ᠳ᠋ᠠᠢ ᠪᠦᠦ ᠯᠢᠨ ᠪᠦᠯᠬᠦᠮ ᠳᠠᠭᠠᠭᠤᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠠᠵᠢᠯ ᠢ ᠪᠠᠶᠢᠴᠠᠭᠠᠨ ᠦᠵᠡᠪᠡ
ᠨᠡᠶᠢᠲᠡᠯᠡᠭᠰᠡᠨ ᠴᠠᠭ᠄
2022/10/28
      10 ᠰᠠᠷ᠎ᠠ ᠶᠢᠨ 26 ᠤ ᠡᠳᠦᠷ᠂ ᠵᠠᠷᠤᠳ ᠬᠤᠰᠢᠭᠤᠨ ᠤ ᠤᠯᠤᠰ ᠲᠥᠷᠥ  ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳ᠋ᠠᠢ ᠪᠦᠦ ᠯᠢᠨ ᠪᠦᠯᠦᠭ ᠰᠤᠷᠭᠠᠨ ᠬᠥᠮᠦᠵᠢᠯ ᠤᠨ ᠡᠲᠡᠭᠡᠳ ᠤᠨ ᠭᠡᠰᠢᠭᠦᠳ  ᠢ ᠳᠠᠭᠠᠭᠤᠯᠤᠨ ᠬᠤᠰᠢᠭᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠲᠤ ᠬᠦᠷᠴᠦ ᠠᠵᠢᠯ ᠪᠠᠶᠢᠴᠠᠭᠠᠪᠠ᠃
00e7998453fa461aa2027276afc5bc70.jpg
    ᠳ᠋ᠠᠢ ᠪᠦᠦ ᠯᠢᠨ ᠬᠠᠮᠲᠤ ᠶᠠᠪᠣᠭᠰᠠᠳ ᠲᠠᠢ ᠪᠠᠨ ᠤᠷᠢᠳ ᠬᠤᠵᠢᠳ ᠡᠯ᠎ᠡ ᠲᠤᠰᠬᠠᠢ ᠮᠡᠷᠭᠡᠵᠢᠯ ᠤᠨ ᠳᠠᠳᠤᠯᠭ᠎ᠠ ᠪᠣᠯᠪᠠᠰᠤᠷᠠᠯ ᠤᠨ ᠲᠠᠰᠤᠭ᠂ ᠪᠠᠶᠢᠷᠢ᠂ ᠬᠤᠭᠤᠯᠠᠨ ᠭᠡᠷ ᠵᠡᠷᠭᠡ ᠭᠠᠵᠠᠷ ᠲᠤ ᠬᠦᠷᠴᠦ ᠰᠤᠷᠭᠠᠭᠤᠯᠢ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠦᠵᠡᠵᠦ᠂ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ᠂ ᠪᠠᠭᠰᠢ ᠶᠢᠨ ᠡᠩᠨᠡᠭᠡ᠂ ᠳᠠᠳᠤᠯᠭ᠎ᠠ ᠪᠣᠯᠪᠠᠰᠤᠷᠠᠯ ᠤᠨ ᠲᠥᠬᠦᠭᠡᠷᠦᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
13c0c3f5e3c548d59ba76bd1d1f7e04c.jpg
    ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ ᠳᠠᠭᠤᠰᠤᠭᠰᠠᠨ ᠤ ᠳᠠᠷᠠᠭ᠎ᠠ ᠰᠠᠭᠤᠳᠠᠯ ᠤᠨ ᠬᠤᠷᠠᠯ ᠬᠢᠪᠡ᠃ ᠳ᠋ᠠᠢ ᠪᠦᠦ ᠯᠢᠨ ᠵᠢᠭᠠᠪᠣᠷᠢᠯᠠᠭᠰᠠᠨ ᠨᠢ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠥᠭᠵᠢᠭᠦᠯᠵᠦ᠂ ᠥᠨᠳᠥᠷ ᠬᠡᠪ ᠴᠢᠨᠠᠷ ᠪᠦᠬᠦᠢ ᠤᠷ᠎ᠠ ᠮᠡᠷᠭᠡᠰᠢᠯᠳᠦ ᠴᠢᠳᠠᠪᠤᠷᠢᠲᠠᠨ ᠢ ᠲᠦᠷᠭᠡᠪᠴᠢᠯᠡᠨ ᠬᠥᠮᠥᠵᠢᠭᠦᠯᠬᠦ ᠪᠣᠯ ᠤᠷ᠎ᠠ ᠮᠡᠷᠭᠡᠰᠢᠯᠳᠦ ᠨᠡᠶᠢᠭᠡᠮ ᠢ ᠪᠠᠶᠢᠭᠤᠯᠬᠤ ᠶᠢᠨ ᠵᠠᠶᠢᠯᠠᠰᠢ ᠦᠭᠡᠢ ᠠᠷᠭ᠎ᠠ ᠵᠠᠮ ᠮᠥᠨ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ  ᠬᠢᠨ ᠲᠠᠨᠢᠯᠲᠠ ᠪᠠᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠣᠣᠯ ᠤᠨ ᠰᠡᠳᠬᠢᠬᠦᠢ ᠪᠠᠨ ᠡᠪᠳᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠮᠠᠶ᠋ᠢᠭ ᠤᠨ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠬᠤ ᠪᠠᠨ ᠴᠢᠩᠭᠠᠳᠬᠠᠬᠤ ᠬᠡᠷᠡᠭᠲᠡᠢ᠃ ᠥᠨᠳᠥᠷ ᠲᠤ ᠵᠣᠭᠰᠣᠨ ᠪᠦᠬᠦ ᠲᠠᠯ᠎ᠠ ᠶᠢ ᠠᠵᠢᠭᠯᠠᠵᠤ᠂ ᠠᠯᠤᠰ ᠢ ᠬᠠᠷᠠᠵᠤ ᠴᠢᠭᠯᠡᠯ ᠢᠶᠠᠨ ᠡᠵᠡᠮᠳᠡᠵᠦ᠂ ᠭᠦᠨᠵᠡᠭᠡᠢ ᠪᠣᠳᠣᠯᠬᠢᠯᠠᠵᠤ ᠬᠥᠭᠵᠢᠯᠲᠡ ᠶᠢ ᠡᠷᠢᠯᠬᠢᠯᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠥᠭᠵᠢᠭᠦᠯᠬᠦ ᠶᠢ ᠪᠠᠶᠢᠯᠳᠤᠬᠤ ᠪᠣᠳᠣᠯᠭ᠎ᠠ ᠪᠠ ᠪᠦᠬᠦ ᠲᠠᠯ᠎ᠠ ᠶᠢᠨ ᠥᠨᠳᠥᠷᠴᠡ ᠳᠤ ᠲᠠᠯᠪᠢᠵᠤ᠂ ᠦᠷᠭᠦᠯᠵᠢᠯᠡᠨ ᠪᠣᠳᠠᠲᠠᠢ ᠴᠢᠩᠭ᠎ᠠ ᠠᠳᠬᠤᠵᠤ᠂ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠲᠠᠢ ᠣᠨᠣᠴᠠᠲᠠᠢ ᠵᠣᠯᠭᠠᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠤᠷ᠎ᠠ ᠮᠡᠷᠭᠡᠰᠢᠯᠳᠦ ᠴᠢᠳᠠᠪᠤᠷᠢᠲᠠᠨ ᠢ ᠬᠥᠮᠥᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠵᠠᠷᠣᠳ ᠤᠨ ᠣᠨᠴᠠᠯᠢᠭ ᠲᠠᠢ᠂ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠳᠤ ᠨᠡᠶᠢᠴᠡᠭᠰᠡᠨ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ ᠴᠢᠳᠠᠪᠤᠷᠢᠲᠠᠨ ᠤ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠪᠤᠢ ᠪᠣᠯᠭᠠᠬᠤ ᠬᠡᠷᠡᠭᠲᠡᠢ᠃ ᠬᠦᠴᠢᠷ ᠰᠡᠳᠦᠪ ᠢ ᠰᠢᠢᠳᠪᠦᠷᠢᠯᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠣᠯ ᠠᠷᠭ᠎ᠠ ᠵᠠᠮ ᠢ ᠣᠨᠣᠪᠴᠢᠲᠠᠢ ᠡᠷᠢᠨ ᠣᠯᠵᠤ᠂ ᠵᠠᠷᠤᠳ ᠬᠤᠰᠢᠭᠤᠨ ᠤ ᠳᠠᠪᠠᠭᠤᠯᠢᠭ ᠭᠤᠣᠯᠯᠠᠭᠴᠢ ᠠᠵᠤ ᠦᠢᠯᠡᠰ ᠲᠤ ᠴᠢᠭᠯᠡᠭᠦᠯᠦᠨ᠂ ᠤᠷ᠎ᠠ ᠮᠡᠷᠭᠡᠰᠢᠯᠳᠦ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠵᠦ᠂ ᠶᠠᠭᠤ ᠳᠣᠲᠠᠪᠠᠯ ᠲᠡᠭᠦᠨ ᠢ ᠨᠦᠬᠦᠪᠦᠷᠢᠯᠡᠵᠦ᠂ ᠲᠤᠰᠬᠠᠢ ᠮᠡᠷᠭᠡᠵᠢᠯ ᠤᠨ ᠰᠢᠰᠲ᠋ᠧᠮ ᠢ ᠲᠣᠬᠢᠷᠠᠭᠤᠯᠤᠨ ᠲᠡᠭᠦᠯᠳᠡᠷᠵᠢᠭᠦᠯᠵᠦ᠂ ᠬᠥᠮᠥᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ ᠳᠡᠭᠡᠳᠦ ᠤᠷ᠎ᠠ ᠮᠡᠷᠭᠡᠰᠢᠯᠳᠦ ᠴᠢᠳᠠᠪᠤᠷᠢᠲᠠᠨ ᠢ ᠣᠨᠣᠪᠴᠢᠲᠠᠢ ᠬᠦᠷᠭᠡᠵᠦ᠂ ᠰᠤᠷᠭᠠᠨ ᠬᠥᠮᠦᠵᠢᠯ ᠤᠨ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠪᠠ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ ᠃ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠪᠠ ᠠᠵᠤ ᠦᠢᠯᠡᠰ ᠤᠨ ᠬᠥᠭᠵᠢᠯᠲᠡ ᠶᠢᠨ ᠬᠠᠨᠳᠣᠰᠢ ᠶᠢ ᠰᠠᠨᠠᠭᠠᠴᠢᠯᠠᠭ᠎ᠠ  ᠠᠴᠠ ᠪᠠᠨ ᠳᠠᠭᠠᠵᠤ᠂ ᠬᠠᠮᠢᠶ᠎ᠠ ᠪᠦᠬᠦᠢ ᠬᠢᠴᠢᠶᠡᠯ ᠪᠠ ᠪᠣᠳᠠᠲᠠᠢ ᠪᠣᠯᠪᠠᠰᠤᠷᠠᠭᠤᠯᠤᠯ ᠢ ᠬᠠᠨᠳᠤᠯᠭᠠᠲᠤ ᠴᠢᠨᠠᠷᠲᠠᠢ ᠪᠠᠷ ᠨᠡᠮᠡᠭᠳᠡᠭᠦᠯᠵᠦ᠂ ᠤᠷ᠎ᠠ ᠴᠢᠳᠠᠪᠤᠷᠢ ᠪᠠ ᠮᠡᠷᠭᠡᠵᠢᠯ ᠵᠢᠴᠢ ᠶᠡᠷᠦᠩᠬᠡᠶᠢᠯᠡᠭᠰᠡᠨ ᠬᠡᠪ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠪᠥᠬᠦ ᠬᠤᠰᠢᠭᠤ ᠴᠢᠨᠠᠭᠰᠢᠯᠠᠪᠠᠯ ᠪᠥᠬᠦ ᠬᠤᠲᠠ ᠶᠢᠨ ᠠᠵᠤ ᠦᠢᠯᠡᠰ ᠤᠨ ᠬᠥᠭᠵᠢᠯᠲᠡ ᠳᠤ ᠨᠠᠩ ᠣᠯᠠᠨ ᠤᠷᠠᠨ ᠳᠠᠷᠬᠠᠨ ᠢ ᠬᠥᠮᠥᠵᠢᠭᠦᠯᠵᠦ ᠥᠭᠬᠦ ᠬᠡᠷᠡᠭᠲᠡᠢ ᠭᠡᠪᠡ᠃
27c849560b5644e1ba0210a59e216629.jpg
cd00f83d0e7840b6b394643681ff89d7.jpg
    ᠳ᠋ᠠᠢ ᠪᠦᠦ ᠯᠢᠨ ᠴᠢᠬᠤᠯᠠᠴᠢᠯᠠᠭᠰᠠᠨ ᠨᠢ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠩᠭᠠᠯᠭ᠎ᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠰᠤᠷᠭᠠᠭᠤᠯᠢ ᠪᠠ ᠠᠵᠤ ᠠᠬᠤᠶᠢᠯᠠᠯ  ᠬᠠᠮᠳᠣᠷᠠᠨ ᠬᠥᠮᠥᠵᠢᠭᠦᠯᠬᠦ ᠡᠷᠴᠢᠮ ᠢ ᠴᠢᠩᠭᠠᠷᠠᠭᠤᠯᠤᠨ᠂ ᠵᠠᠬᠢᠶᠠᠯᠠᠭ᠎ᠠ ᠶᠢᠨ ᠮᠠᠶ᠋ᠢᠭ ᠤᠨ᠂ ᠤᠷᠢᠳᠴᠢᠯᠠᠨ ᠪᠣᠯᠵᠣᠬᠤ ᠮᠠᠶ᠋ᠢᠭ ᠤᠨ ᠴᠢᠳᠠᠪᠤᠷᠢᠲᠠᠨ ᠬᠥᠮᠥᠵᠢᠭᠦᠯᠬᠦ ᠲᠥᠰᠥᠯ ᠢ ᠢᠳᠡᠪᠬᠢᠲᠡᠢ ᠰᠦᠪᠡᠭᠴᠢᠯᠡᠨ ᠠᠬᠢᠭᠤᠯᠵᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠵᠠᠭᠪᠤᠷ ᠢ ᠰᠠᠶᠢᠲᠤᠷ ᠡᠷᠭᠢᠯᠡᠨ ᠠᠮᠢᠳᠤᠯᠢᠭ ᠬᠡᠷᠡᠭᠯᠡᠵᠦ᠂ ︽ᠲᠤᠰᠬᠠᠢ ᠮᠡᠷᠭᠡᠵᠢᠯ + ᠦᠢᠯᠡᠳᠪᠦᠷᠢ ᠶᠢᠨ ᠲᠠᠰᠤᠭ + ᠲᠥᠷᠥᠯ ᠵᠦᠢᠯ︾ ᠤᠨ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮ ᠢ ᠬᠦᠴᠦᠯᠡᠨ ᠪᠠᠶᠢᠭᠤᠯᠵᠤ᠂ ᠪᠥᠬᠦ ᠬᠤᠰᠢᠭᠤᠨ ᠤ ᠠᠵᠤ ᠦᠢᠯᠡᠰ ᠤᠨ ᠤᠷ᠎ᠠ ᠴᠢᠳᠠᠪᠤᠷᠢ ᠶᠢᠨ ᠳᠡᠭᠡᠳᠦ ᠲᠡᠰᠵᠢᠯᠲᠡ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠳᠤ ᠰᠢᠨ᠎ᠡ ᠬᠦᠴᠦᠨ ᠬᠠᠩᠭᠠᠬᠤ ᠬᠡᠷᠡᠭᠲᠡᠢ᠃ ᠪᠠᠲᠤᠯᠠᠭ᠎ᠠ ᠶᠢ ᠴᠢᠩᠭᠠᠳᠬᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠡᠭᠦᠳᠦᠨ ᠪᠠᠶᠢᠭᠤᠯᠬᠤ ᠬᠠᠷᠠᠯᠲᠠ ᠲᠠᠢ ᠨᠢᠭᠲᠠ ᠤᠶᠠᠯᠳᠤᠭᠤᠯᠤᠨ᠂ ᠵᠢᠭᠠᠨ ᠰᠤᠷᠭᠠᠯᠲᠠ ᠶᠢᠨ ᠬᠠᠮᠢᠶᠠᠷᠤᠯᠲᠠ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠠ ᠶᠣᠰᠣ ᠮᠣᠷᠠᠯ ᠢᠶᠠᠷ ᠬᠥᠮᠥᠨ ᠢ ᠬᠥᠮᠥᠵᠢᠭᠦᠯᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠬᠥᠮᠥᠵᠢᠭᠦᠯᠬᠦ ᠵᠠᠭᠪᠤᠷ ᠤᠨ ᠰᠢᠨ᠎ᠡ ᠶᠢ ᠡᠭᠦᠳᠬᠦ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠳᠦᠷᠢᠮ ᠤᠨ ᠪᠠᠲᠤᠯᠠᠭ᠎ᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠬᠦᠴᠦ ᠲᠠᠯᠪᠢᠵᠤ᠂ ᠨᠠᠩ ᠣᠯᠠᠨ ᠤᠷ᠎ᠠ ᠴᠢᠳᠠᠪᠤᠷᠢ ᠲᠣᠪᠣᠶᠢᠮ᠎ᠠ᠂ ᠮᠣᠷᠠᠯ ᠴᠢᠳᠠᠪᠤᠷᠢ ᠬᠤᠣᠰᠯᠠᠭᠰᠠᠨ ᠬᠡᠷᠡᠭᠯᠡᠭᠡᠨ ᠤ ᠴᠢᠨᠠᠷᠲᠠᠢ ᠴᠢᠳᠠᠪᠤᠷᠢᠲᠠᠨ ᠢ ᠴᠢᠷᠮᠠᠶᠢᠨ ᠬᠥᠮᠥᠵᠢᠭᠦᠯᠬᠦ ᠬᠡᠷᠡᠭᠲᠡᠢ᠃ ᠡᠭᠦᠳᠦᠨ ᠪᠠᠶᠢᠭᠤᠯᠬᠤ ᠬᠠᠷᠠᠯᠲᠠ ᠲᠠᠢ ᠬᠠᠷᠢᠴᠠᠭᠤᠯᠤᠨ ᠰᠢᠰᠲ᠋ᠧᠮ ᠲᠠᠢ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠠᠷ ᠨᠤᠲᠠᠯᠠᠵᠤ᠂ ᠰᠠᠭᠤᠷᠢ ᠲᠥᠬᠦᠭᠡᠷᠦᠮᠵᠢ ᠶᠢᠨ ᠳᠣᠲᠠᠭᠳᠠᠯ ᠢᠶᠠᠨ ᠡᠮᠬᠢ ᠵᠢᠷᠤᠮ ᠲᠠᠢ ᠨᠥᠬᠦᠪᠦᠷᠢᠯᠡᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠢᠳᠡᠪᠬᠢᠲᠡᠢ ᠬᠠᠮᠵᠢᠯᠴᠠᠵᠤ᠂ ᠰᠠᠨᠠᠭᠠᠴᠢᠯᠠᠭ᠎ᠠ  ᠠᠴᠠ ᠪᠠᠨ ᠠᠵᠢᠯᠯᠠᠵᠤ᠂ ᠠᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠰᠠᠶᠢᠨ ᠴᠢᠳᠠᠪᠤᠷᠢᠲᠠᠨ ᠤ ᠡᠬᠢ ᠪᠠᠶᠠᠯᠢᠭ ᠤᠨ ᠪᠠᠲᠤᠯᠠᠭ᠎ᠠ ᠬᠠᠩᠭᠠᠬᠤ ᠬᠡᠷᠡᠭᠲᠡᠢ᠃ᠬᠤᠷᠠᠯ ᠳᠡᠭᠡᠷ᠎ᠡ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠥᠬᠦ ᠬᠤᠰᠢᠭᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠳᠠᠯ ᠢ ᠬᠠᠷᠢᠭᠤ ᠮᠡᠳᠡᠭᠦᠯᠪᠡ︔ ᠡᠯ᠎ᠡ ᠭᠡᠰᠢᠭᠦᠳ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠤᠬᠠᠢ ᠰᠠᠶᠢᠨ ᠰᠠᠨᠠᠯ ᠰᠠᠨᠠᠭᠤᠯᠭ᠎ᠠ ᠳᠣᠷᠠᠳᠪᠠ᠃ 
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号