ᠵᠠᠷᠤᠳ ᠬᠤᠰᠢᠭᠤ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2022/10/28
       ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ ᠰᠢᠨ᠎ᠡ ᠦᠷ᠎ᠡ ᠪᠦᠲᠦᠮᠵᠢ ᠣᠯᠬᠤ ᠶᠢᠨ ᠲᠥᠯᠥᠭᠡ᠂ 10 ᠰᠠᠷ᠎ᠠ ᠶᠢᠨ 26 ᠤ ᠡᠳᠦᠷ᠂ ᠵᠠᠷᠤᠳ ᠬᠤᠰᠢᠭᠤ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠰᠠᠭᠤᠳᠠᠯ ᠤᠨ ᠬᠤᠷᠠᠯ ᠬᠢᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠱᠣᠣ ᠶᠠᠨ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠤᠳᠤᠷᠢᠳᠤᠯᠭ᠎ᠠ ᠦ᠋ ᠴᠢᠩ ᠬᠠᠢ᠂ ᠼᠦᠢ ᠯᠧᠢ ᠯᠧᠢ᠂ ᠸᠠᠩ ᠴᠧᠩ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠵᠠᠷᠢᠮ ᠰᠤᠮᠤ ᠪᠠᠯᠭᠠᠰᠤ᠂ ᠭᠠᠴᠠᠭ᠎ᠠ ᠲᠣᠰᠬᠤᠨ ᠤ ᠭᠤᠣᠯ ᠬᠠᠷᠢᠭᠤᠴᠠᠯᠭᠠᠲᠠᠨ ᠵᠢᠴᠢ ᠦᠬᠡᠷ ᠤᠨ ᠠᠵᠤ ᠦᠢᠯᠡᠰ ᠤᠨ ᠲᠡᠵᠢᠭᠡᠪᠦᠷᠢ ᠶᠢᠨ ᠲᠣᠮᠣ ᠡᠷᠦᠬᠡ ᠶᠢᠨ ᠲᠥᠯᠥᠭᠡᠯᠡᠭᠴᠢ᠂ ᠠᠵᠤ ᠠᠬᠤᠶᠢᠯᠠᠯᠲᠠᠨ ᠤ ᠲᠥᠯᠥᠭᠡᠯᠡᠭᠴᠢ  ᠣᠷᠣᠯᠴᠠᠪᠠ᠃
84199dff71aba1303bad60fd5053c8b.jpg
    ᠰᠠᠭᠤᠳᠠᠯ ᠤᠨ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠡᠪᠴᠢᠶᠡᠵᠢᠭᠦᠯᠦᠨ ᠲᠡᠵᠢᠭᠡᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠪᠣᠷᠳᠣᠵᠤ ᠲᠠᠷᠭᠤᠯᠠᠭᠤᠯᠬᠤ᠂ ᠮᠠᠯ ᠤᠨ ᠡᠭᠦᠯᠳᠡᠷ ᠰᠠᠶᠢᠵᠢᠷᠠᠭᠤᠯᠬᠤ᠂ ᠮᠠᠯ ᠤᠨ ᠠᠷᠠᠯᠵᠢᠶ᠎ᠠ ᠬᠢᠬᠦ᠂ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷᠯᠡᠭᠦᠯᠬᠦ ᠶᠢ ᠵᠣᠭᠰᠤᠭᠠᠬᠤ ᠶᠢᠨ ᠲᠣᠭᠤᠷᠢᠨ ᠳᠤ ᠨᠢᠭᠡᠳ ᠨᠢᠭᠡ ᠪᠠᠷ ᠶᠠᠷᠢᠶ᠎ᠠ ᠲᠠᠯᠪᠢᠵᠤ᠂ ᠪᠤᠳᠤᠭᠰᠠᠨ ᠢᠶᠠᠨ ᠠᠭᠤᠵᠢᠷᠠᠲᠠᠯ᠎ᠠ ᠶᠠᠷᠢᠵᠤ᠂ ᠥᠪᠡᠷ ᠥᠪᠡᠷ ᠤᠨ ᠰᠠᠨᠠᠯ ᠢᠶᠠᠨ ᠶᠠᠷᠢᠪᠠ᠃ ᠱᠤᠤ ᠶᠠᠨ ᠵᠢᠶᠦ᠋ᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠤᠯᠠᠨ ᠲᠠᠢ ᠭᠦᠨᠵᠡᠭᠡᠢ ᠰᠠᠨᠠᠯ ᠢᠶᠠᠨ ᠰᠣᠯᠢᠯᠴᠠᠵᠤ᠂ ᠪᠦᠬᠦ ᠬᠤᠰᠢᠭᠤᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠵᠠᠩᠭᠢᠯᠠᠭ᠎ᠠ ᠶᠢ ᠡᠵᠡᠮᠳᠡᠵᠦ᠂ ᠣᠳᠣᠬᠠᠨ ᠤ ᠬᠥᠭᠵᠢᠯᠲᠡ ᠳᠤ ᠣᠷᠣᠰᠢᠵᠤ ᠪᠠᠶᠢᠭ᠎ᠠ ᠠᠰᠠᠭᠤᠳᠠᠯ ᠪᠠ ᠳᠣᠲᠠᠭᠳᠠᠯ ᠲᠠᠯ᠎ᠠ ᠶᠢ ᠬᠠᠮᠲᠤᠪᠠᠷ ᠰᠢᠨᠵᠢᠯᠡᠨ ᠰᠤᠳᠤᠯᠵᠤ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠬᠡᠷᠬᠢᠨ ᠬᠢᠬᠦ ᠲᠠᠢ ᠠᠷᠭ᠎ᠠ ᠤᠬᠠᠭᠠᠨ ᠭᠠᠷᠭᠠᠵᠤ᠂ ᠠᠵᠢᠯ ᠤᠨ ᠰᠡᠳᠬᠢᠴᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠥᠭᠵᠢᠯᠲᠡ ᠶᠢᠨ ᠬᠠᠮᠲᠤ ᠶᠢᠨ ᠲᠠᠨᠢᠯᠲᠠ ᠶᠢ  ᠨᠢᠭᠲᠠᠷᠠᠭᠤᠯᠪᠠ᠃
41e55396f2b892c2a05a9493dc7deb5.jpg
    ᠱᠤᠤ ᠶᠠᠨ ᠵᠢᠶᠦ᠋ᠨ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠵᠢᠯ ᠤᠨ ᠢᠯᠡᠳᠬᠡᠯ ᠳᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ︾ ᠲᠣᠬᠠᠢ ᠳᠤᠷᠠᠳᠴᠤ᠂ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠬᠦ ᠬᠡᠷᠡᠭᠲᠡᠢ ᠭᠡᠪᠡ᠃ ᠵᠠᠷᠤᠳ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠣᠮᠣ ᠬᠤᠰᠢᠭᠤ ᠪᠣᠯᠤᠭᠰᠠᠨ ᠤ ᠬᠤᠪᠢ ᠳᠤ᠂ ᠦᠬᠡᠷ ᠤᠨ ᠠᠵᠤ ᠦᠢᠯᠡᠰ ᠢ ᠬᠥᠭᠵᠢᠭᠦᠯᠬᠦ ᠳᠤ ᠤᠯᠠᠨ ᠠᠴᠠ ᠣᠨᠴᠠᠭᠠᠢ ᠳᠠᠪᠠᠭᠤᠯᠢᠭ ᠲᠠᠯ᠎ᠠ ᠲᠠᠢ ᠶᠤᠮ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠬᠡᠷ ᠤᠨ ᠠᠵᠤ ᠦᠢᠯᠡᠰ ᠢ ᠠᠷᠠᠳ ᠢ ᠪᠠᠶᠠᠵᠢᠭᠤᠯᠵᠤ ᠬᠤᠰᠢᠭᠤ ᠪᠠᠨ ᠬᠦᠴᠦᠷᠬᠡᠭᠵᠢᠭᠦᠯᠬᠦ ᠠᠵᠤ ᠦᠢᠯᠡᠰ ᠪᠣᠯᠭᠠᠬᠤ ᠬᠠᠷᠠᠯᠲᠠ ᠶᠢᠨ ᠲᠣᠭᠤᠷᠢᠨ ᠳᠤ᠂ ︽ᠦᠬᠡᠷ ᠤᠨ ᠠᠵᠤ ᠦᠢᠯᠡᠰ︾ ᠢ ᠲᠣᠮᠣ ᠶᠠᠪᠤᠳᠠᠯ ᠪᠣᠯᠭᠠᠨ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠡᠭᠦᠨ ᠢ ᠦᠨᠡᠨᠬᠦ ᠰᠢᠶᠠᠨ ᠤ ᠬᠡᠪᠴᠢᠶᠡᠨ ᠤ ᠣᠨᠴᠠᠯᠢᠭᠲᠤ ᠠᠵᠤ ᠦᠢᠯᠡᠰ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ ᠪᠣᠯᠭᠠᠬᠤ ᠬᠡᠷᠡᠭᠲᠡᠢ ᠭᠡᠪᠡ᠃
4fcc087d192d9e14010bbe165b758fb.jpg
    ᠱᠣᠸ ᠶᠠᠨ ᠵᠢᠶᠦ᠋ᠨ ᠱᠠᠭᠠᠷᠳᠠᠭᠰᠠᠨ ᠨᠢ᠂ ᠬᠤᠰᠢᠭᠤ ᠳᠠᠶᠠᠭᠠᠷ ᠢᠶᠠᠷ ᠢᠶᠠᠨ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠠᠯᠠᠰᠢᠨ ᠦᠬᠡᠷ ᠤᠨ ᠠᠵᠤ ᠦᠢᠯᠡᠰ ᠢ ᠬᠥᠭᠵᠢᠭᠦᠯᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠨ᠂ ᠤᠤᠯ ᠤᠨ ᠰᠡᠳᠬᠢᠬᠦᠢ ᠪᠠᠨ ᠰᠢᠪᠲᠤᠯᠵᠤ᠂ ᠵᠠᠬ᠎ᠠ ᠳᠡᠯᠭᠡᠭᠦᠷᠴᠢᠯᠡᠨ ᠡᠵᠡᠩᠨᠡᠬᠦ᠂ ᠠᠵᠤ ᠠᠬᠤᠶᠢᠯᠠᠯᠴᠢᠯᠠᠨ ᠠᠵᠢᠯᠯᠠᠭᠤᠯᠬᠤ ᠣᠶᠢᠯᠠᠭᠠᠭᠳᠠᠬᠤᠨ ᠢᠶᠠᠷ᠂ ᠦᠬᠡᠷ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠨᠡᠮᠡᠭᠳᠡᠯ ᠢ ᠬᠦᠴᠦᠯᠡᠨ ᠠᠬᠢᠭᠤᠯᠵᠤ᠂ ᠬᠡᠪᠴᠢᠶᠡᠵᠢᠭᠦᠯᠦᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠥᠭᠵᠢᠯᠲᠡ ᠶᠢᠨ ᠬᠠᠨᠳᠤᠰᠢ ᠶᠢ ᠰᠤᠳᠤᠯᠵᠤ᠂ ᠣᠨᠴᠠᠯᠢᠭᠲᠤ ᠠᠵᠤ ᠦᠢᠯᠡᠰ ᠤᠨ ᠨᠠᠷᠠᠲᠤ ᠲᠥᠷᠥᠯ ᠲᠡᠮᠳᠡᠭᠲᠦ ᠶᠢ ᠭᠤᠣᠯᠳᠠᠯᠭ᠎ᠠ ᠡᠭᠦᠳᠴᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠴᠢᠩᠭᠠᠷᠠᠭᠤᠯᠵᠤ᠂ ᠠᠵᠤ ᠦᠢᠯᠡᠰ ᠤᠨ ᠨᠡᠮᠡᠯᠲᠡ ᠥᠷᠲᠡᠭ ᠢ ᠳᠡᠭᠡᠭᠰᠢᠯᠡᠭᠦᠯᠦᠨ᠂ ︽ᠵᠠᠷᠤᠳ ᠲᠠᠯ᠎ᠠ ᠨᠤᠲᠤᠭ ᠤᠨ ᠦᠬᠡᠷ︾ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠢ᠃ ᠡᠯ᠎ᠡ ᠭᠠᠵᠠᠷ ᠤᠨ ᠬᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠳᠠᠭᠤᠷᠢᠶᠠᠵᠤ ᠪᠣᠯᠬᠤ᠂ ᠳᠡᠯᠭᠡᠷᠡᠭᠦᠯᠵᠦ ᠪᠣᠯᠬᠤ ᠦᠬᠡᠷ ᠤᠨ ᠠᠵᠤ ᠦᠢᠯᠡᠰ ᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠪᠣᠶ ᠪᠣᠯᠭᠠᠵᠤ᠂ ᠲᠡᠭᠦᠨ ᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠲᠠᠷᠢᠶᠠᠴᠢᠨ ᠮᠠᠯᠴᠢᠨ ᠢ ᠳᠠᠭᠠᠭᠤᠯᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠨ ᠴᠢᠩᠭᠠᠳᠬᠠᠵᠤ᠂ ᠮᠥᠩᠭᠦᠨ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠵᠠᠷᠤᠳ ᠬᠤᠰᠢᠭᠤᠨ ᠤ ᠪᠣᠳᠠᠲᠤ ᠪᠠᠶᠢᠳᠠᠯ ᠢᠶᠠᠷ ᠰᠠᠭᠤᠷᠢ ᠪᠣᠯᠭᠠᠵᠤ᠂ ᠵᠠᠷᠤᠳ ᠬᠤᠰᠢᠭᠤᠨ ᠳᠤ ᠨᠡᠶᠢᠴᠡᠬᠦ ︽ᠲᠤᠰᠠᠭᠠᠷ︾ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠠᠲᠤᠯᠠᠭ᠎ᠠ ᠶᠢᠨ ᠰᠢᠰᠲ᠋ᠧᠮ ᠢ ᠰᠦᠪᠡᠭᠴᠢᠯᠡᠨ ᠪᠠᠶᠢᠭᠤᠯᠬᠤ ᠬᠡᠷᠡᠭᠲᠡᠢ᠃ ᠬᠠᠮᠢᠶ᠎ᠠ ᠪᠦᠬᠦᠢ ᠬᠥᠮᠥᠰ ᠬᠤᠷᠠᠯ ᠤᠨ ᠳᠠᠷᠠᠭ᠎ᠠ ᠲᠣᠰ ᠤᠳᠠᠭᠠᠨ ᠤ ᠬᠤᠷᠠᠯ ᠤᠨ ᠠᠭᠤᠯᠭ᠎ᠠ ᠶᠢ ᠱᠠᠯᠠᠪᠳᠠᠨ ᠡᠮᠬᠢᠯᠡᠵᠦ᠂ ᠪᠥᠬᠦ ᠬᠤᠰᠢᠭᠤᠨ ᠤ ᠦᠬᠡᠷ ᠤᠨ ᠠᠵᠤ ᠦᠢᠯᠡᠰ ᠢ ᠴᠢᠨᠠᠷ ᠰᠠᠶᠢᠲᠠᠢ ᠬᠦᠭᠵᠢᠭᠦᠯᠬᠦ ᠰᠠᠨᠠᠯ ᠲᠣᠭᠲᠠᠭᠠᠨ᠂ ᠪᠥᠬᠦ ᠬᠤᠰᠢᠭᠤᠨ ᠤ ᠠᠯᠠᠰᠢᠨ ᠦᠬᠡᠷ ᠤᠨ ᠬᠥᠭᠵᠢᠯᠲᠡ ᠶᠢᠨ ᠶᠡᠷᠦᠩᠬᠡᠢ ᠬᠥᠭ ᠠᠶᠠᠰ ᠢ ᠴᠢᠩᠭ᠎ᠠ ᠠᠳᠬᠤᠵᠤ᠂ ᠤᠶᠠᠨ ᠬᠠᠳᠠᠨ ᠠᠷᠭ᠎ᠠ ᠬᠡᠮᠵᠢᠶ᠎ᠡ ᠠᠪᠴᠤ ᠪᠠᠶᠢᠭᠠᠳ ᠪᠥᠬᠦ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ᠂ ᠦᠬᠡᠷ ᠤᠨ ᠠᠵᠤ ᠦᠢᠯᠡᠰ ᠤᠨ ᠲᠦᠷᠭᠡᠨ ᠬᠥᠭᠵᠢᠯᠲᠡ ᠳᠤ ᠲᠤᠯᠭᠠᠭᠤᠷᠢᠯᠠᠯ ᠬᠠᠩᠭᠠᠵᠤ᠂ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号