| 10 ᠰᠠᠷ᠎ᠠ ᠶᠢᠨ 28 ᠤ ᠡᠳᠦᠷ᠂ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠪᠠ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠬᠤᠳᠠᠯᠳᠤᠭᠠᠴᠢᠨ ᠤᠷᠢᠵᠤ ᠪᠡᠯᠡ ᠲᠠᠲᠠᠬᠤ ᠪᠠ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠠᠰᠠᠭ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠬᠤ ᠲᠤᠰᠬᠠᠢ ᠰᠡᠳᠦᠪᠲᠦ ᠰᠤᠷᠤᠯᠴᠠᠬᠤ ᠬᠤᠷᠠᠯ ᠬᠢᠪᠡ᠃ ᠬᠤᠷᠠᠯ ᠠᠴᠠ᠂ ᠪᠦᠬᠦ | ᠲᠣᠪᠴᠢᠶ᠎ᠠ ᠶᠢᠨ ᠠᠵᠢᠯᠲᠠᠳ ᠦᠢᠯᠡᠴᠢᠯᠡᠬᠦ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ | ᠤᠷᠤᠭᠰᠢ ᠦᠢᠯᠡᠴᠢᠯᠡᠬᠦ ᠬᠡᠷᠡᠭᠲᠡᠢ᠃ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷᠬᠢ ᠤᠬᠠᠭᠤᠯᠭ᠎ᠠ ᠶᠢᠨ | ᠠᠷᠭ᠎ᠠ ᠬᠡᠯᠪᠡᠷᠢ ᠪᠠᠷ ᠳᠠᠮᠵᠢᠨ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ | ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠰᠠᠶᠢᠲᠤᠷ ᠬᠢᠵᠦ ᠵᠢᠴᠢ ᠠᠵᠤ ᠠᠬᠤᠶᠢᠯᠠᠯ ᠳᠤ ᠠᠰᠢᠭ | ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠴᠠᠭ ᠲᠤᠬᠠᠢ ᠳᠤᠨᠢ ᠬᠦᠷᠭᠡᠵᠦ᠂ | ᠮᠠᠳᠠᠭ ᠲᠠᠢ ᠠᠰᠠᠭᠤᠳᠠᠯ ᠢ ᠨᠢ ᠰᠠᠶᠢᠲᠣᠷ ᠨᠠᠷᠢᠨ ᠨᠢᠮᠪᠠᠢ ᠰᠢᠢᠳᠪᠦᠷᠢᠯᠡᠵᠦ᠂ ᠶᠠᠮᠠᠷ ᠱᠠᠭᠠᠷᠳᠠᠯᠭ᠎ᠠ ᠪᠠᠶᠢᠪᠠᠯ ᠲᠡᠷᠡ | ᠱᠠᠭᠠᠷᠳᠠᠯᠭ᠎ᠠ ᠶᠢ ᠨᠢ ᠵᠠᠪᠠᠯ ᠭᠦᠢᠴᠡᠳᠬᠡᠵᠦ᠂ ᠶᠠᠮᠠᠷ ᠭᠤᠮᠣᠳᠠᠯ ᠪᠠᠶᠢᠪᠠᠯ ᠲᠡᠷᠡ ᠭᠤᠮᠣᠳᠠᠯ ᠢ ᠨᠢ ᠵᠠᠪᠠᠯ | ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ ᠭᠡᠪᠡ᠃ | |