ᠵᠠᠷᠤᠳ ᠬᠤᠰᠢᠭᠤ ᠬᠤᠳᠠᠯᠳᠤᠭᠠᠴᠢᠨ ᠤᠷᠢᠵᠤ ᠪᠡᠯᠡ ᠲᠠᠲᠠᠬᠤ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠠᠰᠠᠭ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2022/10/28
         10 ᠰᠠᠷ᠎ᠠ ᠶᠢᠨ 27 ᠤ ᠡᠳᠦᠷ᠂ ᠵᠠᠷᠤᠳ ᠬᠤᠰᠢᠭᠤ ᠬᠤᠳᠠᠯᠳᠤᠭᠠᠴᠢᠨ ᠤᠷᠢᠵᠤ ᠪᠡᠯᠡ ᠲᠠᠲᠠᠬᠤ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠠᠰᠠᠭ ᠠᠵᠤ ᠠᠬᠤᠶᠢᠯᠠᠯ ᠤᠨ  ᠰᠠᠭᠤᠳᠠᠯ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠣ ᠶᠠᠨ ᠵᠢᠶᠦ᠋ᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠰᠢᠭᠤᠨ ᠤ ᠤᠳᠤᠷᠢᠳᠤᠯᠭ᠎ᠠ ᠪᠠᠲᠤ᠂ ᠯᠢᠦ ᠶᠣᠣ᠂ ᠯᠢᠦ ᠰᠢ ᠯᠢᠨ᠂ ᠪᠠᠢ ᠶᠠᠨ ᠰᠢᠤᠸᠠᠢ᠂ ᠯᠢ ᠢᠦᠢ ᠹᠦ᠋᠂ ᠰᠦᠸᠧ ᠮᠢᠩ ᠢᠦᠢ᠂ ᠼᠦᠢ ᠯᠧᠢ ᠯᠧᠢ᠂ ᠯᠢ ᠶᠦᠩ ᠬᠠᠢ᠂ ᠮᠦ ᠲᠢᠶᠧ ᠮᠢᠨ᠂ ᠸᠠᠩ ᠴᠧᠩ ᠬᠤᠷᠠᠯ ᠳᠤ ᠣᠷᠣᠯᠴᠠᠪᠠ᠃
353d08bc062d6e2760fcb808d86026a.jpg
    ᠱᠤᠤ ᠶᠠᠨ ᠵᠢᠶᠦ᠋ᠨ ᠵᠢᠭᠠᠪᠣᠷᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ︽ᠬᠥᠮᠥᠨ ᠪᠦᠬᠦᠨ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ︾ ᠭᠡᠬᠦ ᠦᠢᠯᠡᠴᠢᠯᠡᠭᠡᠨ ᠤ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠲᠦᠷᠦᠯ ᠵᠦᠢᠯ ᠪᠣᠯᠣᠨ ᠠᠵᠤ ᠠᠬᠤᠶᠢᠯᠠᠯ ᠳᠤ ᠭᠦᠨᠵᠡᠭᠡᠶᠢᠷᠡᠬᠦ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠪᠠᠶᠢᠷᠢ ᠰᠣᠯᠢᠵᠤ ᠰᠡᠳᠬᠢᠵᠦ᠂ ᠪᠡᠶᠡᠴᠢᠯᠡᠨ ᠠᠵᠤ ᠠᠬᠤᠶᠢᠯᠠᠯ ᠤᠨ ᠲᠥᠷᠥᠭᠳᠡᠯ ᠢ ᠣᠶᠢᠯᠠᠭᠠᠵᠤ᠂ ᠲᠦᠷᠦᠯ ᠰᠠᠳᠤᠨ ᠲᠠᠢ ᠪᠠᠨ ᠬᠠᠮᠲᠣᠬᠤ ᠶᠢᠨ ᠠᠵᠤ ᠠᠬᠤᠶᠢᠯᠠᠯᠲᠠᠨ ᠳᠤ ᠬᠠᠨᠳᠤᠵᠤ᠂ ᠠᠮᠠᠯᠠᠭᠰᠠᠨ ᠵᠦᠢᠯ ᠢᠶᠠᠨ ᠴᠠᠭ ᠲᠤᠬᠠᠢ  ᠳᠤᠨᠢ ᠪᠡᠶᠡᠯᠡᠭᠦᠯᠵᠦ᠂ ᠦᠨᠡᠨ ᠰᠡᠳᠬᠢᠯ ᠠᠴᠠ ᠪᠠᠨ ᠰᠡᠳᠭᠢᠯ ᠲᠠᠯᠪᠢᠨ ᠦᠢᠯᠡᠴᠢᠯᠡᠭᠡ ᠪᠠᠨ ᠰᠠᠶᠢᠲᠤᠷ ᠬᠢᠵᠦ᠂ ᠠᠵᠤ ᠠᠬᠤᠶᠢᠯᠠᠯᠲᠠᠳ ᠤ ᠰᠠᠨᠠᠭ᠎ᠠ ᠠᠮᠤᠷ ᠪᠡᠯᠡ ᠣᠷᠣᠭᠤᠯᠵᠤ᠂ ᠰᠠᠨᠠᠭ᠎ᠠ ᠠᠮᠤᠷ ᠦᠢᠯᠡᠰ ᠪᠣᠰᠬᠠᠵᠤ᠂ ᠰᠡᠳᠬᠢᠯ ᠲᠡᠨᠢᠭᠦᠨ ᠬᠦᠭᠵᠢᠭᠦᠯᠬᠦ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠲᠥᠷᠥᠯ ᠵᠦᠢᠯ ᠤᠨ ᠭᠠᠷᠳᠠᠮ ᠭᠦᠢᠴᠡᠳᠬᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ︽ᠲᠥᠷᠥᠯ ᠵᠦᠢᠯ ᠤᠨ ᠬᠠᠮᠢᠶᠠᠷᠤᠭᠴᠢ︾ ︽ᠲᠥᠷᠥᠯ ᠵᠦᠢᠯ ᠤᠨ ᠨᠠᠷᠢᠨ ᠪᠢᠴᠢᠭᠡᠴᠢ︾ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠳᠤ ᠮᠥᠷᠳᠡᠨ ᠦᠢᠯᠡᠴᠢᠯᠡᠬᠦ ᠡᠷᠴᠢᠮ ᠢᠶᠠᠨ ᠴᠢᠩᠭᠠᠷᠠᠭᠤᠯᠤᠨ᠂ ᠪᠥᠬᠦ ᠬᠦᠴᠦᠨ ᠵᠦᠢᠯ ᠢᠶᠠᠷ ᠪᠠᠲᠤᠯᠠᠬᠤ᠂ ᠪᠥᠬᠦ ᠦᠶᠡᠯᠡᠯ ᠢᠶᠠᠷ ᠦᠢᠯᠡᠴᠢᠯᠡᠬᠦ᠂ ᠪᠥᠬᠦ ᠡᠳᠦᠷ ᠢᠶᠠᠷ ᠢᠶᠠᠨ ᠲᠠᠭᠠᠨ ᠦᠢᠯᠡᠴᠢᠯᠡᠬᠦ ᠶᠢ ᠪᠡᠶᠡᠯᠡᠭᠦᠯᠵᠦ᠂ ︽ᠡᠪᠦᠯ ᠤᠨ ᠰᠡᠯᠡᠭᠦᠦ ᠴᠠᠭ ᠢᠶᠠᠨ ᠡᠪᠦᠯ ᠤᠨ ᠶᠠᠭᠠᠷᠠᠯᠲᠠᠢ ᠴᠠᠭ︾ ᠪᠣᠯᠭᠠᠨ᠂ ᠬᠦᠴᠦ ᠪᠠᠨ ᠬᠠᠮᠲᠤᠳᠬᠠᠨ ᠲᠥᠷᠥᠯ ᠵᠦᠢᠯ ᠢ ᠠᠳᠬᠤᠬᠤ ᠶᠢ ᠠᠵᠢᠯ ᠤᠨ ᠪᠥᠬᠦ ᠶᠠᠪᠤᠴᠠ ᠳᠤ ᠲᠤᠤᠱᠯᠠᠭᠤᠯᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠪᠥᠬᠦ ᠬᠦᠴᠦᠨ ᠢᠶᠠᠷ ᠢᠶᠠᠨ ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠢ ᠨᠠᠶᠢᠳᠠᠪᠤᠷᠢᠵᠢᠭᠤᠯᠤᠨ ᠠᠰᠢᠭᠯᠠᠯᠲᠠ ᠳᠤ ᠣᠷᠣᠭᠤᠯᠬᠤ᠂ ᠬᠤᠷᠳᠤᠴᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ  ᠠᠬᠢᠭᠤᠯᠬᠤ ᠬᠡᠷᠡᠭᠲᠡᠢ᠃
67213b84c9006c7c52d65fd133b513a.jpg
    ᠱᠣᠣ ᠶᠠᠨ ᠵᠢᠶᠦ᠋ᠨ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠪᠦᠭᠦ ᠬᠤᠰᠢᠭᠤᠨ ᠤ ︽ᠠᠷᠪᠠᠨ ᠶᠡᠭᠡ ᠭᠤᠣᠯᠳᠠᠯᠭ᠎ᠠ ᠲᠠᠢ ᠠᠵᠤ ᠦᠢᠯᠡᠰ︾  ᠢ ᠴᠢᠩᠭ᠎ᠠ ᠠᠩᠬᠠᠷᠴᠤ᠂  ᠬᠤᠳᠠᠯᠳᠣᠭᠠᠴᠢᠨ ᠤᠷᠢᠬᠤ ᠠᠵᠢᠯᠯᠠᠭ᠎ᠠ ᠶᠢ ᠣᠨᠣᠴᠠᠲᠠᠢ ᠥᠷᠨᠢᠭᠦᠯᠵᠦ᠂ ᠲᠤᠭ᠎ᠠ ᠬᠡᠮᠵᠢᠶ᠎ᠡ᠂ ᠶᠠᠰᠤ ᠴᠢᠨᠠᠷ ︽ᠬᠤᠶᠠᠷ ᠢ ᠠᠳᠬᠤᠬᠤ︾  ᠶᠢ ᠪᠠᠷᠢᠮᠲᠠᠯᠠᠨ᠂ ᠬᠤᠳᠠᠯᠳᠣᠭᠠᠴᠢᠨ ᠤᠷᠢᠬᠤ ᠶᠠᠰᠤ ᠴᠢᠨᠠᠷ ᠦᠷ᠎ᠡ ᠪᠦᠲᠦᠮᠵᠢ ᠶᠢ ᠪᠦᠭᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠲᠦᠷᠦᠯ ᠵᠦᠢᠯ ᠤᠨ ᠨᠥᠭᠡᠴᠡᠯᠡᠯᠲᠡ ᠶᠢ ᠰᠠᠶᠢᠲᠤᠷ ᠬᠢᠬᠦ ᠶᠢᠨ ᠬᠠᠮᠲᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠳᠡᠭᠡᠭᠰᠢ ᠵᠣᠯᠭᠠᠭᠤᠯᠵᠤ᠂ ᠲᠦᠷᠦ ᠶᠢᠨ ᠪᠣᠳᠣᠯᠭ᠎ᠠ ᠶᠢ ᠠᠮᠵᠢᠵᠤ᠂ ᠠᠵᠠ ᠲᠣᠬᠢᠶᠠᠯ ᠢ ᠠᠮᠵᠢᠵᠤ᠂ ᠴᠠᠭ ᠢ ᠠᠮᠵᠢᠵᠤ᠂ ᠨᠡᠩ ᠤᠯᠠᠨ ᠲᠦᠷᠦᠯ ᠵᠦᠢᠯ ᠢ ᠪᠣᠲᠠᠲᠠᠶᠢᠵᠢᠭᠤᠯᠣᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠰᠠᠯᠠᠭ᠎ᠠ ᠮᠥᠴᠢᠷ ᠬᠢᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠦᠢᠯᠡᠴᠢᠯᠡᠭᠡᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠪᠡᠯᠡ ᠮᠦᠩᠬᠦ᠂ ᠭᠠᠵᠠᠷ ᠰᠢᠷᠣᠢ ᠵᠡᠷᠭᠡ ᠡᠬᠢ ᠪᠠᠶᠠᠯᠢᠭ ᠤᠨ ᠵᠦᠢᠯ ᠤᠨ ᠪᠠᠲᠤᠯᠠᠭ᠎ᠠ ᠪᠠᠨ ᠨᠢᠭᠡᠳᠦᠯᠲᠡᠢ ᠲᠥᠯᠥᠪᠵᠢᠭᠦᠯᠵᠦ᠂ ᠲᠦᠷᠦᠯ ᠵᠦᠢᠯ ᠤᠨ ᠲᠦᠷᠭᠡᠨ ᠭᠡᠷ᠎ᠡ ᠲᠣᠭᠲᠠᠬᠤ᠂ ᠲᠦᠷᠭᠡᠨ ᠨᠠᠶᠢᠳᠠᠪᠤᠷᠢᠵᠢᠭᠤᠯᠬᠤ᠂ ᠲᠦᠷᠭᠡᠨ ᠠᠵᠢᠯ ᠡᠬᠢᠯᠡᠭᠦᠯᠬᠦ᠂ ᠲᠦᠷᠭᠡᠨ ᠪᠦᠲᠦᠭᠡᠨ ᠪᠠᠶᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠦᠷᠭᠦᠯᠵᠢᠯᠡᠨ ᠵᠠᠯᠭᠠᠯᠳᠣᠭᠰᠠᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠡᠯ᠎ᠡ ᠠᠵᠤ ᠠᠬᠤᠶᠢᠯᠠᠯᠲᠠᠳ ᠳᠣᠣᠭᠠᠷᠪᠠᠯ ᠳᠠᠭᠤ ᠨᠢᠭᠡᠲᠠᠢ ᠳᠣᠭᠲᠤᠷᠪᠠᠯ ᠬᠦᠴᠦ ᠨᠢᠭᠡᠲᠠᠢ᠂ ᠤᠰᠤ ᠭᠦᠨ ᠪᠣᠯ ᠵᠢᠭᠠᠰᠤ ᠪᠠᠶᠠᠰᠤᠨ᠎ᠠ᠂ ᠬᠤᠳᠠ ᠬᠦᠴᠦᠷᠬᠡᠭ ᠪᠣᠯ ᠠᠷᠠᠯᠵᠢᠶ᠎ᠠ ᠬᠦᠭᠵᠢᠶᠡᠨᠲᠡᠢ᠂ ᠵᠠᠰᠠᠭ ᠠᠵᠤ ᠠᠬᠤᠶᠢᠯᠠᠯ ᠪᠣᠯ ᠵᠢᠭᠠᠰᠤ ᠤᠰᠤᠨ ᠤ ᠪᠠᠶᠢᠳᠠᠯ ᠰᠠᠯᠵᠤ ᠪᠣᠯᠣᠰᠢ ᠦᠭᠡᠢ ᠨᠢᠭᠲᠠ ᠬᠤᠯᠪᠣᠭ᠎ᠠ ᠲᠠᠢ᠂ ᠡᠯ᠎ᠡ ᠠᠵᠤ ᠠᠬᠤᠶᠢᠯᠠᠯᠲᠠᠳ ᠪᠤᠵᠠᠭᠠᠶᠢᠷᠠᠨ ᠬᠦᠴᠦᠷᠬᠡᠭᠵᠢᠬᠦ ᠶᠢᠨ ᠬᠠᠮᠲᠤ ᠲᠤᠰ ᠬᠥᠮᠥᠨ ᠤ ᠬᠠᠷᠢᠴᠠᠭ᠎ᠠ᠂ ᠮᠡᠳᠡᠭᠡ ᠵᠠᠩᠭᠢ ᠶᠢᠨ ᠡᠬᠢ ᠪᠠᠶᠠᠯᠢᠭ ᠵᠡᠷᠭᠡ ᠲᠠᠯ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠤᠳᠠᠯᠳᠣᠭᠠᠴᠢᠨ ᠢᠶᠠᠷ ᠬᠤᠳᠠᠯᠳᠣᠭᠠᠴᠢᠨ ᠤᠷᠢᠵᠤ ᠲᠦᠷᠦᠯ ᠵᠦᠢᠯ ᠲᠠᠲᠠᠵᠤ᠂ ᠳᠡᠭᠡᠷ᠎ᠡ ᠳᠣᠣᠷ᠎ᠠ ᠬᠡᠯᠬᠢᠶ᠎ᠡ ᠶᠢᠨ ᠠᠵᠤ ᠠᠬᠤᠶᠢᠯᠠᠯ ᠢ ᠵᠠᠷᠤᠳ ᠬᠤᠰᠢᠭᠤᠨ ᠳᠤ ᠲᠠᠲᠠᠵᠤ᠂ ᠠᠵᠤ ᠦᠢᠯᠡᠰ ᠤᠨ ᠲᠦᠪᠯᠡᠷᠡᠬᠦ ᠬᠡᠮᠵᠢᠶ᠎ᠡ ᠶᠢ ᠶᠡᠬᠡᠰᠬᠡᠵᠦ᠂ ᠪᠡᠯᠡ ᠣᠷᠣᠭᠤᠯᠵᠤ ᠦᠢᠯᠡᠰ ᠪᠣᠰᠬᠠᠨ ᠬᠠᠮᠲᠤᠷᠠᠨ ᠬᠦᠭᠵᠢᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃
a455517ea5d5efdb78f035409ab7489.jpg
    ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠡᠯ᠎ᠡ ᠠᠵᠤ ᠠᠬᠤᠶᠢᠯᠠᠯ ᠤᠨ ᠬᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠣᠳᠠᠲᠠᠢ ᠪᠠᠶᠢᠳᠠᠯ ᠪᠣᠯᠣᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠲᠠᠨᠢᠯᠴᠠᠭᠤᠯᠪᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠤᠨ ᠳᠤᠷᠠᠳᠤᠭᠰᠠᠨ ᠰᠠᠨᠠᠭᠤᠯᠭ᠎ᠠ ᠪᠠ ᠣᠷᠣᠰᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠪᠡ︔ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠡᠯ᠎ᠡ ᠠᠵᠤ ᠠᠬᠤᠶᠢᠯᠠᠯ ᠬᠢᠨ ᠳᠤᠷᠠᠳᠤᠭᠰᠠᠨ ᠬᠤᠯᠪᠣᠭᠳᠠᠯ ᠪᠦᠬᠦᠢ ᠠᠰᠠᠭᠤᠳᠠᠯ ᠤᠨ ᠲᠠᠯ᠎ᠠ ᠪᠠᠷ ᠪᠣᠳᠠᠲᠠᠢ ᠵᠢᠯᠣᠭᠤᠳᠤᠯᠭ᠎ᠠ ᠬᠢᠪᠡ᠃    ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠭᠡᠷ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ  ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠢ ᠨᠣᠲᠤᠭ ᠪᠡᠯᠴᠢᠭᠡᠷ ᠤᠨ ᠲᠣᠪᠴᠢᠶ᠎ᠠ ᠵᠡᠷᠭᠡ 26 ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠵᠢᠴᠢ ᠾᠦᠸᠧ ᠮᠸᠢ ᠬᠤᠩ ᠵᠢᠶᠦ᠋ᠨ ᠬᠥᠩᠭᠡᠨ ᠴᠠᠭᠠᠨ ᠴᠠᠬᠢᠯᠭᠠᠨ ᠤ ᠺᠣᠮᠫᠠᠨᠢ ᠶᠢᠨ ᠴᠠᠬᠢᠯᠭᠠᠨ ᠬᠦᠴᠦᠨ ᠤ ᠬᠤᠪᠢᠶᠠᠷᠢ ᠺᠣᠮᠫᠠᠨᠢ᠂ ᠲᠦᠩᠯᠢᠶᠣᠣ ᠬᠤᠲᠠ ᠶᠢᠨ   ᠴᠡᠩᠭᠡᠯ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠾᠦᠢ ᠴᠧᠩ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 16 ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号