ᠵᠠᠷᠤᠳ ᠬᠤᠰᠢᠭᠤ ᠰᠣᠶᠣᠯ ᠵᠢᠭᠤᠯᠴᠢᠯᠠᠯ ᠤᠨ ᠪᠠᠶᠢᠴᠠᠭᠠᠨ ᠰᠤᠳᠤᠯᠬᠤ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2022/10/31
     10 ᠰᠠᠷ᠎ᠠ ᠶᠢᠨ 28 ᠤ ᠡᠳᠦᠷ᠂ ᠵᠠᠷᠤᠳ ᠬᠤᠰᠢᠭᠤ ᠰᠣᠶᠣᠯ ᠵᠢᠭᠤᠯᠴᠢᠯᠠᠯ ᠤᠨ ᠪᠠᠶᠢᠴᠠᠭᠠᠨ ᠰᠤᠳᠤᠯᠬᠤ ᠰᠠᠭᠤᠳᠠᠯ ᠤᠨ ᠬᠤᠷᠠᠯ ᠬᠢᠪᠡ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠶᠦᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠣᠣ ᠼᠠᠢ ᠶᠠᠨ ᠪᠣᠯᠣᠨ ᠱᠧᠨᠵᠧᠨ ᠤ ᠵᠢᠩ ᠴᠢᠶᠦᠦ ᠲᠣᠭᠠᠴᠢᠯᠠᠭᠰᠠᠨ  ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠭᠦᠢᠴᠡᠳᠭᠡᠭᠴᠢ ᠶᠡᠷᠦᠩᠬᠡᠢ ᠵᠠᠬᠢᠷᠤᠯ ᠯᠤᠸᠠᠨ ᠢ ᠴᠤᠸ᠂ ᠰᠣᠶᠣᠯ ᠵᠢᠭᠤᠯᠴᠢᠯᠠᠯ ᠤᠨ ᠲᠥᠯᠦᠪᠵᠢᠭᠦᠯᠭᠡ ᠶᠢᠨ ᠲᠥᠷᠥᠯ ᠵᠦᠢᠯ ᠤᠨ ᠳᠠᠭᠠᠭᠠᠮᠠᠯ ᠹᠧᠩ ᠬᠠᠢ ᠫᠧᠩ ᠬᠤᠷᠠᠯ ᠳᠤ ᠣᠷᠣᠯᠴᠠᠪᠠ᠃
55e8361e2a528d55a852e61b589ca63.jpg
    ᠬᠤᠷᠠᠯ ᠳᠡᠭᠡᠷ᠎ᠡ᠂ ᠯᠤᠸᠠᠨ ᠢ ᠴᠤᠤ᠂ ᠹᠧᠩ ᠬᠠᠢ ᠫᠧᠩ ᠵᠠᠷᠤᠳ ᠬᠤᠰᠢᠭᠤᠨ ᠤ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠣᠳᠣᠬᠢ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠪᠣᠯᠣᠨ ᠳᠠᠷᠠᠭᠠᠴᠢ ᠶᠢᠨ ᠠᠯᠬᠤᠮ ᠤᠨ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠠᠷᠭ᠎ᠠ ᠬᠢᠳᠡᠯ᠂ ᠰᠢᠨ᠎ᠡ ᠠᠷᠭ᠎ᠠ ᠬᠡᠮᠵᠢᠶ᠎ᠡ᠂ ᠰᠢᠨ᠎ᠡ ᠬᠢᠯᠠᠰ ᠴᠡᠭ ᠤᠨ ᠲᠤᠬᠠᠢ ᠶᠠᠷᠢᠶ᠎ᠠ ᠲᠠᠯᠪᠢᠪᠠ᠃ ᠠᠳᠠᠯᠢ ᠪᠤᠰᠤ ᠬᠠᠷᠠᠭᠠᠰᠤ  ᠠᠴᠠ᠂ ᠪᠥᠬᠦ ᠲᠠᠯ᠎ᠠ ᠪᠠᠷ᠂ ᠲᠤᠰᠬᠠᠢ ᠮᠡᠷᠭᠡᠵᠢᠯ ᠤᠨ ᠦᠨᠳᠦᠷᠴᠡ ᠶᠢᠨ᠂ ᠬᠤᠰᠢᠭᠤᠷᠠᠯ ᠤᠨ ᠬᠠᠷᠠᠭᠠᠰᠤ ᠠᠴᠠ ᠤᠬᠠᠭᠠᠯᠠᠨ ᠲᠥᠯᠥᠪᠵᠢᠭᠦᠯᠬᠦ᠂ ᠡᠵᠡᠩᠨᠡᠨ ᠪᠣᠷᠣᠯᠠᠭᠤᠯᠬᠤ ᠤᠬᠠᠭᠤᠯᠬᠤ᠂ ᠣᠨᠴᠠᠯᠢᠭᠲᠤ ᠰᠣᠶᠣᠯ ᠵᠢᠭᠤᠯᠴᠢᠯᠠᠯ ᠢ ᠪᠣᠶ ᠪᠣᠯᠭᠠᠬᠤ᠂ ᠵᠠᠷᠣᠳ ᠤᠨ ᠵᠢᠭᠤᠯᠴᠢᠯᠠᠯ ᠤᠨ ᠣᠷᠣᠨ ᠨᠤᠲᠤᠭ ᠤᠨ ᠣᠨᠴᠠᠯᠢᠭ  ᠢ ᠳᠣᠪᠤᠶᠢᠯᠭᠠᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠣᠷᠠᠳᠪᠠ᠃
7f3fe655c4e57903cc05c717bf08691.jpg
    ᠯᠢᠦ ᠶᠦᠩ ᠵᠢᠭᠠᠪᠣᠷᠢᠯᠠᠭᠰᠠᠨ ᠨᠢ᠂ ᠵᠠᠷᠤᠳ ᠬᠤᠰᠢᠭᠤᠨ ᠳᠤ ᠭᠦᠨ ᠵᠤᠵᠠᠭᠠᠨ ᠲᠡᠦᠬᠡ ᠰᠣᠶᠣᠯ ᠤᠨ ᠠᠭᠤᠯᠬᠤᠨ ᠪᠠ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠡᠬᠢ ᠪᠠᠶᠠᠯᠢᠭ᠂ ᠬᠤᠪᠣᠷ ᠨᠠᠨᠳᠢᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠲᠠᠢ ᠪᠣᠯᠬᠤᠷ ᠭᠦᠨᠵᠡᠭᠡᠢ ᠠᠭᠤᠳᠠᠯᠵᠤ᠂ ᠡᠮᠬᠢᠯᠡᠵᠦ᠂ ᠪᠠᠳᠠᠷᠠᠭᠤᠯᠤᠨ ᠳᠡᠯᠭᠡᠷᠡᠭᠦᠯᠦᠭᠦᠰᠢᠲᠡᠢ ᠶᠤᠮ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠤᠯᠠᠨ ᠬᠡᠯᠪᠡᠷᠢ ᠶᠢᠨ᠂ ᠤᠯᠠᠨ ᠡᠰᠢᠴᠢᠯᠡᠭᠰᠡᠨ ᠭᠦᠨᠵᠡᠭᠡᠢ ᠠᠭᠤᠰᠤᠯᠴᠠᠨ ᠬᠥᠭᠵᠢᠬᠦ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠰᠣᠶᠣᠯ ᠵᠢᠭᠤᠯᠴᠢᠯᠠᠯᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠰᠣᠶᠣᠯ ᠵᠢᠭᠤᠯᠴᠢᠯᠠᠯ ᠢ ᠦᠨᠡᠨᠬᠦ ᠬᠠᠷᠢᠯᠴᠠᠨ ᠠᠭᠤᠰᠤᠯᠴᠠᠭᠤᠯᠵᠤ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠪᠤᠶᠢᠯᠭᠠᠬᠤ ᠬᠡᠷᠡᠭᠲᠡᠢ᠃ ᠪᠥᠬᠦ ᠬᠤᠰᠢᠭᠤᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠦᠵᠡᠮᠵᠢ ᠶᠢᠨ ᠣᠷᠣᠨ ᠢ ᠴᠣᠭᠴᠠᠯᠠᠬᠤ ᠪᠠᠷ ᠭᠤᠣᠯᠳᠠᠯᠭ᠎ᠠ ᠪᠣᠯᠭᠠᠨ᠂ ᠲᠥᠯᠦᠪᠵᠢᠭᠦᠯᠭᠡ ᠶᠢ ᠤᠷᠢᠳᠴᠢᠯᠠᠨ ᠰᠠᠶᠢᠲᠤᠷ ᠬᠢᠵᠦ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠨᠡᠭᠡᠭᠡᠨ ᠬᠥᠭᠵᠢᠭᠦᠯᠬᠦ ᠡᠷᠴᠢᠮ ᠢᠶᠠᠨ ᠴᠢᠩᠭᠠᠷᠠᠭᠤᠯᠤᠨ ᠂ ᠣᠨᠴᠠᠯᠢᠭᠲᠤ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠡᠭᠦᠳᠴᠦ᠂ ᠵᠤᠭᠠᠴᠠᠭᠰᠠᠳ ᠤᠨ ᠰᠣᠶᠣᠯ ᠤᠨ ᠣᠶᠢᠯᠠᠭᠠᠯᠲᠠ ᠶᠢ ᠠᠭᠤᠳᠠᠯᠵᠤ᠂ ᠣᠨᠴᠠᠯᠢᠭᠲᠤ ᠰᠣᠶᠣᠯ ᠢᠶᠠᠷ ᠭᠤᠣᠯ ᠰᠡᠳᠦᠪ ᠪᠣᠯᠭᠠᠨ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶ᠎ᠡ ᠶᠢ ᠥᠷᠭᠡᠳᠬᠡᠨ᠂ ᠵᠠᠷᠣᠳ ᠤᠨ ᠥᠯᠢᠭᠡᠷ ᠢ ᠰᠠᠶᠢᠲᠤᠷ ᠶᠠᠷᠢᠵᠤ᠂ ᠵᠠᠷᠣᠳ ᠤᠨ ᠨᠡᠷ᠎ᠡ ᠬᠠᠭᠤᠳᠠᠰᠤ ᠶᠢ ᠭᠢᠯᠠᠶᠢᠲᠠᠯ᠎ᠠ ᠠᠷᠴᠢᠵᠤ᠂ ᠰᠣᠶᠣᠯ ᠤᠨ ᠠᠭᠤᠯᠤᠭᠳᠠᠬᠤᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠵᠢᠭᠤᠯᠴᠢᠯᠠᠯ ᠤᠨ ᠲᠠᠲᠠᠬᠤ ᠬᠦᠴᠦᠨ ᠢ ᠨᠡᠮᠡᠭᠳᠡᠬᠦᠯᠬᠦ ᠬᠡᠷᠡᠭᠲᠡᠢ ᠭᠡᠪᠡ᠃    ᠯᠢᠦ ᠶᠦᠩ ᠴᠢᠬᠤᠯᠠᠴᠢᠯᠠᠭᠰᠠᠨ ᠨᠢ᠂ ᠬᠤᠪᠢᠰᠬᠠᠯ ᠤᠨ ᠰᠣᠶᠣᠯ ᠢ ᠭᠦᠨᠵᠡᠭᠡᠢ ᠠᠭᠤᠳᠠᠯᠬᠤ ᠶᠢ ᠴᠢᠩᠭᠠᠳᠬᠠᠵᠤ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠠᠵᠤ ᠦᠢᠯᠡᠰ ᠪᠣᠯᠣᠨ ᠬᠤᠪᠢᠰᠬᠠᠯ ᠤᠨ ᠰᠣᠶᠣᠯ ᠤᠨ ᠬᠥᠮᠦᠵᠢᠯ ᠤᠨ ᠬᠠᠮᠵᠢᠯᠴᠠᠨ ᠬᠥᠭᠵᠢᠬᠦ ᠶᠢ ᠶᠡᠬᠡᠪᠡᠷ ᠠᠬᠢᠭᠤᠯᠵᠤ᠂ ᠥᠪᠡᠷᠮᠢᠴᠡ ᠣᠨᠴᠠᠯᠢᠭ ᠲᠠᠢ ᠬᠤᠪᠢᠰᠬᠠᠯ ᠤᠨ ᠰᠣᠶᠣᠯ ᠤᠨ ᠵᠢᠭᠤᠯᠴᠢᠯᠠᠯ ᠤᠨ ᠬᠥᠭᠵᠢᠯᠲᠡ ᠶᠢᠨ ᠲᠦᠷᠦᠯ ᠲᠡᠮᠳᠡᠭ ᠢ ᠪᠦᠷᠢᠯᠳᠦᠭᠦᠯᠬᠦ ᠬᠡᠷᠡᠭᠲᠡᠢ᠃ ᠪᠡᠯᠡ ᠮᠥᠩᠭᠦᠨ ᠤ ᠳᠠᠪᠠᠭᠤᠯᠢᠭ᠂ ᠲᠥᠷᠥ ᠶᠢᠨ ᠪᠣᠳᠣᠯᠭ᠎ᠠ ᠶᠢᠨ ᠳᠠᠪᠠᠭᠤᠯᠢᠭ᠂ ᠴᠢᠳᠠᠪᠤᠷᠢᠲᠠᠨ ᠤ ᠳᠠᠪᠠᠭᠤᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠪᠥᠬᠦ ᠬᠤᠰᠢᠭᠤᠨ ᠤ ᠣᠲᠣ ᠪᠠᠶᠢᠭ᠎ᠠ ᠰᠣᠶᠣᠯ ᠤᠨ ᠡᠬᠢ ᠪᠠᠶᠠᠯᠢᠭ ᠲᠠᠢ ᠪᠠᠨ ᠤᠶᠠᠯᠳᠤᠭᠤᠯᠤᠨ᠂ ᠥᠪᠡᠷ ᠤᠨ ᠨᠠᠷᠠᠲᠤ ᠲᠡᠮᠳᠡᠭᠲᠦ ᠶᠢᠨ ᠵᠢᠭᠤᠯᠴᠢᠯᠠᠯ ᠤᠨ ᠪᠦᠲᠦᠭᠡᠭᠳᠡᠬᠦᠨ ᠢ ᠪᠣᠶ ᠪᠣᠯᠭᠠᠬᠤ ᠬᠡᠷᠡᠭᠲᠡᠢ᠃ ︽ᠭᠠᠳᠠᠭᠰᠢ ᠭᠠᠷᠬᠤ︾᠂ ︽ᠣᠷᠣᠭᠤᠯᠵᠤ ᠠᠪᠴᠢᠷᠠᠬᠤ︾ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠭᠠᠳᠠᠭᠠᠳᠤ ᠰᠣᠯᠢᠯᠴᠠᠭ᠎ᠠ ᠶᠢ ᠢᠳᠡᠪᠬᠢᠲᠡᠢ ᠥᠷᠨᠢᠭᠦᠯᠵᠦ᠂ ᠬᠠᠷᠠᠭ᠎ᠠ ᠪᠠᠨ ᠲᠠᠰᠤᠷᠠᠯᠲᠠ ᠦᠭᠡᠢ ᠥᠷᠭᠡᠳᠬᠡᠨ᠂ ᠪᠥᠬᠦ ᠬᠤᠰᠢᠭᠤᠨ ᠤ ᠵᠢᠭᠤᠯᠴᠢᠯᠠᠯ ᠤᠨ ᠬᠥᠭᠵᠢᠯᠲᠡ ᠳᠤ ᠰᠢᠨ᠎ᠡ ᠬᠦᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠪᠡ᠃
27e28fdabb7c281736e4fd4a649dd3f.jpg
    ᠶᠣᠣ ᠼᠠᠢ ᠶᠠᠨ ᠱᠠᠭᠠᠷᠳᠠᠭᠰᠠᠨ ᠨᠢ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠬᠢᠨ ᠪᠥᠬᠦ ᠬᠤᠰᠢᠭᠤᠨ ᠤ ᠵᠢᠭᠤᠯᠴᠢᠯᠠᠯ ᠤᠨ ᠡᠬᠢ ᠪᠠᠶᠠᠯᠢᠭ ᠢ ᠪᠥᠬᠦ ᠲᠠᠯ᠎ᠠ ᠪᠠᠷ ᠡᠮᠬᠢᠯᠡᠵᠦ᠂ ᠭᠦᠨᠵᠡᠭᠡᠢ ᠠᠭᠤᠳᠠᠯᠵᠤ᠂ ᠰᠢᠨᠵᠢᠯᠡᠬᠦ ᠤᠬᠠᠭᠠᠨᠴᠢ ᠪᠠᠷ ᠠᠰᠢᠭᠯᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠣᠷᠣᠨ ᠪᠦᠰᠡ ᠶᠢᠨ ᠲᠥᠯᠦᠪᠵᠢᠭᠦᠯᠭᠡ᠂ ᠲᠥᠷᠥᠯ ᠵᠦᠢᠯ ᠤᠨ ᠲᠥᠰᠥᠪᠯᠡᠯ ᠢ ᠰᠠᠶᠢᠲᠤᠷ ᠠᠳᠬᠤᠵᠤ᠂ ᠰᠠᠯᠠᠭ᠎ᠠ ᠮᠥᠴᠢᠷ ᠤᠨ ᠬᠤᠯᠪᠤᠭᠠᠯᠠᠨ ᠬᠠᠮᠵᠢᠯᠴᠠᠬᠤ ᠶᠢ ᠭᠦᠨᠵᠡᠭᠡᠶᠢᠷᠡᠭᠦᠯᠦᠨ᠂ ᠵᠢᠭᠤᠯᠴᠢᠯᠠᠯ ᠤᠨ ᠨᠠᠷᠠᠲᠤ ᠲᠡᠮᠳᠡᠭ ᠢ ᠢᠳᠡᠪᠬᠢᠲᠡᠢ ᠡᠭᠦᠳᠴᠦ ᠂ ᠨᠢᠭᠡ ᠪᠦᠯᠦᠭ ᠴᠢᠨᠠᠷ ᠰᠠᠶᠢᠲᠠᠢ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠢ ᠭᠠᠷᠭᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠰᠠᠶᠢᠲᠤᠷ ᠬᠢᠬᠦ ᠬᠡᠷᠡᠭᠲᠡᠢ᠃ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠬᠢᠨ ᠦᠵᠡᠮᠵᠢ ᠶᠢᠨ ᠣᠷᠣᠨ ᠤ ᠲᠥᠯᠦᠪᠵᠢᠭᠦᠯᠭᠡ ᠪᠠᠶᠢᠭᠤᠯᠤᠯᠲᠠ ᠶᠢ ᠲᠦᠷᠭᠡᠳᠬᠡᠵᠦ᠂ ᠣᠨᠴᠠᠯᠢᠭ ᠢᠶᠠᠨ ᠲᠣᠪᠤᠶᠢᠯᠭᠠᠨ᠂ ᠬᠥᠭᠵᠢᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠰᠣᠶᠣᠯ ᠵᠢᠭᠤᠯᠴᠢᠯᠠᠯ ᠤᠨ ᠠᠵᠤ ᠦᠢᠯᠡᠰ  ᠢ ᠬᠦᠭᠵᠢᠭᠦᠯᠬᠦ ᠡᠷᠴᠢ ᠵᠣᠷᠢᠭ ᠢ ᠴᠢᠩᠭᠠᠷᠠᠭᠤᠯᠤᠨ᠂ ᠵᠢᠭᠤᠯᠴᠢᠯᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢᠨ ᠳᠡᠭᠡᠭᠰᠢᠯᠡᠯᠲᠡ ᠶᠢ ᠴᠢᠩᠭᠠᠷᠠᠭᠤᠯᠵᠤ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠᠨ ᠲᠡᠭᠦᠯᠳᠡᠷᠵᠢᠭᠦᠯᠦᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠨᠡᠮᠡᠯᠲᠡ ᠥᠷᠲᠡᠭ ᠪᠠ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠡᠳᠬᠢᠬᠦᠢ ᠶᠢᠨ ᠰᠢᠨ᠎ᠡ ᠶᠢ ᠡᠭᠦᠳᠴᠦ᠂ ᠣᠲᠣ ᠶᠢᠨ ᠪᠠᠶᠢᠭ᠎ᠠ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢᠶᠠᠨ ᠠᠰᠢᠭᠯᠠᠵᠤ᠂ ᠰᠢᠯᠢᠳᠡᠭ ᠦᠵᠡᠮᠵᠢ ᠶᠢᠨ ᠣᠷᠣᠨ ᠢ ᠴᠣᠭᠴᠠᠯᠠᠨ ᠪᠠᠶᠢᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠪᠡ᠃    ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠬᠥᠭᠵᠢᠯᠲᠡ ᠶᠢ ᠬᠡᠷᠬᠢᠨ ᠨᠠᠩ ᠰᠠᠶᠢᠨ ᠠᠬᠢᠭᠤᠯᠬᠤ ᠲᠤᠬᠠᠢ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠪᠠ᠃
 
ᠢᠷᠡᠯᠲᠡ᠄ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号