ᠣᠶᠢᠷ᠎ᠠ ᠳᠤ᠂ ᠬᠤᠩᠬᠠᠳᠤ ᠠᠭᠤᠯᠠ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ︽ᠮᠡᠬᠡᠯᠡᠯ ᠢ | ᠡᠰᠡᠷᠭᠦᠴᠡᠵᠦ ᠮᠡᠬᠡᠯᠡᠯ ᠢ ᠰᠡᠷᠭᠡᠶᠢᠯᠡᠵᠦ ᠨᠠᠰᠤᠲᠠᠶᠢᠴᠤᠳ ᠢ ᠬᠦᠨᠳᠦᠯᠡᠨ ᠨᠠᠰᠤᠲᠠᠶᠢᠴᠤᠳ ᠢ ᠬᠠᠪᠰᠤᠷᠬᠤ︾ ᠪᠠᠷ | ᠭᠤᠣᠯ ᠰᠡᠳᠦᠪ ᠪᠣᠯᠭᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠮᠡᠬᠡᠯᠡᠯ ᠢ ᠰᠡᠷᠭᠡᠶᠢᠯᠡᠵᠦ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠵᠡᠷᠭᠡ ᠠᠭᠤᠯᠭ᠎ᠠ ᠶᠢᠨ ᠲᠣᠭᠤᠷᠢᠨ ᠳᠤ ︽ | ᠨᠠᠰᠤᠲᠠᠶᠢᠴᠤᠳ ᠢ ᠬᠦᠨᠳᠦᠯᠡᠬᠦ ᠰᠠᠷ᠎ᠠ︾ ᠶᠢᠨ ᠰᠢᠷᠢᠰ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠠᠵᠢᠯᠯᠠᠭᠴᠢᠳ ᠨᠠᠰᠤᠲᠠᠶᠢᠴᠤᠳ ᠲᠤ ᠦᠨ᠎ᠡ ᠲᠥᠯᠥᠪᠦᠷᠢ | ᠦᠭᠡᠢ ᠪᠠᠷ ᠦᠰᠦ ᠵᠠᠰᠠᠬᠤ᠂ ᠴᠢᠰᠤᠨ ᠳᠠᠷᠤᠯᠲᠠ ᠬᠡᠮᠵᠢᠬᠦ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ | ᠬᠠᠩᠭᠠᠬᠤ ᠶᠢᠨ ᠬᠠᠮᠲᠤ ᠨᠠᠰᠤᠲᠠᠶᠢᠴᠤᠳ ᠲᠤ ᠨᠠᠰᠤᠵᠢᠯ ᠤᠨ ᠠᠰᠠᠷᠠᠮᠵᠢ ᠶᠢᠨ ᠲᠤᠬᠠᠢ ᠬᠠᠤᠯᠢ ᠴᠠᠭᠠᠵᠠ ᠶᠢᠨ | ᠮᠡᠳᠡᠯᠭᠡ ᠂ ᠴᠠᠬᠢᠯᠭᠠᠨ ᠬᠤᠯᠪᠣᠭ᠎ᠠ ᠪᠠᠷ ᠮᠡᠬᠡᠯᠡᠯ ᠬᠢᠬᠦ ᠶᠢ ᠰᠡᠷᠭᠡᠶᠢᠯᠡᠬᠦ᠂ ᠬᠤᠳᠠᠯ ᠬᠠᠭᠤᠷᠮᠠᠭ ᠤᠬᠠᠭᠤᠯᠭ᠎ᠠ ᠶᠢ | ᠢᠯᠭᠠᠨ ᠲᠠᠨᠢᠬᠤ ᠴᠢᠳᠠᠪᠤᠷᠢ ᠪᠠᠨ ᠴᠢᠩᠭᠠᠳᠬᠠᠬᠤ ᠲᠤᠬᠠᠢ ᠤᠬᠠᠭᠤᠯᠭ᠎ᠠ ᠬᠢᠵᠦ᠂ ᠨᠠᠰᠤᠲᠠᠶᠢᠴᠤᠳ ᠤᠨ ᠵᠣᠯ | ᠵᠢᠷᠭᠠᠯᠳᠤ ᠰᠡᠳᠬᠢᠯᠭᠡ ᠪᠠ ᠬᠦᠷᠲᠡᠮᠵᠢ ᠶᠢᠨ ᠲᠦᠷᠤᠭ᠍ᠳᠡᠯ ᠢ ᠦᠨᠡᠨ ᠬᠦ ᠲᠡᠭᠡᠭᠰᠢᠯᠡᠭᠦᠯᠪᠡ᠃ | | | |