠳᠠᠪᠤᠷᠢ ᠶᠢ ᠦᠨᠡᠨᠬᠦ ᠨᠡᠮᠡᠭᠳᠡᠭᠦᠯᠬᠦ ᠶᠢᠨ ᠲᠥᠯᠥᠭᠡ᠂ | ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠲᠥᠰᠥᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠪᠤᠭᠤᠮᠳᠠ ᠰᠢᠪᠲᠤᠯᠬᠤ ᠡᠭᠦᠷᠭᠡ | ᠵᠠᠷᠤᠳ ᠬᠤᠰᠢᠭᠤᠨ ᠤ ᠠᠵᠤ ᠦᠢᠯᠡᠳᠪᠦᠷᠢ ᠶᠢᠨ ᠲᠣᠭᠤᠷᠢᠭ ᠲᠤ ᠣᠷᠣᠰᠢᠵᠤ ᠪᠠᠶᠢᠭ᠎ᠠ ᠲᠤᠳᠠᠭᠳᠠᠯ ᠪᠠ | ᠬᠦᠷᠦᠯᠴᠡᠬᠦ ᠦᠭᠡᠢ ᠲᠠᠯ᠎ᠠ ᠶᠢᠨ ᠲᠣᠭᠤᠷᠢᠨ ᠳᠤ᠂ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠲᠤᠳᠠᠭᠳᠠᠯ ᠢ | ᠨᠥᠬᠦᠪᠦᠷᠢᠯᠡᠬᠦ᠂ ᠣᠷᠣᠨ ᠪᠦᠰᠡ ᠶᠢᠨ ᠦᠨᠡᠯᠡᠯᠲᠡ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠬᠤ᠂ | ᠦᠢᠯᠡᠳᠪᠦᠷᠢᠯᠡᠯ ᠵᠣᠭᠰᠣᠭᠰᠠᠨ ᠪᠠ ᠬᠠᠭᠠᠰ ᠵᠣᠭᠰᠣᠭᠰᠠᠨ ᠠᠵᠤ ᠠᠬᠤᠶᠢᠯᠠᠯ ᠢ ᠰᠢᠢᠳᠪᠦᠷᠢᠯᠡᠬᠦ᠂ ᠲᠣᠭᠤᠷᠢᠭ ᠤᠨ | ᠭᠠᠵᠠᠷ ᠰᠢᠷᠣᠢ ᠶᠢᠨ ᠬᠠᠩᠭᠠᠯᠭ᠎ᠠ ᠶᠢ ᠨᠡᠮᠡᠭᠳᠡᠭᠦᠯᠬᠦ ᠵᠡᠷᠭᠡ ᠳᠥᠷᠪᠡᠨ ᠲᠠᠯ᠎ᠠ ᠪᠠᠷ ᠬᠦᠴᠦᠯᠡᠨ ᠰᠢᠪᠲᠤᠯᠵᠤ᠂ | ᠬᠤᠰᠢᠭᠤᠨ ᠤ ᠠᠵᠤ ᠦᠢᠯᠡᠳᠪᠦᠷᠢ ᠶᠢᠨ ᠲᠣᠭᠤᠷᠢᠭ ᠤᠨ ᠳᠠᠭᠠᠭᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ | ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ | ᠬᠠᠩᠭᠠᠨ᠎ᠠ᠃ | ᠬᠤᠶᠠᠷ᠂ ᠭᠤᠣᠯ ᠠᠷᠭ᠎ᠠ ᠬᠡᠮᠵᠢᠶ᠎ᠡ | ︵ᠨᠢᠭᠡ︶ ᠠᠵᠤ ᠦᠢᠯᠡᠳᠪᠦᠷᠢ ᠶᠢᠨ ᠲᠣᠭᠤᠷᠢᠭ ᠲᠤ ᠤᠷᠤᠰᠢᠵᠦ ᠪᠠᠶᠢᠭ᠎ᠠ ᠰᠠᠭᠤᠷᠢ ᠪᠡᠯᠡᠳᠬᠡᠮᠵᠢ ᠲᠤᠳᠠᠭᠳᠠᠯ | ᠲᠠᠢ ᠠᠰᠠᠭᠤᠳᠠᠯ ᠢ ᠰᠢᠢᠳᠪᠦᠷᠢᠯᠡᠨ᠎ᠡ | 1. ᠠᠵᠤ ᠦᠢᠯᠡᠳᠪᠦᠷᠢ ᠶᠢᠨ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ | ᠪᠠᠶᠢᠳᠠᠯ ᠢ ᠲᠤᠰᠬᠠᠢ ᠣᠶᠢᠯᠠᠭᠠᠬᠤ ᠠᠵᠢᠯᠯᠠᠭ᠎ᠠ ᠥᠷᠨᠢᠭᠦᠯᠵᠦ᠂ ᠲᠣᠭᠤᠷᠢᠭ ᠤᠨ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢᠨ ᠠᠰᠠᠭᠤᠳᠠᠯ ᠤᠨ ᠨᠠᠷᠢᠨ ᠲᠠᠩᠰᠠ ᠪᠠᠶᠢᠭᠤᠯᠤᠨ᠂ ᠲᠣᠭᠤᠷᠢᠭ ᠢ ᠡᠮᠬᠢᠯᠡᠨ ᠨᠡᠶᠢᠯᠡᠭᠦᠯᠬᠦ | ᠪᠠ ᠴᠢᠬᠤᠯᠠ ᠬᠦᠴᠦᠨ ᠵᠦᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠪᠠᠨ ᠰᠢᠯᠢᠳᠡᠭᠵᠢᠭᠦᠯᠬᠦ ᠪᠠᠷ ᠳᠠᠮᠵᠢᠭᠤᠯᠤᠨ | ᠂ ᠠᠵᠤ ᠦᠢᠯᠡᠳᠪᠦᠷᠢ ᠶᠢᠨ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠴᠢᠳᠠᠪᠤᠷᠢ ᠬᠦᠷᠦᠯᠴᠡᠬᠦ ᠦᠭᠡᠢ ᠪᠠᠶᠢᠬᠤ | ᠠᠰᠠᠭᠤᠳᠠᠯ ᠢ ᠲᠥᠷᠥᠯ ᠱᠠᠲᠤ ᠬᠤᠪᠢᠶᠠᠨ ᠰᠢᠢᠳᠪᠦᠷᠢᠯᠡᠨ᠎ᠡ᠃ ︵ᠲᠦᠷᠦᠭᠦᠯᠡᠬᠦ ᠨᠢᠭᠡᠴᠡ᠄ ᠯᠦᠪᠸᠢ ᠠᠵᠤ | ᠦᠢᠯᠡᠰ ᠤᠨ ᠲᠤᠭᠤᠷᠢᠭ ᠤᠨ ᠬᠠᠮᠢᠶᠠᠷᠤᠯᠲᠠ ᠶᠢᠨ ᠠᠯᠪᠠᠨ ᠭᠡᠷ᠂ ᠵᠠᠬᠠᠨᠠᠭᠤᠷ ᠤᠨ ᠠᠵᠤ ᠦᠢᠯᠡᠰ ᠤᠨ | ᠲᠤᠭᠤᠷᠢᠭ ᠤᠨ ᠬᠠᠮᠢᠶᠠᠷᠤᠯᠲᠠ ᠶᠢᠨ ᠠᠯᠪᠠᠨ ᠭᠡᠷ︔ ᠬᠠᠷᠢᠭᠤᠴᠠᠯᠭᠠᠲᠤ ᠨᠢᠭᠡᠴᠡ᠄ ᠲᠦᠩᠯᠢᠶᠣᠣ ᠬᠤᠲᠠ ᠶᠢᠨ ᠠᠮᠢ | ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠵᠠᠷᠤᠳ ᠬᠤᠰᠢᠭᠤᠨ ᠤ ᠬᠤᠪᠢᠶᠠᠷᠢ ᠲᠣᠪᠴᠢᠶ᠎ᠠ᠂ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ︔ ᠪᠡᠶᠡᠯᠡᠭᠦᠯᠬᠦ ᠴᠠᠭ ᠤᠨ ᠬᠢᠵᠠᠭᠠᠷ ᠨᠢ᠄ 2022 ᠣᠨ ᠤ 6 ᠰᠠᠷ᠎ᠠ ᠶᠢᠨ ᠰᠡᠭᠦᠯᠴᠢ ᠠᠴᠠ ᠡᠮᠦᠨ᠎ᠡ︶ | 2. ᠬᠤᠰᠢᠭᠤᠨ ᠤ ᠠᠵᠤ ᠦᠢᠯᠡᠳᠪᠦᠷᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ | ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠪᠣᠬᠢᠷ ᠤᠰᠤ ᠰᠢᠢᠳᠪᠦᠷᠢᠯᠡᠬᠦ ᠲᠦᠷᠤᠯ ᠵᠤᠶᠢᠯ ᠤᠨ ᠤᠶᠢᠯᠡᠳᠪᠤᠷᠢ 1 | ᠂ ᠦᠯᠡᠳᠡᠭᠳᠡᠯ ᠰᠢᠭᠠᠷᠤ ᠶᠢᠨ ᠲᠠᠯᠠᠪᠠᠶ ᠶᠢᠨ ᠪᠠᠶᠢᠭᠤᠯᠤᠯᠲᠠ ᠶᠢᠨ ᠲᠥᠷᠥᠯ ᠵᠦᠢᠯ 2᠂ ᠲᠥᠪᠯᠡᠷᠡᠭᠦᠯᠦᠨ ᠢᠯᠴᠢ | ᠬᠠᠩᠭᠠᠬᠤ ᠪᠠᠶᠢᠭᠤᠯᠤᠯᠲᠠ ᠶᠢᠨ ᠲᠥᠷᠥᠯ ᠵᠦᠢᠯ 1᠂ ᠲᠥᠪᠯᠡᠷᠡᠭᠦᠯᠦᠨ ᠤᠰᠤ ᠬᠠᠩᠭᠠᠬᠤ ᠲᠥᠷᠥᠯ ᠵᠦᠢᠯ 1᠂ | ᠥᠳᠬᠡᠨ ᠳᠠᠪᠤᠰᠤᠨ ᠤ ᠲᠠᠯᠠᠪᠠᠶ ᠶᠢᠨ ᠪᠠᠶᠢᠭᠤᠯᠤᠯᠲᠠ ᠶᠢᠨ ᠲᠥᠷᠥᠯ ᠵᠦᠢᠯ ᠢ1 ᠲᠣᠬᠢᠷᠠᠭᠤᠯᠵᠤ᠂ ᠪᠦᠲᠦᠭᠡᠨ | ᠪᠠᠶᠢᠭᠤᠯᠤᠯᠲᠠ ᠶᠢᠨ ᠪᠡᠯᠡ ᠮᠥᠩᠭᠦ ᠶᠢ ᠣᠨ ᠤ ᠡᠳ᠋ ᠤᠨ ᠵᠠᠰᠠᠭ ᠤᠨ ᠲᠥᠰᠥᠪ ᠲᠤ ᠵᠢᠭᠰᠠᠭᠠᠨ ᠣᠷᠣᠭᠤᠯᠵᠤ᠂ | ᠠᠵᠤ ᠦᠢᠯᠡᠳᠪᠦᠷᠢ ᠶᠢᠨ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠦᠢᠯᠡᠴᠢᠯᠡᠭᠡᠨ ᠤ ᠴᠢᠳᠠᠮᠵᠢ ᠶᠢ ᠲᠠᠰᠤᠷᠠᠯᠲᠠ | ᠦᠭᠡᠢ ᠲᠡᠭᠦᠯᠳᠡᠷᠵᠢᠭᠦᠯᠦᠨ᠂ ᠠᠵᠤ ᠦᠢᠯᠡᠳᠪᠦᠷᠢ ᠶᠢᠨ ᠲᠣᠭᠤᠷᠢᠭ ᠤᠨ ᠳᠠᠭᠠᠭᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢᠵᠢᠯᠳᠠ | ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ︔ ᠪᠡᠶᠡᠯᠡᠭᠦᠯᠬᠦ ᠴᠠᠭ ᠤᠨ ᠬᠢᠵᠠᠭᠠᠷ ᠨᠢ᠄ ᠰᠢᠨ᠎ᠡ ᠪᠠᠷ ᠪᠠᠶᠢᠭᠤᠯᠬᠤ | ᠲᠥᠷᠥᠯ ᠵᠦᠢᠯ 2022 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠡᠬᠢᠯᠡᠭᠦᠯᠵᠦ᠂ ᠪᠠᠶᠢᠭᠤᠯᠵᠤ | ᠪᠠᠶᠢᠭ᠎ᠠ ᠲᠥᠷᠥᠯ ᠵᠦᠢᠯ 2022 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ ᠪᠠᠶᠢᠭᠤᠯᠵᠤ ᠳᠠᠭᠤᠰᠬᠠᠨ᠎ᠠ︶ | 3. ᠤᠯᠤᠰ ᠤᠨ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ | ᠴᠢᠷᠮᠠᠶᠢᠨ᠎ᠠ᠃ ᠤᠯᠤᠰ ᠤᠨ ᠲᠤᠰᠬᠠᠢ ᠵᠦᠢᠯ ᠤᠨ ᠵᠢᠭᠡᠯᠡᠯᠭᠡ ᠶᠢ ᠭᠤᠶᠤᠴᠢᠯᠠᠨ ᠮᠡᠳᠡᠭᠦᠯᠬᠦ ᠱᠠᠭᠠᠷᠳᠠᠯᠭ᠎ᠠ ᠶᠢ | ᠦᠨᠳᠦᠰᠦᠯᠡᠨ᠂ ᠠᠵᠤ ᠦᠢᠯᠡᠳᠪᠦᠷᠢ ᠶᠢᠨ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠢᠳᠡᠪᠬᠢᠲᠡᠢ ᠪᠠᠷ ᠰᠦᠪᠡᠭᠴᠢᠯᠡᠵᠦ᠂ ᠨᠠᠩ ᠣᠯᠠᠨ ᠲᠥᠷᠥᠯ ᠵᠦᠢᠯ ᠢ | ᠥᠪᠡᠷᠲᠡᠭᠡᠨ ᠵᠠᠰᠠᠬᠤ ᠣᠷᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠥᠷᠥᠯ ᠵᠦᠢᠯ ᠤᠨ ᠬᠥᠮᠥᠷᠭᠡ ᠳᠤ | ᠣᠷᠣᠭᠤᠯᠬᠤ ᠪᠠᠷ ᠴᠢᠷᠮᠠᠶᠢᠬᠤ ᠬᠡᠷᠡᠭᠲᠡᠢ᠃ ︵ᠲᠦᠷᠤᠭᠦᠯᠡᠨ ᠬᠢᠬᠦ ᠨᠢᠭᠡᠴᠡ᠄ ᠬᠤᠰᠢᠭᠤᠨ ᠤ ᠡᠳ᠋ ᠤᠨ ᠵᠠᠰᠠᠭ ᠤᠨ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠬᠤᠰᠢᠭᠤᠨ ᠤ | ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠯᠦ ᠹᠧᠩ ᠪᠡᠯᠡ ᠣᠷᠣᠭᠤᠯᠤᠯᠲᠠ ᠶᠢᠨ ᠺᠣᠮᠫᠠᠨᠢ᠂ ᠲᠦᠩᠯᠢᠶᠣᠣ ᠬᠤᠲᠠ ᠶᠢᠨ ᠠᠮᠢ | ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠵᠠᠷᠤᠳ ᠬᠤᠰᠢᠭᠤᠨ ᠤ ᠬᠤᠪᠢᠶᠠᠷᠢ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠯᠦᠪᠸᠢ ᠠᠵᠤ ᠦᠢᠯᠡᠰ ᠤᠨ | ᠲᠤᠭᠤᠷᠢᠭ︔ ᠪᠡᠶᠡᠯᠡᠭᠦᠯᠬᠦ ᠴᠠᠭ ᠤᠨ ᠬᠢᠵᠠᠭᠠᠷ ᠨᠢ᠄ 2022 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ︶ | ︵ᠬᠤᠶᠠᠷ︶ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠭᠦᠢᠴᠡᠳ ᠠᠰᠢᠭᠯᠠᠵᠦ ᠳᠡᠶᠢᠯᠬᠦ | ᠦᠭᠡᠢ ᠪᠠᠶᠢᠬᠤ ᠠᠰᠠᠭᠤᠳᠠᠯ ᠢ ᠰᠢᠢᠳᠪᠤᠷᠢᠯᠡᠨ᠎ᠡ | 1. ᠭᠤᠷᠪᠠᠳᠠᠭᠢ ᠡᠲᠡᠭᠡᠳ ᠨᠠᠶᠢᠷᠠᠭᠤᠯᠤᠨ ᠵᠤᠬᠢᠶᠠᠬᠤ ᠪᠠᠶᠢᠭᠤᠯᠤᠮᠵᠢ ᠯᠤᠭ᠎ᠠ ᠵᠣᠬᠢᠴᠠᠭᠤᠯᠬᠤ ᠡᠷᠴᠢᠮ ᠢᠶᠠᠨ | ᠴᠢᠩᠭᠠᠷᠠᠭᠤᠯᠵᠤ᠂ ᠠᠭᠤᠷ ᠠᠮᠢᠰᠬᠤᠯ ᠤᠨ ᠪᠣᠯᠣᠮᠵᠢᠲᠤ ᠴᠢᠨᠠᠷ ᠤᠨ ᠨᠤᠲᠠᠯᠠᠯᠲᠠ ᠪᠠ ᠭᠠᠵᠠᠷ ᠬᠥᠳᠡᠯᠦᠯᠲᠡ ᠶᠢᠨ | ᠠᠮᠤᠷ ᠲᠦᠪᠰᠢᠨ ᠤ ᠴᠢᠨᠠᠷ ᠤᠨ ᠦᠨᠡᠯᠡᠯᠲᠡ ᠶᠢᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠠᠵᠢᠯ ᠢ | ᠲᠦᠷᠭᠡᠳᠬᠡᠨ ᠠᠬᠢᠭᠤᠯᠤᠨ᠎ᠠ᠃ ︵ᠲᠦᠷᠤᠭᠦᠯᠡᠨ ᠬᠢᠬᠦ ᠨᠢᠭᠡᠴᠡ᠄ ᠬᠤᠰᠢᠭᠤᠨ ᠤ ᠴᠠᠭ ᠠᠭᠤᠷ ᠤᠨ ᠲᠣᠪᠴᠢᠶ᠎ᠠ᠂ | ᠭᠠᠵᠠᠷ ᠬᠥᠳᠡᠯᠦᠯᠲᠡ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠰᠢᠭᠤᠨ ᠤ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠯᠦᠪᠸᠢ ᠠᠵᠤ ᠦᠢᠯᠡᠰ ᠤᠨ ᠲᠤᠭᠤᠷᠢᠭ ᠤᠨ | ᠬᠠᠮᠢᠶᠠᠷᠤᠯᠲᠠ ᠶᠢᠨ ᠠᠯᠪᠠᠨ ᠭᠡᠷ᠂ ᠵᠠᠬᠠᠨᠠᠭᠤᠷ ᠠᠵᠤ ᠦᠢᠯᠡᠰ ᠤᠨ ᠲᠤᠭᠤᠷᠢᠭ ᠤᠨ ᠬᠠᠮᠢᠶᠠᠷᠤᠯᠲᠠ ᠶᠢᠨ ᠠᠯᠪᠠᠨ ᠭᠡᠷ | ︔ ᠪᠡᠶᠡᠯᠡᠭᠦᠯᠬᠦ ᠴᠠᠭ ᠤᠨ ᠬᠢᠵᠠᠭᠠᠷ ᠨᠢ᠄ 2022 ᠣᠨ ᠤ 4 ᠰᠠᠷ᠎ᠠ ᠶᠢᠨ ᠰᠡᠭᠦᠯᠴᠢ ᠠᠴᠠ ᠡᠮᠦᠨ᠎ᠡ︶ | 2. ᠨᠢᠭᠡᠨᠲᠡ ᠨᠠᠶᠢᠷᠠᠭᠤᠯᠤᠨ ᠵᠣᠬᠢᠶᠠᠵᠤ ᠳᠠᠭᠤᠰᠬᠠᠭᠰᠠᠨ ᠣᠷᠣᠨ ᠪᠦᠰᠡ ᠶᠢᠨ ᠦᠨᠡᠯᠡᠨ ᠵᠢᠱᠢᠭᠰᠡᠨ | ᠵᠦᠢᠯᠡᠰ ᠲᠤ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠨ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ | ᠣᠷᠣᠨ ᠪᠦᠰᠡ ᠶᠢᠨ ᠦᠨᠡᠯᠡᠨ ᠵᠢᠱᠢᠭᠰᠡᠨ ᠵᠦᠢᠯᠡᠰ ᠢ ᠬᠢᠨᠠᠨ ᠲᠣᠭᠲᠠᠭᠠᠬᠤ ᠶᠢ ᠲᠦᠷᠭᠡᠬᠡᠨ ᠪᠡᠶᠡᠯᠡᠭᠦᠯᠬᠦ ᠬᠡᠷᠡᠭᠲᠡᠢ᠃ | ︵ᠲᠦᠷᠤᠭᠦᠯᠡᠨ ᠬᠢᠬᠦ ᠨᠢᠭᠡᠴᠡ᠄ ᠬᠤᠰᠢᠭᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ | ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢᠵᠢᠯᠳᠠ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠰᠤᠨ ᠤ ᠶᠠᠪᠤᠳᠠᠯ ᠤᠨ ᠲᠣᠪᠴᠢᠶ᠎ᠠ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ︔ ᠪᠡᠶᠡᠯᠡᠭᠦᠯᠬᠦ ᠴᠠᠭ ᠤᠨ ᠬᠢᠵᠠᠭᠠᠷ ᠨᠢ᠄ 2022 ᠣᠨ ᠤ 5 ᠰᠠᠷ᠎ᠠ ᠶᠢᠨ | ᠰᠡᠭᠦᠯᠴᠢ ᠠᠴᠠ ᠡᠮᠦᠨ᠎ᠡ︶ | 3. ᠣᠷᠣᠨ ᠪᠦᠰᠡ ᠶᠢᠨ ᠦᠨᠡᠯᠡᠨ ᠵᠢᠱᠢᠯᠲᠡ ᠶᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠳᠤ ᠤᠷᠤᠭᠤᠯᠤᠨ᠎ᠠ᠃ ᠠᠵᠤ ᠦᠢᠯᠡᠰ ᠤᠨ | ᠲᠣᠭᠤᠷᠢᠭ ᠲᠤ ᠣᠷᠣᠨ ᠪᠦᠰᠡ ᠶᠢᠨ ᠶᠡᠷᠦᠩᠬᠡᠶᠢᠯᠡᠭᠰᠡᠨ ᠦᠨᠡᠯᠡᠨ ᠵᠢᠱᠢᠯᠲᠡ ᠶᠢ ᠬᠡᠷᠡᠭᠵᠢᠭᠦᠯᠵᠦ᠂ ᠨᠠᠵᠠᠭᠠᠢ | ᠲᠠᠯ᠎ᠠ ᠶᠢᠨ ᠨᠠᠷᠢᠨ ᠬᠠᠭᠤᠳᠠᠰᠤ ᠠᠴᠠ ᠭᠠᠳᠠᠨ᠎ᠠ᠂ ᠵᠠᠬ᠎ᠠ ᠳᠡᠯᠭᠡᠭᠦᠷ ᠤᠨ ᠭᠤᠣᠯ ᠴᠣᠭᠴᠠ ᠬᠢᠨ ᠣᠷᠣᠨ ᠪᠦᠰᠡ ᠶᠢᠨ | ᠦᠨᠡᠯᠡᠨ ᠵᠢᠱᠢᠯᠲᠡ ᠶᠢ ᠨᠢᠭᠡᠨᠲᠡ ᠪᠡᠶᠡᠯᠡᠭᠦᠯᠦᠭᠰᠡᠨ ᠣᠷᠣᠨ ᠪᠦᠰᠡ ᠳᠤ ᠲᠦᠷᠤᠯ ᠵᠤᠶᠢᠯ ᠤᠨ ᠪᠦᠲᠦᠭᠡᠨ | ᠪᠠᠶᠢᠭᠤᠯᠤᠯᠲᠠ ᠬᠢᠵᠦ᠂ ᠲᠠᠬᠢᠨ ᠦᠨᠡᠯᠡᠨ ᠵᠢᠱᠢᠵᠦ ᠬᠢᠨᠠᠨ ᠲᠣᠭᠲᠠᠭᠠᠬᠤ ᠪᠤᠶᠤ ᠬᠢᠨᠠᠨ ᠵᠥᠪᠰᠢᠶᠡᠷᠡᠬᠦ ᠲᠠᠰ | ᠳᠠᠷᠠᠭᠠᠯᠠᠯ ᠢ ᠳᠥᠭᠦᠮᠴᠢᠯᠡᠬᠦ ᠴᠢᠬᠤᠯᠠ ᠦᠭᠡᠢ᠃ ︵ᠲᠦᠷᠤᠭᠦᠯᠡᠨ ᠬᠢᠬᠦ ᠨᠢᠭᠡᠴᠡ᠄ ᠬᠤᠰᠢᠭᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠰᠢᠭᠤ ᠨᠠᠮ ᠤᠨ ᠬᠤᠷᠢᠶ᠎ᠠ ᠶᠢᠨ | ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢᠵᠢᠯᠳᠠ ᠪᠠ | ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠲᠦᠩᠯᠢᠶᠣᠣ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ | ᠵᠠᠷᠤᠳ ᠬᠤᠰᠢᠭᠤᠨ ᠤ ᠬᠤᠪᠢᠶᠠᠷᠢ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ | ᠂ ᠤᠰᠤᠨ ᠤ ᠶᠠᠪᠤᠳᠠᠯ ᠤᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︔ ᠪᠡᠶᠡᠯᠡᠭᠦᠯᠬᠦ ᠴᠠᠭ ᠤᠨ | ᠬᠢᠵᠠᠭᠠᠷ ᠨᠢ᠄ 2022 ᠣᠨ ᠤ 5 ᠰᠠᠷ᠎ᠠ ᠶᠢᠨ ᠰᠡᠭᠦᠯᠴᠢ ᠠᠴᠠ ᠡᠮᠦᠨ᠎ᠡ︶ | 4. ᠣᠷᠣᠨ ᠪᠦᠰᠡ ᠶᠢᠨ ᠦᠨᠡᠯᠡᠨ ᠵᠢᠱᠢᠬᠦ ᠲᠣᠭᠲᠠᠴᠠ ᠪᠠ ᠪᠠᠷᠢᠮᠵᠢᠶ᠎ᠠ ᠶᠢ ᠲᠤᠭᠳᠠᠭᠠᠬᠤ ᠪᠤᠶᠤ | ᠲᠣᠳᠣᠷᠬᠠᠶᠢᠯᠠᠵᠤ᠂ ᠬᠠᠮᠢᠶ᠎ᠠ ᠪᠦᠬᠦᠢ ᠣᠷᠣᠨ ᠪᠦᠰᠡ ᠶᠢᠨ ᠦᠨᠡᠯᠡᠨ ᠵᠢᠱᠢᠬᠦ ᠪᠠᠷᠢᠮᠵᠢᠶᠠᠵᠢᠭᠤᠯᠤᠭᠰᠠᠨ | ᠠᠵᠢᠯᠯᠠᠭᠠᠨ ᠤ ᠵᠢᠷᠤᠮᠵᠢᠯ ᠢ ᠲᠣᠭᠲᠠᠭᠠᠨ ᠨᠡᠶᠢᠲᠡᠯᠡᠬᠦ ᠪᠤᠶᠤ ᠲᠤᠳᠤᠷᠬᠠᠶᠢᠯᠠᠨ᠎ᠠ᠂ ᠣᠷᠣᠨ ᠪᠦᠰᠡ ᠶᠢᠨ ᠦᠨᠡᠯᠡᠨ | ᠵᠢᠱᠢᠯᠲᠡ ᠬᠢᠬᠦ ᠵᠦᠢᠯᠡᠰ ᠤᠨ ᠨᠠᠷᠢᠨ ᠬᠠᠭᠤᠳᠠᠰᠤ ᠶᠢ ᠲᠣᠳᠣᠷᠬᠠᠶᠢᠯᠠᠵᠤ᠂ ᠣᠷᠣᠨ ᠪᠦᠰᠡ ᠶᠢᠨ ᠦᠨᠡᠯᠡᠨ | ᠵᠢᠱᠢᠯᠲᠡ ᠶᠢ ᠪᠡᠶᠡᠯᠡᠭᠦᠯᠦᠭᠰᠡᠨ ᠤ ᠳᠠᠷᠠᠭ᠎ᠠ ᠪᠦᠲᠦᠭᠡᠨ ᠪᠠᠶᠢᠭᠤᠯᠬᠤ ᠲᠥᠷᠥᠯ ᠵᠦᠢᠯ ᠳᠤ ᠮᠦᠨᠴᠤ ᠦᠨᠡᠯᠡᠨ | ᠵᠢᠱᠢᠵᠦ ᠬᠢᠨᠠᠨ ᠲᠤᠭᠳᠠᠭᠠᠯ ᠬᠢᠬᠦ ᠨᠠᠵᠠᠭᠠᠢ ᠲᠠᠯ᠎ᠠ ᠶᠢᠨ ᠨᠠᠷᠢᠨ ᠲᠠᠩᠰᠠ ᠪᠤᠶᠤ ᠵᠥᠪ ᠲᠠᠯ᠎ᠠ ᠶᠢᠨ ᠨᠠᠷᠢᠨ ᠲᠠᠩᠰᠠ᠂ | ᠮᠡᠷᠭᠡᠵᠢᠯ ᠤᠨ ᠪᠠᠷᠢᠮᠵᠢᠶ᠎ᠠ᠂ ᠬᠡᠷᠡᠭᠯᠡᠬᠦ ᠨᠥᠬᠦᠴᠡᠯ᠂ ᠬᠡᠷᠡᠭᠵᠢᠭᠦᠯᠬᠦ ᠬᠡᠪᠴᠢᠶ᠎ᠡ᠂ ᠦᠨᠡᠯᠡᠨ ᠵᠢᠱᠢᠭᠰᠡᠨ | ᠮᠡᠳᠡᠭᠦᠯᠦᠯᠲᠡ ᠶᠢ ᠬᠢᠨᠠᠨ ᠵᠥᠪᠰᠢᠶᠡᠷᠡᠵᠦ ᠬᠢᠨᠠᠨ ᠲᠣᠭᠲᠠᠭᠠᠬᠤ ᠴᠤᠪᠤᠷᠠᠯ ᠵᠢᠴᠢ ᠮᠡᠳᠡᠭᠦᠯᠬᠦ ᠠᠮᠠᠯᠠᠯᠲᠠ ᠶᠢᠨ | ᠳᠦᠷᠢᠮ ᠢ ᠬᠡᠷᠡᠭᠵᠢᠭᠦᠯᠬᠦ ᠪᠣᠳᠠᠲᠠᠢ ᠠᠷᠭ᠎ᠠ ᠬᠡᠮᠵᠢᠶ᠎ᠡ ᠵᠡᠷᠭᠡ ᠶᠢ ᠦᠨᠡᠯᠡᠨ ᠵᠢᠱᠢᠭᠰᠡᠨ ᠦᠷ᠎ᠡ ᠳ᠋ᠦᠩ ᠢ ᠴᠠᠭ ᠲᠤᠬᠠᠢ | ᠳᠤᠨᠢ ᠢᠯᠡ ᠪᠣᠯᠭᠠᠬᠤ ᠬᠡᠷᠡᠭᠲᠡᠢ᠃ ︵ᠲᠦᠷᠤᠭᠦᠯᠡᠨ ᠬᠢᠬᠦ ᠨᠢᠭᠡᠴᠡ᠄ ᠬᠤᠰᠢᠭᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠬᠤᠰᠢᠭᠤ ᠨᠠᠮ ᠤᠨ ᠬᠤᠷᠢᠶ᠎ᠠ ᠶᠢᠨ ᠤᠯᠤᠰ ᠲᠥᠷᠥ | ᠬᠠᠤᠯᠢ ᠴᠠᠭᠠᠵᠠ ᠶᠢᠨ ᠬᠤᠷᠢᠶ᠎ᠠ᠂ ᠬᠤᠰᠢᠭᠤᠨ ᠠᠵᠤ ᠦᠢᠯᠡᠳᠪᠦᠷᠢ ᠮᠡᠳᠡᠭᠡ ᠵᠠᠩᠬᠢᠵᠢᠯᠳᠠ ᠪᠠ ᠰᠢᠨᠵᠢᠯᠡᠭᠡ | ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠲᠦᠩᠯᠢᠶᠣᠣ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠵᠠᠷᠤᠳ | ᠬᠤᠰᠢᠭᠤᠨ ᠤ ᠬᠤᠪᠢᠶᠠᠷᠢ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ | ᠤᠰᠤᠨ ᠤ ᠶᠠᠪᠤᠳᠠᠯ ᠤᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︔ ᠪᠡᠶᠡᠯᠡᠭᠦᠯᠬᠦ ᠴᠠᠭ ᠤᠨ | ᠬᠢᠵᠠᠭᠠᠷ ᠨᠢ᠄ 2022 ᠣᠨ ᠤ 5 ᠰᠠᠷ᠎ᠠ ᠶᠢᠨ ᠰᠡᠭᠦᠯᠴᠢ ᠠᠴᠠ ᠡᠮᠦᠨ᠎ᠡ︶ | ︵ᠭᠤᠷᠪᠠ︶ ᠦᠢᠯᠡᠳᠪᠦᠷᠢᠯᠡᠯ ᠵᠣᠭᠰᠣᠭᠰᠠᠨ ᠪᠠ ᠬᠠᠭᠠᠰ ᠵᠣᠭᠰᠣᠭᠰᠠᠨ ᠠᠵᠤ ᠠᠬᠤᠶᠢᠯᠠᠯ ᠤᠨ ᠠᠰᠠᠭᠤᠳᠠᠯ ᠢ | ᠰᠢᠢᠳᠪᠤᠷᠢᠯᠡᠨ᠎ᠡ | ᠮᠠᠨ ᠤ ᠬᠤᠰᠢᠭᠤᠨ ᠳᠤ ᠬᠤᠯᠪᠣᠭᠳᠠᠭᠰᠠᠨ ᠦᠢᠯᠡᠳᠪᠦᠷᠢᠯᠡᠯ ᠢᠶᠠᠨ ᠵᠣᠭᠰᠣᠭᠠᠭᠰᠠᠨ ᠪᠠ ᠬᠠᠭᠠᠰ ᠵᠣᠭᠰᠣᠭᠠᠭᠰᠠᠨ | ᠠᠵᠤ ᠠᠬᠤᠶᠢᠯᠠᠯ ᠢ ᠠᠮᠢᠯᠠᠭᠤᠯᠬᠤ ᠪᠠ ᠬᠤᠯᠪᠣᠭᠠᠯᠠᠵᠤ ᠳᠠᠬᠢᠨ ᠵᠣᠬᠢᠶᠠᠨ ᠪᠠᠶᠢᠭᠤᠯᠬᠤ ᠡᠭᠦᠷᠭᠡ 4 ᠪᠤᠢ᠂ ᠨᠡᠭᠡᠭᠡᠨ | ᠬᠥᠭᠵᠢᠭᠦᠯᠬᠦ ᠲᠣᠭᠤᠷᠢᠭ ᠤᠨ ᠬᠡᠷᠡᠭ ᠤᠨ ᠵᠢᠱᠢᠶ᠎ᠡ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠠᠵᠢᠯ ᠲᠠᠢ | ᠤᠶᠠᠯᠳᠤᠭᠤᠯᠤᠨ᠂ ᠬᠠᠷᠢᠭᠤᠴᠠᠯᠭᠠᠳᠤ ᠤᠳᠤᠷᠢᠳᠤᠯᠭ᠎ᠠ᠂ ᠲᠦᠷᠤᠭᠦᠯᠡᠨ ᠬᠢᠬᠦ ᠨᠢᠭᠡᠴᠡ᠂ ᠬᠠᠷᠢᠭᠤᠴᠠᠯᠭᠠᠲᠤ | ᠰᠠᠯᠠᠭ᠎ᠠ ᠮᠥᠴᠢᠷ ᠢ ᠲᠣᠳᠣᠷᠬᠠᠶᠢᠯᠠᠵᠤ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠲᠥᠯᠥᠪᠯᠡᠭᠡ ᠪᠠᠨ ᠲᠤᠭᠳᠠᠭᠠᠵᠦ᠂ | ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ | ᠪᠣᠳᠠᠲᠠᠢ ᠨᠠᠶᠢᠳᠠᠪᠤᠷᠢᠵᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠰᠢᠭᠤᠨ ᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠯᠦᠪᠸᠢ ᠠᠵᠤ ᠦᠢᠯᠡᠰ ᠤᠨ ᠲᠤᠭᠤᠷᠢᠭ ᠤᠨ | ᠬᠠᠮᠢᠶᠠᠷᠤᠯᠲᠠ ᠶᠢᠨ ᠠᠯᠪᠠᠨ ᠭᠡᠷ᠂ ᠵᠠᠬᠠᠨᠠᠭᠤᠷ ᠠᠵᠤ ᠦᠢᠯᠡᠰ ᠤᠨ ᠲᠤᠭᠤᠷᠢᠭ ᠤᠨ ᠬᠠᠮᠢᠶᠠᠷᠤᠯᠲᠠ ᠶᠢᠨ ᠠᠯᠪᠠᠨ ᠭᠡᠷ | ᠂ ᠠᠷᠤ ᠬᠥᠨᠳᠡᠯᠡᠨ ᠪᠠᠯᠭᠠᠰᠤ᠂ ᠭᠡᠷᠴᠢᠯᠠᠭᠤ︔ ᠪᠡᠶᠡᠯᠡᠭᠦᠯᠬᠦ ᠴᠠᠭ ᠤᠨ ᠬᠢᠵᠠᠭᠠᠷ ᠨᠢ᠄ 2022 ᠣᠨ ᠤ 12 | ᠰᠠᠷ᠎ᠠ ᠶᠢᠨ ᠰᠡᠭᠦᠯᠴᠢ ᠠᠴᠠ ᠡᠮᠦᠨ᠎ᠡ︶ | ︵ᠳᠥᠷᠪᠡ︶ ᠰᠤᠯᠠ ᠪᠠᠶᠢᠬᠤ ᠭᠠᠵᠠᠷ ᠰᠢᠷᠣᠢ ᠠᠷᠪᠢᠨ᠂ ᠲᠦᠷᠢᠶᠡᠰᠦᠯᠡᠬᠦ ᠪᠠᠷ ᠲᠠᠲᠠᠪᠤᠷᠢᠯᠠᠬᠤ ᠶᠢ | ᠤᠷᠤᠯᠠᠭᠤᠯᠤᠭᠰᠠᠨ᠂ ᠨᠢᠭᠡᠨᠲᠡ ᠲᠠᠳᠠᠪᠤᠷᠢᠯᠠᠭᠰᠠᠨ ᠪᠤᠯᠪᠠᠴᠤ ᠰᠢᠯᠵᠢᠭᠦᠯᠦᠭᠡᠳᠦᠢ᠂ ᠵᠥᠪᠰᠢᠶᠡᠷᠡᠭᠦᠯᠦᠭᠡᠳᠦᠢ ᠪᠠᠶᠢᠳᠠᠯ᠎ᠠ | ᠤᠷᠢᠳᠠᠪᠠᠷ ᠪᠠᠶᠢᠭᠤᠯᠬᠤ ᠵᠡᠷᠭᠡ ᠨᠡᠯᠢᠶᠡᠳ ᠲᠣᠪᠣᠶᠢᠮ᠎ᠠ ᠠᠰᠠᠭᠤᠳᠠᠯ ᠢ ᠰᠢᠢᠳᠪᠤᠷᠢᠯᠡᠨ᠎ᠡ | 1. ᠰᠤᠯᠠ ᠪᠠᠶᠢᠭ᠎ᠠ ᠭᠠᠵᠠᠷ ᠰᠢᠷᠣᠢ ᠶᠢ ᠵᠢᠭᠰᠠᠭᠠᠵᠦ ᠰᠢᠢᠳᠪᠦᠷᠢᠯᠡᠨ᠎ᠡ᠃ ᠯᠦᠪᠸᠢ ᠠᠵᠤ | ᠦᠢᠯᠡᠰ ᠦᠨᠲ᠋ᠣᠭᠤᠷᠢᠭ ᠤᠨ ᠬᠠᠮᠢᠶᠠᠷᠤᠯᠲᠠ ᠶᠢᠨ ᠠᠯᠪᠠᠨ ᠭᠡᠷ᠂ ᠵᠠᠬᠠᠨᠠᠭᠤᠷ ᠠᠵᠤ ᠦᠢᠯᠡᠰ ᠤᠨ ᠲᠣᠭᠤᠷᠢᠭ ᠤᠨ | ᠬᠠᠮᠢᠶᠠᠷᠤᠯᠲᠠ ᠶᠢᠨ ᠠᠯᠪᠠᠨ ᠭᠡᠷ ᠬᠢᠨ ᠬᠤᠶᠠᠷ ᠲᠣᠭᠤᠷᠢᠭ ᠤᠨ ᠭᠠᠵᠠᠷ ᠰᠢᠷᠣᠢ ᠶᠢᠨ ᠠᠰᠢᠭᠯᠠᠯᠲᠠ ᠶᠢᠨ ᠪᠠᠶᠢᠳᠠᠯ᠂ | ᠰᠤᠯᠠ ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠨ ᠲᠣᠳᠣᠷᠬᠠᠶᠢᠯᠠᠵᠤ᠂ ᠠᠵᠤ ᠦᠢᠯᠡᠳᠪᠦᠷᠢ ᠶᠢᠨ | ᠲᠣᠭᠤᠷᠢᠭ ᠤᠨ ᠰᠤᠯᠠ ᠪᠠᠶᠢᠬᠤ ᠭᠠᠵᠠᠷ ᠰᠢᠷᠣᠢ ᠶᠢᠨ ᠨᠠᠷᠢᠨ ᠲᠠᠩᠰᠠ ᠪᠠᠶᠢᠭᠤᠯᠵᠤ᠂ ᠭᠠᠵᠠᠷ ᠰᠢᠷᠣᠢ ᠶᠢᠨ ᠰᠤᠯᠠ | ᠪᠠᠶᠢᠬᠤ ᠰᠢᠯᠲᠠᠭᠠᠨ ᠢ ᠭᠦᠨᠵᠡᠭᠡᠢ ᠵᠠᠳᠠᠯᠤᠨ᠂ ᠭᠠᠵᠠᠷ ᠰᠢᠷᠣᠢ ᠰᠤᠯᠠ ᠪᠠᠶᠢᠬᠤ ᠰᠢᠨᠵᠢ ᠴᠢᠨᠠᠷ ᠢ ᠲᠥᠷᠥᠯ ᠬᠤᠪᠢᠶᠠᠨ | ᠮᠠᠭᠠᠳᠯᠠᠨ ᠲᠣᠭᠲᠠᠭᠠᠵᠤ᠂ ᠬᠠᠤᠯᠢ ᠲᠣᠭᠲᠠᠭᠠᠯ ᠢᠶᠠᠷ ᠲᠥᠷᠥᠯ ᠬᠤᠪᠢᠶᠠᠨ ᠰᠢᠢᠳᠪᠦᠷᠢᠯᠡᠵᠦ᠂ ᠠᠵᠤ | ᠦᠢᠯᠡᠳᠪᠦᠷᠢ ᠶᠢᠨ ᠲᠣᠭᠤᠷᠢᠭ ᠤᠨ ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠯᠦᠪᠸᠢ ᠠᠵᠤ ᠦᠢᠯᠡᠰ ᠤᠨ ᠲᠤᠭᠤᠷᠢᠭ ᠤᠨ ᠬᠠᠮᠢᠶᠠᠷᠤᠯᠲᠠ ᠶᠢᠨ | ᠠᠯᠪᠠᠨ ᠭᠡᠷ᠂ ᠵᠠᠬᠠᠨᠠᠭᠤᠷ ᠠᠵᠤ ᠦᠢᠯᠡᠰ ᠤᠨ ᠲᠤᠭᠤᠷᠢᠭ ᠤᠨ ᠬᠠᠮᠢᠶᠠᠷᠤᠯᠲᠠ ᠶᠢᠨ ᠠᠯᠪᠠᠨ ᠭᠡᠷ︔ ᠪᠡᠶᠡᠯᠡᠭᠦᠯᠬᠦ | ᠴᠠᠭ ᠤᠨ ᠬᠢᠵᠠᠭᠠᠷ ᠨᠢ᠄ 2022 ᠣᠨ ᠤ 4 ᠰᠠᠷ᠎ᠠ ᠶᠢᠨ ᠰᠡᠭᠦᠯᠴᠢ ᠠᠴᠠ ᠡᠮᠦᠨ᠎ᠡ︶ | 2. ᠭᠠᠵᠠᠷ ᠰᠢᠷᠣᠢ ᠶᠢᠨ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠮᠠᠨ ᠤ ᠬᠤᠰᠢᠭᠤᠨ ᠳᠤ | ᠬᠤᠯᠪᠤᠭᠳᠠᠬᠤ ᠵᠥᠪᠰᠢᠶᠡᠷᠡᠭᠰᠡᠨ ᠦᠭᠡᠢ ᠪᠠᠷ ᠤᠷᠢᠳᠠᠪᠠᠷ ᠪᠠᠶᠢᠭᠤᠯᠤᠭᠰᠠᠨ ᠲᠦᠷᠤᠯ ᠵᠤᠶᠢᠯ 6 ᠪᠤᠢ᠂ ᠬᠠᠩᠭᠠᠭᠰᠠᠨ | ᠦᠭᠡᠢ ᠪᠠᠷ ᠭᠠᠵᠠᠷ ᠰᠢᠷᠣᠢ ᠬᠡᠷᠡᠭᠯᠡᠭᠰᠡᠨ ᠲᠦᠷᠦᠯ ᠵᠤᠶᠢᠯ 2 ᠪᠤᠢ᠃ ᠵᠥᠪᠰᠢᠶᠡᠷᠡᠭᠦᠯᠦᠭᠡᠳᠦᠢ ᠪᠠᠷ ᠤᠷᠢᠳᠠᠪᠠᠷ | ᠪᠠᠶᠢᠭᠤᠯᠤᠭᠰᠠᠨ ᠲᠥᠷᠥᠯ ᠵᠦᠢᠯ ᠳᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠤᠯᠪᠣᠭᠳᠠᠯ | ᠪᠦᠬᠦᠢ ᠮᠠᠲ᠋ᠧᠷᠢᠶᠠᠯ ᠢ ᠵᠣᠬᠢᠶᠠᠨ ᠪᠠᠶᠢᠭᠤᠯᠤᠨ ᠮᠡᠳᠡᠭᠦᠯᠦᠨ ᠵᠥᠪᠰᠢᠶᠡᠷᠡᠭᠦᠯᠵᠦ᠂ ᠮᠡᠳᠡᠭᠦᠯᠦᠨ ᠵᠥᠪᠰᠢᠶᠡᠷᠡᠭᠦᠯᠦᠭᠰᠡᠨ ᠤ | ᠳᠠᠷᠠᠭ᠎ᠠ ᠫᠠᠶᠢᠰᠠ ᠡᠯᠭᠦᠨ ᠰᠢᠯᠵᠢᠭᠦᠯᠦᠨ ᠬᠤᠳᠠᠯᠳᠤᠬᠤ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠳᠤ ᠰᠢᠯᠵᠢᠭᠦᠯᠦᠨ | ᠥᠭᠬᠦ ᠬᠡᠷᠡᠭᠲᠡᠢ︔ ᠬᠠᠩᠭᠠᠭᠰᠠᠨ ᠦᠭᠡᠢ ᠪᠠᠷ ᠬᠡᠷᠡᠭᠯᠡᠭᠰᠡᠨ ᠭᠠᠵᠠᠷ ᠰᠢᠷᠣᠢ ᠶᠢ ᠬᠠᠤᠯᠢ ᠲᠣᠭᠲᠠᠭᠠᠯ ᠢᠶᠠᠷ ᠪᠠᠶᠢᠴᠠᠭᠠᠨ | ᠰᠢᠢᠳᠪᠦᠷᠢᠯᠡᠵᠦ᠂ ᠠᠵᠤ ᠠᠬᠤᠶᠢᠯᠠᠯ ᠳᠤ ᠭᠠᠵᠠᠷ ᠬᠠᠩᠭᠠᠬᠤ ᠠᠵᠢᠯ ᠢ ᠪᠡᠶᠡᠯᠡᠭᠦᠯᠬᠦ ᠶᠢ ᠠᠬᠢᠭᠤᠯᠤᠨ᠎ᠠ᠃ ︵ | ᠲᠦᠷᠦᠭᠦᠯᠡᠨ ᠬᠢᠬᠦ ᠨᠢᠭᠡᠴᠡ᠄ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︔ ᠬᠠᠷᠢᠭᠤᠴᠠᠯᠭᠠᠲᠤ | ᠨᠢᠭᠡᠴᠡ᠄ ᠭᠡᠷᠴᠢᠯᠠᠭᠤ ᠰᠤᠮᠤ᠂ ᠠᠷᠤ ᠬᠥᠨᠳᠡᠯᠡᠨ ᠪᠠᠯᠭᠠᠰᠤ᠂ ᠯᠦᠪᠸᠢ ᠠᠵᠤ ᠦᠢᠯᠡᠰ ᠤᠨ ᠲᠤᠭᠤᠷᠢᠭ ᠤᠨ | ᠬᠠᠮᠢᠶᠠᠷᠤᠯᠲᠠ ᠶᠢᠨ ᠠᠯᠪᠠᠨ ᠭᠡᠷ᠂ ᠵᠠᠬᠠᠨᠠᠭᠤᠷ ᠠᠵᠤ ᠦᠢᠯᠡᠰ ᠤᠨ ᠲᠤᠭᠤᠷᠢᠭ ᠤᠨ ᠬᠠᠮᠢᠶᠠᠷᠤᠯᠲᠠ ᠶᠢᠨ ᠠᠯᠪᠠᠨ ᠭᠡᠷ | ︔ ᠪᠡᠶᠡᠯᠡᠭᠦᠯᠬᠦ ᠴᠠᠭ ᠤᠨ ᠬᠢᠵᠠᠭᠠᠷ ᠨᠢ᠄ 2022 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ︶ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠡᠯ᠎ᠡ ᠲᠦᠷᠦᠭᠦᠯᠡᠨ | ᠬᠠᠷᠢᠭᠤᠴᠠᠬᠤ ᠨᠢᠭᠡᠴᠡ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠣᠯ ᠬᠠᠷᠢᠭᠤᠴᠠᠯᠭᠠᠲᠠᠨ ᠨᠢ ᠨᠢᠭᠡᠳᠦᠭᠡᠷ | ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ | ᠂ ᠬᠠᠷᠢᠭᠤᠴᠠᠯᠭᠠᠲᠤ ᠲᠠᠰᠤᠭ ᠪᠣᠯᠣᠨ ᠪᠣᠳᠠᠲᠠᠢ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠡᠯ᠎ᠡ ᠵᠦᠢᠯ ᠤᠨ | ᠠᠵᠢᠯ ᠤᠨ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠬᠢᠨ ᠲᠥᠰᠥᠯ ᠳᠤ ᠲᠣᠳᠣᠷᠬᠠᠶᠢᠯᠠᠭᠰᠠᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠷ᠂ | ᠠᠵᠢᠯ ᠤᠨ ᠲᠥᠰᠥᠯ ᠢᠶᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ | ᠲᠣᠭᠲᠠᠭᠠᠨ᠂ ᠪᠡᠶᠡᠯᠡᠭᠦᠯᠬᠦ ᠴᠠᠭ ᠤᠨ ᠬᠢᠵᠠᠭᠠᠷ᠂ ᠵᠢᠷᠤᠭ ᠡᠯᠬᠦᠨ ᠠᠵᠢᠯ ᠬᠢᠵᠦ᠂ ᠡᠯ᠎ᠡ ᠵᠦᠢᠯ ᠤᠨ | ᠰᠢᠪᠲᠤᠯᠤᠯᠲᠠ ᠶᠢᠨ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠭᠤᠷᠪᠠ︶ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠷᠠᠭᠤᠯᠤᠨ᠎ᠠ᠃ ᠬᠤᠰᠢᠭᠤᠨ ᠤ ᠠᠵᠤ ᠦᠢᠯᠡᠳᠪᠦᠷᠢ | ᠮᠡᠳᠡᠭᠡ ᠵᠠᠩᠭᠢᠵᠢᠯᠲᠠ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ ᠲᠦᠷᠦᠭᠦᠯᠡᠨ ᠶᠡᠷᠦᠩᠬᠡᠢ ᠠᠵᠢᠯ ᠢ ᠠᠳᠬᠤᠬᠤ | ᠦᠢᠯᠡᠳᠦᠯ ᠢᠶᠠᠨ ᠰᠠᠶᠢᠲᠤᠷ ᠪᠠᠳᠠᠷᠠᠭᠤᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠵᠦ | ᠠᠵᠢᠯ ᠤᠨ ᠠᠬᠢᠴᠠ ᠶᠢᠨ ᠪᠠᠶᠢᠳᠠᠯ ᠢᠶᠠᠨ ᠲᠣᠬᠢᠷᠠᠭᠤᠯᠤᠨ᠂ ᠠᠵᠤ ᠦᠢᠯᠡᠳᠪᠦᠷᠢ ᠶᠢᠨ ᠲᠣᠭᠤᠷᠢᠭ ᠤᠨ ᠲᠤᠰᠬᠠᠢ | ᠰᠢᠮᠳᠠᠭᠤᠯᠤᠨ ᠪᠠᠶᠢᠴᠠᠭᠠᠬᠤ ᠳᠦᠷᠢᠮ ᠢ ᠪᠠᠶᠢᠭᠤᠯᠵᠤ᠂ ᠰᠠᠷ᠎ᠠ ᠪᠦᠷᠢ ᠡᠯ᠎ᠡ ᠬᠠᠷᠢᠭᠤᠴᠠᠯᠭᠠᠲᠤ ᠨᠢᠭᠡᠴᠡ ᠶᠢᠨ | ᠠᠵᠢᠯ ᠤᠨ ᠠᠬᠢᠴᠠ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠪᠠ ᠨᠡᠶᠢᠲᠡᠯᠢᠭ ᠲᠤᠷᠰᠢᠯᠭ᠎ᠠ ᠶᠢ | ᠲᠣᠬᠢᠷᠠᠭᠤᠯᠬᠤ ᠶᠢᠨ ᠬᠠᠮᠲᠤ ᠴᠠᠭ ᠲᠤᠬᠠᠢ ᠳᠤᠨᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ | ᠬᠠᠷᠢᠭᠤ ᠮᠡᠳᠡᠭᠦᠯᠦᠨ᠎ᠡ᠃ | | | |