| 10 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠪᠦᠦ ᠸᠧᠨ ᠯᠠᠨ ᠪᠡᠭᠡᠵᠢᠩ ᠤᠨ ᠲᠦᠩ ᠮᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ | ᠺᠣᠮᠫᠠᠨᠢ ᠶᠢᠨ ᠬᠢᠨ ᠲᠠᠢ ᠬᠠᠮᠲᠤ ᠰᠢᠶᠠᠩᠱᠠᠨ ᠲᠠᠷᠢᠶᠠᠯᠠᠩ ᠤᠨ ᠲᠠᠯᠠᠪᠠᠶ ᠳᠤ ᠬᠦᠷᠴᠦ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠴᠤ᠂ | ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠲᠤᠬᠠᠢ ᠵᠥᠪᠳᠡᠯᠴᠡᠪᠡ᠃ ᠪᠦᠦ ᠸᠧᠨ ᠯᠠᠨ ᠬᠠᠮᠲᠤ | ᠶᠠᠪᠣᠭᠰᠠᠳ ᠲᠠᠢ ᠪᠠᠨ ᠰᠢᠶᠠᠩᠱᠠᠨ ᠲᠠᠷᠢᠶᠠᠯᠠᠩ ᠤᠨ ᠲᠠᠯᠠᠪᠠᠢ ᠶᠢᠨ ᠨᠢᠭᠡᠳᠦᠭᠡᠷ ᠬᠤᠪᠢᠶᠠᠷᠢ ᠲᠠᠯᠠᠪᠠᠢ ᠶᠢᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠵᠢᠱᠢᠶ᠎ᠡ ᠦᠵᠡᠭᠦᠯᠬᠦ ᠲᠣᠭᠤᠷᠢᠭ ᠲᠤ ᠬᠦᠷᠴᠦ᠂ ᠬᠤᠯᠪᠣᠭᠳᠠᠯ ᠪᠦᠬᠦᠢ | ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ | ᠬᠡᠯᠪᠡᠷᠢ ᠪᠠᠷ ᠳᠠᠮᠵᠢᠨ᠂ ᠲᠠᠷᠢᠶᠠᠯᠠᠩ ᠤᠨ ᠲᠠᠯᠠᠪᠠᠢ ᠶᠢᠨ ᠲᠠᠷᠢᠮᠠᠯ ᠤᠨ ᠪᠦᠲᠦᠴᠡ᠂ ᠰᠠᠭᠤᠷᠢ ᠲᠥᠬᠦᠭᠡᠷᠦᠮᠵᠢ ᠶᠢ | ᠢᠵᠢ ᠪᠦᠷᠢᠳᠦᠭᠦᠯᠬᠦ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠣᠳᠣᠬᠢ ᠪᠠᠶᠢᠳᠠᠯ ᠵᠢᠴᠢ ᠤᠯᠠᠨ | ᠲᠦᠮᠡᠨ ᠤ ᠣᠷᠣᠯᠭ᠎ᠠ ᠶᠢ ᠨᠡᠮᠡᠭᠳᠡᠭᠦᠯᠵᠦ ᠤᠨᠠᠯᠲᠠ ᠶᠢ ᠨᠡᠮᠡᠭᠳᠡᠭᠦᠯᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | | | |