ᠪᠠᠶᠠᠨᠲᠠᠯ᠎ᠠ ᠰᠤᠮᠤ ᠡᠷᠦᠬᠡ ᠶᠢᠨ ᠴᠡᠷᠢᠭ ᠤᠨ ᠳᠠᠶᠢᠨ ᠤ ᠪᠡᠯᠡᠳᠬᠡᠯ ᠤᠨ ᠡᠳ᠋ ᠪᠣᠳᠠᠰ ᠪᠠᠭᠠᠵᠢ ᠬᠡᠷᠡᠭᠰᠡᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠪᠠ
ᠨᠡᠶᠢᠲᠡᠯᠡᠭᠰᠡᠨ ᠴᠠᠭ᠄
2022/10/31
   10 ᠰᠠᠷ᠎ᠠ ᠶᠢᠨ 28 ᠤ ᠡᠳᠦᠷ᠂ ᠪᠠᠶᠠᠨᠲᠠᠯ᠎ᠠ ᠰᠤᠮᠤ ᠬᠤᠰᠢᠭᠤᠨ ᠤ ᠵᠡᠪᠰᠡᠭᠲᠦ ᠬᠦᠴᠦᠨ ᠤ ᠬᠡᠯᠲᠡᠰ ᠤᠨ ᠠᠵᠢᠯᠲᠠᠨ ᠢ ᠤᠷᠢᠵᠤ ᠡᠷᠦᠬᠡ ᠶᠢᠨ ᠴᠡᠷᠢᠭ ᠤᠨ ᠳᠠᠶᠢᠨ ᠤ ᠪᠡᠯᠡᠳᠬᠡᠯ ᠤᠨ ᠡᠳ᠋ ᠪᠣᠳᠠᠰ ᠪᠠᠭᠠᠵᠢ ᠬᠡᠷᠡᠭᠰᠡᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠣᠭᠤᠯᠪᠠ᠃ ᠠᠵᠢᠯᠲᠠᠳ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠪᠠᠭᠠᠵᠢ ᠬᠡᠷᠡᠭᠰᠡᠯ ᠢ ᠳᠠᠶᠢᠨ ᠤ ᠪᠡᠯᠡᠳᠬᠡᠯ ᠤᠨ  ᠱᠠᠭᠠᠷᠳᠠᠯᠭ᠎ᠠ᠂ ᠪᠠᠴᠢᠮ ᠪᠠᠶᠢᠳᠠᠯ ᠢ ᠠᠷᠭᠠᠴᠠᠭᠠᠵᠤ ᠲᠣᠭᠲᠠᠭᠤᠨ ᠢ ᠬᠠᠮᠠᠭᠠᠯᠠᠬᠤ᠂ ᠭᠠᠯ ᠢ ᠰᠡᠷᠭᠡᠶᠢᠯᠡᠵᠦ ᠦᠶᠡᠷ ᠢ ᠰᠡᠷᠭᠡᠶᠢᠯᠡᠬᠦ ᠵᠡᠷᠭᠡ ᠴᠢᠳᠠᠪᠬᠢ ᠪᠠᠷ ᠲᠥᠷᠥᠯ ᠬᠤᠪᠢᠶᠠᠨ ᠴᠡᠭᠴᠡᠯᠡᠵᠦ᠂ ᠡᠳ᠋ ᠪᠣᠳᠠᠰ ᠪᠠᠭᠠᠵᠢ ᠬᠡᠷᠡᠭᠰᠡᠯ ᠤᠨ ᠬᠠᠮᠢᠶᠠᠷᠤᠯᠲᠠ ᠶᠢᠨ ᠲᠣᠭᠲᠠᠭᠠᠯ ᠢ ᠲᠣᠭᠲᠠᠭᠠᠵᠤ᠂ ᠡᠳ᠋ ᠪᠣᠳᠠᠰ ᠪᠠᠭᠠᠵᠢ ᠬᠡᠷᠡᠭᠰᠡᠯ ᠤᠨ ᠲᠠᠩᠰᠠ ᠬᠠᠷ᠎ᠠ ᠪᠠᠶᠢᠭᠤᠯᠵᠤ᠂ ᠬᠥᠮᠥᠷᠭᠡ ᠳᠤ ᠬᠠᠳᠠᠭᠠᠯᠠᠵᠤ ᠪᠠᠶᠢᠭ᠎ᠠ ᠡᠳ᠋ ᠪᠣᠳᠠᠰ ᠤᠨ ᠪᠠᠶᠢᠳᠠᠯ ᠢ ᠲᠣᠳᠣᠷᠬᠠᠢ ᠬᠠᠭᠤᠳᠠᠰᠤ ᠪᠢᠴᠢᠭ ᠲᠤ ᠲᠣᠳᠣᠷᠬᠠᠢ ᠳᠡᠯᠭᠡᠨ ᠦᠵᠡᠭᠦᠯᠵᠦ᠂ ᠲᠣᠨᠣᠭᠯᠠᠯ ᠡᠳ᠋ ᠪᠣᠳᠠᠰ ᠤᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠪᠣᠳᠠᠰ ᠪᠠᠭᠠᠵᠢ ᠬᠡᠷᠡᠭᠰᠡᠯ ᠤᠨ ᠰᠡᠯᠢᠳᠡᠭ᠂ ᠠᠮᠤᠷ ᠲᠦᠪᠰᠢᠨ ᠤ ᠪᠠᠶᠢᠳᠠᠯ ᠢ ᠪᠠᠲᠤᠯᠠᠵᠤ᠂ ᠡᠯ᠎ᠡ ᠲᠦᠷᠦᠯ ᠤᠨ ᠲᠠᠶᠢᠨ ᠤ ᠪᠡᠯᠡᠳᠬᠡᠯ ᠠᠵᠢᠯ ᠤᠨ ᠡᠭᠦᠷᠭᠡ ᠢᠶᠠᠨ  ᠴᠠᠭ ᠢᠮᠠᠭᠲᠠ ᠪᠦᠲᠦᠮᠵᠢᠲᠡᠶ ᠪᠡᠶᠡᠯᠡᠭᠦᠯᠬᠦ ᠳᠤ ᠪᠠᠲᠤᠯᠠᠭ᠎ᠠ ᠬᠠᠩᠭᠠᠪᠠ᠃
81a60b5d56263d7e27e093c1163db32.jpg
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号