ᠬᠠᠶᠢᠷᠠᠲᠤ ᠬᠠᠮᠲᠤ ᠰᠤᠷᠤᠭᠴᠢᠳ ᠡ᠄ | ᠶᠠᠪᠤᠬᠤ ᠦᠶ᠎ᠡ ᠳᠤ ᠴᠢᠨᠢ ᠴᠡᠴᠡᠭ ᠡᠪᠡᠰᠦ ᠬᠥᠬᠡᠷᠡᠨ ᠠᠩᠬᠢᠯᠤᠮ᠎ᠠ ᠦᠨᠦᠷ ᠬᠠᠩᠬᠤᠯᠵᠤ᠂ ᠪᠤᠴᠠᠵᠦ ᠢᠷᠡᠬᠦ | ᠦᠶ᠎ᠡ ᠳᠤ ᠴᠢᠨᠢ ᠨᠠᠮᠤᠷ ᠤᠨ ᠠᠮᠤ ᠬᠥᠮᠥᠷᠭᠡ ᠲᠦᠭᠦᠷᠪᠡ᠃ ᠰᠠᠯᠤᠭᠠᠳ ᠤᠳᠠᠭᠰᠠᠨ ᠨᠤᠲᠤᠭ ᠲᠠᠭᠠᠨ ᠪᠤᠴᠠᠵᠤ | ᠢᠷᠡᠭᠰᠡᠨ ᠳᠤ ᠪᠠᠶᠠᠷᠯᠠᠨ ᠤᠭᠲᠤᠵᠤ ᠪᠠᠶᠢᠨ᠎ᠠ︕ ᠣᠳᠣᠬᠠᠨ ᠳᠤ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ | ᠬᠡᠴᠡᠭᠦᠦ ᠨᠠᠷᠢᠨ ᠪᠤᠳᠤᠯᠢᠶᠠᠨᠲᠠᠢ ᠪᠠᠶᠢᠵᠤ᠂ ᠨᠤᠲᠤᠭ ᠤᠰᠤᠨ ᠤ ᠬᠢᠨ ᠲᠠᠨᠠᠷ ᠢ ᠢᠮᠠᠭᠲᠠ ᠰᠠᠨᠠᠭᠠᠯᠵᠠᠵᠤ᠂ | ᠬᠠᠯᠠᠮᠵᠢᠯᠠᠵᠤ ᠪᠠᠶᠢᠨ᠎ᠠ᠂ ᠲᠠᠨᠠᠷ ᠤᠨ ᠠᠮᠤᠷ ᠲᠦᠪᠰᠢᠨ ᠪᠤᠴᠠᠵᠤ ᠢᠷᠡᠭᠰᠡᠨ ᠨᠢ ᠪᠢᠳᠡᠨ ᠤ ᠬᠠᠮᠤᠭ ᠤᠨ ᠶᠡᠭᠡ ᠪᠠᠶᠠᠷ | ᠪᠠᠭ᠋ᠠᠳᠤᠯ ᠪᠣᠯᠣᠨ᠎ᠠ᠃ ᠠᠳᠡ ᠥᠷᠭᠡᠨ ᠣᠯᠠᠨ ᠰᠤᠷᠤᠭᠴᠢᠳ ᠥᠪᠡᠷ ᠢ ᠪᠠᠨ ᠰᠠᠶᠢᠲᠤᠷ ᠬᠠᠮᠠᠭᠠᠯᠠᠬᠤ ᠶᠢᠨ ᠵᠡᠷᠭᠡ | ᠪᠠᠷ ᠨᠤᠲᠤᠭ ᠤᠰᠤᠨ ᠤ ᠪᠠᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠢᠯᠡᠭᠦᠬᠡᠨ ᠣᠶᠢᠯᠠᠭᠠᠵᠤ᠂ ᠳᠡᠮᠵᠢᠵᠦ᠂ | ᠬᠠᠮᠵᠢᠯᠴᠠᠬᠤ ᠶᠢ ᠬᠦᠰᠡᠨ ᠱᠠᠭᠠᠷᠳᠠᠵᠤ ᠪᠠᠶᠢᠨ᠎ᠠ᠃ ᠲᠠ ᠨᠠᠷ ᠲᠤ ᠨᠤᠲᠤᠭ ᠤᠨ ᠢᠶᠠᠨ ᠬᠢᠵᠢᠭ ᠢ ᠰᠡᠷᠭᠡᠶᠢᠯᠡᠬᠦ | ᠲᠦᠷᠦ ᠶᠢᠨ ᠪᠣᠳᠣᠯᠭ᠎ᠠ ᠶᠢ ᠤᠷᠢᠳᠴᠢᠯᠠᠨ ᠣᠶᠢᠯᠠᠭᠠᠭᠤᠯᠬᠤ ᠶᠢᠨ ᠲᠥᠯᠥᠭᠡ᠂ ᠤᠳᠤ ᠬᠤᠯᠪᠣᠭᠳᠠᠯ ᠪᠦᠬᠦᠢ ᠤᠴᠢᠷ | ᠶᠠᠪᠤᠳᠠᠯ ᠢ ᠲᠠᠷᠠᠭᠠᠬᠢ ᠮᠡᠲᠦ ᠮᠡᠳᠡᠭᠳᠡᠶ᠎ᠡ᠄ | ᠨᠢᠭᠡ᠂ ᠤᠷᠢᠳᠴᠢᠯᠠᠨ ᠮᠡᠳᠡᠭᠦᠯᠦᠨ ᠳᠠᠩᠰᠠᠯᠠᠭᠤᠯᠬᠤ ᠬᠡᠷᠡᠭᠳᠠᠢ | ᠨᠤᠲᠤᠭ ᠲᠠᠭᠠᠨ ᠪᠤᠴᠠᠵᠦ ᠢᠷᠡᠬᠦ ᠠᠴᠠ ᠡᠮᠦᠨ᠎ᠡ᠂ ᠰᠤᠷᠤᠭᠴᠢᠳ ᠮᠢᠨᠢ ᠬᠦᠰᠦᠨᠦᠭ ᠲᠠᠭᠯᠠᠵᠤ | ᠲᠣᠳᠣᠷᠬᠠᠶᠢᠯᠠᠬᠤ ᠱᠠᠭᠠᠷᠳᠠᠯᠭ᠎ᠠ ᠶᠣᠰᠣᠭᠠᠷ᠂ ︽ᠬᠥᠬᠡᠬᠤᠲᠠ ᠠᠴᠠ ᠵᠠᠷᠤᠳ ᠬᠤᠰᠢᠭᠤᠨ ᠳᠠᠭᠠᠨ ᠪᠤᠴᠠᠬᠤ | ᠰᠣᠷᠣᠭᠴᠢ ᠶᠢᠨ ᠮᠡᠳᠡᠭᠦᠯᠦᠨ ᠳᠠᠩᠰᠠᠯᠠᠭᠤᠯᠬᠤ ᠺᠣᠳ᠋︾ ᠳᠤ ᠬᠡᠷᠡᠭᠰᠡᠬᠦ ᠠᠭᠤᠯᠭ᠎ᠠ ᠶᠢ ᠵᠢᠷᠤᠮᠵᠢᠳᠠᠢ ᠲᠠᠭᠯᠠᠭᠠᠷᠠᠢ᠃ | ᠬᠤᠶᠠᠷ᠂ ᠬᠢᠵᠢᠭ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠰᠠᠶᠢᠲᠤᠷ ᠬᠠᠮᠵᠢᠯᠴᠠᠨ ᠨᠠᠶᠢᠳᠠᠪᠤᠷᠢᠵᠢᠭᠤᠯᠬᠤ | ᠬᠡᠷᠡᠭᠳᠠᠢ | ᠨᠤᠲᠤᠭ ᠲᠠᠭᠠᠨ ᠪᠤᠴᠠᠵᠦ ᠢᠷᠡᠭᠰᠡᠨ ᠤ ᠳᠠᠷᠠᠭ᠎ᠠ᠂ ᠰᠤᠷᠤᠭᠴᠢᠳ ᠡ᠂ ᠬᠢᠵᠢᠭ ᠢ ᠰᠡᠷᠭᠡᠶᠢᠯᠡᠬᠦ ᠲᠥᠷᠥ ᠶᠢᠨ | ᠪᠣᠳᠣᠯᠭ᠎ᠠ ᠪᠠ ᠱᠠᠭᠠᠷᠳᠠᠯᠭ᠎ᠠ ᠶᠢ ᠵᠢᠷᠤᠮᠯᠠᠨ ᠰᠠᠬᠢᠵᠤ᠂ ︽4 ᠡᠳᠦᠷ ᠲᠥᠪᠯᠡᠷᠡᠭᠦᠯᠦᠨ ᠲᠤᠰᠠᠭᠠᠷᠯᠠᠬᠤ + 3 ᠡᠳᠦᠷ | ᠭᠡᠷ ᠲᠡᠭᠡᠨ ᠲᠤᠰᠠᠭᠠᠷᠯᠠᠬᠤ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠰᠠᠶᠢᠲᠤᠷ | ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠃ ᠲᠥᠪᠯᠡᠷᠡᠭᠦᠯᠦᠨ ᠲᠤᠰᠠᠭᠠᠷᠯᠠᠬᠤ ᠬᠤᠭᠤᠴᠠᠭᠠᠨ ᠳᠠᠬᠢ ᠬᠤᠨᠤᠭ ᠤᠨ | ᠵᠠᠷᠤᠳᠠᠯ᠂ ᠬᠤᠭᠤᠯᠠᠨ ᠤ ᠵᠠᠷᠤᠳᠠᠯ᠂ ᠪᠥᠭᠡᠮ ᠬᠦᠴᠢᠯ ᠪᠠᠶᠢᠴᠠᠭᠠᠨ ᠰᠢᠯᠭᠠᠬᠤ ᠵᠠᠷᠤᠳᠠᠯ ᠢ ᠴᠥᠮ ᠬᠠᠷᠢᠶ᠎ᠠ | ᠭᠠᠵᠠᠷ ᠤᠨ ᠵᠠᠰᠠᠭ ᠤᠨ ᠣᠷᠳᠣᠨ ᠠᠴᠠ ᠡᠭᠦᠷᠭᠡᠯᠡᠨ᠎ᠡ᠃ ᠡᠭᠦᠨ ᠤ ᠬᠠᠮᠲᠤ ᠰᠤᠷᠤᠭᠴᠢᠳ ᠤᠨ ᠰᠤᠷᠤᠯᠴᠠᠬᠤ᠂ | ᠡᠪᠡᠳᠴᠢᠨ ᠦᠵᠡᠭᠦᠯᠬᠦ ᠵᠡᠷᠭᠡ ᠴᠢᠬᠤᠯᠠ ᠪᠦᠬᠦᠢ ᠱᠠᠭᠠᠷᠳᠠᠯᠭ᠎ᠠ ᠶᠢ ᠬᠠᠩᠭᠠᠬᠤ ᠪᠣᠯᠣᠨ᠎ᠠ᠃ | ᠭᠤᠷᠪᠠ᠂ ᠪᠤᠴᠠᠵᠤ ᠢᠷᠡᠬᠦ ᠠᠴᠠ ᠡᠮᠦᠨ᠎ᠡ ᠬᠤᠶᠢᠨᠠᠬᠢ ᠬᠤᠪᠢ ᠬᠥᠮᠥᠨ ᠤ ᠡᠷᠡᠭᠦᠯ ᠮᠡᠨᠳᠦ ᠶᠢᠨ ᠬᠠᠮᠢᠶᠠᠷᠤᠯᠲᠠ | ᠪᠠᠨ ᠰᠠᠶᠢᠲᠤᠷ ᠬᠢᠭᠡᠷᠡᠢ | ᠰᠤᠷᠤᠭᠴᠢᠳ ᠡ᠂ ᠵᠠᠷᠤᠳ ᠬᠤᠰᠢᠭᠤᠨ ᠳᠠᠭᠠᠨ ᠪᠤᠴᠠᠵᠦ ᠢᠷᠡᠬᠦ ᠠᠴᠠ ᠪᠠᠨ ᠡᠮᠦᠨ᠎ᠡ ᠥᠪᠡᠷ ᠤᠨ ᠪᠡᠶ᠎ᠡ ᠪᠠᠨ | ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠭᠠᠷ ᠢᠶᠠᠨ ᠦᠷᠬᠦᠯᠵᠢ ᠤᠬᠢᠶᠠᠵᠤ᠂ ᠠᠮᠠᠪᠴᠢ ᠪᠠᠨ ᠰᠢᠨᠵᠢᠯᠡᠬᠦ | ᠤᠬᠠᠭᠠᠨᠴᠢ ᠪᠠᠷ ᠵᠡᠭᠦᠵᠦ᠂ ᠵᠢᠷᠤᠮᠵᠢᠯ ᠲᠠᠢ ᠪᠠᠷ ᠠᠷᠢᠭᠤᠳᠬᠠᠬᠤ ᠬᠡᠷᠡᠭᠲᠡᠢ᠃ ᠲᠤᠰᠠᠭᠠᠷᠯᠠᠵᠤ ᠬᠠᠮᠢᠶᠠᠷᠤᠨ ᠡᠵᠡᠮᠳᠡᠬᠦ | ᠬᠤᠭᠤᠴᠠᠭᠠᠨ ᠳᠤ᠂ ᠦᠷᠭᠦᠯᠵᠢ ᠰᠠᠯᠬᠢ ᠨᠠᠪᠲᠠᠷᠡᠭᠦᠯᠵᠦ᠂ ᠵᠤᠬᠢᠰᠳᠠᠢ ᠬᠥᠳᠡᠯᠭᠡᠭᠡᠨ ᠬᠢᠵᠦ᠂ ᠴᠠᠭ ᠢᠮᠠᠭᠲᠠ | ᠥᠪᠡᠷ ᠤᠨ ᠪᠡᠶ᠎ᠡ ᠶᠢᠨ ᠪᠠᠶᠢᠳᠠᠯ ᠢᠶᠠᠨ ᠠᠩᠬᠠᠷᠬᠤ ᠬᠡᠷᠡᠭᠲᠡᠢ᠂ ᠲᠤᠬᠠᠶᠢᠯᠠᠪᠠᠯ ᠬᠠᠯᠠᠭᠤᠷᠠᠬᠤ᠂ ᠬᠠᠭᠤᠷᠠᠢ ᠪᠠᠷ | ᠬᠠᠨᠢᠶᠠᠬᠤ᠂ ᠲᠠᠮᠢᠷᠳᠠᠬᠤ᠂ ᠦᠨᠦᠷᠯᠡᠬᠦ ᠰᠡᠷᠡᠯ ᠮᠠᠭᠤᠳᠠᠬᠤ᠂ ᠬᠠᠮᠠᠷ ᠪᠥᠭᠯᠡᠷᠡᠬᠦ᠂ ᠨᠢᠰᠤ ᠭᠤᠭᠤᠵᠢᠬᠤ᠂ ᠬᠤᠭᠤᠯᠠᠢ | ᠡᠪᠡᠳᠬᠦ᠂ ᠨᠡᠶᠢᠯᠡᠮᠡᠯ ᠪᠦᠷᠬᠦᠪᠴᠢ ᠶᠢᠨ ᠦᠷᠪᠢᠰᠦᠯ᠂ ᠪᠤᠯᠴᠢᠩ ᠡᠪᠡᠳᠬᠦ ᠪᠠ ᠰᠠᠭᠤᠯᠭᠠᠬᠤ ᠵᠡᠷᠭᠡ ᠡᠪᠡᠳᠴᠢᠨ ᠤ | ᠢᠯᠡᠷᠡᠯ ᠭᠠᠷᠪᠠᠯ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠬᠠᠮᠢᠶᠠᠷᠤᠨ ᠡᠵᠡᠮᠳᠡᠬᠦ ᠬᠤᠭᠤᠴᠠᠭ᠎ᠠ ᠲᠠᠭᠤᠰᠴᠤ | ᠴᠢᠯᠦᠭᠡᠲᠡᠢ ᠶᠠᠪᠤᠵᠦ ᠰᠠᠭᠤᠬᠤ ᠪᠤᠯᠤᠭᠰᠠᠨ ᠤ ᠳᠠᠷᠠᠭ᠎ᠠ᠂ ᠰᠤᠷᠤᠭᠴᠢᠳ ᠮᠢᠨᠢ ᠭᠠᠳᠠᠭᠰᠢ ᠭᠠᠷᠬᠤ ᠪᠠᠨ ᠠᠯᠢ | ᠴᠢᠳᠠᠬᠤ ᠪᠠᠷ ᠪᠠᠭᠠᠰᠬᠠᠵᠤ᠂ ᠬᠠᠮᠲᠤ ᠶᠢᠨ ᠬᠤᠭᠤᠯᠠ᠂ ᠴᠤᠭᠯᠠᠭᠠᠨ ᠵᠡᠷᠭᠡ ᠬᠦᠮᠤᠨ ᠤᠯᠠᠨ ᠴᠤᠭᠯᠠᠷᠠᠬᠤ ᠴᠢᠨᠠᠷᠲᠠᠢ | ᠠᠵᠢᠯᠯᠠᠭ᠎ᠠ ᠳᠤ ᠣᠷᠤᠯᠴᠠᠬᠤ ᠦᠭᠡᠢ ᠪᠠᠶᠢᠬᠤ ᠶᠢ ᠬᠦᠰᠡᠵᠦ ᠪᠠᠶᠢᠨ᠎ᠠ᠃ | ᠳᠥᠷᠪᠡ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠢ ᠣᠷᠣᠯᠴᠠᠭᠠᠷᠠᠢ | ᠲᠥᠪᠯᠡᠷᠡᠭᠦᠯᠦᠨ ᠲᠤᠰᠠᠭᠠᠷᠯᠠᠬᠤ᠂ ᠭᠡᠷ ᠲᠤᠨᠢ ᠲᠤᠰᠠᠭᠠᠷᠯᠠᠨ ᠠᠨᠠᠭᠠᠬᠤ ᠤᠬᠠᠭᠠᠨ ᠤ ᠠᠵᠢᠭᠯᠠᠯᠲᠠ ᠬᠢᠬᠦ᠂ ᠭᠡᠷ | ᠲᠡᠭᠡᠨ ᠰᠠᠭᠤᠵᠦ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠬᠤᠪᠢ | ᠬᠥᠮᠥᠨ ᠤ ᠰᠤᠷᠤᠯᠴᠠᠯᠭ᠎ᠠ ᠪᠠ ᠬᠥᠭᠵᠢᠯᠲᠡ ᠶᠢ ᠨᠥᠯᠥᠭᠡᠯᠡᠬᠦ ᠦᠭᠡᠢ ᠤᠷᠢᠲᠠᠯ ᠳᠣᠣᠷ᠎ᠠ᠂ ᠰᠤᠷᠤᠭᠴᠢᠳ ᠲᠠ | ᠬᠥᠳᠡᠭᠡ ᠲᠣᠰᠬᠤᠨ᠂ ᠨᠡᠶᠢᠭᠡᠮ ᠲᠣᠭᠤᠷᠢᠭ ᠲᠠᠢ ᠢᠳᠡᠪᠬᠢᠲᠡᠢ ᠬᠠᠮᠵᠢᠯᠴᠠᠨ ᠬᠢᠵᠢᠭ ᠢ ᠰᠡᠷᠭᠡᠶᠢᠯᠡᠨ ᠡᠵᠡᠮᠳᠡᠬᠦ ᠪᠠ | ᠪᠥᠭᠡᠮ ᠬᠦᠴᠢᠯ ᠪᠠᠶᠢᠴᠠᠭᠠᠨ ᠬᠡᠮᠵᠢᠬᠦ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ᠂ ᠨᠡᠶᠢᠭᠡᠮ ᠲᠣᠭᠤᠷᠢᠭ ᠤᠨ | ᠬᠠᠮᠢᠶᠠᠷᠤᠯᠲᠠ᠂ ᠤᠬᠠᠭᠤᠯᠭ᠎ᠠ ᠬᠥᠮᠦᠵᠢᠯ ᠵᠡᠷᠭᠡ ᠬᠢᠵᠢᠭ ᠢ ᠰᠡᠷᠭᠡᠶᠢᠯᠡᠬᠦ ᠠᠵᠢᠯ ᠳᠤ ᠰᠠᠶᠢᠨ ᠳᠤᠷ᠎ᠠ ᠠᠴᠠ ᠪᠠᠨ | ᠣᠷᠣᠯᠴᠠᠵᠤ᠂ ᠨᠤᠲᠤᠭ ᠤᠰᠤᠨ ᠤ ᠪᠠᠨ ᠬᠢᠵᠢᠭ ᠢ ᠰᠡᠷᠭᠡᠶᠢᠯᠡᠨ ᠡᠵᠡᠮᠳᠡᠬᠦ ᠳᠤ ᠨᠢᠭᠡ ᠬᠤᠪᠢ ᠬᠠᠷᠢᠭᠤᠴᠠᠯᠭ᠎ᠠ ᠪᠠᠨ | ᠭᠦᠢᠴᠡᠳᠬᠡᠵᠦ᠂ ᠨᠢᠭᠡ ᠬᠤᠪᠢ ᠬᠦᠴᠦᠨ ᠴᠢᠳᠠᠯ ᠢᠶᠠᠨ ᠭᠠᠷᠭᠠᠬᠤ ᠶᠢ ᠤᠷᠢᠶᠠᠯᠠᠵᠦ ᠪᠠᠶᠢᠨ᠎ᠠ᠃ | ᠡᠬᠡ ᠤᠯᠤᠰ ᠤᠨ ᠢᠶᠠᠨ ᠨᠢᠷᠤᠭᠤ ᠲᠤᠯᠭᠠᠭᠤᠷᠢ ᠪᠣᠯᠤᠭᠰᠠᠨ ᠤ ᠬᠤᠪᠢ ᠳᠤ᠂ ᠲᠠᠨᠠᠷ ᠪᠣᠯ ᠨᠤᠲᠤᠭ | ᠤᠰᠤᠨ ᠤ ᠪᠠᠨ ᠢᠷᠡᠭᠡᠳᠦᠢ ᠪᠠ ᠬᠦᠰᠡᠯ ᠡᠷᠡᠮᠡᠯᠵᠡᠯ ᠮᠥᠨ᠂ ᠬᠡᠴᠢᠨᠡᠨ ᠬᠦᠴᠢᠷ ᠪᠡᠷᠬᠡᠰᠢᠶᠡᠯ ᠲᠠᠢ ᠪᠠᠶᠢᠭᠰᠠᠨ ᠴᠤ᠂ | ᠠᠭᠤᠯᠠ ᠬᠡᠴᠢᠨᠡᠨ ᠦᠨᠳᠤᠷ ᠤᠰᠤ ᠬᠡᠴᠢᠨᠡᠨ ᠤᠷᠳᠤ ᠪᠠᠶᠢᠭᠰᠠᠨ ᠴᠤ᠂ ᠨᠤᠲᠤᠭ ᠤᠰᠤ ᠴᠢᠨᠢ ᠬᠡᠵᠢᠶᠡᠳᠡ ᠲᠠᠨᠠᠷ ᠤᠨ | ᠪᠡᠶ᠎ᠡ ᠳᠠᠯᠳᠠᠯᠠᠬᠤ ᠭᠠᠷᠠᠮ ᠶᠤᠮ᠃ ᠰᠤᠷᠤᠭᠴᠢᠳ ᠲᠠᠨ ᠤ ᠨᠤᠲᠤᠭ ᠤᠰᠤᠨ ᠤ ᠪᠠᠨ ᠬᠢᠵᠢᠭ ᠢ ᠰᠡᠷᠭᠡᠶᠢᠯᠡᠨ | ᠡᠵᠡᠮᠳᠡᠬᠦ ᠠᠵᠢᠯ ᠢ ᠳᠡᠮᠵᠢᠵᠦ ᠬᠠᠮᠵᠢᠯᠴᠠᠭᠰᠠᠨ ᠳᠤ ᠳᠠᠬᠢᠨᠲᠠ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠂ | ᠪᠢᠳᠡ ᠨᠢᠭᠡᠨᠲᠡ ᠲᠠ ᠨᠠᠷ ᠤᠨ ᠠᠮᠤᠷ ᠲᠦᠪᠰᠢᠨ ᠢᠶᠠᠷ ᠪᠤᠴᠠᠵᠤ ᠢᠷᠡᠬᠦ ᠶᠢ ᠤᠭᠲᠤᠬᠤ ᠪᠡᠯᠡᠳᠬᠡᠯ ᠢ ᠭᠦᠢᠴᠡᠳ | ᠬᠢᠭᠰᠡᠨ ᠪᠠᠶᠢᠨ᠎ᠠ᠃ | ᠰᠤᠷᠤᠭᠴᠢᠳ ᠡ᠂ ᠡᠯ᠎ᠡ ᠴᠠᠭ ᠦᠶ᠎ᠡ ᠠᠳᠠᠯᠢ ᠦᠭᠡᠢ᠂ ᠪᠢᠳᠡ ᠵᠠᠯᠠᠭᠤ ᠨᠠᠰᠤᠨ ᠤ ᠬᠠᠷᠢᠭᠤᠴᠠᠯᠭ᠎ᠠ ᠪᠠᠨ | ᠡᠭᠦᠷᠭᠡᠯᠡᠬᠦ ᠬᠡᠷᠡᠭᠳᠠᠢ᠃ ᠪᠢᠳᠠ ᠬᠠᠮᠲᠤᠪᠠᠷ ᠵᠠᠯᠠᠭᠤ ᠨᠠᠰᠤᠨ ᠤ ᠵᠣᠷᠢᠭ ᠢᠶᠠᠨ ᠬᠥᠪᠴᠢᠯᠡᠵᠦ᠂ ᠬᠢᠵᠢᠭ ᠢ ᠡᠰᠡᠷᠭᠦᠴᠡᠬᠦ | ᠬᠠᠷᠢᠭᠤᠴᠠᠯᠭ᠎ᠠ ᠶᠢ ᠡᠭᠦᠷᠭᠡᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠵᠠᠯᠠᠭᠤ ᠨᠠᠰᠤᠨ ᠤ ᠬᠠᠷᠢᠭᠤᠴᠠᠯᠭ᠎ᠠ ᠪᠠᠨ | ᠢᠯᠡᠷᠡᠭᠦᠯᠵᠦ᠂ ᠵᠠᠯᠠᠭᠤ ᠨᠠᠰᠤᠨ ᠤ ᠴᠤᠭ ᠵᠢᠪᠬᠤᠭ᠎ᠠ ᠪᠠᠨ ᠢᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠲᠡᠮᠵᠢᠵᠤ᠂ | ᠨᠤᠲᠤᠭ ᠤᠰᠤᠨ ᠤ ᠪᠠᠨ ᠬᠢᠵᠢᠭ ᠢ ᠰᠡᠷᠭᠡᠶᠢᠯᠡᠬᠦ ᠠᠵᠢᠯ ᠳᠤ ᠢᠳᠡᠪᠬᠢᠲᠡᠢ ᠬᠠᠮᠵᠢᠯᠴᠠᠵᠤ᠂ ᠮᠠᠨ ᠤ ᠬᠠᠮᠲᠤ ᠶᠢᠨ ᠭᠡᠷ | ᠣᠷᠣᠨ ᠢᠶᠠᠨ ᠰᠠᠶᠢᠲᠤᠷ ᠰᠠᠬᠢᠨ ᠬᠠᠮᠠᠭᠠᠯᠠᠵᠤ᠂ ᠵᠠᠯᠠᠭᠤ ᠨᠠᠰᠤ ᠪᠠᠨ ᠨᠠᠮ ᠪᠣᠯᠣᠨ ᠠᠷᠠᠳ ᠲᠦᠮᠡᠨ ᠤ ᠬᠠᠮᠤᠭ ᠤᠨ | ᠬᠡᠷᠡᠭᠴᠡᠭᠡ ᠲᠠᠢ ᠭᠠᠵᠠᠷ ᠲᠤ ᠦᠵᠡᠰᠬᠦᠯᠡᠩᠲᠦ ᠰᠠᠶᠢᠬᠠᠨ ᠴᠡᠴᠡᠭ ᠬᠤᠸᠠᠷ ᠰᠢᠭ ᠲᠡᠯᠭᠡᠷᠡᠭᠦᠯᠤᠶᠡ︕ | ᠰᠤᠷᠤᠭᠴᠢᠳ ᠡ᠂ ᠭᠡᠷ ᠲᠡᠭᠡᠨ ᠪᠤᠴᠠᠵᠦ ᠢᠷᠡᠭᠰᠡᠨ ᠢ ᠴᠢᠨᠢ ᠪᠠᠶᠠᠷᠯᠠᠨ ᠤᠭᠳᠤᠵᠦ ᠪᠠᠶᠢᠨ᠎ᠠ︕ | | ᠵᠠᠷᠤᠳ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠠᠭᠤᠰᠬᠢᠨ ᠦᠷᠪᠢᠰᠦᠯ | ᠤᠨ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ | 2022 ᠣᠨ ᠤ 10 ᠰᠠᠷ᠎ᠠ ᠶᠢᠨ 28 ᠤ ᠡᠳᠤᠷ |